ᠲᠦᠪ ᠷᠠᠳᠢᠣ᠋ ᠲᠧᠯᠸᠢᠰ ᠤᠨ ᠶᠡᠷᠦᠩᠭᠡᠢ ᠬᠤᠷᠢᠶᠡᠨ ᠤ ᠮᠤᠩᠭᠤᠯ ᠨᠡᠪᠲᠡᠷᠡᠭᠦᠯᠭᠡ ᠶᠢᠨ ᠰᠤᠷᠪᠤᠯᠵᠢᠯᠠᠬᠴᠢ ᠰᠤᠨᠤᠰᠤᠬᠴᠢᠳ ᠤᠨ ᠠᠭᠤᠯᠵᠠᠯᠲᠡ ᠶᠢᠨ ᠬᠤᠷᠡᠯ ᠬᠦᠬᠡᠬᠤᠲᠡ ᠳᠤ ᠶᠠᠪᠤᠬᠳᠠᠭᠰᠡᠨ
ᠨᠡᠶᠢᠲᠡᠯᠡᠭᠰᠡᠨ ᠴᠠᠭ᠄
2019-12-11
     12 ᠰᠡᠷ᠎ᠡ ᠶᠢᠨ 7 ᠤ ᠡᠳᠤᠷ᠂ ᠲᠦᠪ ᠷᠠᠳᠢᠣ᠋ ᠲᠧᠯᠸᠢᠰ ᠤᠨ ᠶᠡᠷᠦᠩᠭᠡᠢ ᠬᠤᠷᠢᠶᠡᠨ ᠤ ᠮᠤᠩᠭᠤᠯ ᠨᠡᠪᠲᠡᠷᠡᠭᠦᠯᠭᠡ ᠶᠢᠨ ᠬᠦᠬᠡᠬᠤᠲᠡ ᠳᠠᠬᠢ ᠨᠠᠶᠢᠷᠠᠭᠤᠯᠬᠤ ᠬᠡᠯᠲᠡᠰ ᠠᠴᠠ ᠵᠤᠬᠢᠶᠠᠨ ᠪᠠᠶᠢᠭᠤᠯᠤᠭᠰᠡᠨ ᠬᠤᠶᠠᠷ ᠡᠳᠤᠷ ᠤᠨ ᠬᠤᠭᠤᠴᠠᠭ᠎ᠠ ᠲᠠᠢ ᠰᠤᠷᠪᠤᠯᠵᠢᠯᠠᠬᠴᠢ ᠰᠤᠨᠤᠰᠤᠭᠴᠢᠳ ᠤᠨ ᠠᠭᠤᠯᠵᠠᠯᠲᠡ ᠶᠢᠨ ᠬᠤᠷᠡᠯ ᠬᠦᠬᠡᠬᠤᠲᠡ ᠳᠤ ᠶᠠᠪᠤᠬᠳᠠᠪᠡ᠃      ᠬᠤᠷᠡᠯ ᠳᠤ ᠰᠢᠨᠵᠢᠶᠠᠩ ᠤᠨ ᠪᠤᠷᠤᠳᠡᠯ᠎ᠡ ᠵᠧᠦ᠂ ᠠᠯᠠᠱᠡ ᠠᠶᠢᠮᠠᠭ᠂ ᠰᠢᠯᠢ ᠶᠢᠨ ᠭᠤᠤᠯ ᠠᠶᠢᠮᠠᠭ᠂ ᠲᠦᠩᠯᠢᠶᠤᠤ᠂ ᠬᠦᠬᠡᠬᠤᠲᠡ᠂ ᠪᠤᠭᠤᠲᠦ᠂ ᠤᠷᠳᠤᠰ᠂ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤ᠂ ᠤᠳᠤᠭ ᠬᠤᠰᠢᠭᠤ ᠵᠡᠷᠭᠡ ᠬᠡᠰᠡᠭ ᠠᠶᠢᠮᠠᠭ ᠬᠤᠲᠡ ᠬᠤᠰᠢᠭᠤ ᠰᠢᠶᠠᠨ ᠤ ᠷᠠᠳᠢᠣ᠋ ᠲᠧᠯᠸᠢᠰ ᠤᠨ ᠰᠤᠷᠪᠤᠯᠵᠢᠯᠠᠬᠴᠢᠳ ᠪᠤᠯᠤᠨ ᠰᠤᠨᠤᠰᠤᠬᠴᠢᠳ ᠬᠤᠷᠡᠯ ᠳᠤ ᠤᠷᠤᠯᠴᠠᠵᠦ ᠰᠠᠨᠠᠯ ᠵᠦᠪᠯᠡᠯᠭᠡ ᠪᠠᠨ ᠰᠤᠯᠢᠯᠴᠠᠨ ᠬᠤᠶᠢᠰᠢᠲᠡ ᠶᠢᠨ ᠮᠤᠩᠭᠤᠯ ᠷᠠᠳᠢᠣ᠋ ᠲᠧᠯᠸᠢᠰ ᠬᠠᠮ ᠵᠠᠭᠤᠴᠢᠯᠠᠭᠤᠷ ᠤᠨ ᠦᠢᠯᠡᠰ ᠤᠨ ᠬᠦᠭᠵᠢᠯᠲᠡ ᠵᠢᠴᠢ ᠬᠠᠮᠳᠤᠷᠡᠨ ᠠᠵᠢᠯᠯᠠᠬᠤ ᠲᠤᠬᠠᠢ ᠶᠠᠷᠢᠯᠴᠠᠨ ᠰᠤᠳᠤᠯᠬᠤ ᠶᠢᠨ ᠬᠠᠮᠲᠦ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠪᠠᠭᠰᠢ ᠪᠢᠯᠢᠭᠦᠨ᠂ ᠦᠪᠦᠷ ᠮᠤᠩᠭᠤᠯ ᠤᠨ ᠷᠡᠳᠢᠣ᠋ ᠲᠧᠯᠸᠢᠰ ᠤᠨ ᠬᠤᠷᠢᠶᠠᠨ ᠤ ᠨᠡᠪᠳᠡᠷᠡᠭᠦᠯᠦᠭᠴᠢ ᠠᠯᠳᠠᠨᠰᠦ᠋ᠮᠪᠦᠷ᠂ ᠬᠦᠬᠡᠬᠤᠲᠡ ᠶᠢᠨ ᠦᠨᠳᠦᠰᠦᠲᠡᠨ ᠤ ᠲᠡᠭᠡᠲᠦ ᠰᠤᠷᠭᠠᠭᠤᠯᠢ ᠶᠢᠨ ᠪᠠᠭᠰᠢ ᠭᠠᠩᠪᠤᠯᠤᠳ ᠢ ᠤᠷᠢᠵᠦ ᠲᠤᠰᠬᠠᠢ ᠮᠡᠷᠭᠡᠵᠢᠯ ᠤᠨ ᠪᠤᠯᠪᠠᠰᠤᠷᠡᠯ ᠶᠠᠪᠤᠬᠳᠠᠭᠤᠯᠤᠭᠰᠡᠨ ᠪᠠᠶᠢᠨ᠎ᠡ᠃  

                     

                                  ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号