| ᠠᠮᠢᠳᠤᠷᠠᠯ ᠲᠤᠮᠳᠠ ᠬᠥᠮᠦᠨ ᠨᠢᠭᠡᠪᠦᠷᠢ ᠣᠷᠣᠰᠢᠨ ᠲᠣᠭᠲᠠᠨᠢᠬᠤ ᠶᠢᠨ ᠲᠥᠯᠥᠭᠡ ᠵᠣᠬᠢᠬᠤ ᠬᠡᠮᠵᠢᠶᠡᠨ ᠤ | ᠨᠡᠶᠢᠭᠡᠮ ᠤᠨ ᠬᠥᠳᠡᠯᠮᠦᠷᠢ ᠬᠢᠳᠡᠭ᠂ ᠨᠡᠶᠢᠭᠡᠮ ᠤᠨ ᠬᠥᠳᠡᠯᠮᠦᠷᠢ ᠪᠠᠶᠢᠪᠡᠯ ᠯᠠᠪᠲᠠᠢ ᠮᠠᠰᠢ ᠣᠯᠠᠨ ᠬᠥᠳᠡᠯᠮᠦᠷᠢ ᠶᠢᠨ | ᠲᠠᠯ᠎ᠠ ᠪᠠᠷ ᠬᠢ ᠠᠰᠠᠭᠤᠳᠠᠯ ᠡᠭᠦᠰᠦᠨ᠎ᠠ᠃ ᠮᠠᠨ ᠤ ᠤᠯᠤᠰ ᠬᠥᠳᠡᠯᠮᠦᠷᠢ ᠶᠢᠨ ᠳᠤᠮᠳᠠᠬᠢ ᠦᠢᠯᠡ ᠠᠵᠢᠯᠯᠠᠭ᠎ᠠ ᠪᠠ | ᠡᠯ᠎ᠡ ᠵᠦᠶᠯ ᠤᠨ ᠬᠥᠳᠡᠯᠮᠦᠷᠢ ᠦᠶᠯᠡᠴᠢᠯᠡᠭᠡᠨ ᠤ ᠠᠰᠠᠭᠤᠳᠠᠯ ᠢ ᠵᠢᠷᠤᠮᠵᠢᠭᠤᠯᠬᠤ ᠶᠢᠨ ᠲᠦᠯᠦᠭᠡ ᠬᠤᠯᠪᠣᠭᠳᠠᠯ | ᠪᠦᠬᠦᠢ ᠬᠥᠳᠡᠯᠮᠦᠷᠢ ᠶᠢᠨ ᠬᠠᠷᠢᠴᠠᠭ᠎ᠠ ᠶᠢᠨ ᠬᠠᠤᠯᠢ ᠲᠣᠭᠲᠠᠭᠠᠯ ᠢ ᠲᠣᠭᠲᠠᠭᠠᠵᠠᠶ᠃ | ᠨᠢᠭᠡ᠂ ︽ᠬᠥᠳᠡᠯᠮᠦᠷᠢ ᠶᠢᠨ ᠬᠠᠤᠯᠢ︾ ᠶᠢ ᠬᠡᠵᠢᠶ᠎ᠡ ᠨᠡᠶᠢᠲᠡᠯᠡᠨ ᠬᠡᠷᠡᠭᠵᠢᠭᠦᠯᠦᠭᠰᠡᠨ ᠪᠤᠢ︖ | ︽ᠬᠥᠳᠡᠯᠮᠦᠷᠢ ᠶᠢᠨ ᠬᠠᠤᠯᠢ︾ ᠶᠢ 1994 ᠣᠨ ᠤ 7 ᠰᠠᠷ᠎ᠠ ᠶᠢᠨ 5 ᠤ ᠡᠳᠦᠷ ᠨᠠᠢᠮᠠᠳᠤᠭᠠᠷ ᠬᠤᠭᠤᠴᠠᠭᠠᠨ | ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠢᠮᠠᠳᠤᠭᠠᠷ ᠬᠤᠷᠠᠯ ᠠᠴᠠ ᠪᠠᠲᠤᠯᠠᠵᠤ᠂ 1995 ᠣᠨ ᠤ 1 ᠰᠡᠷ᠎ᠡ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠪᠡ᠃ | ᠬᠤᠶᠠᠷ᠂ ᠬᠥᠳᠡᠯᠮᠦᠷᠢᠴᠢᠨ ᠤ ᠠᠵᠢᠯᠯᠠᠬᠤ ᠴᠠᠭ ᠪᠠ ᠠᠮᠠᠷᠠᠯᠲᠠ᠂ ᠠᠮᠠᠷᠠᠯᠲᠠ ᠶᠢᠨ ᠴᠢᠯᠥᠭᠡ ᠶᠢᠨ ᠲᠤᠬᠠᠢ | ᠬᠡᠷᠬᠢᠨ ᠲᠣᠭᠲᠠᠭᠠᠭᠰᠠᠨ ᠪᠤᠢ︖ | ︽ᠬᠥᠳᠡᠯᠮᠦᠷᠢ ᠶᠢᠨ ᠬᠠᠤᠯᠢ︾ ᠶᠢᠨ ᠭᠤᠴᠢᠨ ᠵᠢᠷᠭᠤᠳᠤᠭᠠᠷ ᠵᠦᠶᠯ ᠳᠤ᠂ ᠬᠥᠳᠡᠯᠮᠦᠷᠢᠴᠢᠳ ᠤᠨ ᠡᠳᠦᠷ | ᠪᠦᠷᠢ ᠶᠢᠨ ᠠᠵᠢᠯᠯᠠᠬᠤ ᠴᠠᠭ ᠢ ᠨᠠᠢᠮᠠᠨ ᠴᠠᠭ ᠠᠴᠠ ᠬᠡᠲᠦᠷᠡᠭᠦᠯᠵᠦ ᠪᠣᠯᠬᠤ ᠦᠭᠡᠢ᠂ ᠭᠠᠷᠠᠭ ᠪᠦᠷᠢ ᠶᠢᠨ ᠳᠤᠮᠳᠠᠴᠢ | ᠠᠵᠢᠯᠯᠠᠬᠤ ᠴᠠᠭ ᠢ ᠳᠥᠴᠢᠨ ᠳᠥᠷᠪᠡᠨ ᠴᠠᠭ ᠠᠴᠠ ᠬᠡᠲᠦᠷᠡᠭᠦᠯᠵᠦ ᠪᠣᠯᠬᠤ ᠦᠭᠡᠢ ᠭᠡᠵᠤ ᠲᠤᠭᠲᠠᠭᠠᠵᠠᠢ᠃ ᠭᠤᠴᠢᠨ | ᠳᠣᠯᠣᠳᠤᠭᠠᠷ ᠵᠦᠢᠯ ᠳᠤ᠂ ᠬᠥᠳᠡᠯᠮᠦᠷᠢᠴᠢᠨ ᠳᠤ ᠰᠢᠷᠬᠡᠭ ᠢᠶᠠᠷ ᠪᠤᠳᠤᠬᠤ ᠠᠵᠢᠯ ᠢ ᠬᠡᠷᠡᠭᠵᠢᠭᠦᠯᠵᠦ ᠪᠠᠶᠢᠭ᠎ᠠ ᠬᠥᠮᠦᠨ | ᠬᠡᠷᠡᠭᠯᠡᠬᠦ ᠨᠢᠭᠡᠴᠢ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ ᠤᠨ ᠲᠤᠭᠲᠠᠭᠠᠯ ᠢ ᠦᠨᠳᠦᠰᠦᠯᠡᠨ | ᠬᠥᠳᠡᠯᠮᠦᠷᠢ ᠶᠢᠨ ᠨᠣᠷᠮ᠎ᠠ ᠪᠠ ᠰᠢᠷᠬᠡᠭ ᠢᠶᠠᠷ ᠪᠤᠳᠤᠬᠤ ᠬᠥᠯᠥᠰᠥ ᠣᠯᠭᠤᠮᠵᠢ ᠶᠢᠨ ᠪᠠᠷᠢᠮᠵᠢᠶ᠎ᠠ ᠶᠢ ᠵᠣᠬᠢᠰᠲᠠᠶ | ᠲᠣᠭᠲᠠᠭᠠᠬᠤ ᠬᠡᠷᠡᠭᠲᠡᠶ ᠭᠡᠵᠤ ᠲᠤᠭᠲᠠᠭᠠᠵᠠᠢ᠃ ᠭᠤᠴᠢᠨ ᠨᠠᠢᠮᠠᠳᠤᠭᠠᠷ ᠵᠦᠢᠯ ᠳᠤ᠂ ᠬᠥᠮᠦᠨ ᠬᠡᠷᠡᠭᠯᠡᠬᠦ ᠨᠢᠭᠡᠴᠢ | ᠬᠥᠳᠡᠯᠮᠦᠷᠢᠴᠢᠳ ᠤᠨ ᠭᠠᠷᠠᠭ ᠪᠦᠷᠢ ᠠᠳᠠᠭ ᠲᠠᠭᠠᠨ ᠨᠢᠭᠡ ᠡᠳᠦᠷ ᠠᠮᠠᠷᠠᠬᠤ ᠶᠢ ᠪᠠᠲᠤᠯᠠᠬᠤ ᠬᠡᠷᠡᠭᠲᠡᠶ ᠭᠡᠵᠦ | ᠲᠣᠭᠲᠠᠭᠠᠵᠠᠶ᠃ ᠭᠤᠴᠢ ᠶᠢᠰᠦᠳᠦᠭᠡᠷ ᠵᠦᠢᠯ ᠳᠤ᠂ ᠠᠵᠤ ᠠᠬᠤᠶᠢᠯᠠᠯ ᠨᠢ ᠦᠢᠯᠡᠳᠪᠦᠷᠢᠯᠡᠯ ᠤᠨ ᠣᠨᠴᠠᠯᠢᠭ ᠠᠴᠠ ᠪᠠᠨ | ᠪᠣᠯᠵᠤ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠶᠯ᠂ ᠭᠤᠴᠢᠨ ᠨᠠᠢᠮᠠᠳᠤᠭᠠᠷ ᠵᠦᠢᠯ ᠤᠨ ᠲᠣᠭᠲᠠᠭᠠᠯ ᠢ | ᠬᠡᠷᠡᠭᠵᠢᠭᠦᠯᠵᠦ ᠴᠢᠳᠠᠬᠤ ᠦᠭᠡᠢ ᠪᠣᠯ ᠬᠥᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠡᠳ ᠪᠤᠰᠤᠳ ᠵᠦᠢᠯ ᠤᠨ ᠠᠵᠢᠯᠯᠠᠬᠤ ᠪᠠ ᠠᠮᠠᠷᠠᠬᠤ ᠠᠷᠭ᠎ᠠ ᠶᠢ ᠬᠡᠷᠡᠭᠵᠢᠭᠦᠯᠵᠦ ᠪᠣᠯᠤᠨ᠎ᠠ ᠭᠡᠵᠦ | ᠲᠣᠭᠲᠠᠭᠠᠵᠠᠶ᠃ ᠳᠥᠴᠢᠳᠦᠭᠡᠷ ᠵᠦᠶᠯ ᠳᠤ᠂ ᠬᠥᠮᠦᠨ ᠬᠡᠷᠡᠭᠯᠡᠬᠦ ᠨᠢᠭᠡᠴᠢ ᠳᠣᠤᠷ᠎ᠠ ᠵᠢᠭᠰᠠᠭᠠᠭᠰᠠᠨ ᠪᠠᠶᠠᠷ ᠤᠨ | ᠡᠳᠦᠷ ᠤᠨ ᠬᠤᠭᠤᠴᠠᠭᠠᠨ ᠳᠤ ᠬᠥᠳᠡᠯᠮᠦᠷᠢᠴᠢᠳ ᠲᠤ ᠬᠠᠤᠯᠢ ᠶᠣᠰᠣᠭᠠᠷ ᠠᠮᠠᠷᠠᠯᠲᠠ ᠶᠢᠨ ᠴᠢᠯᠥᠭᠡ ᠲᠣᠬᠢᠷᠠᠭᠤᠯᠬᠤ | ᠬᠡᠷᠡᠭᠲᠡᠶ ᠭᠡᠵᠤ ᠲᠤᠭᠲᠠᠭᠠᠵᠠᠢ᠄ ︵ᠨᠢᠭᠡ︶ ᠰᠢᠨ᠎ᠡ ᠵᠢᠯ ᠤᠨ ᠰᠢᠨ᠎ᠡ ᠶᠢᠨ ᠨᠢᠭᠡᠨ︔ ︵ᠬᠤᠶᠠᠷ︶ ᠴᠠᠭᠠᠨ ᠰᠠᠷ᠎ᠠ ᠶᠢᠨ | ᠪᠠᠶᠠᠷ︔ ︵ᠭᠤᠷᠪᠠ︶ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ︔ ︵ᠳᠥᠷᠪᠡ︶ ᠤᠯᠤᠰ ᠤᠨ ᠪᠠᠶᠠᠷ︔ ︵ᠲᠠᠪᠤ︶ ᠬᠠᠤᠯᠢ | ᠴᠠᠭᠠᠵᠠ᠂ ᠬᠠᠤᠯᠢ ᠲᠣᠭᠲᠠᠭᠠᠯ ᠳᠤ ᠲᠤᠭᠲᠠᠭᠠᠭᠰᠠᠨ ᠪᠤᠰᠤᠳ ᠠᠮᠠᠷᠠᠯᠲᠠ ᠶᠢᠨ ᠴᠢᠯᠥᠭᠡ ᠲᠠᠯᠪᠢᠬᠤ ᠪᠠᠶᠠᠷ ᠤᠨ | ᠡᠳᠦᠷ᠃ | ᠭᠤᠷᠪᠠ᠂ ᠬᠥᠳᠡᠯᠮᠦᠷᠢᠴᠢᠨ ᠤ ᠴᠠᠭ ᠨᠡᠮᠡᠵᠤ ᠠᠵᠢᠯᠯᠠᠭᠰᠠᠨ ᠴᠠᠯᠢᠩ ᠬᠦᠯᠦᠰᠤ ᠶᠢ ᠬᠡᠷᠬᠢᠨ ᠥᠭᠬᠦ ᠪᠤᠢ︖ | ︽ᠬᠥᠳᠡᠯᠮᠦᠷᠢ ᠶᠢᠨ ᠬᠠᠤᠯᠢ︾ ᠶᠢᠨ ᠳᠥᠴᠢᠨ ᠳᠥᠷᠪᠡᠳᠦᠭᠡᠷ ᠵᠦᠶᠯ ᠳᠤ᠂ ᠳᠣᠤᠷ᠎ᠠ ᠵᠢᠭᠰᠠᠭᠠᠭᠰᠠᠨ | ᠪᠠᠶᠢᠳᠠᠯ ᠤᠳ ᠤᠨ ᠨᠢᠭᠡ ᠨᠢ ᠪᠠᠶᠢᠶᠪᠠᠯ᠂ ᠬᠥᠮᠦᠨ ᠬᠡᠷᠡᠭᠯᠡᠬᠦ ᠨᠢᠭᠡᠴᠢ ᠨᠢ ᠳᠣᠤᠷ᠎ᠠ ᠵᠢᠭᠰᠠᠭᠠᠭᠰᠠᠨ ᠪᠠᠷᠢᠮᠵᠢᠶ᠎ᠠ | ᠶᠣᠰᠣᠭᠠᠷ ᠬᠥᠳᠡᠯᠮᠦᠷᠢᠴᠢᠨ ᠳᠤ ᠬᠡᠪ ᠤᠨ ᠠᠵᠢᠯᠯᠠᠬᠤ ᠴᠠᠭ ᠤᠨ ᠴᠠᠯᠢᠩ ᠠᠴᠠ ᠳᠡᠭᠡᠭᠦᠷ ᠴᠠᠯᠢᠩ ᠬᠥᠯᠥᠰᠥ | ᠣᠯᠭᠤᠬᠤ ᠬᠡᠷᠡᠭᠲᠡᠶ ᠭᠡᠵᠤ ᠲᠤᠭᠲᠠᠭᠠᠵᠠᠢ᠄ ︵ᠨᠢᠭᠡ︶ ᠬᠥᠳᠡᠯᠮᠦᠷᠢᠴᠢᠨ ᠤ ᠠᠵᠢᠯᠯᠠᠬᠤ ᠴᠠᠭ ᠢ ᠤᠷᠲᠤᠳᠬᠠᠬᠤ ᠶᠢ | ᠲᠣᠬᠢᠷᠠᠭᠤᠯᠤᠭᠰᠠᠨ ᠪᠤᠯ᠂ ᠴᠠᠯᠢᠩ ᠤᠨ ᠬᠢᠨᠢ ᠵᠠᠭᠤᠨ ᠤ ᠵᠠᠭᠤ ᠲᠠᠪᠢ ᠠᠴᠠ ᠳᠣᠤᠷ᠎ᠠ ᠦᠭᠡᠢ ᠴᠠᠯᠢᠩ ᠬᠥᠯᠥᠰᠥ | ᠣᠯᠭᠤᠬᠤ ᠬᠡᠷᠡᠭᠲᠡᠢ︔ ︵ᠬᠤᠶᠠᠷ︶ ᠬᠥᠳᠡᠯᠮᠦᠷᠢᠴᠢᠳ ᠢ ᠠᠮᠠᠷᠠᠯᠲᠠ ᠶᠢᠨ ᠡᠳᠦᠷ ᠠᠵᠢᠯᠯᠠᠭᠤᠯᠬᠤ ᠪᠠᠷ | ᠲᠣᠬᠢᠷᠠᠭᠤᠯᠤᠭᠰᠠᠨ ᠪᠥᠭᠡᠳ ᠨᠥᠬᠦᠪᠥᠷᠢ ᠠᠮᠠᠷᠠᠯᠲᠠ ᠲᠣᠬᠢᠷᠠᠭᠤᠯᠵᠤ ᠴᠢᠳᠠᠬᠤ ᠦᠭᠡᠢ ᠪᠤᠯ ᠴᠠᠯᠢᠩ ᠤᠨ ᠬᠢᠨᠢ | ᠵᠠᠭᠤᠨ ᠤ ᠬᠤᠶᠠᠷ ᠵᠠᠭᠤᠨ ᠬᠤᠪᠢ ᠠᠴᠠ ᠳᠣᠤᠷ᠎ᠠ ᠦᠭᠡᠢ ᠴᠠᠯᠢᠩ ᠬᠥᠯᠥᠰᠥ ᠣᠯᠭᠤᠬᠤ ᠬᠡᠷᠡᠭᠲᠡᠢ︔ ︵ᠭᠤᠷᠪᠠ︶ | ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠡᠳᠦᠷ ᠬᠥᠳᠡᠯᠮᠦᠷᠢᠴᠢᠳ ᠢ ᠠᠵᠢᠯᠯᠠᠭᠤᠯᠬᠤ ᠪᠠᠷ ᠲᠣᠬᠢᠷᠠᠭᠤᠯᠤᠭᠰᠠᠨ | ᠪᠤᠯ ᠴᠠᠯᠢᠩ ᠤᠨ ᠬᠢᠨᠢ ᠵᠠᠭᠤᠨ ᠤ ᠭᠤᠷᠪᠠᠨ ᠵᠠᠭᠤᠨ ᠬᠤᠪᠢ ᠠᠴᠠ ᠳᠣᠤᠷ᠎ᠠ ᠦᠭᠡᠢ ᠴᠠᠯᠢᠩ ᠬᠥᠯᠥᠰᠥ ᠣᠯᠭᠤᠬᠤ | ᠬᠡᠷᠡᠭᠲᠡᠢ᠃ | ᠳᠥᠷᠪᠡ᠂ ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢ ᠬᠡᠵᠢᠶ᠎ᠡ ᠨᠡᠶᠢᠲᠡᠯᠡᠨ ᠬᠡᠷᠡᠭᠵᠢᠭᠦᠯᠦᠭᠰᠡᠨ ᠪᠤᠢ︖ | ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢ 2007 ᠣᠨ ᠤ 6 ᠰᠠᠷ᠎ᠠ ᠶᠢᠨ 29 ᠤ ᠡᠳᠦᠷ ᠠᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠷᠢᠨ ᠨᠠᠶᠮᠠᠳᠤᠭᠠᠷ ᠬᠤᠷᠠᠯ ᠠᠴᠠ ᠪᠠᠲᠤᠯᠠᠵᠤ᠂ 2008 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠵᠦ ᠵᠢᠩᠬᠢᠨᠢ ᠪᠠᠷ ᠬᠡᠷᠡᠭᠵᠢᠭᠦᠯᠪᠠ᠃ | ᠲᠠᠪᠤ᠂ ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢ ᠬᠡᠷᠡᠭᠯᠡᠬᠦ ᠬᠦᠷᠢᠶ᠎ᠠ ᠬᠡᠪᠴᠢᠶ᠎ᠠ ᠳᠤ ᠶᠠᠮᠠᠷ ᠶᠠᠮᠠᠷ ᠵᠦᠢᠯ | ᠪᠠᠭᠲᠠᠬᠤ ᠪᠤᠢ︖ | ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢᠨ ᠬᠤᠶᠠᠳᠤᠭᠠᠷ ᠵᠦᠶᠯ ᠳᠤ᠄ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠢᠯᠢ ᠶᠢᠨ ᠳᠣᠲᠣᠷᠠᠬᠢ ᠠᠵᠤ ᠠᠬᠤᠶᠢᠯᠠᠯ᠂ ᠬᠤᠪᠢ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠵᠡᠷᠭᠡ ᠵᠣᠬᠢᠶᠠᠨ | ᠪᠠᠶᠢᠭᠤᠯᠤᠯᠲᠠ ᠨᠤᠭᠤᠳ ᠬᠥᠳᠡᠯᠮᠦᠷᠢᠴᠢᠨ ᠲᠠᠢ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠵᠤ᠂ ᠬᠥᠳᠡᠯᠮᠦᠷᠢ ᠶᠢᠨ ᠭᠡᠷ᠎ᠡ | ᠶᠢ ᠲᠣᠭᠲᠠᠭᠠᠬᠤ᠂ ᠭᠦᠢᠴᠡᠳᠬᠡᠬᠦ᠂ ᠬᠤᠪᠢᠷᠠᠭᠤᠯᠬᠤ᠂ ᠬᠦᠴᠦᠨ ᠦᠭᠡᠢ ᠪᠤᠯᠭᠠᠬᠤ ᠪᠤᠶᠤ ᠳᠠᠭᠤᠰᠬᠠᠬᠤ ᠳᠤ ᠲᠤᠰ | ᠬᠠᠤᠯᠢ ᠶᠢ ᠬᠡᠷᠡᠭᠯᠡᠨ᠎ᠡ ᠭᠡᠵᠦ ᠲᠣᠭᠲᠠᠭᠠᠵᠠᠶ᠃ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ | ᠨᠡᠶᠢᠭᠡᠮ ᠤᠨ ᠪᠦᠯᠬᠦᠮ ᠪᠠ ᠲᠡᠭᠦᠨ ᠯᠦᠭᠡ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠤᠭᠰᠠᠨ ᠬᠥᠳᠡᠯᠮᠦᠷᠢᠴᠢᠨ ᠲᠠᠢ | ᠬᠥᠳᠡᠯᠮᠦᠷᠢ ᠶᠢᠨ ᠭᠡᠷ᠎ᠡ ᠶᠢ ᠲᠣᠭᠲᠠᠭᠠᠬᠤ᠂ ᠭᠦᠶᠴᠡᠳᠬᠡᠬᠦ᠂ ᠬᠤᠪᠢᠷᠠᠭᠤᠯᠬᠤ᠂ ᠬᠦᠴᠦᠨ ᠦᠭᠡᠢ ᠪᠤᠯᠭᠠᠬᠤ ᠪᠤᠶᠤ | ᠳᠠᠭᠤᠰᠬᠠᠬᠤ ᠳᠤ ᠲᠤᠰ ᠬᠠᠤᠯᠢ ᠶᠢ ᠬᠡᠷᠡᠭᠯᠡᠨ᠎ᠠ ᠭᠡᠵᠤ ᠲᠤᠭᠲᠠᠭᠠᠵᠠᠢ᠃ | |