ᠪᠦᠬᠦ ᠬᠤᠰᠢᠭᠤᠨ ᠤ ᠥᠷᠭᠡᠨ ᠣᠯᠠᠨ ᠬᠤᠲᠡ ᠪᠠᠯᠭᠠᠰᠤᠨ ᠤ ᠠᠵᠢᠯᠲᠡᠨ ᠠᠵᠢᠯᠴᠢᠨ ︵ᠠᠮᠢᠳᠤᠯᠢᠭ ᠢᠶᠠᠷ ᠠᠵᠢᠯ ᠤᠯᠭᠤᠬᠤ︶ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠶᠳᠬᠡᠯ ᠲᠤᠰᠢᠶᠠᠭᠰᠠᠳ ᠲᠤ᠄
ᠨᠡᠶᠢᠲᠡᠯᠡᠭᠰᠡᠨ ᠴᠠᠭ᠄
2019-12-13
     2018 ᠣᠨ ᠤ 3 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠭᠡᠯ ᠢ ᠨᠥᠬᠦᠵᠦ ᠲᠤᠰᠢᠶᠠᠬᠤ ᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2018﹈ 12 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠡ᠂ ᠪᠢᠴᠢᠭ ᠮᠠᠲ᠋ᠧᠷᠢᠶᠠᠯ ᠳᠤ᠄ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠪᠠ ᠠᠮᠢᠳᠤᠯᠢᠭ ᠢᠶᠠᠷ ᠠᠵᠢᠯ ᠤᠯᠭᠤᠭᠰᠡᠳ ᠬᠡᠷᠡᠭ ᠤᠨ ᠳᠠᠷᠠᠭ᠎ᠠ ᠰᠦᠢᠳᠬᠡᠯ ᠨᠦᠬᠦᠵᠦ ᠲᠤᠰᠢᠶᠠᠬᠤ ᠬᠡᠯᠪᠡᠷᠢ ᠪᠠᠷ ᠰᠦᠢᠳᠬᠡᠯ ᠲᠤᠰᠢᠶᠠᠬᠤ ᠵᠢᠯ ᠬᠤᠭᠤᠴᠠᠭ᠎ᠠ ᠪᠠᠨ ᠨᠡᠮᠡᠭᠳᠡᠭᠦᠯᠵᠦ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠪᠠ᠃ 2018 ᠣᠨ ᠠᠴᠠ ᠡᠬᠢᠯᠡᠨ᠂ ᠲᠣᠰ ᠵᠢᠯ ᠳᠡᠭᠡᠨ ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠡᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠶᠳᠬᠡᠯ ᠢᠶᠠᠨ ᠲᠤᠰᠢᠶᠠᠭᠠᠳᠤᠶ ᠪᠠᠶᠢᠪᠠᠯ᠂ ᠲᠠᠷᠠᠭᠠᠴᠢ ᠶᠢᠨ ᠵᠢᠯ ᠳᠤᠨᠢ ᠨᠥᠬᠦᠨ ᠲᠤᠰᠢᠶᠠᠵᠤ ᠪᠣᠯᠬᠤ ᠥᠬᠡᠶ᠃      ᠡᠶᠢᠮᠦ ᠠᠴᠠ ᠥᠷᠭᠡᠨ ᠣᠯᠠᠨ ᠬᠤᠪᠢ ᠪᠡᠶ᠎ᠡ ᠪᠠᠷ ᠢᠶᠠᠨ ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠡᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠬᠦᠮᠦᠰ ᠡᠷᠬᠡᠪᠰᠢ ᠲᠣᠰ ᠵᠢᠯ ᠤᠨ 12 ᠰᠠᠷ᠎ᠠ ᠶᠢᠨ 20 ᠤ ᠡᠳᠦᠷ ᠠᠴᠠ ᠡᠮᠦᠨ᠎ᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠲᠥᠪ ᠤᠨ ᠲᠤᠬᠠᠶᠢᠯᠠᠭᠰᠠᠨ ᠠᠵᠢᠯ ᠤᠨ ᠲᠢᠩᠬᠢᠮ ᠳᠤ ᠬᠦᠷᠴᠦ 2019 ᠤᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠭᠡᠯ ᠢᠶᠠᠨ ᠴᠠᠭ ᠲᠤᠬᠠᠶ ᠳᠤᠨᠢ ᠬᠢᠨᠠᠵᠦ ᠲᠤᠬᠳᠠᠭᠠᠨ ᠲᠤᠰᠢᠶᠠᠵᠤ᠂ ᠬᠤᠵᠢᠮ ᠤᠨ ᠲᠠᠨ ᠤ ᠠᠵᠢᠯ ᠤᠨ ᠠᠮᠠᠷᠠᠯᠲᠡ ᠶᠢᠨ ᠬᠠᠷᠠᠭᠠᠯᠵᠠᠯ ᠢᠶᠠᠨ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃      ᠣᠨᠴᠠᠭᠠᠶᠢᠯᠠᠨ ᠮᠡᠳᠡᠭᠳᠡᠪᠡ                                  ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠲᠥᠪ                                 2019 ᠤᠨ ᠤ 12 ᠰᠠᠷ᠎ᠠ ᠶᠢᠨ 9 ᠤ ᠡᠳᠦᠷ  
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号