ᠬᠤᠯᠤᠭᠠᠨ᠎ᠡ ᠬᠢᠵᠢᠭ ᠢ ᠰᠡᠷᠭᠡᠶᠢᠯᠡᠬᠦ ᠲᠤᠬᠠᠢ ᠶᠡᠷᠦ ᠶᠢᠨ ᠮᠡᠲᠡᠯᠭᠡ
ᠨᠡᠶᠢᠲᠡᠯᠡᠭᠰᠡᠨ ᠴᠠᠭ᠄
2019-11-20
     ᠶᠠᠭᠤ ᠶᠢ ᠬᠤᠯᠤᠭᠠᠨ᠎ᠡ ᠬᠢᠵᠢᠭ ᠬᠡᠬᠦ ᠪᠤᠢ︖      ᠬᠤᠯᠤᠭᠠᠨ᠎ᠡ ᠬᠢᠵᠢᠭ ᠪᠤᠯ ᠬᠤᠯᠤᠭᠠᠨ᠎ᠠ ᠶᠢᠨ ᠬᠢᠵᠢᠭ ᠤᠨ ᠰᠠᠪᠬᠠᠨᠴᠢᠷ ᠪᠠᠺᠲ᠋ᠧᠷᠢ ᠠᠴᠠ ᠡᠭᠦᠰᠦᠭᠰᠡᠨ ᠨᠢᠭᠡ ᠵᠦᠢᠯ ᠤᠨ ᠡᠪᠡᠳᠴᠢᠨ ᠡᠭᠦᠰᠭᠡᠬᠦ ᠨᠢ ᠬᠤᠷᠳᠤᠨ᠂ ᠬᠠᠯᠳᠠᠪᠦᠷᠢᠯᠡᠬᠤ ᠴᠢᠨᠠᠷ ᠢᠶᠠᠷ ᠴᠢᠩᠭ᠎ᠠ᠂ ᠦᠭᠦᠭᠦ ᠨᠤᠷᠮ᠎ᠡ ᠪᠠᠷ ᠦᠨᠳᠦᠷ ᠬᠠᠯᠳᠠᠪᠦᠷᠢᠲᠦ ᠲᠤᠬᠰᠢᠨ ᠡᠪᠡᠳᠴᠢᠨ ᠮᠦᠨ᠃ ᠡᠬᠢᠯᠡᠵᠦ ᠡᠭᠦᠰᠬᠦ ᠳᠡᠭᠡᠨ᠂ ᠬᠤᠯᠤᠭᠠᠨ᠎ᠡ ᠶᠢᠨ ᠬᠤᠭᠤᠷᠤᠨᠲᠦ ᠡᠭᠦᠰᠴᠦ᠂ ᠵᠤᠬᠢᠬᠤ ᠨᠦᠬᠦᠴᠡᠯ ᠲᠤᠤᠷ᠎ᠡ᠂ ᠨᠤᠬᠠᠢ ᠶᠢᠨ ᠪᠦᠭᠡᠰᠦᠨ ᠳᠤ ᠬᠠᠵᠠᠬᠳᠠᠭᠰᠡᠨ ᠪᠤᠶᠦ ᠪᠤᠰᠤᠳ ᠵᠢᠮ ᠢᠶᠠᠷ ᠬᠦᠮᠦᠨ ᠳᠤ ᠬᠠᠯᠳᠠᠪᠦᠷᠢᠯᠡᠨ ᠬᠦᠮᠦᠨ ᠬᠦᠮᠦᠨ ᠤ ᠬᠤᠭᠤᠷᠤᠨᠲᠦ ᠬᠠᠯᠳᠠᠪᠦᠷᠢᠯᠠᠬᠳᠠᠨ᠎ᠡ᠃ ︽ᠪᠦᠬᠦᠲᠡ ᠨᠠᠶᠢᠷᠠᠮᠳᠠᠬᠤ ᠲᠤᠮᠳᠠᠲᠦ ᠠᠷᠡᠳ ᠤᠯᠤᠰ ᠤᠨ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ ᠵᠠᠰᠠᠬᠤ ᠬᠠᠦᠯᠢ︾ ᠳᠤ ᠬᠤᠯᠤᠭᠠᠨ᠎ᠡ ᠬᠢᠵᠢᠭ ᠢ ᠨᠢᠭᠡᠳᠤᠭᠡᠷ ᠲᠡᠰ ᠤᠨ ᠬᠠᠯᠳᠠᠪᠦᠷᠢᠲᠦ ᠡᠪᠡᠳᠴᠢᠨ ᠢᠶᠠᠷ ᠲᠤᠬᠳᠠᠭᠠᠬᠰᠡᠨ ᠪᠡ ᠮᠦᠨᠴᠦ ᠭᠤᠤᠯᠳᠠᠯᠭ᠎ᠠ ᠲᠠᠢ ᠰᠡᠷᠭᠡᠶᠢᠯᠡᠨ ᠬᠤᠷᠢᠬᠯᠠᠬᠤ ᠬᠠᠯᠳᠠᠪᠦᠷᠢᠲᠦ ᠡᠪᠡᠳᠴᠢᠨ ᠤ ᠨᠢᠭᠡ ᠪᠤᠯᠤᠭᠰᠡᠨ ᠪᠠᠶᠢᠨ᠎ᠡ᠃      ᠬᠤᠯᠤᠭᠠᠨ᠎ᠡ ᠬᠢᠵᠢᠭ ᠤᠨ ᠬᠠᠯᠳᠠᠪᠦᠷᠢᠯᠡᠬᠤ ᠵᠢᠮ      ᠬᠤᠯᠤᠭᠠᠨ᠎ᠡ ᠬᠢᠵᠢᠭ ᠤᠨ ᠬᠠᠯᠳᠠᠪᠦᠷᠢᠯᠠᠬᠤ ᠵᠢᠮ ᠬᠤᠶᠠᠷ ᠵᠦᠢᠯ ᠪᠤᠢ᠄      1. ᠨᠤᠬᠠᠢ ᠶᠢᠨ ᠪᠦᠬᠡᠰᠦᠨ ᠳᠤ ᠬᠠᠵᠠᠬᠳᠠᠭᠰᠡᠨ ᠠᠴᠠ ᠬᠠᠯᠳᠠᠪᠤᠷᠢᠯᠡᠨ᠎ᠡ᠂ ᠤᠯᠠᠩᠭᠢ ᠨᠢ ᠪᠤᠯᠴᠢᠷᠬᠠᠢ ᠶᠢᠨ ᠬᠤᠯᠤᠭᠠᠨ᠎ᠡ ᠬᠢᠵᠢᠭ︔      2. ᠠᠭᠤᠰᠬᠢᠨ ᠤ ᠬᠤᠯᠤᠭᠠᠨ᠎ᠡ ᠬᠢᠵᠢᠭ ᠡᠭᠦᠰᠬᠦ ᠦᠶᠡᠰ᠂ ᠠᠭᠠᠷ ᠢᠶᠠᠷ ᠬᠠᠯᠳᠠᠪᠦᠷᠢᠯᠡᠨ᠎ᠡ᠃ ᠪᠠᠰᠡ ᠬᠤᠯᠤᠭᠠᠨ᠎ᠡ ᠬᠢᠵᠢᠭ ᠢᠶᠠᠷ ᠦᠭᠦᠭᠰᠡᠨ ᠠᠮᠢᠳᠡᠨ ᠤ ᠮᠢᠬ᠎ᠠ ᠶᠢ ᠢᠲᠡᠬᠦ ᠶᠠᠪᠤᠴᠡ ᠳᠤ ᠬᠤᠯᠤᠭᠠᠨ᠎ᠡ ᠶᠢᠨ ᠬᠢᠵᠢᠭ ᠤᠨ ᠪᠠᠺᠲ᠋ᠧᠷᠢ ᠰᠢᠭᠤᠳ ᠰᠢᠷᠬᠠᠨ ᠳᠤ ᠤᠷᠤᠵᠦ ᠬᠠᠯᠳᠠᠪᠦᠷᠢᠯᠡᠨ᠎ᠡ᠃ ᠠᠮᠢᠲᠡᠨ ᠤ ᠠᠷᠡᠰᠦ ᠨᠤᠤᠰᠤᠨ ᠳᠠᠬᠢ ᠪᠠᠺᠲ᠋ᠧᠷᠢ  ᠠᠴᠠ ᠪᠤᠯᠵᠦ ᠬᠠᠯᠳᠠᠪᠦᠷᠢᠯᠡᠨ᠎ᠡ᠂ ᠰᠠᠶᠢᠨ ᠴᠢᠨᠠᠵᠦ ᠪᠤᠯᠭᠤᠬᠰᠡᠨ ᠦᠭᠡᠢ ᠬᠢᠵᠢᠭ ᠬᠠᠯᠳᠠᠪᠦᠷᠢᠯᠠᠬᠰᠡᠨ ᠮᠢᠬ᠎ᠠ ᠶᠢ ᠢᠲᠡᠭᠰᠡᠨ ᠠᠴᠠ ᠪᠤᠯᠵᠦ ᠰᠢᠩᠭᠡᠭᠡᠯᠲᠡ ᠶᠢᠨ ᠵᠠᠮ ᠢᠶᠠᠷ ᠬᠠᠯᠳᠠᠪᠦᠷᠢᠯᠡᠬᠤ ᠵᠡᠷᠭᠡ᠃      ᠬᠤᠯᠤᠭᠠᠨ᠎ᠡ ᠬᠢᠵᠢᠭ ᠤᠨ ᠢᠯᠡᠷᠡᠯ      ᠬᠤᠤᠷ᠂ ᠬᠠᠯᠳᠠᠪᠦᠷᠢᠯᠠᠬᠰᠡᠨ ᠬᠡᠮᠵᠢᠶ᠎ᠡ᠂ ᠬᠠᠯᠳᠠᠪᠦᠷᠢᠯᠠᠬᠰᠡᠨ ᠵᠢᠮ ᠵᠢᠴᠢ ᠡᠪᠡᠳᠴᠢᠲᠡᠨ ᠤ ᠡᠪᠡᠳᠴᠢᠨ ᠢ ᠡᠰᠡᠷᠭᠦᠴᠡᠬᠦ ᠴᠢᠳᠠᠯ ᠤᠨ ᠠᠳᠠᠯᠢ ᠪᠤᠰᠤ ᠶᠢ ᠦᠨᠳᠦᠰᠦᠯᠡᠨ ᠪᠤᠯᠴᠢᠷᠬᠠᠢ ᠶᠢᠨ ᠬᠤᠯᠤᠭᠠᠨ᠎ᠡ ᠬᠢᠵᠢᠭ᠂ ᠠᠭᠤᠰᠬᠢᠨ ᠤ ᠬᠤᠯᠤᠭᠠᠨ᠎ᠡ ᠬᠢᠵᠢᠭ᠂ ᠬᠤᠯᠤᠭᠠᠨ᠎ᠡ ᠶᠢᠨ ᠬᠢᠵᠢᠭ ᠤᠨ ᠴᠢᠰᠦ ᠮᠠᠭᠤᠳᠠᠬᠤ ᠡᠪᠡᠳᠴᠢᠨ᠂ ᠠᠷᠡᠰᠦᠨ ᠤ ᠬᠤᠯᠤᠭᠠᠨ᠎ᠡ ᠬᠢᠵᠢᠭ᠂ ᠬᠡᠲᠡᠰᠦᠨ ᠤ ᠬᠤᠯᠤᠭᠠᠨ᠎ᠡ ᠬᠢᠵᠢᠭ ᠵᠡᠷᠭᠡ ᠤᠯᠠᠨ ᠲᠦᠷᠦᠯ ᠪᠤᠢ᠂ ᠦᠷᠭᠦᠯᠵᠢ ᠲᠤᠬᠢᠶᠠᠯᠳᠤᠳᠠᠭ ᠨᠢ ᠪᠤᠯᠴᠢᠷᠬᠠᠢ ᠶᠢᠨ ᠬᠤᠯᠤᠭᠠᠨ᠎ᠡ ᠬᠢᠵᠢᠭ ᠪᠤᠯᠤᠨ᠎ᠡ᠃      ᠬᠦᠮᠦᠨ ᠳᠤ ᠬᠠᠯᠳᠠᠪᠦᠷᠢᠯᠠᠬᠤ ᠬᠤᠯᠤᠭᠠᠨ᠎ᠡ ᠶᠢᠨ ᠬᠢᠵᠢᠭ ᠢ ᠬᠡᠷᠬᠢᠨ ᠰᠡᠷᠭᠡᠶᠢᠯᠡᠬᠦ ᠪᠤᠢ︖      1. ᠬᠤᠯᠤᠭᠠᠨ᠎ᠡ ᠬᠢᠵᠢᠭ ᠢ ᠰᠡᠷᠭᠡᠶᠢᠯᠡᠬᠦ ᠬᠠᠮᠢᠶ᠎ᠡ ᠪᠦᠬᠦᠢ ᠶᠡᠷᠦ ᠶᠢᠨ ᠮᠡᠲᠡᠯᠭᠡ ᠶᠢ ᠰᠠᠶᠢᠳᠤᠷ ᠰᠤᠷᠤᠯᠴᠠᠵᠦ᠂ ᠲᠡᠭᠦᠨ ᠤ ᠠᠶᠦᠯᠲᠦ ᠴᠢᠨᠠᠷ ᠢ ᠬᠦᠢᠴᠡᠳ ᠲᠠᠨᠢᠵᠦ᠂ ᠬᠤᠯᠤᠭᠠᠨ᠎ᠡ ᠬᠢᠵᠢᠭ ᠢ ᠰᠡᠷᠭᠡᠶᠢᠯᠡᠵᠦ ᠪᠤᠯᠬᠤ ᠶᠢ ᠤᠶᠢᠯᠠᠭᠠᠨ ᠤᠷᠢᠳᠴᠢᠯᠠᠨ ᠰᠡᠷᠭᠡᠶᠢᠯᠡᠵᠦ ᠠᠶᠦᠬᠤ ᠰᠡᠳᠬᠢᠯᠭᠡ ᠶᠢ ᠦᠭᠡᠶᠢᠰᠭᠡᠨ᠎ᠡ᠃      2. ᠲᠤᠬᠠᠢ ᠶᠢᠨ ᠭᠠᠵᠠᠷ ᠤᠷᠤᠨ ᠤ ᠬᠢᠵᠢᠭ ᠢ ᠰᠡᠷᠭᠡᠶᠢᠯᠡᠬᠦ ᠠᠵᠢᠯᠲᠡᠨ ᠨᠢ᠂ ᠬᠤᠯᠤᠭᠠᠨ᠎ᠡ ᠶᠢᠨ ᠬᠤᠭᠤᠷᠤᠨᠲᠦ ᠬᠠᠯᠳᠠᠪᠦᠷᠢᠯᠠᠬᠤ ᠬᠢᠵᠢᠭ ᠤᠨ ᠪᠠᠶᠢᠲᠡᠯ ᠪᠡ ᠬᠤᠯᠤᠭᠠᠨ᠎ᠡ ᠶᠢᠨ ᠲᠦᠷᠦᠯ ᠤᠨ ᠲᠤᠭᠠᠨ ᠤ ᠬᠤᠪᠢᠷᠠᠯᠲᠡ  ᠶᠢᠨ ᠬᠢᠨᠠᠨ ᠲᠤᠬᠳᠠᠭᠠᠯᠲᠡ ᠶᠢ ᠰᠠᠶᠢᠳᠤᠷ ᠬᠢᠵᠦ᠂ ᠬᠤᠯᠤᠭᠠᠨ᠎ᠡ᠂ ᠨᠤᠬᠠᠢ ᠶᠢᠨ ᠪᠦᠭᠡᠰᠦ ᠶᠢ ᠤᠰᠠᠳᠬᠠᠬᠤ ᠠᠵᠢᠯ ᠢ ᠰᠠᠶᠢᠨ ᠬᠢᠵᠦ᠂ ᠬᠢᠵᠢᠭ ᠤᠨ ᠤᠷᠤᠨ ᠢ ᠴᠡᠪᠡᠷᠯᠡᠨ᠂ ᠬᠢᠵᠢᠭ ᠤᠨ ᠪᠠᠶᠢᠲᠡᠯ ᠢ ᠲᠠᠷᠤᠵᠦ ᠵᠤᠬᠰᠤᠭᠠᠨ ᠬᠦᠮᠦᠨ ᠠᠮᠢᠲᠡᠨ  ᠢ ᠬᠠᠮᠠᠭᠠᠯᠠᠬᠤ ᠬᠡᠷᠡᠭᠲᠠᠢ᠃      3. ᠬᠤᠲᠡ ᠤᠰᠤ ᠪᠡ ᠭᠡᠷ ᠤᠷᠤᠨ ᠤ ᠡᠷᠬᠢᠨ ᠲᠤᠭᠤᠷᠢᠨ ᠳᠤ ᠬᠤᠯᠤᠭᠠᠨ᠎ᠡ ᠪᠡ ᠨᠤᠬᠠᠢ ᠶᠢᠨ ᠪᠦᠭᠡᠰᠦ ᠶᠢ ᠤᠰᠠᠳᠬᠠᠬᠤ ᠠᠵᠢᠯ ᠢ ᠰᠠᠶᠢᠳᠤᠷ ᠬᠢᠵᠦ᠂ ᠠᠮᠦᠷ ᠲᠦᠪᠰᠢᠨ ᠦᠢᠯᠡᠳᠪᠦᠷᠢᠯᠡᠯ ᠠᠮᠢᠳᠤᠷᠡᠯ ᠤᠨ ᠤᠷᠴᠢᠨ ᠢ ᠪᠤᠢ ᠪᠤᠯᠭᠠᠨ᠎ᠡ᠃      4. ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠡ ᠶᠢ ᠴᠢᠩᠭᠠᠳᠬᠠᠬᠤ ᠬᠡᠷᠡᠭᠲᠠᠢ᠃ ᠬᠤᠨᠢ ᠬᠠᠷᠢᠭᠤᠯᠬᠤ᠂ ᠭᠠᠵᠠᠷ ᠬᠠᠭᠠᠯᠪᠦᠷᠢᠯᠠᠬᠤ ᠵᠢᠴᠢ ᠬᠡᠭᠡᠷ᠎ᠡ ᠭᠠᠳᠠᠨ᠎ᠡ ᠪᠤᠰᠤᠳ ᠲᠦᠷᠦᠯ ᠤᠨ ᠠᠵᠢᠯ ᠦᠢᠯᠡᠰ ᠡᠷᠬᠢᠯᠡᠬᠦ ᠳᠡᠭᠡᠨ᠂ ᠬᠠᠮᠤᠭ ᠰᠠᠶᠢᠨ ᠨᠢ ᠤᠷᠲᠦ ᠲᠦᠷᠠᠢ ᠲᠠᠢ ᠦᠢᠮᠤᠰᠦ ᠡᠮᠦᠰᠬᠦ ᠪᠤᠶᠦ ᠭᠤᠳᠤᠯ ᠡᠮᠦᠰᠴᠦ᠂ ᠬᠤᠯᠤᠭᠠᠨ᠎ᠡ ᠪᠡ ᠬᠤᠯᠤᠭᠠᠨ᠎ᠡ ᠶᠢᠨ ᠨᠦᠭᠡ ᠪᠠᠶᠢᠬᠤ ᠦᠭᠡᠢ ᠭᠠᠵᠠᠷ ᠲᠤ ᠰᠠᠭᠤᠷᠢᠰᠢᠨ ᠰᠠᠭᠤᠬᠤ ᠪᠤᠶᠦ ᠠᠮᠠᠷᠡᠨ᠎ᠡ᠃ ᠨᠤᠬᠠᠢ ᠶᠢᠨ ᠪᠦᠭᠡᠰᠦ ᠶᠢ ᠤᠰᠠᠳᠬᠠᠬᠤ ᠠᠵᠢᠯ ᠢ ᠰᠠᠶᠢᠨ ᠬᠢᠨ᠎ᠡ᠃      5. ᠦᠭᠦᠭᠰᠡᠨ ᠬᠤᠯᠤᠭᠠᠨ᠎ᠡ᠂ ᠲᠠᠦᠯᠠᠢ᠂ ᠦᠨᠡᠭᠡ ᠵᠡᠷᠭᠡ ᠲᠠᠢ ᠲᠠᠭᠠᠷᠠᠪᠡᠯ ᠶᠠᠭᠠᠬᠢᠬᠰᠡᠨ ᠴᠦ ᠭᠠᠷ ᠢᠶᠠᠷ ᠢᠶᠠᠨ ᠠᠳᠬᠤᠵᠦ ᠠᠪᠴᠦ ᠪᠤᠯᠬᠤ ᠦᠭᠡᠢ᠂ ᠨᠡᠩ ᠴᠦ ᠠᠷᠡᠰᠦ ᠶᠢ ᠨᠢ ᠱᠠᠭᠠᠯᠵᠦ ᠮᠢᠬ᠎ᠠ ᠶᠢ ᠨᠢ ᠢᠲᠡᠵᠦ ᠪᠤᠯᠬᠤ ᠦᠭᠡᠢ᠂ ᠡᠷᠭᠡᠪᠰᠢ ᠪᠦᠰ ᠤᠭᠤᠲᠡ ᠪᠤᠶᠦ ᠰᠦᠯᠢᠶᠤᠤ ᠤᠭᠤᠳᠠᠨ ᠳᠤ ᠤᠭᠤᠳᠠᠯᠠᠨ ᠬᠢᠵᠢᠭ ᠢ ᠰᠡᠷᠭᠡᠶᠢᠯᠡᠬᠦ ᠪᠠᠶᠢᠭᠤᠯᠤᠯᠭ᠎ᠠ  ᠳᠤ ᠬᠦᠷᠭᠡᠵᠦ ᠰᠢᠯᠭᠠᠨ ᠪᠠᠶᠢᠴᠠᠭᠠᠯᠲᠡ ᠬᠢᠯᠭᠡᠬᠦ ᠬᠡᠷᠡᠭᠲᠠᠢ᠃ ᠡᠰᠡᠭᠦᠯ᠎ᠡ ᠪᠠᠶᠢᠭ᠎ᠠ ᠭᠠᠵᠠᠷ ᠲᠤ ᠨᠢ ᠪᠤᠯᠠᠵᠦ᠂ ᠲᠠᠷᠠᠭ᠎ᠠ  ᠨᠢ ᠬᠢᠵᠢᠭ ᠢ ᠰᠡᠷᠭᠡᠶᠢᠯᠡᠬᠦ ᠪᠠᠶᠢᠭᠤᠯᠤᠯᠭ᠎ᠠ ᠳᠤ ᠲᠠᠷᠤᠢ ᠲᠦᠷᠭᠡᠨ ᠮᠡᠲᠡᠭᠦᠯᠦᠨ᠎ᠡ᠃      6. ᠨᠤᠬᠠᠢ᠂ ᠮᠤᠤᠷ ᠤᠨ ᠬᠠᠮᠢᠶᠠᠷᠤᠯᠲᠡ ᠶᠢ ᠴᠢᠩᠭᠠᠳᠬᠠᠵᠦ᠂ ᠮᠤᠭᠠᠢ ᠮᠤᠤᠷ ᠨᠢ ᠬᠡᠬᠡᠷ᠎ᠡ ᠠᠴᠠ ᠬᠢᠵᠢᠭ ᠲᠠᠢ ᠬᠤᠯᠤᠭᠠᠨ᠎ᠡ ᠶᠢ ᠶᠠᠭᠤᠨ ᠭᠡᠷ ᠲᠤ ᠠᠪᠴᠢᠷᠡᠨ ᠬᠤᠯᠤᠭᠠᠨ᠎ᠡ ᠶᠢᠨ ᠬᠢᠵᠢᠭ ᠬᠠᠯᠳᠠᠭᠠᠬᠤ ᠠᠴᠠ ᠰᠡᠷᠭᠡᠶᠢᠯᠡᠬᠦ ᠬᠡᠷᠡᠭᠲᠠᠢ᠃ ᠬᠡᠦᠭᠡᠳ ᠪᠠᠭᠠᠴᠤᠳ ᠬᠡᠬᠡᠷ᠎ᠡ ᠭᠠᠳᠠᠨ᠎ᠡ ᠨᠠᠭᠠᠳᠬᠤ ᠦᠭᠡᠢ ᠪᠠᠶᠢᠵᠦ ᠨᠡᠩ ᠴᠦ ᠬᠤᠯᠤᠭᠠᠨ᠎ᠡ ᠪᠠᠷᠢᠵᠦ ᠠᠯᠠᠬᠤ ᠪᠤᠶᠦ ᠬᠤᠯᠤᠭᠠᠨ᠎ᠡ ᠪᠠᠷ ᠨᠠᠭᠠᠳᠴᠦ ᠪᠤᠯᠬᠤ ᠦᠭᠡᠢ᠃                                                ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号