ᠬᠤᠲᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠮᠤᠩᠭᠤᠯ ᠰᠤᠷᠭᠠᠭᠤᠯᠢ ᠳᠤ ᠭᠦᠨᠵᠡᠭᠡᠶᠢᠷᠡᠨ ᠰᠤᠷᠭᠠᠨ ᠬᠦᠮᠦᠵᠢᠯ ᠵᠢᠭᠠᠨ ᠰᠤᠷᠭᠠᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-11-28
     11 ᠰᠠᠷ᠎ᠠ ᠶᠢᠨ 21 ᠤ ᠡᠳᠦᠷ᠂ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠤ ᠡᠯ ᠪᠢᠨ᠂ ᠬᠤᠲᠡ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭᠡᠴᠢ ᠶᠢᠨ ᠳᠠᠷᠤᠭ᠎ᠠ ᠸᠠᠩ ᠾᠧ ᠯᠦᠩ᠂ ᠬᠤᠲᠠ  ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠯᠢ ᠵᠠᠨ ᠹᠧᠩ ᠮᠠᠨ ᠤ ᠬᠤᠰᠢᠭᠤᠨ ᠤ ᠮᠤᠩᠭᠤᠯ ᠰᠤᠷᠭᠠᠭᠤᠯᠢ ᠳᠤ ᠢᠷᠡᠵᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠮᠠ ᠴᠢᠤᠸᠠᠨ ᠸᠠᠩ᠂ ᠬᠤᠰᠢᠭᠤᠨ ᠳᠡᠳ᠋ ᠳᠠᠷᠤᠭ᠎ᠠ ᠶᠠᠩ ᠶᠠᠩ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠰᠦᠨ ᠪᠢᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      

     

     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠮᠤᠩᠭᠤᠯ ᠰᠤᠷᠭᠠᠭᠤᠯᠢ ᠶᠢᠨ ᠰᠤᠷᠭᠠᠨ

ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠳᠠᠷᠠᠭ᠎ᠠ ᠳᠤ ᠨᠢ

ᠲᠠᠮᠢᠷ ᠤᠨ ᠲᠠᠯᠠᠪᠠᠢ᠂ ᠲᠠᠮᠢᠷ ᠤᠨ ᠣᠷᠳᠣᠨ᠂ ᠲᠤᠷᠰᠢᠯᠲᠠ ᠶᠢᠨ ᠲᠠᠰᠤᠭ᠂ ᠵᠢᠭᠠᠨ ᠰᠤᠷᠭᠠᠯᠲᠡ ᠶᠢᠨ ᠲᠠᠰᠤᠭ ᠵᠡᠷᠭᠡ

ᠭᠠᠵᠠᠷ ᠢᠶᠠᠷ ᠶᠠᠪᠤᠵᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠥᠷᠨᠢᠭᠦᠯᠦᠭᠰᠡᠨ

ᠪᠤᠳᠠᠳᠦ ᠪᠠᠶᠢᠲᠡᠯ ᠶᠢ ᠰᠢᠨᠵᠢᠯᠡᠨ ᠪᠠᠶᠢᠴᠠᠭᠠᠪᠡ᠃ ᠡᠤ ᠡᠯ ᠪᠢᠨ ᠰᠤᠷᠤᠭᠴᠢᠳ ᠲᠠᠢ ᠲᠤᠳᠤᠨᠤᠰᠤᠭ ᠶᠠᠷᠢᠯᠴᠠᠨ᠂

ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠬᠢᠴᠢᠶᠡᠯ ᠰᠤᠷᠤᠯᠭ᠎ᠠ ᠬᠤᠨᠤᠭ ᠬᠤᠭᠤᠯᠠ ᠶᠢᠨ

ᠲᠤᠬᠠᠢ ᠪᠠᠶᠢᠲᠡᠯ ᠤᠳ ᠢ ᠤᠶᠢᠯᠠᠭᠠᠪᠡ᠃ ᠡᠭᠦᠨ ᠤ ᠬᠠᠮᠲᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠣᠨᠴᠠᠯᠢᠭ

 ᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠪᠠᠶᠠᠯᠢᠭ ᠢ ᠭᠦᠶᠴᠡᠳ ᠠᠰᠢᠭᠯᠠᠬᠤ ᠪᠠ ᠡᠮᠬᠢᠯᠡᠨ ᠨᠡᠶᠢᠯᠡᠭᠦᠯᠵᠦ᠂

ᠰᠤᠷᠭᠠᠭᠤᠯᠢ ᠶᠢᠨ ᠤᠳᠤᠷᠢᠳᠤᠯᠭ᠎ᠠ ᠪᠠ ᠪᠠᠭᠰᠢ ᠠᠵᠢᠯᠲᠠᠨ ᠤ ᠬᠠᠮᠲᠦ ᠶᠢᠨ ᠴᠢᠷᠮᠠᠶᠢᠯᠭ᠎ᠠ ᠪᠠᠷ ᠮᠣᠩᠭᠤᠯ ᠰᠤᠷᠭᠠᠭᠤᠯᠢ

 ᠶᠢᠨ ᠦᠨᠳᠦᠰᠦᠲᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ

ᠬᠡᠷᠡᠭᠲᠡᠶ ᠭᠡᠵᠦ ᠵᠢᠭᠠᠵᠤ ᠭᠠᠷᠭᠠᠪᠠ᠃

     ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠳᠤ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ

 ᠠᠴᠠ ᠮᠣᠩᠭᠤᠯ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠭᠦᠶᠴᠡᠳ ᠨᠤᠲᠠᠯᠠᠭᠰᠠᠨ

ᠪᠥᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠡᠷᠬᠢᠨ

ᠰᠢᠶᠳᠪᠦᠷᠢᠯᠡᠬᠦ ᠲᠤᠬᠠᠢ ᠵᠢᠯᠣᠭᠤᠳᠬᠤ ᠰᠠᠨᠠᠯ ᠲᠤᠷᠠᠳᠤᠬᠰᠡᠨ ᠪᠠᠶᠢᠨ᠎ᠠ᠃

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号