2020 ᠣᠨ ᠠᠴᠠ ᠮᠠᠨ ᠤ ᠤᠷᠤᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠪᠤᠰᠤᠳ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠬᠢᠴᠢᠶᠡᠯ ᠤᠨ ᠰᠢᠯᠭᠠᠯᠲᠠ ᠶᠢ ᠰᠤᠷᠭᠠᠭᠤᠯᠢ ᠳᠤᠨᠢ ᠰᠢᠯᠭᠠᠨ᠎ᠡ
ᠨᠡᠶᠢᠲᠡᠯᠡᠭᠰᠡᠨ ᠴᠠᠭ᠄
2019-11-07
     ᠳᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ᠂ ᠲᠠᠳᠤᠯᠭ᠎ᠠ ᠶᠢᠨ ᠰᠤᠷᠤᠭᠴᠢ ᠮᠦᠩᠬᠦᠨᠵᠤᠯᠠ︶ ᠰᠤᠷᠪᠤᠯᠵᠢᠯᠠᠭᠴᠢ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ ᠤᠶᠢᠯᠠᠭᠠᠭᠰᠡᠨ ᠢᠶᠠᠷ᠂ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠮᠠᠨ ᠤ ᠤᠷᠤᠨ ᠤ ᠡᠩ  ᠤᠨ ᠶᠡᠭᠡ ᠳᠡᠭᠡᠳᠦ ᠰᠤᠷᠭᠠᠭᠤᠯᠢ ᠶᠢᠨ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠰᠤᠷᠤᠭᠴᠢ ᠡᠯᠰᠡᠬᠦ ᠶᠠᠪᠤᠴᠡ ᠳᠤᠮᠳᠠ᠂ ᠪᠤᠰᠤᠳ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠬᠢᠴᠢᠶᠡᠯ ᠤᠨ ᠰᠢᠯᠭᠠᠯᠲᠡ ᠶᠢ 2020 ᠣᠨ ᠠᠴᠠ ᠡᠬᠢᠯᠡᠨ᠂ ᠴᠦᠮ ᠰᠤᠷᠤᠭᠴᠢ ᠡᠯᠰᠡᠬᠦ ᠶᠡᠭᠡ ᠳᠡᠬᠡᠳᠤ ᠰᠤᠷᠭᠠᠭᠤᠯᠢ ᠠᠴᠠ ᠰᠤᠷᠭᠠᠭᠤᠯᠢ ᠶᠢᠨ ᠰᠢᠯᠭᠠᠯᠲᠡ ᠶᠢ ᠬᠡᠷᠡᠭᠵᠢᠭᠦᠯᠵᠦ᠂ ᠤᠷᠠᠨ ᠵᠢᠷᠤᠭ ᠤᠨ ᠲᠥᠷᠥᠯ᠂ ᠳᠠᠭᠤᠤ ᠬᠦᠭᠵᠢᠮ ᠤᠨ ᠲᠦᠷᠦᠯ ᠪᠡ ᠨᠠᠶᠢᠷᠠᠭᠤᠯᠤᠨ ᠤᠳᠤᠷᠢᠳᠤᠭᠠᠴᠢ ᠶᠢᠨ ᠲᠥᠷᠥᠯ ᠤᠨ ᠲᠤᠰᠬᠠᠶ ᠮᠡᠷᠭᠡᠵᠢᠯ ᠤᠨ ᠬᠢᠴᠢᠶᠡᠯ ᠤᠨ ᠰᠢᠯᠭᠠᠯᠲᠠ ᠨᠢ ᠪᠥᠬᠦ ᠤᠷᠤᠨ ᠤ ᠨᠢᠭᠡᠳᠦᠯᠲᠡᠶ ᠰᠢᠯᠭᠠᠯᠲᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ  ᠤᠨ ᠲᠥᠷᠥᠯ ᠪᠠ ᠨᠠᠶᠢᠷᠠᠭᠤᠯᠤᠨ ᠤᠳᠤᠷᠢᠳᠤᠭᠠᠴᠢ ᠶᠢᠨ ᠲᠥᠷᠥᠯ ᠳᠤ ᠪᠠᠭᠲᠠᠬᠤ ᠥᠬᠡᠶ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠨᠢ ᠴᠦᠮ ᠪᠤᠰᠤᠳ ᠤᠷᠠᠯᠢᠭ ᠤᠨ ᠲᠦᠷᠦᠯ ᠳᠤ ᠪᠠᠭᠳᠠᠨ᠎ᠡ᠃      ᠮᠠᠨ ᠤ ᠣᠷᠣᠨ ᠳᠤ ᠪᠤᠰᠤᠳ ᠤᠷᠠᠯᠢᠭ ᠤᠨ ᠲᠥᠷᠥᠯ ᠤᠨ ᠰᠤᠷᠤᠭᠴᠢ ᠡᠯᠰᠡᠬᠦ ᠲᠥᠯᠥᠪᠯᠡᠭᠡ ᠶᠢ ᠬᠡᠷᠡᠭᠵᠢᠭᠦᠯᠬᠦ ᠪᠠᠷ ᠪᠠᠶᠢᠭ᠎ᠠ ᠤᠷᠤᠨ ᠤ ᠲᠤᠳᠤᠨ᠎ᠡ ᠭᠠᠳᠠᠨᠠᠬᠢ ᠡᠩ ᠤᠨ ᠳᠡᠬᠡᠳᠤ ᠰᠤᠷᠭᠠᠭᠤᠯᠢ ᠨᠤᠭᠤᠳ ᠵᠠᠷᠴᠢᠮ ᠲᠡᠭᠡᠷ᠎ᠡ ᠪᠠᠨ ᠴᠦᠮ ᠦᠪᠡᠰᠦᠪᠡᠨ ᠰᠤᠷᠭᠠᠭᠤᠯᠢ ᠶᠢᠨ ᠰᠢᠯᠭᠠᠯᠲᠡ ᠶᠢ ᠵᠣᠬᠢᠶᠠᠨ ᠪᠠᠶᠢᠭᠤᠯᠵᠦ᠂ ᠰᠤᠷᠭᠠᠭᠤᠯᠢ ᠳᠠᠭᠠᠨ ᠳᠤᠰᠬᠠᠢ ᠮᠡᠷᠬᠡᠵᠢᠯ ᠢ ᠰᠢᠯᠭᠠᠵᠦ᠂ ᠰᠤᠷᠤᠭᠴᠢ ᠡᠯᠰᠡᠬᠦ ᠲᠥᠯᠥᠪᠯᠡᠭᠡ ᠶᠢᠨ ᠲᠤᠭ᠎ᠠ᠂ ᠴᠠᠭ ᠪᠠ ᠭᠠᠵᠠᠷ ᠵᠡᠷᠭᠡ ᠪᠠᠨ 12 ᠰᠡᠷ᠎ᠡ ᠶᠢᠨ 15 ᠤ ᠡᠳᠤᠷ ᠠᠴᠠ ᠡᠮᠦᠨ᠎ᠡ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠡ ᠶᠢᠨ ᠲᠦᠪ ᠳᠤ ᠮᠡᠲᠡᠭᠦᠯᠬᠦ ᠬᠡᠷᠡᠭᠲᠠᠢ᠃ ᠪᠤᠰᠤᠳ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠥᠪᠡᠰᠦᠪᠡᠨ ᠰᠤᠷᠤᠭᠴᠢ ᠡᠯᠰᠡᠬᠦ ᠶᠡᠭᠡ ᠲᠡᠭᠡᠲᠦ ᠰᠤᠷᠭᠠᠭᠤᠯᠢ ᠶᠢ ᠰᠤᠩᠭᠤᠵᠦ ᠰᠤᠷᠭᠠᠭᠤᠯᠢ ᠶᠢᠨ ᠰᠢᠯᠭᠠᠯᠲᠡ ᠳᠤ ᠤᠷᠤᠯᠴᠠᠨ᠎ᠡ᠃
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号