ᠰᠤᠷᠤᠯᠭ᠎ᠠ ᠲᠡᠭᠦᠰᠬᠦ ︽ᠨᠦᠬᠦᠨ ᠰᠢᠯᠭᠠᠵᠤ ᠲᠡᠭᠦᠰᠭᠡᠬᠦ ᠰᠢᠯᠭᠠᠯᠲᠠ︾ ᠶᠢ ᠬᠦᠴᠦᠨ ᠥᠬᠡᠶ ᠪᠣᠯᠭᠠᠪᠠᠯ ᠣᠶᠤᠲᠠᠳ ᠪᠠᠰᠠ ᠠᠶᠤᠮᠰᠢᠭ ᠦᠭᠡᠢ ᠪᠠᠷ ᠡᠳᠦᠷ ᠥᠩᠭᠡᠷᠡᠭᠡᠵᠦ ᠴᠢᠳᠠᠨ᠎ᠠ ᠤᠤ︖
ᠨᠡᠶᠢᠲᠡᠯᠡᠭᠰᠡᠨ ᠴᠠᠭ᠄
2019-12-12
     ᠴᠥᠭᠡᠨ ᠪᠤᠰᠤ ᠤᠶᠤᠲᠠᠳ ᠲᠤ ᠠᠪᠴᠤ ᠬᠡᠯᠡᠪᠡᠯ᠂ ᠰᠤᠷᠤᠯᠭ᠎ᠠ ᠲᠡᠭᠦᠰᠬᠦ ︽ᠨᠦᠬᠦᠨ ᠰᠢᠯᠭᠠᠵᠤ ᠲᠡᠭᠦᠰᠭᠡᠬᠦ ᠰᠢᠯᠭᠠᠯᠲᠠ︾ ᠪᠣᠯ ᠬᠠᠮᠤᠭ ᠤᠨ ᠰᠡᠭᠦᠯᠴᠢ ᠶᠢᠨ ᠬᠠᠮᠠᠭᠠᠯᠠᠯᠲᠠ ᠶᠢᠨ ᠬᠡᠷᠡᠮ ᠪᠣᠯᠤᠨ᠎ᠠ᠃ ᠤᠶᠢᠷ᠎ᠠ ᠳᠤ᠂ ᠰᠢᠯᠭᠠᠯᠲᠠ ᠪᠠ ᠲᠡᠭᠦᠰᠬᠦ ᠪᠣᠭᠤᠮᠲᠠ ᠶᠢ ᠴᠢᠩᠭ᠎ᠠ ᠰᠠᠬᠢᠵᠤ᠂ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠬᠥᠭᠵᠢᠭᠦᠯᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠳᠠᠬᠢᠨᠲᠠ ᠬᠦᠴᠦᠲᠡᠶ ᠠᠷᠭ᠎ᠠ ᠬᠡᠮᠵᠢᠶ᠎ᠡ ᠠᠪᠴᠤ᠂ ︽ᠨᠦᠬᠦᠨ ᠰᠢᠯᠭᠠᠵᠤ ᠲᠡᠭᠦᠰᠭᠡᠬᠦ ᠰᠢᠯᠭᠠᠯᠳᠠ︾ ᠶᠢᠨ ᠳᠦᠷᠢᠮ ᠢ ᠡᠷᠡᠰ ᠢᠶᠠᠷ ᠬᠦᠴᠦᠨ ᠥᠬᠡᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃      10 ᠰᠠᠷ᠎ᠠ ᠶᠢᠨ 12 ᠤᠨ ᠡᠳᠦᠷ ᠨᠡᠶᠢᠳᠡᠯᠡᠭᠰᠡᠨ ︽ᠵᠢᠩᠬᠢᠨᠢ ᠠᠩᠭᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠰᠤᠷᠭᠠᠨ ᠬᠥᠮᠦᠵᠢᠯ ᠤᠨ ᠶᠠᠮᠤᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠳᠤ᠄ ᠶᠠᠪᠤᠴᠠ ᠶᠢᠨ ᠴᠢᠨᠠᠷᠲᠠᠶ ᠬᠢᠨᠠᠨ ᠰᠢᠯᠭᠠᠯᠲᠠ ᠪᠠ ᠦᠷ᠎ᠡ ᠳ᠋ᠦᠩ ᠤᠨ ᠴᠢᠨᠠᠷᠲᠠᠶ ᠬᠢᠨᠠᠨ ᠰᠢᠯᠭᠠᠯᠲᠠ ᠶᠢ ᠣᠷᠭᠠᠨᠢᠭ ᠢᠶᠠᠷ ᠤᠶᠠᠯᠳᠤᠭᠤᠯᠤᠭᠰᠠᠨ ᠰᠤᠷᠤᠯᠭ᠎ᠠ ᠶᠢᠨ ᠬᠢᠨᠠᠨ ᠦᠨᠡᠯᠡᠬᠦ ᠳᠦᠷᠢᠮ ᠢ ᠲᠡᠭᠦᠯᠳᠡᠷᠵᠢᠭᠦᠯᠵᠦ᠂ ᠪᠢᠷ ᠤᠨ ᠰᠢᠯᠭᠠᠯᠳᠠ᠂ ᠠᠮᠠᠨ ᠰᠢᠯᠭᠠᠯᠲᠠ᠂ ᠪᠠᠷᠢᠮᠵᠢᠶ᠎ᠠ ᠬᠠᠷᠢᠭᠤᠯᠲᠠ ᠶᠢᠨ ᠪᠤᠰᠤ ᠰᠢᠯᠭᠠᠯᠲᠠ ᠵᠡᠷᠭᠡ ᠣᠯᠠᠨ ᠵᠦᠢᠯ ᠤᠨ ᠬᠡᠯᠪᠡᠷᠢ ᠶᠢ ᠪᠦᠬᠦ ᠲᠠᠯ᠎ᠠ ᠪᠠᠷ ᠠᠰᠢᠬᠯᠠᠨ ᠬᠢᠴᠢᠶᠡᠯ ᠤᠨ ᠲᠠᠩᠬᠢᠮ ᠳᠠᠬᠢ ᠠᠰᠠᠭᠤᠯᠲᠠ ᠬᠠᠷᠢᠭᠤᠯᠲᠠ᠂ ᠡᠷᠳᠡᠮ ᠰᠢᠨᠵᠢᠯᠡᠭᠡᠨ ᠤ ᠥᠭᠦᠯᠡᠯ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠲᠠᠰᠬᠠᠯ ᠲᠠᠭᠠᠭᠠᠯᠭᠠᠪᠤᠷᠢ ᠶᠢᠨ ᠰᠢᠯᠭᠠᠨ ᠦᠨᠡᠯᠡᠯᠲᠡ᠂ ᠱᠠᠲᠤ ᠦᠶᠡᠴᠢ ᠴᠢᠨᠠᠷᠲᠠᠶ ᠰᠢᠯᠭᠠᠯᠲᠠ ᠵᠡᠷᠭᠡ ᠶᠠᠪᠤᠴᠠ ᠶᠢᠨ ᠬᠢᠨᠠᠨ ᠰᠢᠯᠭᠠᠯᠳᠡ ᠶᠢᠨ ᠬᠤᠪᠢ ᠶᠢᠨ ᠵᠢᠩ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠡ᠃ ᠰᠢᠯᠭᠠᠯᠲᠠ ᠶᠢᠨ ᠬᠠᠮᠢᠶᠠᠷᠤᠯᠲᠠ  ᠶᠢ ᠴᠢᠩᠭᠠᠳᠬᠠᠵᠤ᠂ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠨ᠂ ᠲᠡᠭᠦᠰᠬᠦ ᠠᠴᠠ ᠡᠮᠦᠨ᠎ᠡ ᠨᠥᠬᠦᠨ ᠰᠢᠯᠭᠠᠬᠤ ᠵᠡᠷᠭᠡ ︽ᠨᠦᠬᠦᠨ ᠰᠢᠯᠭᠠᠵᠤ ᠲᠡᠭᠦᠰᠭᠡᠬᠦ ᠰᠢᠯᠭᠠᠯᠳᠠ︾ ᠶᠢᠨ ᠠᠵᠢᠯᠯᠠᠭ᠎ᠠ ᠶᠢ ᠡᠷᠡᠰ ᠢᠶᠠᠷ ᠬᠦᠴᠦᠨ ᠥᠬᠡᠶ ᠪᠣᠯᠭᠠᠨ᠎ᠠ ᠭᠡᠵᠦ ᠲᠣᠳᠣᠷᠬᠠᠶ ᠵᠢᠭᠠᠵᠤ ᠭᠠᠷᠭᠠᠵᠠᠢ᠃      ᠵᠠᠷᠢᠮ ᠶᠡᠭᠡ ᠰᠤᠷᠭᠠᠭᠤᠯᠢ ᠶᠢᠨ ᠰᠤᠷᠤᠭᠴᠢᠳ ᠤᠨ ᠰᠥᠨᠢᠵᠢᠨ ᠰᠠᠭᠤᠬᠤ᠂ ᠬᠢᠴᠢᠶᠡᠯ ᠰᠠᠭᠠᠲᠠᠬᠤ᠂ ᠤᠰᠤ ᠬᠠᠯᠢᠬᠤ ᠬᠦᠳᠡᠯᠭᠡᠭᠡᠨ ᠬᠢᠬᠦ ᠳᠡᠭᠡᠨ ︽ᠢᠳᠡ ᠬᠦᠴᠦ︾ ᠲᠠᠢ ᠪᠠᠶᠢᠳᠠᠭ ᠢ ᠮᠡᠳᠡᠷᠡᠬᠦ ᠦᠭᠡᠢ ᠪᠠᠶᠢᠬᠤ ᠶᠢᠨ ᠠᠷᠭ᠎ᠠ ᠦᠭᠡᠢ᠃ ᠬᠡᠷᠪᠡ ᠬᠤᠭᠤᠴᠠᠭ᠎ᠠ ᠡᠴᠦᠰ ᠤᠨ ᠰᠢᠯᠭᠠᠯᠲᠠ ᠳᠤ ᠬᠢᠷᠢ ᠲᠡᠩᠴᠡᠭᠰᠡᠨ ᠥᠬᠡᠶ ᠳᠤ ᠬᠦᠷᠪᠡᠯ ᠨᠥᠬᠦᠨ ᠰᠢᠯᠭᠠᠬᠤ ᠰᠢᠯᠭᠠᠯᠲᠠ ᠳᠤ ᠣᠷᠣᠯᠴᠠᠵᠤ ᠪᠣᠯᠳᠠᠭ︔ ᠨᠥᠬᠦᠨ ᠰᠢᠯᠭᠠᠬᠤ ᠰᠢᠯᠭᠠᠯᠳᠡ ᠳᠤ ᠬᠢᠷᠢ ᠲᠡᠩᠴᠡᠭᠰᠡᠨ ᠦᠭᠡᠢ ᠳᠤ ᠬᠦᠷᠪᠡᠯ ᠪᠠᠰᠠ ᠳᠠᠬᠢᠨ ᠰᠤᠷᠴᠤ ᠪᠣᠯᠳᠠᠭ︔ ᠬᠡᠷᠪᠡ ᠰᠤᠷᠭᠠᠭᠤᠯᠢ ᠨᠢ ᠳᠠᠬᠢᠨ ᠰᠤᠷᠬᠤ ᠶᠢ ᠵᠥᠪᠰᠢᠶᠡᠷᠡᠬᠦ ᠦᠭᠡᠢ ᠪᠤᠶᠤ ᠳᠠᠬᠢᠨ ᠰᠤᠷᠬᠤ ᠰᠢᠯᠭᠠᠯᠲᠠ ᠳᠤ ᠮᠦᠨᠬᠦ ᠬᠢᠷᠢ ᠲᠡᠩᠴᠡᠭᠰᠡᠨ ᠦᠭᠡᠢ ᠳᠤ ᠬᠦᠷᠪᠡᠯ᠂ ᠲᠡᠭᠦᠰᠬᠦ ᠠᠴᠠ ᠡᠮᠦᠨ᠎ᠡ ᠪᠠᠰᠠ ᠨᠢᠭᠡ ᠤᠳᠠᠭᠠᠨ ᠤ ᠰᠢᠯᠭᠠᠯᠲᠠ ᠳᠤ ᠤᠷᠤᠯᠴᠠᠬᠤ ᠲᠣᠬᠢᠶᠠᠯ ᠦᠭᠳᠡᠭ᠂ ᠡᠨᠡ ᠪᠣᠯ ᠳᠠᠷᠤᠶ ᠣᠯᠠᠨ ᠤ ᠰᠠᠶᠢᠨ ᠮᠡᠳᠡᠳᠡᠭ ︽ᠨᠦᠬᠦᠨ ᠰᠢᠯᠭᠠᠵᠤ ᠲᠡᠭᠦᠰᠭᠡᠬᠦ ᠰᠢᠯᠭᠠᠯᠲᠠ︾ ᠪᠣᠯᠤᠨ᠎ᠠ᠃      ᠰᠤᠷᠤᠭᠴᠢᠳ ᠤᠨ ᠰᠤᠷᠤᠯᠭ᠎ᠠ ᠶᠢᠨ ᠴᠢᠳᠠᠪᠤᠷᠢ ᠨᠢ ᠲᠡᠭᠦᠰᠬᠦ ᠪᠠᠷᠢᠮᠵᠢᠶ᠎ᠠ ᠳᠤ ᠬᠦᠷᠴᠦ ᠴᠢᠳᠠᠬᠰᠠᠨ ᠡᠰᠡᠬᠦ ᠶᠢ ᠰᠢᠯᠭᠠᠬᠤ ᠬᠠᠮᠤᠭ ᠡᠴᠦᠰ ᠤᠨ ᠰᠢᠯᠭᠠᠨ ᠪᠠᠶᠢᠴᠠᠭᠠᠯᠲᠠ ᠪᠤᠯᠤᠬᠰᠠᠨ ᠤ ᠬᠤᠪᠢ ᠳᠤ᠂ ︽ᠨᠦᠬᠦᠨ ᠰᠢᠯᠭᠠᠵᠤ ᠲᠡᠭᠦᠰᠭᠡᠬᠦ ᠰᠢᠯᠭᠠᠯᠲᠠ︾ ᠶᠢᠨ ᠤᠳᠬ᠎ᠠ ᠠᠭᠤᠯᠭ᠎ᠠ ᠶᠢ ᠬᠡᠯᠡᠬᠦ ᠦᠭᠡᠢ ᠪᠠᠷ ᠮᠡᠳᠡᠴᠢᠬᠦ ᠶᠤᠮ᠃ ᠭᠡᠬᠦ ᠳᠡᠭᠡᠨ ᠮᠠᠰᠢ ᠣᠯᠠᠨ ᠰᠤᠷᠭᠠᠭᠤᠯᠢ ᠳᠤ ᠠᠪᠴᠤ ᠬᠡᠯᠡᠪᠡᠯ᠂ ︽ᠨᠦᠬᠦᠨ ᠰᠢᠯᠭᠠᠵᠤ ᠲᠡᠭᠦᠰᠭᠡᠬᠦ ᠰᠢᠯᠭᠠᠯᠲᠠ︾ ᠨᠢ ᠦᠨᠡᠨ ᠳᠡᠭᠡᠨ ᠨᠢᠭᠡ ᠤᠳᠠᠭᠠᠨ ᠤ ᠬᠠᠮᠲᠤ ᠶᠢᠨ ᠲᠣᠮᠣ ᠬᠡᠯᠪᠡᠷᠢ ᠶᠢᠨ ︽ᠬᠤᠪᠢ ᠦᠭᠭᠦ︾ ᠠᠬᠤᠶ ᠲᠠᠯᠠᠪᠠᠢ ᠪᠣᠯᠤᠨ᠎ᠠ᠃ ︽ᠨᠦᠬᠦᠨ ᠰᠢᠯᠭᠠᠵᠤ ᠲᠡᠭᠦᠰᠭᠡᠬᠦ ᠰᠢᠯᠭᠠᠯᠳᠠ︾ ᠶᠢᠨ ᠳᠦᠷᠢᠮ ᠢ ᠬᠦᠴᠦᠨ ᠥᠬᠡᠶ ᠪᠣᠯᠭᠠᠵᠤ᠂ ᠵᠢᠩᠭᠢᠨᠢ ᠠᠩᠭᠢ ᠶᠢᠨ ᠤᠶᠤᠳᠠᠳ ᠤᠨ ᠲᠡᠭᠦᠰᠬᠦ ᠬᠢᠨᠠᠨ ᠰᠢᠯᠭᠠᠯᠲᠠ ᠶᠢ ᠴᠢᠩᠭ᠎ᠠ ᠬᠠᠮᠢᠶᠠᠷᠬᠤ ᠳᠤ ᠬᠠᠨᠳᠤᠭᠤᠯᠤᠨ᠂ ᠲᠣᠭᠲᠠᠪᠤᠷᠢᠲᠠᠶ ᠲᠡᠭᠦᠰᠬᠦ ᠡᠴᠦᠰ ᠤᠨ ᠬᠠᠮᠠᠭᠠᠯᠠᠯᠲᠠ ᠶᠢᠨ ᠬᠡᠷᠡᠮ ᠢ ᠨᠤᠷᠠᠭᠠᠪᠠᠯ᠂ ᠤᠶᠤᠲᠠᠳ ᠢ ︽ᠠᠮᠤᠷᠯᠢᠩᠭᠤᠶ ᠡᠭᠦᠷ︾ ᠠᠴᠠ ᠨᠢ ᠬᠥᠭᠡᠭᠡᠨ ᠭᠠᠷᠭᠠᠵᠤ᠂ ᠤᠶᠤᠳᠠᠳ ᠤᠨ ᠪᠡᠶᠡᠴᠢ ᠴᠣᠭᠴᠠ ᠠᠴᠠ ᠭᠠᠷᠳᠠᠵᠤ ᠵᠢᠩᠭᠢᠨᠢ ᠠᠩᠭᠢ ᠶᠢᠨ ᠤᠶᠤᠳᠠᠳ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠬᠦ ᠶᠢ ᠬᠡᠳᠡᠷᠬᠦ ᠰᠢᠬᠠᠮᠳᠠᠭᠤᠯᠬᠤ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号