ᠮᠤᠩᠭᠤᠯ ᠦᠨᠳᠦᠰᠦᠲᠡᠨ ᠤ ᠤᠷ᠎ᠡ ᠶᠢᠨ ᠰᠠᠩ    ᠮᠤᠩᠭᠤᠯ ᠰᠤᠷᠭᠠᠭᠤᠯᠢ ᠶᠢᠨ ᠤᠶᠤᠨ ᠤ ᠬᠢᠯᠪᠠᠭ᠎ᠠ
ᠨᠡᠶᠢᠲᠡᠯᠡᠭᠰᠡᠨ ᠴᠠᠭ᠄
2019-11-22
     11 ᠰᠡᠷ᠎ᠡ ᠶᠢᠨ 18 ᠤ ᠡᠳᠤᠷ᠂ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠮᠤᠩᠭᠤᠯ ᠰᠤᠷᠭᠠᠭᠤᠯᠢ ᠠᠴᠠ ᠡᠷᠬᠢᠯᠡᠨ ᠶᠠᠪᠤᠬᠳᠠᠭᠤᠯᠤᠭᠰᠡᠨ ︽ᠡᠷᠬᠢᠮᠰᠦᠭ ᠮᠤᠩᠭᠤᠯ︾ ᠦᠨᠳᠦᠰᠦᠲᠡᠨ ᠤ ᠬᠤᠪᠴᠠᠰᠦ ᠵᠠᠰᠠᠯ ᠡᠳ᠋ᠯᠡᠯ ᠬᠡᠷᠡᠭᠰᠡᠯ ᠤᠨ ᠦᠵᠡᠭᠦᠯᠭᠡ ᠶᠢᠨ ᠤᠷᠤᠯᠳᠤᠭᠠᠨ ᠮᠤᠩᠭᠤᠯ ᠰᠤᠷᠭᠠᠭᠤᠯᠢ ᠶᠢᠨ ᠶᠤᠰᠤᠯᠡᠯ ᠤᠨ ᠲᠢᠩᠭᠢᠮ ᠳᠤ ᠤᠳᠬ᠎ᠠ ᠲᠡᠭᠦᠯᠳᠡᠷ ᠶᠠᠪᠤᠬᠳᠠᠵᠦ ᠦᠨᠳᠦᠷᠯᠡᠪᠡ᠃      

     ᠲᠤᠰ ᠤᠳᠠᠭᠠᠨ ᠤ ᠤᠷᠤᠯᠳᠤᠭᠠᠨ ᠨᠢ ᠮᠤᠩᠭᠤᠯ ᠦᠨᠳᠦᠰᠦᠲᠡᠨ ᠤ ᠤᠯᠠᠮᠵᠢᠯᠠᠯᠲᠦ ᠬᠤᠪᠴᠠᠰᠦ ᠵᠠᠰᠠᠯ ᠤᠨ

ᠰᠤᠳᠤᠨ ᠰᠠᠶᠢᠬᠠᠨ ᠬᠡᠪ ᠨᠠᠮᠪᠠ᠂ ᠦᠪᠡᠷᠮᠢᠴᠡ ᠤᠨᠴᠠᠯᠢᠭ ᠲᠠᠢ ᠤᠷᠠᠨ ᠤᠶᠤᠳᠡᠯ ᠬᠢᠭᠡᠳ ᠮᠤᠩᠭᠤᠯᠴᠤᠳ ᠤᠨ ᠡᠳᠤᠷ

ᠲᠤᠳᠤᠮ ᠤᠨ ᠠᠳᠠᠯ ᠠᠮᠢᠳᠤᠷᠡᠯ ᠤᠨ ᠡᠳ᠋ᠯᠡᠯ ᠬᠡᠷᠡᠭᠰᠡᠯ ᠢ ᠰᠤᠷᠤᠭᠴᠢᠳ ᠲᠤ ᠲᠠᠨᠢᠭᠤᠯᠵᠦ᠂ ᠰᠤᠶᠤᠯ ᠤᠷᠠᠯᠢᠭ ᠤᠨ

ᠬᠦᠷᠲᠡᠭᠡᠯ ᠠᠴᠠ ᠤᠯᠠᠮᠵᠢᠯᠠᠯ ᠤᠨ ᠤᠬᠠᠭᠠᠨ ᠬᠠᠶᠢᠬᠤ ᠶᠢ ᠵᠤᠷᠢᠭᠰᠡᠨ ᠪᠠᠶᠢᠨ᠎ᠡ᠃

     ᠤᠷᠤᠯᠳᠤᠭᠠᠨ ᠳᠤ ᠤᠷᠤᠯᠴᠠᠬᠰᠠᠳ ᠦᠩᠭᠡ ᠢᠯᠭᠠᠷᠠᠭᠰᠡᠨ ᠲᠡᠪᠡᠯ ᠲᠡᠷᠯᠢᠭ ᠢᠶᠠᠷ ᠢᠶᠠᠨ ᠭᠤᠶᠤᠵᠦ᠂ ᠮᠠᠯᠠᠭᠠᠢ

ᠪᠦᠰᠡ᠂ ᠲᠠᠯᠢᠩ᠂ ᠬᠢᠳᠤᠭ᠎ᠠ ᠵᠡᠷᠭᠡ ᠪᠠᠷ ᠪᠦᠷᠢᠨ ᠴᠢᠮᠡᠵᠦ᠂ ᠮᠦᠩᠭᠦᠨ ᠡᠮᠡᠭᠡᠯ ᠬᠠᠵᠠᠭᠠᠷ᠂ ᠲᠡᠯᠠᠯᠭ᠎ᠠ ᠶᠢᠨ ᠰᠡᠪᠡ᠂

ᠠᠷᠤᠭ ᠰᠠᠪᠡᠷ᠂ ᠬᠠᠳᠬᠤᠮᠠᠯ ᠵᠡᠷᠭᠡ ᠡᠳ᠋ᠯᠡᠯ ᠬᠡᠷᠡᠭᠰᠡᠯ ᠢ ᠤᠯᠠᠨ ᠳᠤ ᠬᠠᠷᠠᠭᠤᠯᠤᠨ᠂ ᠬᠤᠷᠠᠭᠰᠡᠨ ᠤᠯᠠᠨ ᠤ ᠤᠷᠮ᠎ᠡ ᠶᠢ

ᠰᠡᠷᠭᠦᠭᠡᠵᠦ᠂ ᠬᠠᠷᠠᠭ᠎ᠠ ᠶᠢ ᠪᠠᠶᠠᠰᠬᠠᠭᠰᠡᠨ ᠠᠮᠵᠢᠯᠲᠡ ᠲᠠᠢ ᠰᠠᠶᠢᠬᠠᠨ ᠬᠦᠲᠡᠯᠭᠡᠭᠡᠨ ᠪᠤᠯᠤᠭᠰᠡᠨ ᠪᠠᠶᠢᠨ᠎ᠡ᠃

     

     ᠤᠷᠤᠯᠳᠤᠭᠠᠨ ᠤ ᠡᠴᠤᠰ ᠲᠤ ᠪᠠᠭ᠎ᠠ ᠰᠤᠷᠭᠠᠭᠤᠯᠢ ᠶᠢᠨ ᠨᠢᠭᠡ ᠬᠤᠶᠠᠳᠤᠭᠠᠷ ᠤᠨ ᠤ ᠲᠤᠭᠤᠶᠢᠯᠠᠩ ᠳᠤ

ᠬᠤᠶᠠᠳᠤᠭᠠᠷ ᠤᠨ ᠤ ᠨᠢᠭᠡᠳᠤᠭᠡᠷ ᠠᠩᠭᠢ᠂ ᠭᠤᠷᠪᠠ ᠲᠦᠷᠪᠠᠳᠤᠭᠡᠷ ᠤᠨ ᠤ ᠲᠤᠭᠤᠶᠢᠯᠠᠩ ᠳᠤ ᠭᠤᠷᠪᠠᠳᠤᠭᠠᠷ ᠤᠨ

 ᠤ ᠬᠤᠶᠠᠳᠤᠭᠠᠷ ᠠᠩᠭᠢ᠂ ᠲᠠᠪᠤ ᠵᠢᠷᠭᠤᠳᠤᠭᠠᠷ ᠤᠨ ᠤ ᠲᠤᠭᠤᠶᠢᠯᠠᠩ ᠳᠤ ᠲᠠᠪᠤᠳᠤᠭᠠᠷ ᠤᠨ ᠤ ᠬᠤᠶᠠᠳᠤᠭᠠᠷ ᠠᠩᠭᠢ

ᠲᠤᠰ ᠲᠤᠰ ᠲᠡᠷᠢᠭᠦᠯᠡᠨ᠂ ᠪᠠᠭᠰᠢᠨᠠᠷ ᠤᠨ ᠲᠤᠭᠤᠶᠢᠯᠠᠩ ᠳᠤ ᠵᠠᠰᠠᠭ ᠵᠠᠬᠢᠷᠭᠠᠨ ᠠᠷᠦ ᠦᠢᠯᠡᠴᠢᠯᠡᠭᠡᠨ ᠤ ᠲᠤᠭᠤᠶᠢᠯᠠᠩ

ᠲᠠᠷᠢᠭᠦᠯᠠᠵᠠᠢ᠃

                                ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号