ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠳᠦᠷᠢᠮᠵᠢᠬᠦᠯᠬᠦ ᠪᠠᠷ ᠪᠠᠶᠢᠨ᠎ᠡ
ᠨᠡᠶᠢᠲᠡᠯᠡᠭᠰᠡᠨ ᠴᠠᠭ᠄
2019-11-25
      ᠦᠪᠡᠷᠲᠡᠭᠡᠨ ᠵᠠᠰᠠᠬᠤ ᠤᠷᠤᠨ ︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠬᠦᠭᠵᠢᠯᠲᠡ ᠶᠢ ᠳᠦᠷᠢᠮᠵᠢᠭᠦᠯᠬᠦ ᠲᠤᠬᠠᠢ ᠰᠠᠨᠠᠯ︾᠂ ︽ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠭᠢᠮ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ  ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠰᠠᠶᠢᠳᠤᠷ ᠬᠢᠬᠦ ᠲᠤᠬᠠᠢ ᠵᠢᠯᠤᠭᠤᠳᠬᠤ ᠰᠠᠨᠠᠯ︾ ᠵᠡᠷᠬᠡ ᠶᠢ ᠦᠨᠳᠦᠰᠦᠯᠡᠵᠤ᠂ ᠪᠦᠬᠦ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠳᠦᠷᠢᠮᠵᠢᠭᠦᠯᠵᠤ ᠪᠠᠶᠢᠩᠭᠤᠵᠢᠭᠤᠯᠬᠤ ᠶᠢ ᠯᠠᠪᠳᠠᠭᠤᠨ ᠪᠠᠳᠤᠳᠠᠢ ᠠᠬᠢᠭᠤᠯᠵᠦ᠂ ᠰᠤᠷᠤᠭᠴᠢᠳ ᠪᠠ ᠭᠡᠷ ᠤᠨ ᠠᠬᠠᠮᠠᠳ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠤ ᠶᠢᠨ ᠳᠦᠯᠦᠬᠡ᠂ ᠦᠪᠡᠷᠲᠡᠭᠡᠨ ᠵᠠᠰᠠᠬᠤ ᠤᠷᠤᠨ ᠤ ᠪᠤᠲᠠᠲᠠᠢ ᠪᠠᠶᠢᠲᠡᠯ ᠠᠴᠠ ᠡᠭᠦᠰᠴᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ  ᠶᠢᠨ ᠬᠦᠷᠢᠶᠡᠨ ᠳᠠᠬᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠰᠠᠶᠢᠢᠲᠤᠷ ᠬᠢᠬᠦ ᠲᠤᠬᠠᠢ ᠵᠢᠯᠤᠭᠤᠳᠬᠤ ᠰᠠᠨᠠᠯ ᠲᠤᠷᠠᠳᠴᠠᠢ᠃      ᠦᠨᠳᠦᠰᠦᠨ ᠵᠠᠷᠴᠢᠮ᠄      ᠨᠡᠶᠢᠲᠡ ᠶᠢᠨ ᠠᠰᠠᠷᠠᠮᠵᠢ ᠶᠢ ᠲᠦᠭᠡᠮᠡᠯ ᠬᠦᠷᠲᠡᠭᠡᠬᠦ ᠶᠢ ᠪᠠᠷᠢᠮᠳᠠᠯᠠᠨ᠎ᠡ      ᠰᠤᠷᠭᠠᠭᠤᠯᠢ ᠶᠢᠨ ᠬᠦᠷᠢᠶᠠᠨ ᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠨᠢ ᠨᠡᠶᠢᠲᠡ ᠶᠢᠨ ᠠᠰᠠᠷᠠᠮᠵᠢᠲᠦ ᠴᠢᠨᠠᠷ᠂ ᠠᠰᠢᠭ ᠤᠷᠤᠯᠭ᠎ᠠ ᠶᠢᠨ ᠪᠤᠰᠤ ᠴᠢᠨᠠᠷ ᠢ ᠪᠠᠷᠢᠮᠲᠠᠯᠠᠬᠤ ᠬᠡᠷᠡᠭᠲᠠᠢ᠃ ᠨᠦᠬᠦᠴᠡᠯ ᠲᠠᠢ ᠭᠠᠵᠠᠷ ᠤᠷᠤᠨ ᠤ ᠬᠢᠨ ᠵᠠᠰᠠᠭ ᠤᠨ ᠤᠷᠳᠤᠨ ᠠᠴᠠ ᠪᠡᠯᠨ ᠤᠷᠤᠭᠤᠯᠬᠤ ᠪᠠᠷ ᠭᠤᠤᠯᠳᠠᠵᠦ ᠦᠢᠯᠡᠴᠢᠯᠡᠭᠡ ᠬᠠᠨᠭ᠍ᠭᠠᠵᠦ ᠪᠤᠯᠤᠨ᠎ᠡ᠃ ᠨᠦᠬᠦᠴᠡᠯ ᠬᠦᠷᠦᠯᠴᠡᠬᠦ ᠦᠭᠡᠢ ᠭᠠᠵᠠᠷ ᠤᠷᠤᠨ ᠤ ᠬᠢᠨ ᠵᠠᠰᠠᠭ ᠤᠨ ᠤᠷᠳᠤᠨ ᠪᠠ ᠰᠤᠷᠭᠠᠭᠤᠯᠢ ᠠᠴᠠ ᠳᠡᠮᠵᠢᠵᠦ᠂ ᠭᠡᠷ ᠤᠨ ᠠᠬᠠᠮᠠᠳ ᠵᠦᠢ ᠵᠤᠬᠢᠰᠲᠠᠢ ᠪᠠᠷ ᠡᠭᠦᠷᠭᠡᠯᠡᠵᠦ ᠪᠤᠯᠤᠨ᠎ᠡ᠃      ᠰᠠᠶᠢᠨ ᠲᠤᠷ᠎ᠡ ᠠᠴᠠ ᠪᠠᠨ ᠰᠤᠩᠭᠤᠬᠤ ᠶᠢ ᠪᠠᠷᠢᠮᠳᠠᠯᠠᠨ᠎ᠡ      ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ  ᠳᠤ ᠤᠷᠤᠯᠴᠠᠬᠤ ᠡᠰᠡᠬᠦ ᠶᠢ ᠰᠤᠷᠤᠭᠴᠢ᠂ ᠭᠡᠷ ᠤᠨ ᠠᠬᠠᠮᠠᠳ ᠦᠪᠡᠷ ᠤᠨ ᠰᠠᠶᠢᠨ ᠲᠤᠷ᠎ᠡ ᠠᠴᠠ ᠪᠠᠨ ᠰᠤᠩᠭᠤᠵᠤ ᠪᠤᠯᠤᠨ᠎ᠡ᠃ ᠳᠤᠮᠳᠠᠳᠤ ᠪᠠᠭ᠎ᠠ ᠰᠤᠷᠭᠠᠭᠤᠯᠢ ᠠᠴᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠦᠷᠨᠢᠬᠦᠯᠬᠦ ᠳᠡᠭᠡᠨ ᠶᠠᠭᠤᠨ ᠤ ᠤᠷᠢᠳ ᠡᠷᠬᠡᠪᠰᠢ ᠭᠡᠷ ᠤᠨ ᠠᠬᠠᠮᠠᠳ ᠪᠤᠯᠤᠨ ᠪᠠᠭᠰᠢ ᠶᠢᠨ ᠰᠠᠨᠠᠯ ᠢ ᠬᠤᠷᠢᠶᠠᠬᠤ ᠪᠦᠭᠡᠳ ᠰᠠᠶᠢᠨ ᠲᠤᠷ᠎ᠡ ᠠᠴᠠ ᠪᠠᠨ ᠦᠢᠯᠡᠴᠢᠯᠡᠬᠦ ᠬᠡᠯᠡᠯᠴᠡᠭᠡᠷ ᠲᠤ ᠭᠠᠷ ᠤᠨ ᠦᠰᠦᠭ ᠵᠢᠷᠤᠵᠦ᠂ ᠰᠤᠷᠭᠠᠭᠤᠯᠢ ᠶᠢᠨ ᠲᠡᠯ᠎ᠡ ᠠᠴᠠ ᠰᠤᠷᠤᠭᠴᠢ ᠶᠢ ᠠᠯᠪᠠᠳᠠᠬᠤ ᠪᠤᠶᠤ ᠱᠠᠭᠠᠷᠳᠠᠯᠭ᠎ᠠ ᠶᠢ ᠬᠤᠪᠢᠷᠠᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠤᠷᠤᠯᠴᠠᠭᠤᠯᠵᠦ ᠪᠤᠯᠬᠤ ᠦᠭᠡᠢ᠃      ᠦᠢᠯᠡᠴᠢᠯᠡᠭᠡ ᠶᠢ ᠢᠯᠡ ᠪᠤᠯᠭᠠᠬᠤ ᠶᠢ ᠪᠠᠷᠢᠮᠳᠠᠯᠠᠨ᠎ᠡ      ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠦᠷᠨᠢᠭᠦᠯᠬᠦ ᠰᠤᠷᠭᠠᠭᠤᠯᠢ ᠡᠷᠬᠡᠪᠰᠢ ᠦᠢᠯᠡᠴᠢᠯᠡᠭᠡᠨ ᠤ ᠲᠦᠷᠦᠯ ᠵᠦᠢᠯ᠂ ᠦᠢᠯᠡᠴᠢᠯᠡᠭᠡᠨ ᠤ ᠠᠷᠭ᠎ᠠ ᠬᠡᠯᠪᠡᠷᠢ᠂ ᠦᠢᠯᠡᠴᠢᠯᠡᠭᠡᠨ ᠤ ᠠᠭᠤᠯᠭ᠎ᠠ᠂ ᠠᠮᠤᠷ ᠲᠦᠪᠰᠢᠨ ᠤ ᠪᠠᠳᠤᠯᠠᠭ᠎ᠠ ᠶᠢᠨ ᠬᠠᠷᠢᠭᠤᠴᠠᠯᠭ᠎ᠠ ᠶᠢ ᠢᠯᠡ ᠪᠤᠯᠭᠠᠨ ᠨᠠᠶᠢᠳᠠᠯᠠᠵᠦ᠂ ᠰᠤᠷᠤᠭᠴᠢ᠂ ᠭᠡᠷ ᠤᠨ ᠠᠬᠠᠮᠠᠳ ᠪᠠ ᠨᠡᠶᠢᠭᠡᠮ ᠤᠨ ᠬᠢᠨᠠᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠠᠨ᠎ᠡ᠃      ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠨ᠎ᠡ      ᠠᠮᠤᠷ ᠲᠦᠪᠰᠢᠨ ᠤ ᠪᠠᠳᠤᠯᠠᠭ᠎ᠠ ᠶᠢᠨ ᠳᠦᠷᠢᠮ ᠢ ᠲᠤᠬᠳᠠᠭᠠᠨ ᠬᠠᠷᠢᠭᠤᠴᠠᠯᠭ᠎ᠠ ᠶᠢ ᠲᠤᠳᠤᠷᠬᠠᠶᠢᠯᠠᠵᠦ᠂ ᠠᠮᠤᠷ ᠲᠦᠪᠰᠢᠨ ᠤ ᠠᠷᠭ᠎ᠠ ᠪᠠᠷᠢᠯ ᠢ ᠨᠠᠶᠢᠳᠠᠪᠦᠷᠢᠵᠢᠭᠤᠯᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠳᠤᠯᠠᠨ᠎ᠡ᠃      ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠵᠠᠷᠴᠢᠮ ᠲᠡᠭᠡᠷ᠎ᠡ ᠪᠠᠨ 2019 ᠤᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠬᠡᠷᠡᠭᠵᠢᠭᠦᠯᠦᠨ᠎ᠡ᠃ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠦᠷᠲᠡᠬᠦ ᠬᠦᠷᠢᠶ᠎ᠡ ᠬᠡᠪᠴᠢᠶ᠎ᠡ ᠨᠢ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠡᠪᠴᠢᠶᠡᠨ ᠳᠠᠬᠢ ᠰᠤᠷᠤᠭᠴᠢᠳ ᠪᠤᠯᠤᠨ᠎ᠡ᠃      ᠦᠢᠯᠡᠴᠢᠯᠡᠭᠡᠨ ᠤ ᠠᠭᠤᠯᠭ᠎ᠠ ᠪᠠ ᠬᠡᠯᠪᠡᠷᠢ ᠶᠢ ᠴᠢᠩᠭ᠎ᠠ ᠲᠦᠷᠢᠮᠵᠢᠭᠦᠯᠦᠨ᠎ᠡ      ᠦᠢᠯᠡᠴᠢᠯᠡᠭᠡᠨ ᠤ ᠠᠭᠤᠯᠭ᠎ᠠ ᠨᠢ ᠡᠷᠭᠡᠪᠰᠢ ᠰᠤᠷᠭᠠᠨ ᠬᠦᠮᠦᠵᠢᠯ ᠤᠨ ᠵᠢᠮ᠎ᠡ ᠶᠤᠰᠤ ᠪᠠ ᠰᠤᠷᠤᠭᠴᠢ ᠶᠢᠨ ᠦᠰᠦᠨ ᠪᠤᠶᠢᠵᠢᠯᠲᠡ ᠶᠢᠨ ᠵᠢᠮ᠎ᠡ ᠶᠤᠰᠤ ᠶᠢ ᠵᠢᠷᠤᠮᠯᠠᠵᠦ᠂ ᠰᠤᠷᠤᠭᠴᠢ ᠶᠢᠨ ᠰᠢᠯᠢᠳᠡᠭ ᠰᠠᠶᠢᠨ ᠵᠠᠩ ᠳᠠᠳᠬᠠᠯ ᠢ ᠬᠦᠮᠦᠵᠢᠭᠦᠯᠬᠦ ᠳᠤ ᠠᠰᠢᠭᠲᠠᠢ ᠪᠠᠶᠢᠵᠦ᠂ ᠰᠤᠷᠤᠭᠴᠢ ᠶᠢᠨ ᠲᠤᠷ᠎ᠡ ᠰᠤᠨᠢᠷᠬᠠᠯ ᠪᠠ ᠤᠨᠴᠠ ᠠᠪᠢᠶᠠᠰ ᠢ ᠬᠦᠭᠵᠢᠭᠦᠯᠵᠦ᠂ ᠰᠤᠷᠤᠭᠴᠢ ᠶᠢᠨ ᠶᠡᠷᠦᠩᠭᠡᠶᠢᠯᠡᠭᠰᠡᠨ ᠬᠡᠪ ᠪᠤᠯᠪᠠᠰᠤᠷᠠᠯ ᠢ ᠬᠦᠮᠦᠵᠢᠭᠦᠯᠦᠨ᠎ᠡ᠃ ᠰᠤᠷᠤᠭᠴᠢ ᠶᠢᠨ ᠲᠤᠷ᠎ᠡ ᠰᠤᠨᠢᠷᠬᠠᠯ ᠢ ᠦᠨᠳᠦᠰᠦᠯᠡᠨ ᠰᠤᠷᠤᠭᠴᠢ ᠶᠢᠨ ᠤᠷᠠᠨ ᠤᠩᠰᠢᠯᠭ᠎ᠠ᠂ ᠪᠡᠶ᠎ᠡ ᠲᠠᠮᠢᠷ ᠤᠨ ᠪᠤᠯᠪᠠᠰᠤᠷᠠᠯ᠂ ᠤᠷᠠᠯᠢᠭ ᠤᠨ ᠤᠨᠴᠠ ᠠᠪᠢᠶᠠᠰ ᠪᠠ ᠬᠦᠳᠡᠯᠮᠦᠷᠢ ᠦᠢᠯᠡᠳᠦᠯᠭᠡ ᠶᠢᠨ ᠠᠵᠢᠯᠯᠠᠭ᠎ᠠ ᠶᠢ ᠠᠮᠢᠳᠤᠯᠢᠭ ᠢᠶᠠᠷ ᠲᠤᠬᠢᠷᠠᠭᠤᠯᠤᠨ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ᠂ ᠪᠦᠲᠦᠭᠡᠯᠴᠢ ᠰᠤᠷᠭᠠᠨ ᠬᠦᠮᠦᠵᠢᠯ᠂ ᠨᠠᠭᠠᠳᠤᠮ ᠲᠤᠭᠯᠠᠭᠠᠮ᠂ ᠨᠡᠶᠢᠭᠡᠮ ᠤᠨ ᠪᠦᠯᠬᠦᠮ ᠵᠢᠴᠢ ᠲᠤᠷ᠎ᠡ ᠰᠤᠨᠢᠷᠬᠠᠯ ᠤᠨ ᠲᠤᠭᠤᠶᠢᠯᠠᠩ᠂ ᠬᠡᠤᠬᠡᠤᠨ ᠪᠠᠭᠠᠴᠤᠤᠨ ᠲᠤ ᠲᠤᠬᠢᠷᠠᠭᠰᠠᠨ ᠺᠢᠨᠣ᠋ ᠦᠵᠡᠭᠦᠯᠭᠡ ᠵᠡᠷᠭᠡ ᠶᠢ ᠢᠳᠡᠪᠬᠢᠲᠠᠢ ᠦᠷᠨᠢᠭᠦᠯᠦᠨ᠎ᠡ᠃ ᠰᠤᠷᠤᠯᠴᠠᠯᠭ᠎ᠠ ᠳᠠᠭᠠᠨ ᠬᠦᠴᠢᠷᠲᠠᠢ ᠤᠨᠴᠠᠭᠠᠢ ᠵᠠᠷᠢᠮ ᠰᠤᠷᠤᠭᠴᠢ ᠳᠤ ᠦᠨ᠎ᠡ ᠲᠦᠯᠦᠪᠦᠷᠢ ᠦᠭᠡᠢ ᠪᠠᠷ ᠬᠠᠪᠰᠤᠷᠤᠮᠵᠢ ᠵᠢᠯᠤᠭᠤᠳᠤᠮᠵᠢ ᠦᠵᠡᠭᠦᠯᠬᠦ ᠬᠡᠷᠡᠭᠲᠠᠢ᠃ ᠡᠯ᠎ᠡ ᠭᠠᠵᠠᠷ ᠤᠷᠤᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠦᠷᠨᠢᠭᠦᠯᠬᠦ ᠦᠶᠡᠰ ᠵᠡᠮᠳᠡᠭ ᠬᠡᠤᠬᠡᠳ᠂ ᠭᠡᠷ ᠲᠡᠭᠡᠨ ᠬᠤᠴᠤᠷᠤᠭᠰᠡᠨ ᠬᠡᠦᠭᠡᠳ᠂ ᠬᠤᠲᠡ ᠤᠷᠤᠭᠰᠡᠨ ᠬᠦᠯᠦᠰᠦᠨ ᠠᠵᠢᠯᠴᠢᠨ ᠤ ᠦᠷ᠎ᠡ ᠬᠡᠤᠬᠡᠳ᠂ ᠠᠮᠢᠳᠤᠷᠠᠯ ᠨᠢ ᠬᠦᠴᠢᠷᠳᠡᠯᠲᠠᠢ ᠬᠡᠤᠬᠡᠳ  ᠢ ᠬᠠᠯᠠᠮᠵᠢᠯᠠᠬᠤ ᠠᠵᠢᠯ ᠢ ᠭᠤᠤᠯᠴᠢᠯᠠᠨ ᠠᠳᠬᠤᠵᠦ ᠬᠢᠬᠦ ᠬᠡᠷᠡᠭᠲᠠᠢ᠃      ᠪᠠᠭ᠎ᠠ ᠰᠤᠷᠭᠠᠭᠤᠯᠢ ᠶᠢᠨ ᠱᠠᠲᠤᠨ ᠳᠤ᠄ ᠨᠢᠭᠡ ᠬᠤᠶᠠᠳᠤᠭᠠᠷ ᠤᠨ ᠤ ᠠᠩᠬᠢ ᠶᠢᠨ ᠬᠦᠳᠡᠯᠭᠡᠭᠡᠨ᠂ ᠰᠤᠶᠤᠯ ᠲᠠᠮᠢᠷ ᠤᠨ ᠬᠦᠳᠡᠯᠭᠡᠭᠡᠨ᠂ ᠬᠢᠴᠢᠶᠡᠯ ᠤᠨ ᠭᠠᠳᠠᠨᠠᠬᠢ ᠤᠩᠰᠢᠯᠭ᠎ᠠ᠂ ᠦᠢᠯᠡᠳᠦᠯᠭᠡ ᠶᠢᠨ ᠬᠦᠳᠡᠯᠭᠡᠭᠡᠨ᠂ ᠭᠠᠷ ᠤᠷᠠᠯᠠᠯ  ᠤᠨ ᠤᠷᠤᠯᠳᠤᠯᠭ᠎ᠠ ᠶᠢᠨ ᠲᠦᠷᠦᠯ ᠤᠨ ᠳᠠᠰᠬᠠᠯ ᠢᠶᠠᠷ ᠬᠠᠪᠰᠤᠷᠤᠨ ᠵᠢᠯᠤᠭᠤᠳᠬᠤ ᠪᠠᠷ ᠭᠤᠤᠯᠯᠠᠵᠦ᠂ ᠭᠤᠷᠪᠠᠳᠤᠭᠠᠷ ᠤᠨ ᠠᠴᠠ ᠳᠡᠭᠡᠭᠰᠢᠬᠢ ᠨᠢ ᠬᠢᠴᠢᠶᠡᠯ ᠤᠨ ᠭᠠᠳᠠᠨᠠᠬᠢ ᠤᠩᠰᠢᠯᠭ᠎ᠠ᠂ ᠳᠠᠰᠬᠠᠯ ᠢᠶᠠᠷ ᠬᠠᠪᠰᠤᠷᠤᠨ ᠵᠢᠯᠤᠭᠤᠳᠬᠤ᠂ ᠲᠤᠷ᠎ᠡ ᠰᠤᠨᠢᠷᠬᠠᠯ ᠤᠨ ᠲᠤᠭᠤᠶᠢᠯᠠᠩ᠂ ᠠᠩᠭᠢ ᠶᠢᠨ ᠬᠦᠲᠡᠯᠭᠡᠭᠡᠨ᠂ ᠶᠡᠷᠦᠩᠭᠡᠶᠢᠯᠡᠭᠰᠡᠨ ᠦᠢᠯᠡᠳᠤᠯᠭᠡ ᠪᠠᠷ ᠭᠤᠤᠯᠯᠠᠨ᠎ᠡ᠃      ᠠᠩᠬ᠎ᠠ ᠳᠤᠮᠳᠠᠳᠤ ᠶᠢᠨ ᠱᠠᠲᠤᠨ ᠳᠤ᠄ ᠳᠠᠰᠬᠠᠯ ᠢᠶᠠᠷ ᠪᠤᠯᠪᠠᠰᠤᠷᠠᠭᠤᠯᠬᠤ᠂ ᠠᠰᠠᠭᠤᠯᠲᠠ ᠬᠠᠷᠢᠭᠤᠯᠤᠨ ᠡᠭᠡᠳᠡᠷᠡᠭᠡ ᠶᠢ ᠲᠠᠶᠢᠯᠬᠤ᠂ ᠬᠢᠴᠢᠶᠡᠯ ᠤᠨ ᠭᠠᠳᠠᠨᠠᠬᠢ ᠤᠩᠰᠢᠯᠭ᠎ᠠ᠂ ᠲᠤᠷ᠎ᠡ ᠰᠤᠨᠢᠷᠬᠠᠯ ᠤᠨ ᠲᠤᠭᠤᠶᠢᠯᠠᠩ᠂ ᠠᠩᠬᠢ ᠶᠢᠨ ᠬᠦᠳᠡᠯᠭᠡᠭᠡᠨ᠂ ᠶᠡᠷᠦᠩᠭᠡᠶᠢᠯᠡᠭᠰᠡᠨ ᠦᠢᠯᠡᠳᠦᠯᠭᠡ ᠪᠠᠷ ᠭᠤᠤᠯᠯᠠᠨ᠎ᠡ᠃      ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠠᠬᠢ ᠰᠤᠷᠭᠠᠭᠤᠯᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠤᠯᠳᠠᠯ᠎ᠡ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠦᠷᠨᠢᠭᠦᠯᠵᠦ᠂ ᠡᠳᠤᠷ ᠪᠦᠷᠢ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠵᠠᠷᠴᠢᠮ ᠲᠡᠭᠡᠷ᠎ᠡ ᠪᠠᠨ 2 ᠴᠠᠭ ᠠᠴᠠ ᠬᠡᠲᠦᠷᠡᠭᠦᠯᠵᠦ ᠪᠤᠯᠬᠤ ᠦᠭᠡᠢ᠃ ᠪᠠᠶᠢᠷᠢ ᠶᠢᠨ ᠳᠦᠷᠢᠮ ᠤᠨ ᠪᠤᠰᠤ ᠰᠤᠷᠭᠠᠭᠤᠯᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢᠨ ᠨᠡᠷ᠎ᠡ ᠪᠠᠷ ᠤᠷᠤᠢ ᠶᠢᠨ ᠲᠠᠪᠳᠠᠯᠭ᠎ᠠ ᠲᠤᠬᠢᠷᠠᠭᠤᠯᠵᠦ ᠪᠤᠯᠬᠤ ᠦᠭᠡᠢ᠃ ︵︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ︾ ᠰᠦᠯᠵᠢᠶ᠎ᠡ ᠠᠴᠠ ᠤᠷᠴᠢᠭᠤᠯᠤᠨ ᠪᠠᠭᠤᠯᠭᠠᠪᠡ︶
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号