ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵2017︶
ᠨᠡᠶᠢᠲᠡᠯᠡᠭᠰᠡᠨ ᠴᠠᠭ᠄
2019-12-16
        —— 2017 ᠤᠨ ᠤ 2 ᠰᠠᠷ᠎ᠠ ᠶᠢᠨ 23 ᠤ ᠡᠳᠦᠷ ᠳᠠᠷᠬᠠᠨ ᠮᠤᠤᠮᠢᠩᠭᠠᠨ         ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ            ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠯᠠᠭᠴᠢ ᠬᠤᠰᠢᠭᠤ ᠳᠠᠷᠤᠭ᠎ᠠ      ᠵᠠᠩ ᠶᠦᠩ ᠸᠧᠨᠲᠥᠯᠥᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠪᠦᠬᠦᠳᠡᠭᠡᠷ ᠬᠢᠨᠠᠨ ᠶᠠᠷᠢᠯᠴᠠᠬᠤ ᠪᠣᠯᠪᠠᠤ᠂ ᠮᠦᠨᠴᠤ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ ᠪᠣᠯᠪᠠ ᠤᠤ︕      ᠨᠢᠭᠡ᠂ 2016 ᠣᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠳᠤ᠂ ᠬᠤᠰᠢᠭᠤ ᠨᠠᠮ ᠤᠨ ᠬᠤᠷᠢᠶᠡᠨ ᠤ ᠵᠥᠪ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠵᠠᠰᠠᠭ ᠤᠨ ᠤᠷᠳᠤᠨ ᠤ ︽ᠠᠵᠤ ᠦᠢᠯᠡᠳᠪᠦᠷᠢ ᠪᠠᠷ ᠭᠤᠤᠯᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠶᠢ ᠪᠠᠬᠢᠵᠢᠭᠦᠯᠦᠨ᠂ ᠪᠣᠭᠤᠮᠲᠠ ᠪᠠᠷ ᠲᠤᠯᠭᠠᠭᠤᠷᠢᠯᠠᠵᠤ᠂ ᠰᠣᠶᠣᠯ ᠢᠶᠠᠷ ᠵᠢᠯᠤᠭᠤᠳᠤᠮᠵᠢ ᠪᠤᠯᠭᠠᠨ᠂ ᠵᠢᠭᠤᠯᠴᠢᠯᠠᠯ ᠢᠶᠠᠷ ᠳᠠᠶᠢᠴᠢᠯᠠᠵᠤ᠂ ᠠᠮᠢ ᠠᠬᠤᠶ ᠪᠠᠷ ᠪᠠᠲᠤᠯᠠᠭ᠎ᠠ ᠪᠤᠯᠭᠠᠬᠤ︾ ᠠᠵᠢᠯ ᠤᠨ ᠰᠡᠳᠬᠢᠮᠵᠢ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠦᠬᠦ ᠲᠠᠯ᠎ᠠ ᠪᠠᠷ ᠬᠡᠯᠪᠡᠷᠢ ᠪᠠᠨ ᠦᠭᠡᠷᠡᠴᠢᠯᠡᠨ᠂ ᠴᠢᠯᠥᠭᠡᠲᠡᠶ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠵᠢᠯᠤᠭᠤᠳᠤᠯᠭ᠎ᠠ ᠪᠠᠷ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠡᠷᠢᠭᠦᠯᠡᠬᠦ ᠪᠠᠷ ᠳᠠᠮᠠᠴᠡᠵᠤ᠂ ᠦᠨᠡᠨᠴᠢ ᠰᠢᠷᠭᠠᠭᠤ ᠠᠵᠢᠯᠯᠠᠨ᠂ ᠪᠤᠴᠠᠯᠲᠠ ᠦᠭᠡᠢ ᠤᠷᠤᠭᠰᠢᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠯᠡᠭᠡᠨ ᠤ ᠰᠠᠶᠢᠨ ᠰᠠᠶᠢᠬᠠᠨ ᠡᠬᠢᠯᠡᠯᠲᠡ ᠶᠢ ᠪᠤᠢ ᠪᠤᠯᠭᠠᠭᠰᠠᠨ ᠪᠠᠶᠢᠨ᠎ᠠ᠃ ᠪᠦᠭᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠦᠷᠳᠡᠭ 212.83 ᠳ᠋ᠦᠩᠰᠢᠭᠤᠷ ᠲᠥᠭᠦᠷᠢᠭ ᠲᠤ ᠬᠦᠷᠴᠤ᠂ 7.3% ᠪᠠᠷ ᠨᠡᠮᠡᠭᠳᠡᠪᠡ᠃ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 222.9 ᠳ᠋ᠦᠩᠰᠢᠭᠤᠷ ᠲᠥᠭᠦᠷᠢᠭ ᠲᠤ ᠬᠦᠷᠴᠤ᠂ 14.6% ᠪᠠᠷ ᠨᠡᠮᠡᠭᠳᠡᠪᠡ᠃ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 16.58 ᠳ᠋ᠦᠩᠰᠢᠭᠤᠷ ᠲᠥᠭᠦᠷᠢᠭ ᠲᠤ ᠬᠦᠷᠴᠦ᠂ 7.5% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠦᠷᠲᠡᠭ 23.2 ᠳ᠋ᠦᠩᠰᠢᠭᠤᠷ ᠲᠦᠭᠦᠷᠢᠭ ᠲᠤ ᠬᠦᠷᠴᠤ᠂ 9.6% ᠪᠠᠷ ᠨᠡᠮᠡᠭᠳᠡᠪᠡ᠃ ᠬᠤᠲᠠ ᠪᠠᠯᠭᠠᠰᠤ ᠪᠣᠯᠤᠨ ᠬᠦᠳᠡᠭᠡ ᠲᠤᠰᠬᠤᠨ ᠮᠠᠯᠵᠢᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ ᠲᠤᠰ 34370 ᠲᠥᠭᠦᠷᠢᠭ᠂ 12691 ᠲᠥᠭᠦᠷᠢᠭ ᠲᠤ ᠬᠦᠷᠴᠦ᠂ ᠴᠦᠮ 7.7% ᠨᠡᠮᠡᠭᠳᠡᠵᠡᠶ᠃      ︵ᠨᠢᠭᠡ︶ ᠠᠵᠤ ᠠᠬᠤᠶ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠪᠠ᠃ ᠠᠵᠤ ᠠᠬᠤᠶ ᠶᠢᠨ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠪᠡᠯᠡ ᠣᠷᠣᠭᠤᠯᠤᠯᠲᠠ ᠶᠢᠨ ᠦᠷᠭᠡᠳᠭᠡᠯ ᠢ ᠪᠠᠷᠢᠮᠲᠠᠯᠠᠵᠤ᠂ ᠲᠣᠭᠲᠠᠭᠤᠨ ᠡᠷᠬᠢᠯᠲᠡ ᠶᠢ ᠵᠡᠷᠭᠡᠪᠡᠷ ᠬᠦᠴᠦᠯᠡᠵᠦ᠂ ᠲᠦᠷᠦ ᠶᠢᠨ ᠪᠤᠳᠤᠯᠭ᠎ᠠ ᠪᠠᠨ ᠴᠢᠩᠭᠠᠳᠬᠠᠨ᠂ ᠠᠷᠠᠯᠵᠢᠶᠠᠴᠢᠨ ᠤᠷᠢᠬᠤ ᠶᠢ ᠠᠳᠬᠤᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠦᠨ᠂ ᠠᠵᠤ ᠠᠬᠤᠶ ᠶᠢᠨ ᠲᠣᠭᠲᠠᠭᠤᠨ ᠢᠶᠠᠷ ᠰᠡᠷᠭᠦᠨ ᠬᠥᠭᠵᠢᠬᠦ ᠶᠢ ᠠᠬᠢᠭᠤᠯᠪᠠ᠃ ᠭᠤᠣᠯᠳᠠᠯᠭ᠎ᠠ ᠲᠠᠢ ᠳᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠪᠡ᠃ ᠲᠦᠷᠦᠯ ᠵᠦᠢᠯ ᠤᠨ ᠲᠦᠰᠦᠪ᠂ ᠤᠷᠤᠭᠤᠯᠬᠤ ᠪᠠ ᠪᠥᠳᠥᠭᠡᠨ ᠪᠠᠶᠢᠭᠤᠯᠬᠤ ᠶᠢ ᠪᠦᠬᠦ ᠲᠠᠯ᠎ᠠ ᠪᠠᠷ ᠴᠢᠩᠭᠠᠳᠬᠠᠨ᠂ ᠳᠠᠭᠠᠭᠠᠴᠢᠯᠠᠨ ᠬᠤᠯᠪᠤᠭᠠᠯᠠᠵᠤ ᠵᠤᠬᠢᠴᠠᠭᠤᠯᠤᠨ ᠲᠡᠩᠴᠡᠭᠦᠯᠬᠦ ᠬᠠᠮᠢᠶᠠᠷᠤᠯᠲᠡ ᠶᠢᠨ ᠠᠷᠭ᠎ᠠ ᠶᠢ ᠨᠡᠶᠢᠲᠡᠯᠡᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 60 ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠤ᠂ 176 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠤᠷᠤᠭᠤᠯᠤᠯᠲᠡ ᠶᠢᠨ ᠬᠡᠮᠵᠢᠶ᠎ᠡ ᠨᠢ 17.3% ᠪᠠᠷ ᠨᠡᠮᠡᠭᠳᠡᠪᠡ᠃ ᠮᠠᠨᠳᠤᠯ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠣᠭᠤᠷᠢᠭ ᠵᠡᠷᠭᠡ 32 ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠬᠤᠸᠠ ᠨᠧᠩ ᠪᠠᠶᠠᠨ ᠭᠡᠷᠡᠯ ᠸᠣᠯᠲ ᠶᠢᠨ ᠴᠠᠬᠢᠯᠭᠠᠨ ᠦᠷᠲᠡᠭᠡ ᠵᠡᠷᠭᠡ 29 ᠲᠦᠷᠦᠯ ᠵᠦᠢᠯ ᠪᠠᠷᠢᠯᠭ᠎ᠠ ᠳᠠᠭᠤᠰᠤᠨ ᠠᠰᠢᠭᠯᠠᠯᠲᠠ ᠳᠤ ᠣᠷᠣᠵᠤ᠂ ᠠᠵᠤ ᠠᠬᠤᠶ ᠶᠢᠨ ᠰᠢᠨ᠎ᠡ ᠨᠡᠮᠡᠭᠳᠡᠯ ᠴᠡᠭ ᠢ ᠪᠤᠢ ᠪᠣᠯᠭᠠᠭᠰᠠᠨ ᠪᠠᠶᠢᠨ᠎ᠠ᠃ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯ ᠢ ᠰᠠᠶᠢᠲᠤᠷ ᠬᠢᠪᠠ᠃ ᠠᠵᠤ ᠦᠢᠯᠡᠳᠪᠦᠷᠢ᠂ ᠠᠵᠤ ᠠᠬᠤᠶᠢᠯᠠᠯ ᠤᠨ ᠲᠤᠭᠲᠠᠭᠤᠨ ᠨᠡᠮᠡᠭᠳᠡᠯ ᠢ ᠠᠬᠢᠭᠤᠯᠬᠤ ᠮᠠᠰᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠡᠯ᠎ᠡ ᠵᠦᠢᠯ ᠤᠨ ᠲᠡᠳᠬᠦᠨ ᠳᠡᠮᠵᠢᠬᠦ ᠪᠡᠯᠡ ᠮᠥᠩᠭᠦ 8364 ᠲᠦᠮᠡᠨ ᠲᠦᠭᠦᠷᠢᠭ ᠲᠡᠮᠡᠴᠡᠨ ᠣᠯᠵᠤ᠂ 1.7 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ︽ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠠᠷ ᠦᠭᠡᠷᠡᠴᠢᠯᠡᠬᠦ︾ ᠪᠤᠳᠤᠯᠭ᠎ᠠ ᠪᠠᠷ ᠠᠵᠤ ᠠᠬᠤᠶᠢᠯᠠᠯ ᠤᠨ ᠭᠠᠶᠢᠯᠢ ᠶᠢ 2812 ᠲᠦᠮᠡᠨ ᠲᠥᠭᠦᠷᠢᠭ ᠬᠥᠩᠭᠡᠯᠡᠨ᠂ 15 ᠡᠷᠦᠬᠡ ᠵᠣᠭᠰᠣᠭᠰᠠᠨ ᠪᠤᠶᠤ ᠬᠠᠭᠠᠰ ᠵᠣᠭᠰᠣᠭᠰᠠᠨ ᠠᠵᠤ ᠠᠬᠤᠶᠢᠯᠠᠯ ᠤᠨ ᠦᠢᠯᠡᠳᠪᠦᠷᠢᠯᠡᠯ ᠢ ᠰᠡᠷᠭᠦᠭᠡᠵᠤ᠂ 9 ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠬᠡᠮᠵᠢᠶ᠎ᠡ ᠮᠢᠩᠭᠠᠨ ᠲᠦᠮᠡᠨ ᠲᠥᠭᠦᠷᠢᠭ ᠠᠴᠠ ᠳᠠᠪᠠᠭᠰᠠᠨ ᠪᠠᠶᠢᠨ᠎ᠠ᠃ ᠪᠦᠬᠦ ᠵᠢᠯ ᠤᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 2.8 ᠳ᠋ᠦᠩᠰᠢᠭᠤᠷ ᠭᠷᠠᠳᠦ᠋ᠰ ᠲᠤ ᠬᠦᠷᠴᠤ᠂ 16% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠪᠠ᠃ ᠲᠡᠮᠦᠷ ᠤᠨ ᠨᠠᠷᠢᠯᠢᠭ ᠨᠤᠨᠳᠠᠭ 523 ᠲᠦᠮᠡᠨ ᠲᠣᠨ ᠳᠤ ᠬᠦᠷᠴᠦ᠂ 19.3% ᠪᠠᠷ ᠨᠡᠮᠡᠭᠳᠡᠪᠡ᠂ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠳᠠᠭᠰᠢ ᠲᠡᠭᠡᠭᠡᠪᠦᠷᠢᠯᠡᠭᠰᠡᠨ ᠬᠡᠮᠵᠢᠶ᠎ᠡ 30% ᠪᠠᠷ ᠨᠡᠮᠡᠭᠳᠡᠵᠦ᠂ ᠠᠵᠤ ᠠᠬᠤᠶᠢᠯᠠᠯ ᠤᠨ ᠬᠥᠭᠵᠢᠯᠲᠡ ᠤᠯᠠᠮ ᠠᠴᠠ ᠤᠯᠠᠮ ᠰᠠᠶᠢᠵᠢᠷᠠᠵᠤ ᠪᠠᠶᠢᠭ᠎ᠠ ᠪᠠᠶᠢᠳᠠᠯ ᠢᠯᠡᠷᠡᠭᠰᠡᠨ ᠪᠠᠶᠢᠨ᠎ᠠ᠃ ᠪᠡᠯᠡ ᠮᠦᠩᠬᠦᠨ ᠤ ᠬᠦᠴᠢᠷᠳᠡᠯ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠠᠪᠴᠠᠩ ᠤᠨ ᠪᠥᠳᠥᠭᠡᠨ ᠪᠠᠶᠢᠭᠤᠯᠤᠯᠲᠠ ᠶᠢᠨ ᠬᠦᠴᠦᠯᠡᠴᠡ ᠶᠢ ᠴᠢᠩᠭᠠᠳᠬᠠᠪᠠ᠃ ᠬᠤᠳᠠ ᠶᠢᠨ ᠪᠡᠯᠡ ᠤᠷᠤᠭᠤᠯᠤᠯᠲᠡ᠂ ᠵᠠᠮ ᠬᠠᠷᠢᠯᠴᠠᠭᠠᠨ ᠤ ᠪᠡᠯᠡ ᠣᠷᠣᠭᠤᠯᠤᠯᠲᠠ᠂ ᠤᠰᠤᠨ ᠠᠰᠢᠭᠯᠠᠯᠲᠡ ᠶᠢᠨ ᠪᠡᠯᠡ ᠤᠷᠤᠭᠤᠯᠤᠯᠲᠡ᠂ ᠭᠠᠷᠠᠮ ᠤᠨ ᠶᠠᠪᠤᠳᠠᠯ ᠤᠨ ᠪᠡᠯᠡ ᠤᠷᠤᠭᠤᠯᠤᠯᠲᠡ᠂ ᠰᠤᠶᠤᠯ ᠵᠢᠭᠤᠯᠴᠢᠯᠠᠯ ᠤᠨ ᠪᠡᠯᠡ ᠤᠷᠤᠭᠤᠯᠤᠯᠲᠡ᠂ ᠠᠮᠢ ᠠᠬᠤᠶ ᠶᠢᠨ ᠪᠡᠯᠡ ᠣᠷᠣᠭᠤᠯᠤᠯᠲᠠ ᠵᠡᠷᠭᠡ ᠵᠢᠷᠭᠤᠭᠠᠨ ᠶᠡᠭᠡ ᠺᠣᠮᠫᠠᠨᠢ ᠶᠢ ᠨᠢᠭᠡᠳᠭᠡᠪᠡ᠃ ᠪᠤᠭᠤᠲᠤ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠮᠠᠨ ᠤ ᠬᠤᠰᠢᠭᠤᠨ ᠳᠤ ᠤᠷᠢᠭᠳᠠᠨ ᠰᠠᠭᠤᠷᠢᠰᠢᠵᠤ᠂ ᠪᠣᠣ ᠱᠠᠩ ᠬᠤᠢ ᠨᠥᠩ ᠵᠢᠭᠡᠯᠡᠯᠭᠡ  ᠶᠢᠨ ᠺᠣᠮᠫᠠᠨᠢ ᠶᠢ ᠲᠣᠰᠬᠤᠨ ᠪᠠᠯᠭᠠᠰᠤᠨ ᠤ ᠪᠠᠩᠬᠢ ᠪᠤᠯᠭᠠᠨ ᠪᠠᠶᠢᠭᠤᠯᠪᠠ᠃ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠦᠬᠦ ᠵᠢᠯ ᠳᠤ ᠨᠡᠶᠢᠳᠡ 16.5 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ 800 ᠲᠦᠮᠡᠨ ᠲᠥᠭᠦᠷᠢᠭ ᠤᠨ ᠪᠡᠯᠡ ᠤᠷᠤᠭᠤᠯᠵᠤ ᠳᠤᠮᠳᠠ ᠵᠢᠵᠢᠭ ᠠᠵᠤ ᠠᠬᠤᠶᠢᠯᠠᠯ ᠤᠨ ︽ᠪᠠᠲᠤᠯᠠᠨ ᠳᠡᠮᠵᠢᠬᠦ ᠵᠢᠭᠡᠯᠡᠯᠭᠡ︾ ᠶᠢᠨ ᠢᠨᠵᠧᠨᠧᠷᠢᠩ ᠢ ᠬᠡᠷᠡᠭᠵᠢᠭᠦᠯᠪᠡ᠃ ᠳᠡᠭᠡᠳᠦ ᠱᠠᠲᠤᠨ ᠤ ᠲᠤᠰᠬᠠᠶ ᠲᠦᠷᠦᠯ ᠤᠨ ᠪᠡᠯᠡ ᠮᠦᠩᠬᠦ 11 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠠᠵᠤ ᠦᠢᠯᠡᠰ ᠤᠨ ᠰᠠᠭᠤᠷᠢ ᠮᠥᠩᠭᠦ 8.57 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ᠃ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠡᠷᠴᠢᠮ ᠢᠶᠠᠨ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠶᠡᠭᠡ ᠳ᠋ᠠᠶᠢᠲ᠋ᠠ ᠶᠢᠨ ᠠᠵᠤ ᠦᠢᠯᠡᠰ ᠤᠨ ᠲᠠᠨᠢᠯᠴᠠᠭᠤᠯᠭ᠎ᠠ ᠶᠢᠨ ᠬᠤᠷᠠᠯ᠂ ᠠᠩᠬᠠᠳᠤᠭᠠᠷ ᠬᠤᠭᠤᠴᠠᠭᠠᠨ ᠤ ᠮᠣᠩᠭᠤᠯ ᠲᠠᠸᠠᠷ ᠤᠨ ᠬᠤᠳᠠᠯᠳᠤᠭᠠᠨ ᠤ ᠶᠡᠭᠡ ᠬᠤᠷᠠᠯ ᠵᠡᠷᠭᠡ ᠬᠤᠳᠠᠯᠳᠤᠭᠠᠴᠢᠨ ᠤᠷᠢᠬᠤ ᠠᠵᠢᠯᠯᠠᠭ᠎ᠠ ᠳᠤ 20 ᠤᠳᠠᠭ᠎ᠠ ᠤᠷᠤᠯᠴᠠᠵᠤ᠂ ᠪᠧᠢ ᠺᠥᠩ ᠪᠦᠯᠦᠭᠯᠡᠯ᠂ ᠮᠧᠩ ᠼᠤᠤ ᠪᠦᠯᠦᠭᠯᠡᠯ ᠵᠡᠷᠭᠡ ᠨᠠᠷᠠᠲᠤ ᠠᠵᠤ ᠠᠬᠤᠶᠢᠯᠠᠯ ᠤᠳ ᠲᠠᠢ ᠬᠠᠮᠲᠤᠷᠠᠨ ᠠᠵᠢᠯᠯᠠᠬᠤ ᠰᠠᠨᠠᠭᠠᠴᠢᠯᠠᠭ᠎ᠠ ᠭᠠᠷᠭᠠᠵᠤ᠂ ᠪᠦᠬᠦ ᠵᠢᠯ ᠳᠤ 15 ᠵᠦᠢᠯ ᠤᠨ ᠭᠡᠷ᠎ᠡ ᠲᠤᠭᠲᠠᠵᠤ᠂ ᠵᠦᠪᠳᠡᠯᠴᠡᠭᠡᠷ ᠢᠶᠠᠷ ᠳᠠᠮᠵᠢᠨ 151 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠤᠯᠤᠰ ᠤᠨ ᠳᠤᠲᠤᠭᠠᠳᠤ ︵ᠣᠷᠣᠨ ᠤ ᠭᠠᠳᠠᠨᠠᠬᠢ︶ ᠶᠢᠨ ᠪᠡᠯᠡ ᠮᠦᠩᠬᠦ 79 ᠳ᠋ᠦᠩᠰᠢᠭᠤᠷ ᠲᠦᠭᠦᠷᠢᠭ ᠤᠷᠤᠭᠤᠯᠵᠤ᠂ ᠪᠡᠯᠡ ᠤᠷᠤᠭᠤᠯᠤᠭᠰᠠᠨ ᠨᠤᠷᠮ᠎ᠠ 31.7% ᠪᠠᠷ ᠨᠡᠮᠡᠭᠳᠡᠪᠡ᠃      ︵ᠬᠤᠶᠠᠷ︶ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠭᠡᠪᠡ᠃ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠵᠤ᠂ ᠠᠵᠤ ᠦᠢᠯᠡᠰ ᠤᠨ ᠬᠥᠭᠵᠢᠯᠲᠡ ᠨᠢ ᠤᠯᠠᠮᠵᠢᠯᠠᠯᠲᠤ ᠠᠷᠭ᠎ᠠ ᠵᠠᠮ ᠳᠤ ᠲᠦᠰᠢᠭᠯᠡᠬᠦ ᠠᠴᠠ ᠬᠦᠴᠦᠯᠡᠨ ᠠᠩᠬᠢᠵᠢᠷᠠᠵᠤ᠂ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠢ 6.8:60.4:32.8 ᠪᠤᠯᠭᠠᠨ ᠰᠢᠯᠢᠳᠡᠭᠵᠢᠭᠦᠯᠪᠡ᠃ ᠠᠵᠤ ᠦᠢᠯᠡᠳᠪᠦᠷᠢ ᠶᠢᠨ ᠬᠤᠷᠳᠤᠴᠠ ᠶᠢ ᠨᠡᠮᠡᠭᠳᠡᠭᠦᠯᠦᠨ ᠶᠠᠰᠤ ᠴᠢᠨᠠᠷ ᠢ ᠰᠠᠶᠢᠵᠢᠷᠠᠭᠤᠯᠬᠤ ᠶᠢ ᠲᠦᠯᠬᠢᠨ ᠠᠬᠢᠭᠤᠯᠪᠠ᠃ ᠰᠢᠨ᠎ᠡ ᠳᠠᠷᠬᠠᠨ ᠮᠤᠤᠮᠢᠩᠭᠠᠨ ᠤ ᠬᠤᠪᠣᠷ ᠰᠢᠷᠣᠶ ᠶᠢᠨ ᠱᠡᠤ ᠥᠬᠡᠶᠢᠳᠡᠭᠦᠯᠬᠦ ᠲᠦᠷᠭᠡᠳᠬᠡᠭᠦᠷ ᠤᠨ ᠲᠦᠷᠦᠯ ᠵᠦᠢᠯᠡᠰ ᠢ ᠰᠢᠨ᠎ᠡ ᠪᠠᠷ ᠪᠠᠶᠢᠭᠤᠯᠵᠤ᠂ ᠪᠤᠤ ᠰᠢᠨ ᠣᠨᠴᠠᠭᠠᠶ ᠪᠣᠯᠣᠳ ᠤᠨ ᠳᠠᠬᠢᠨ ᠵᠣᠬᠢᠶᠠᠨ ᠪᠠᠶᠢᠭᠤᠯᠬᠤ ᠠᠵᠢᠯ ᠤᠨ ᠦᠭᠡᠷᠡᠴᠢᠯᠡᠯᠲᠡ ᠪᠠ ᠦᠢᠯᠡᠳᠪᠦᠷᠢᠯᠡᠯ ᠤᠨ ᠢᠯᠡᠭᠦᠳᠡᠯ ᠢ ᠰᠢᠢᠳᠪᠦᠷᠢᠯᠡᠬᠦ᠂ ᠢ ᠯᠢ ᠬᠠᠶᠢᠯᠤᠭᠤᠷ ᠵᠣᠩᠰᠢ᠂ ᠮᠢᠩᠭᠠᠨ ᠮᠢᠬᠠᠨ ᠤ ᠦᠢᠯᠡᠰ ᠵᠡᠷᠭᠡ 7 ᠡᠷᠦᠬᠡ ᠠᠵᠤ ᠠᠬᠤᠶᠢᠯᠠᠯ ᠢ ᠳᠦᠷᠪᠡᠳᠡᠬᠢ ᠲᠦᠷᠦᠯ ᠤᠨ ᠬᠤᠪᠢᠴᠠᠭᠠᠨ ᠤ ᠵᠠᠬ᠎ᠠ ᠳᠤ ᠫᠠᠶᠢᠰᠠ ᠢᠯᠡᠷᠭᠡᠶᠢᠯᠡᠯ ᠲᠠᠢ ᠪᠤᠯᠭᠠᠪᠠ᠃ ᠴᠡᠪᠡᠷ ᠡᠨᠧᠷᠭᠢ ᠶᠢᠨ ᠰᠤᠷᠪᠤᠯᠵᠢ ᠶᠢᠨ ᠲᠦᠷᠦᠯ ᠵᠦᠢᠯ 23 ᠶᠢ ᠬᠡᠷᠡᠭᠵᠢᠭᠦᠯᠵᠦ᠂ 100 ᠲᠦᠮᠡᠨ ᠺᠢᠯᠣᠸᠠᠲ ᠴᠠᠬᠢᠯᠭᠠᠨ ᠢ ᠴᠠᠬᠢᠯᠭᠠᠨ ᠲᠣᠣᠷ ᠲᠤ ᠰᠢᠨ᠎ᠡ ᠪᠠᠷ ᠨᠡᠮᠡᠭᠳᠡᠭᠦᠯᠵᠦ᠂ ᠴᠠᠬᠢᠯᠭᠠᠨ ᠲᠤᠤᠷ ᠤᠨ ᠶᠡᠷᠦᠩᠬᠡᠶ ᠬᠡᠮᠵᠢᠶ᠎ᠡ 324 ᠲᠦᠮᠡᠨ ᠺᠢᠯᠣᠸᠠᠲ ᠬᠦᠷᠪᠡ᠃ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠢ ᠲᠡᠭᠦᠯᠳᠡᠷᠵᠢᠭᠦᠯᠦᠨ ᠲᠡᠰ ᠨᠡᠮᠡᠭᠳᠡᠭᠦᠯᠵᠤ᠂ ᠬᠠᠷ᠎ᠠ ᠤᠪᠤᠭ᠎ᠠ ᠠᠵᠤ ᠦᠢᠯᠡᠳᠪᠦᠷᠢ ᠶᠢᠨ ᠲᠦᠪᠯᠡᠷᠡᠩᠭᠦᠢ ᠲᠣᠭᠤᠷᠢᠭ ᠢ ᠨᠢᠭᠡᠳᠭᠡᠵᠤ᠂ ᠪᠠᠢ ᠯᠢᠩ ᠠᠵᠤ ᠦᠢᠯᠡᠳᠪᠦᠷᠢ ᠶᠢᠨ ᠲᠤᠭᠤᠷᠢᠭ ᠢ ᠬᠤᠳᠠ ᠶᠢᠨ ᠲᠡᠰ ᠤᠨ ᠠᠵᠤ ᠦᠢᠯᠡᠳᠪᠦᠷᠢ ᠶᠢᠨ ᠲᠣᠭᠤᠷᠢᠭ ᠢᠶᠠᠷ ᠮᠡᠳᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠭᠠᠷᠤᠯᠲᠠ ᠦᠷ᠎ᠡ ᠠᠰᠢᠭ ᠤᠨ ᠨᠡᠮᠡᠭᠳᠡᠯ ᠢ ᠠᠬᠢᠭᠤᠯᠪᠠ᠃ ᠥᠨᠳᠥᠷ ᠪᠦᠲᠦᠮᠵᠢᠲᠦ ᠤᠰᠤᠨ ᠳᠤ ᠠᠷᠪᠢᠲᠠᠶ ᠤᠰᠤᠯᠠᠯᠲᠠ ᠶᠢᠨ ᠲᠠᠯᠠᠪᠠᠢ ᠶᠢ 6.87 ᠲᠦᠮᠡᠨ ᠮᠤ᠋ ᠰᠢᠨ᠎ᠡ ᠪᠠᠷ ᠨᠡᠮᠡᠭᠳᠡᠭᠦᠯᠵᠦ᠂ ᠠᠮᠤ ᠪᠤᠳᠠᠭᠠᠨ ᠤ ᠭᠠᠷᠤᠯᠲᠠ 2.16 ᠳ᠋ᠦᠩᠰᠢᠭᠤᠷ ᠵᠢᠩ ᠬᠦᠷᠴᠡᠶ᠃ ᠵᠦᠩ ᠮᠤ᠋ ᠨᠠᠷᠢᠨ ᠰᠡᠬᠦᠯᠳᠦ ᠬᠤᠨᠢᠨ ᠤ ᠺᠣᠮᠫᠠᠨᠢ ᠲᠠᠢ ᠬᠠᠮᠲᠤᠷᠠᠨ ᠠᠵᠢᠯᠯᠠᠵᠤ᠂ ᠰᠢᠯᠢᠳᠡᠭ ᠢᠳᠡᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠠᠶᠢᠭᠤᠯᠵᠤ᠂ ᠪᠦᠭᠦ ᠬᠤᠰᠢᠭᠤᠨ ᠤ ᠢᠳᠡᠰᠢᠨ ᠬᠤᠨᠢᠨ ᠤ ᠰᠠᠶᠢᠨ ᠡᠭᠦᠯᠳᠡᠷ ᠤᠨ ᠥᠪᠡᠷ ᠢ ᠪᠠᠨ ᠬᠠᠩᠭᠠᠬᠤ ᠨᠣᠷᠮ᠎ᠠ 82.5% ᠳᠤ ᠬᠦᠷᠪᠡ᠃ ︽ᠳᠠᠷᠬᠠᠨ ᠮᠤᠤᠮᠢᠩᠭᠠᠨ ᠤ ᠬᠤᠨᠢᠨ ᠮᠢᠬ᠎ᠠ︾ ᠨᠢ ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠪᠤᠯᠵᠤ᠂ ︽ᠳᠠᠷᠬᠠᠨ ᠮᠤᠤᠮᠢᠩᠭᠠᠨ ᠤ ᠵᠢᠵᠢᠭ ᠤᠯᠠᠭᠠᠨ ᠬᠠᠯᠢᠰᠤᠲᠤ ᠪᠤᠭᠤᠳᠠᠶ︾ ᠨᠢ ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠤᠨ ᠭᠡᠷᠡᠴᠢ ᠲᠠᠸᠠᠷ ᠤᠨ ᠲᠡᠮᠳᠡᠭᠲᠦ ᠪᠤᠯᠵᠤ᠂ ᠮᠠᠨ ᠤ ᠬᠤᠰᠢᠭᠤ ᠨᠢ ᠤᠯᠤᠰ ᠤᠨ ᠣᠷᠭᠠᠨᠢᠭ ᠪᠦᠲᠦᠭᠡᠭᠳᠡᠬᠦᠨ ᠢᠶᠠᠷ ᠪᠠᠲᠤᠯᠠᠭᠠᠵᠢᠭᠤᠯᠬᠤ ᠵᠢᠱᠢᠶ᠎ᠡ ᠦᠵᠡᠭᠦᠯᠦᠯᠲᠡ ᠶᠢ ᠡᠭᠦᠳᠦᠨ ᠪᠠᠶᠢᠭᠤᠯᠤᠭᠰᠠᠨ ᠣᠷᠣᠨ ᠪᠤᠯᠪᠠ᠃ ᠰᠢᠨ᠎ᠡ ᠪᠠᠷ ᠪᠤᠶᠢᠵᠢᠭᠤᠯᠵᠤ ᠪᠠᠶᠢᠭ᠎ᠠ ᠬᠤᠳᠠ ᠶᠢᠨ ᠲᠡᠰ ᠤᠨ ᠲᠠᠭᠠᠭᠤᠯᠤᠭᠴᠢ ᠠᠵᠤ ᠠᠬᠤᠶᠢᠯᠠᠯ 5 ᠡᠷᠦᠬᠡ᠂ ᠬᠥᠭᠵᠢᠯᠲᠡ ᠶᠢᠨ ᠲᠤᠰᠬᠠᠶ ᠠᠵᠢᠯ ᠤᠨ ᠬᠤᠷᠰᠢᠶᠠᠵᠢᠯ 10 ᠡᠷᠦᠭᠡ᠂ ᠪᠢᠯᠢᠭᠲᠡᠢ᠂ ᠤᠩᠭᠤᠨ ᠨᠤᠲᠤᠭ ᠤᠨ ᠬᠠᠶᠢᠷ᠎ᠠ ᠵᠡᠷᠭᠡ ᠨᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰᠵᠢᠯᠲᠡ ᠶᠢᠨ ᠭᠤᠣᠯᠳᠠᠯᠭᠠᠲᠤ ᠳᠠᠭᠠᠭᠤᠯᠤᠭᠴᠢ ᠠᠵᠤ ᠠᠬᠤᠶᠢᠯᠠᠯ ᠪᠤᠯᠵᠤ᠂ ᠬᠤᠩᠭᠤᠷ ᠲᠠᠯ᠎ᠠ ᠤᠳᠤᠬᠢᠴᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠠᠩᠬ᠎ᠠ ᠠᠯᠬᠤᠮ ᠪᠦᠷᠢᠯᠳᠦᠨ ᠲᠣᠭᠲᠠᠵᠠᠶ᠃ ᠦᠢᠯᠡᠴᠢᠯᠡᠭᠡᠨ ᠤ ᠦᠢᠯᠡᠰ  ᠤᠨ ᠵᠡᠷᠭᠡ ᠳᠡᠰ ᠢ ᠲᠦᠯᠬᠢᠨ ᠠᠬᠢᠭᠤᠯᠪᠠ᠃ ᠮᠠᠨᠳᠤᠯ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠲᠣᠭᠤᠷᠢᠭ ᠵᠡᠷᠭᠡ 29 ᠲᠦᠷᠦᠯ ᠵᠦᠢᠯ ᠤᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠡ ᠶᠢ ᠬᠡᠷᠡᠭᠵᠢᠭᠦᠯᠵᠤ᠂ 4.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠬᠢᠪᠠ᠃ ᠮᠢᠬᠠᠨ ᠤ ᠵᠦᠢᠯ ᠢ ᠭᠠᠳᠠᠭᠠᠳᠤ ᠠᠴᠠ ᠣᠷᠣᠭᠤᠯᠬᠤ ᠵᠢᠭᠠᠨ ᠲᠣᠭᠲᠠᠭᠠᠭᠰᠠᠨ ᠪᠣᠭᠤᠮᠲᠠ᠂ ᠵᠠᠬ᠎ᠠ ᠶᠢᠨ ᠠᠷᠠᠯᠵᠢᠶᠠᠨ ᠤ ᠲᠣᠭᠤᠷᠢᠭ ᠢ ᠵᠥᠪᠰᠢᠶᠡᠷᠡᠬᠦ ᠲᠤᠬᠠᠶ ᠰᠢᠢᠳᠪᠦᠷᠢ᠂ ᠭᠠᠶᠢᠯᠢ ᠪᠠᠲᠤᠯᠠᠵᠤ ᠬᠥᠮᠥᠷᠭᠡᠯᠡᠨ ᠬᠠᠳᠠᠭᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠪᠣᠭᠤᠮᠲᠠ ᠶᠢᠨ ᠭᠠᠶᠢᠯᠢ ᠠᠴᠠ ᠬᠡᠯᠲᠦᠷᠢᠭᠦᠯᠦᠭᠰᠡᠨ ᠳᠡᠯᠭᠡᠭᠦᠷ ᠪᠠᠶᠢᠭᠤᠯᠤᠭᠳᠠᠨ ᠠᠵᠢᠯᠯᠠᠵᠤ ᠡᠬᠢᠯᠡᠪᠡ᠃ ᠪᠦᠬᠦ ᠵᠢᠯ ᠤᠨ ᠭᠠᠳᠠᠭᠠᠳᠤ  ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ 80.1 ᠲᠦᠮᠡᠨ ᠲᠣᠨ ᠳᠤ ᠬᠦᠷᠴᠤ᠂ ᠲᠦᠷᠦᠭᠦᠦ ᠭᠤᠷᠪᠠᠨ ᠵᠢᠯ ᠤᠨ ᠨᠡᠶᠢᠯᠡᠪᠦᠷᠢ ᠠᠴᠠ ᠳᠠᠪᠠᠭᠰᠠᠨ ᠪᠠᠶᠢᠨ᠎ᠠ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠨᠡᠭᠦᠳᠡᠯ ᠰᠣᠶᠣᠯ ᠤᠨ ᠵᠤᠭᠠᠴᠠᠯ ᠤᠨ ᠨᠠᠶᠢᠷ ᠢ ᠠᠮᠵᠢᠯᠲᠠ ᠲᠠᠢ ᠳᠠᠭᠠᠭᠠᠴᠢᠯᠠᠨ ᠡᠷᠬᠢᠯᠡᠪᠡ᠃ ︽ᠤᠯᠤᠰ ᠤᠨ ᠪᠦᠬᠦᠶᠢᠯᠡ ᠤᠷᠤᠨ ᠪᠦᠰᠡ ᠶᠢᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ  ᠪᠠᠷ ᠡᠬᠢᠯᠡᠭᠦᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠵᠢᠭᠤᠯᠴᠢᠯᠠᠯ ᠤᠨ ᠲᠤᠮᠤ ᠳ᠋ᠠᠶᠢᠲ᠋ᠠ ᠶᠢᠨ ᠲᠥᠪ ᠢ ᠪᠠᠶᠢᠭᠤᠯᠵᠤ᠂ ︽1 + 3︾ ᠶᠢᠨ ᠵᠢᠭᠤᠯᠴᠢᠯᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠪᠠᠶᠢᠭᠤᠯᠪᠠ᠃ ᠬᠤᠩᠭᠤᠷ ᠣᠪᠣᠭ᠎ᠠ᠂ ᠬᠠᠰᠠᠷ ᠦᠵᠡᠮᠵᠢ ᠶᠢᠨ ᠣᠷᠣᠨ 3A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠤᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢᠶᠠᠷ ᠦᠨᠡᠯᠡᠭᠳᠡᠪᠡ᠃ ᠪᠦᠬᠦ ᠵᠢᠯ ᠳᠤ 203 ᠲᠦᠮᠡᠨ ᠬᠥᠮᠦᠨ ᠤᠳᠠᠭ᠎ᠠ ᠵᠢᠭᠤᠯᠴᠢᠯᠠᠭᠴᠢᠳ ᠢ ᠤᠭᠲᠤᠵᠤ᠂ ᠡᠵᠡᠩᠨᠡᠯᠲᠡ ᠶᠢᠨ ᠣᠷᠣᠯᠭ᠎ᠠ 10.2 ᠳ᠋ᠦᠩᠰᠢᠭᠤᠷ ᠲᠦᠭᠦᠷᠢᠭ ᠲᠤ ᠬᠦᠷᠴᠤ᠂ ᠲᠤᠰ ᠲᠤᠰ 43% ᠪᠠ 42.5% ᠪᠠᠷ ᠨᠡᠮᠡᠭᠳᠡᠪᠡ᠃      ︵ᠭᠤᠷᠪᠠ︶ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠡ ᠶᠢ ᠨᠢᠭᠡᠳᠦᠯᠲᠡᠢ ᠲᠦᠯᠦᠪᠯᠡᠵᠤ ᠲᠦᠯᠬᠢᠨ ᠠᠬᠢᠭᠤᠯᠪᠠ᠃ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠪᠠᠷᠢᠮᠲᠠᠯᠠᠵᠤ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠵᠤ᠂ ᠬᠤᠳᠠ ᠬᠥᠳᠡᠭᠡ ᠨᠢᠭᠡ ᠴᠤᠭᠴᠠᠵᠢᠵᠤ᠂ ᠵᠣᠬᠢᠴᠠᠩᠭᠤᠶ ᠬᠦᠭᠵᠢᠭᠰᠡᠨ ᠬᠥᠭᠵᠢᠯᠲᠡ ᠶᠢᠨ ᠬᠢᠷᠢ ᠲᠦᠪᠰᠢᠨ ᠢ ᠯᠠᠪᠳᠠᠭᠤᠨ ᠢᠶᠠᠷ ᠨᠡᠮᠡᠭᠳᠡᠭᠦᠯᠪᠡ᠃ ᠪᠠᠲᠤᠬᠠᠭᠠᠯᠭ᠎ᠠ ᠲᠥᠪ ᠪᠠᠯᠭᠠᠰᠤᠨ ᠤ ᠪᠦᠲᠦᠭᠡᠨ ᠪᠠᠶᠢᠭᠤᠯᠤᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ 40 ᠲᠦᠷᠦᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠤ᠂ 10.6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠪᠠ᠃ ᠰᠢᠨ᠎ᠡ ᠬᠤᠲᠠ ᠲᠣᠭᠤᠷᠢᠭ ᠤᠨ ᠬᠤᠲᠠ ᠶᠢᠨ ᠶᠠᠪᠤᠳᠠᠯ ᠤᠨ ᠵᠠᠮ ᠵᠠᠰᠠᠬᠤ ᠪᠦᠲᠦᠭᠡᠨ ᠪᠠᠶᠢᠭᠤᠯᠤᠯᠲᠡ ᠶᠢ ᠦᠷᠭᠦᠯᠵᠢᠯᠡᠭᠦᠯᠵᠤ᠂ ᠵᠡᠭᠦᠨ ᠭᠠᠳᠠᠷ ᠲᠣᠭᠤᠷᠢᠭ ᠤᠨ ᠵᠠᠮ ᠬᠥᠭᠦᠷᠭᠡ ᠰᠢᠨ᠎ᠡ ᠪᠠᠷ ᠪᠠᠶᠢᠭᠤᠯᠬᠤ ᠵᠡᠷᠭᠡ ᠪᠠᠷᠢᠯᠭ᠎ᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠤᠰᠤ ᠬᠠᠩᠭᠠᠬᠤ᠂ ᠢᠯᠴᠢ ᠬᠠᠩᠭᠠᠬᠤ ᠬᠤᠭᠤᠯᠠᠶ ᠶᠢᠨ ᠲᠣᠣᠷ ᠢ ᠵᠠᠰᠠᠨ ᠦᠭᠡᠷᠡᠴᠢᠯᠡᠬᠦ ᠪᠦᠲᠦᠭᠡᠨ ᠪᠠᠶᠢᠭᠤᠯᠤᠯᠲᠡ ᠶᠢ ᠲᠦᠷᠭᠡᠳᠬᠡᠨ ᠬᠡᠷᠡᠭᠵᠢᠭᠦᠯᠵᠦ᠂ ᠪᠠᠶᠢᠭᠤᠯᠤᠭᠰᠠᠨ ᠲᠣᠭᠤᠷᠢᠭ ᠤᠨ ᠲᠥᠪᠯᠡᠷᠡᠭᠰᠡᠨ ᠤᠰᠤ ᠬᠠᠩᠭᠠᠬᠤ᠂ ᠢᠯᠴᠢ ᠬᠠᠩᠭᠠᠬᠤ ᠲᠦᠭᠡᠮᠡᠯᠵᠢᠭᠰᠡᠨ ᠨᠤᠷᠮ᠎ᠠ ᠲᠤᠰ ᠲᠤᠰ 98% ᠪᠠ 90% ᠳᠤ ᠬᠦᠷᠪᠡ᠃ ᠬᠠᠰᠠᠷ ᠴᠡᠴᠡᠷᠯᠢᠭ᠂ ᠠᠨᠳᠠ ᠠᠭᠤᠳᠠᠮ ᠲᠠᠯᠠᠪᠠᠶ᠂ ᠪᠧᠶ ᠬᠤᠸᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠰᠣᠶᠣᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠪᠠ᠃ 1952 ᠰᠠᠭᠤᠷᠢ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠦᠭᠡᠷᠡᠴᠢᠯᠡᠵᠤ᠂ ᠦᠭᠡᠷᠡᠴᠢᠯᠡᠭᠰᠡᠨ ᠲᠠᠯᠠᠪᠠᠢ ᠨᠢ 39 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠪᠡ᠃ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ 1000 ᠰᠠᠭᠤᠷᠢ᠂ ᠲᠥᠪᠬᠢᠨᠡᠭᠦᠯᠬᠦ ᠭᠡᠷ ᠪᠠᠶᠢᠰᠢᠩ 500 ᠰᠠᠭᠤᠷᠢ  ᠲᠤ ᠬᠦᠷᠴᠤ᠂ 7000 ᠭᠠᠷᠤᠶ ᠰᠠᠭᠤᠭᠠᠯᠢ ᠠᠷᠠᠳ ᠤᠨ ︽ᠲᠤᠬᠢᠯᠢᠭ ᠤᠷᠤᠨ ᠰᠠᠭᠤᠴᠠ ᠶᠢᠨ ᠮᠦᠷᠦᠭᠡᠳᠦᠯ︾ ᠪᠡᠶᠡᠯᠡᠭᠳᠡᠵᠤ᠂ ︽ᠲᠠᠭᠠᠯᠠᠮᠵᠢᠲᠡᠢ ᠤᠷᠤᠨ ᠰᠠᠭᠤᠴᠠ︾ ᠲᠠᠢ ᠪᠤᠯᠤᠭᠰᠠᠨ ᠪᠠᠶᠢᠨ᠎ᠠ᠃ ᠤᠨᠴᠠᠯᠢᠭᠲᠤ ᠵᠢᠵᠢᠭ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠡ ᠶᠢ ᠲᠦᠷᠭᠡᠳᠭᠡᠪᠡ᠃ ᠮᠠᠨᠳᠤᠯ ᠪᠠᠯᠭᠠᠰᠤᠨ ᠳᠤ ᠠᠷᠠᠯᠵᠢᠶ᠎ᠡ ᠬᠤᠳᠠᠯᠳᠤᠭᠠᠨ  ᠤ ᠲᠥᠪ ᠪᠠᠶᠢᠭᠤᠯᠵᠤ᠂ ᠦᠵᠡᠮᠵᠢ ᠶᠢᠨ ᠭᠤᠣᠯ ᠵᠠᠮ ᠱᠤᠭᠤᠮ ᠪᠠ ᠪᠠᠯᠭᠠᠰᠤᠨ ᠤ ᠬᠡᠪᠴᠢᠶᠡᠨ ᠳᠠᠬᠢ ᠬᠤᠭᠤᠯᠠᠶ ᠶᠢᠨ ᠲᠣᠣᠷ ᠢ ᠭᠠᠵᠠᠷ ᠲᠤ ᠪᠤᠯᠠᠬᠤ ᠠᠵᠢᠯ ᠢ ᠬᠢᠵᠤ᠂ ᠪᠣᠭᠤᠮᠲᠠ ᠶᠢᠨ ᠵᠠᠩ ᠦᠢᠯᠡ ᠶᠢᠨ ᠤᠨᠴᠠᠯᠢᠭᠲᠤ ᠵᠢᠵᠢᠭ ᠪᠠᠯᠭᠠᠰᠤ  ᠶᠢᠨ ᠰᠢᠨᠵᠢ ᠲᠡᠮᠳᠡᠭ ᠠᠩᠬ᠎ᠠ ᠠᠯᠬᠤᠮ ᠢᠯᠡᠷᠡᠪᠡ᠃ ᠰᠢᠷᠠᠮᠥ᠋ᠷᠡᠨ ᠪᠠᠯᠭᠠᠰᠤᠨ ᠳᠤ ᠬᠤᠳᠠᠯᠠ ᠨᠡᠶᠢᠯᠡᠭᠦᠯᠦᠭᠴᠢ ᠰᠦᠮ᠎ᠡ ᠶᠢᠨ ᠱᠠᠰᠢᠨ ᠤ ᠰᠣᠶᠣᠯ ᠤᠨ ᠠᠭᠤᠳᠠᠮ ᠲᠠᠯᠠᠪᠠᠶ ᠶᠢ ᠪᠠᠶᠢᠭᠤᠯᠵᠤ᠂ ᠦᠨᠳᠦᠰᠦᠲᠡᠨ ᠤ ᠣᠨᠴᠠᠯᠢᠭ ᠪᠦᠬᠦᠢ ᠬᠤᠳᠠᠯᠳᠤᠭᠠᠨ ᠤ ᠵᠡᠭᠡᠯᠢ ᠶᠢ ᠦᠭᠡᠷᠡᠴᠢᠯᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠭᠰᠡᠨ ᠠᠴᠠ᠂ ᠵᠢᠭᠤᠯᠴᠢᠯᠠᠯ ᠵᠠᠩ ᠦᠢᠯᠡ ᠶᠢᠨ ᠵᠢᠵᠢᠭ ᠪᠠᠯᠭᠠᠰᠤ ᠶᠢᠨ ᠤᠨᠴᠠᠯᠢᠭ ᠨᠢ ᠨᠡᠩ ᠲᠤᠳᠤᠷᠬᠠᠢ ᠪᠤᠯᠪᠠ᠃ ᠪᠤᠰᠤᠳ ᠰᠤᠮᠤ ᠰᠢᠶᠠᠩ ᠪᠠᠯᠭᠠᠰᠤᠨ ᠳᠤ ᠪᠠᠯᠭᠠᠰᠤᠨ ᠤ ᠬᠠᠷᠢᠶᠡᠨ ᠳᠠᠬᠢ ᠦᠭᠡᠷᠡᠴᠢᠯᠡᠨ ᠰᠠᠶᠢᠵᠢᠷᠠᠭᠤᠯᠤᠯᠲᠡ ᠪᠠ ᠵᠡᠭᠡᠯᠢ ᠶᠢᠨ ᠴᠡᠭᠴᠡᠯᠡᠯᠲᠡ ᠶᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠳᠦᠷᠢ ᠳᠦᠷᠬᠦ ᠴᠣ ᠰᠢᠨ᠎ᠡ ᠬᠡᠪ ᠪᠠᠶᠢᠳᠠᠯ ᠲᠠᠢ ᠪᠤᠯᠪᠠ᠃ ᠰᠢᠷᠠᠮᠥ᠋ᠷᠡᠨ ᠪᠠᠯᠭᠠᠰᠤ᠂ ᠮᠢᠩᠭᠠᠨ ᠪᠠᠯᠭᠠᠰᠤ ᠥᠪᠡᠷᠲᠡᠭᠡᠨ ᠵᠠᠰᠠᠬᠤ ᠣᠷᠣᠨ ᠤ ᠤᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠠᠯᠳᠠᠷᠲᠤ ᠪᠠᠯᠭᠠᠰᠤ ᠪᠠᠷ ᠦᠨᠡᠯᠡᠭᠳᠡᠵᠤ᠂ ᠮᠢᠩᠭᠠᠨ ᠪᠠᠯᠭᠠᠰᠤ ᠤᠯᠤᠰ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠵᠢᠵᠢᠭ ᠪᠠᠯᠭᠠᠰᠤ ᠪᠠᠷ ᠦᠨᠡᠯᠡᠭᠳᠡᠪᠡ᠃ ︽ᠠᠷᠪᠠ ᠶᠢ ᠪᠥᠷᠬᠦᠭᠦᠯᠬᠦ︾ ᠢᠨᠵᠧᠨᠧᠷᠢᠩ ᠢ ᠶᠡᠬᠡᠪᠡᠷ ᠬᠡᠷᠡᠭᠵᠢᠭᠦᠯᠪᠡ᠃ ᠬᠤᠰᠢᠭᠤ ᠳᠠᠶᠠᠭᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠪᠡᠷᠬᠡ ᠶᠢ ᠢᠯᠠᠨ ᠳᠠᠪᠠᠵᠤ᠂ ᠨᠡᠶᠢᠳᠡ 183 ᠲᠣᠰᠬᠤᠨ ᠢ ᠡᠮᠬᠢᠯᠡᠨ ᠨᠡᠶᠢᠯᠡᠭᠦᠯᠵᠦ ᠪᠦᠳᠦᠭᠡᠨ ᠪᠠᠶᠢᠭᠤᠯᠬᠤ ᠡᠭᠦᠷᠭᠡ ᠶᠢ ᠨᠢᠭᠡ ᠯᠡ ᠳᠡᠭᠡᠷ᠎ᠡ ᠪᠡᠶᠡᠯᠡᠭᠦᠯᠵᠤ᠂ ᠤᠨᠴᠠᠯᠢᠭᠲᠤ ᠰᠢᠨ᠎ᠡ ᠣᠷᠣᠨ ᠰᠠᠭᠤᠴᠠ 8284 ᠰᠠᠭᠤᠷᠢ ᠪᠠᠶᠢᠭᠤᠯᠵᠤ᠂ 9342 ᠰᠠᠭᠤᠷᠢ ᠨᠤᠷᠠᠬᠤ ᠠᠶᠤᠯᠲᠠᠶ ᠬᠠᠭᠤᠴᠢᠨ ᠰᠢᠷᠣᠶ ᠶᠢᠨ ᠪᠠᠶᠢᠰᠢᠩ ᠢ ᠨᠤᠷᠠᠭᠠᠵᠤ᠂ ᠤᠰᠤ ᠤᠮᠳᠠ ᠶᠢᠨ ᠠᠮᠤᠷ ᠲᠦᠪᠰᠢᠨ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ᠂ ᠵᠡᠭᠡᠯᠢ ᠭᠤᠳᠤᠮᠵᠢᠨ ᠳᠤ ᠵᠠᠮ ᠲᠡᠪᠢᠰᠬᠦ᠂ ᠠᠶᠢᠯ ᠲᠣᠰᠬᠤᠨ ᠤ ᠨᠣᠭᠤᠭᠠᠷᠠᠭᠤᠯᠤᠯᠲᠠ ᠵᠡᠷᠭᠡ ᠶᠢ ᠢᠵᠢ ᠪᠦᠷᠢᠳᠦᠭᠦᠯᠦᠨ ᠮᠥᠷᠳᠡᠨ ᠬᠢᠵᠤ᠂ ᠰᠣᠶᠣᠯ ᠤᠨ ᠭᠡᠷ᠂ ᠡᠷᠡᠭᠦᠯ ᠬᠠᠮᠠᠭᠠᠯᠠᠯ ᠤᠨ ᠭᠡᠷ᠂ ᠠᠷᠠᠳ ᠲᠤ ᠲᠥᠬᠦᠮ ᠦᠵᠡᠭᠦᠯᠬᠦ ᠴᠢᠯᠦᠭᠡᠲᠦ ᠳᠡᠯᠭᠡᠭᠦᠷ᠂ ᠰᠣᠶᠣᠯ ᠤᠨ ᠲᠠᠯᠠᠪᠠᠶ ᠵᠡᠷᠭᠡ ᠶᠢ ᠴᠥᠮ ᠪᠠᠶᠢᠭᠤᠯᠤᠭᠰᠠᠨ ᠠᠴᠠ᠂ ᠬᠦᠳᠡᠭᠡ ᠲᠤᠰᠬᠤᠨ ᠮᠠᠯᠵᠢᠬᠤ ᠣᠷᠣᠨ  ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠲᠩᠷᠢ ᠭᠠᠵᠠᠷ ᠤᠨ ᠬᠤᠪᠢᠷᠠᠯᠲᠠ ᠲᠠᠢ ᠪᠤᠯᠪᠠ᠃ ᠰᠠᠭᠤᠷᠢ ᠲᠥᠬᠦᠭᠡᠷᠦᠮᠵᠢ ᠶᠢ ᠪᠠᠲᠤᠯᠠᠬᠤ ᠶᠢ ᠦᠨᠡᠨ ᠬᠦ ᠴᠢᠩᠭᠠᠳᠬᠠᠪᠠ᠃ ᠳᠠᠷᠬᠠᠨ ᠮᠤᠤᠮᠢᠩᠭᠠᠨ ᠤ ᠬᠠᠮᠲᠤ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠪᠡ᠂ ᠪᠤᠭᠤᠲᠤ ᠮᠠᠨᠳᠤᠯ  ᠤᠨ ᠲᠡᠮᠦᠷ ᠵᠠᠮ ᠤᠨ ᠭᠤᠷᠪᠠᠳᠤᠭᠠᠷ ᠬᠤᠭᠤᠴᠠᠭᠠᠨ ᠤ ᠠᠵᠢᠯ ᠤᠨ ᠭᠤᠤᠯ ᠴᠤᠭᠴᠠ ᠶᠢᠨ ᠠᠵᠢᠯ ᠳᠠᠭᠤᠰᠴᠤ᠂ ᠰᠢᠷᠠᠮᠥ᠋ᠷᠡᠨ ᠠᠴᠠ ᠪᠠᠲᠤᠬᠠᠭᠠᠯᠭ᠎ᠠ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠨᠢᠭᠡ ᠬᠡᠰᠡᠭ ᠨᠢ ᠲᠡᠷᠭᠡ ᠨᠡᠪᠲᠡᠷᠡᠵᠡᠶ᠃ ᠤᠰᠤ ᠠᠷᠪᠢᠯᠠᠵᠤ ᠣᠰᠣᠨ ᠠᠰᠢᠭᠯᠠᠯᠲᠡ ᠶᠢ ᠨᠡᠮᠡᠭᠳᠡᠭᠦᠯᠬᠦ᠂ ᠭᠠᠩ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠡᠬᠢ ᠰᠤᠷᠪᠤᠯᠵᠢ ᠵᠡᠷᠭᠡ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠦᠷᠦᠯ ᠵᠦᠢᠯ ᠢ ᠡᠬᠢᠯᠡᠭᠦᠯᠵᠤ᠂ ᠠᠶᠢᠪᠠᠭ᠎ᠠ ᠭᠤᠣᠯ ᠤᠨ ᠶᠡᠷᠦᠩᠬᠡᠶᠢᠯᠡᠨ ᠵᠠᠰᠠᠬᠤ ᠭᠤᠷᠪᠠᠳᠤᠭᠠᠷ ᠬᠤᠭᠤᠴᠠᠭ᠎ᠠ᠂ ᠪᠠᠲᠤᠬᠠᠭᠠᠯᠭ᠎ᠠ ᠪᠠᠯᠭᠠᠰᠤᠨ ᠤ ᠤᠰᠤ ᠬᠠᠩᠭᠠᠬᠤ ᠬᠤᠭᠤᠯᠠᠶ ᠶᠢᠨ ᠲᠣᠣᠷ ᠤᠨ ᠥᠭᠡᠷᠡᠴᠢᠯᠡᠯᠲᠡ ᠪᠠ ᠮᠠᠨᠳᠤᠯ ᠤᠨ ᠤᠰᠤ ᠬᠠᠩᠭᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠡ ᠶᠢ ᠲᠦᠷᠭᠡᠳᠭᠡᠨ ᠠᠬᠢᠭᠤᠯᠪᠠ᠃ ᠰᠢᠷᠡᠭᠡᠲᠦ᠂ ᠮᠠᠨᠳᠤᠯ ᠬᠤᠶᠠᠷ ᠰᠠᠭᠤᠷᠢ 110 ᠺᠢᠯᠤᠸ᠋ᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠦᠷᠲᠡᠭᠡ ᠪᠠᠶᠢᠭᠤᠯᠵᠤ᠂ ᠴᠠᠬᠢᠯᠭᠠᠨ ᠬᠠᠩᠭᠠᠯᠲᠡ ᠶᠢ ᠪᠠᠲᠤᠯᠠᠬᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃      ︵ᠲᠦᠷᠪᠡ︶ ᠠᠮᠢ ᠠᠬᠤᠶ ᠶᠢᠨ ᠣᠷᠴᠢᠨ ᠢ ᠦᠷᠭᠦᠯᠵᠢᠯᠡᠨ ᠰᠠᠶᠢᠵᠢᠷᠠᠭᠤᠯᠪᠠ᠃ ︽ᠠᠭᠤᠯᠠ ᠤᠰᠤ ᠪᠠᠨ ᠬᠠᠶᠢᠷᠠᠯᠠᠨ ᠬᠠᠮᠠᠭᠠᠯᠠᠬᠤ︾ ᠭᠡᠬᠦ ᠣᠶᠢᠯᠠᠭᠠᠭᠳᠠᠬᠤᠨ ᠢ ᠪᠤᠢ ᠪᠤᠯᠭᠠᠵᠤ᠂ ᠬᠠᠮᠠᠭᠠᠯᠠᠯᠲᠠ ᠬᠢᠭᠡᠳ ᠪᠥᠳᠥᠭᠡᠨ ᠪᠠᠶᠢᠭᠤᠯᠤᠯᠲᠠ ᠶᠢ ᠵᠡᠷᠭᠡ ᠳᠤᠨᠢ ᠴᠢᠬᠤᠯᠠᠴᠢᠯᠠᠨ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠨ᠂ ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠯ ᠲᠠᠢ ᠬᠥᠭᠵᠢᠭᠦ ᠶᠢ ᠠᠬᠢᠭᠤᠯᠤᠭᠰᠠᠨ ᠪᠠᠶᠢᠨ᠎ᠡ᠃ ᠤᠢ ᠰᠢᠭᠤᠶ ᠶᠢᠨ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠪᠠ᠃ ᠤᠯᠤᠰ ᠤᠨ ᠨᠡᠶᠢᠲᠡ ᠶᠢᠨ ᠠᠰᠠᠷᠠᠮᠵᠢ ᠶᠢᠨ ᠤᠢ ᠳᠤ ᠨᠥᠬᠦᠪᠥᠷᠢ ᠣᠯᠭᠤᠬᠤ᠂ ᠪᠡᠭᠡᠵᠢᠩ ᠲᠢᠶᠠᠨᠵᠢᠨ ᠤ ᠰᠠᠯᠬᠢ ᠰᠢᠭᠤᠷᠭ᠎ᠠ ᠶᠢᠨ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠵᠡᠷᠭᠡ ᠠᠮᠢ ᠠᠬᠤᠶ ᠶᠢᠨ ᠢᠨᠵᠧᠨᠧᠷᠢᠩ ᠢ 140 ᠲᠦᠮᠡᠨ ᠮᠦ ᠬᠡᠷᠡᠭᠵᠢᠭᠦᠯᠵᠤ᠂ ᠰᠢᠨ᠎ᠡ ᠪᠠᠷ ᠨᠡᠮᠡᠭᠳᠡᠭᠰᠡᠨ ᠤᠢ ᠰᠢᠭᠤᠶ ᠶᠢᠨ ᠴᠡᠭᠴᠡᠯᠡᠬᠦ ᠲᠠᠯᠠᠪᠠᠶ 12.5 ᠲᠦᠮᠡᠨ ᠮᠤ᠋ ᠪᠤᠯᠪᠠ᠃ ᠬᠤᠳᠠ ᠪᠠᠯᠭᠠᠰᠤᠨ ᠤ ᠭᠤᠣᠯᠳᠠᠯᠭ᠎ᠠ ᠲᠠᠢ ᠣᠷᠣᠨ ᠪᠦᠰᠡ ᠪᠠ ᠵᠠᠩᠭᠢᠯᠠᠭ᠎ᠠ ᠶᠢᠨ ᠭᠡᠰᠡᠭ ᠢ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠤ᠂ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠶ 35 ᠲᠦᠮᠡᠨ ᠲᠡᠭᠰᠢ ᠳᠥᠷᠪᠡᠯᠵᠢᠨ ᠮᠧᠲᠷ ᠬᠦᠷᠦᠭᠰᠡᠨ ᠪᠠᠶᠢᠨ᠎ᠡ᠃ ᠮᠠᠨ ᠤ ᠬᠤᠰᠢᠭᠤ ᠨᠢ ᠳᠤᠮᠳᠠᠳᠤ ᠤᠯᠤᠰ ᠤᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠨᠡᠶᠢᠭᠡᠮᠯᠢᠭ ᠤᠨ ︽2016 ᠣᠨ ᠤ ᠰᠢᠨ᠎ᠡ ᠶᠢ ᠡᠭᠦᠳᠬᠦ ᠳᠤᠮᠳᠠᠳᠤ ᠤᠯᠤᠰ· ᠪᠣᠬᠢᠷᠲᠤᠯ ᠦᠭᠡᠢ ᠬᠥᠭᠵᠢᠯᠲᠡ ᠶᠢᠨ ᠰᠢᠯᠢᠳᠡᠭ ᠬᠤᠲᠠ︾ ᠪᠠᠷ ᠦᠨᠡᠯᠡᠭᠳᠡᠪᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠪᠠ᠃ ᠪᠡᠯᠴᠢᠭᠡᠷᠯᠡᠨ ᠮᠠᠯᠵᠢᠬᠤ ᠶᠢ ᠴᠠᠭᠠᠵᠠᠯᠠᠬᠤ ᠶᠢ ᠦᠷᠭᠦᠯᠵᠢᠯᠡᠨ ᠬᠡᠷᠡᠭᠵᠢᠭᠦᠯᠵᠤ᠂ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠭᠡᠭᠰᠢᠯᠡᠭᠦᠯᠪᠡ᠃ ᠪᠦᠭᠦ ᠬᠤᠰᠢᠭᠤᠨ ᠤ ᠪᠡᠯᠴᠢᠭᠡᠷ ᠡᠪᠡᠰᠦᠨ ᠤ ᠳᠤᠮᠳᠠᠴᠢ ᠤᠷᠭᠤᠴᠠ ᠶᠢᠨ ᠬᠡᠮᠵᠢᠶ᠎ᠠ 27.2 ᠰᠠᠨᠲ᠋ᠢᠮᠧᠲᠷ᠂ ᠤᠷᠭᠤᠴᠠ ᠶᠢᠨ ᠳᠤᠮᠳᠠᠴᠢ ᠪᠦᠷᠬᠦᠴᠡ 27.7%᠂ ᠪᠡᠯᠴᠢᠭᠡᠷᠯᠡᠨ ᠮᠠᠯᠵᠢᠬᠤ ᠶᠢ ᠴᠠᠭᠠᠵᠠᠯᠠᠬᠤ ᠠᠴᠠ ᠡᠮᠦᠨᠡᠬᠢ ᠲᠠᠢ ᠬᠠᠷᠢᠴᠠᠭᠤᠯᠪᠠᠯ ᠲᠤᠰ ᠲᠤᠰ 15.3 ᠰᠠᠨᠲ᠋ᠢᠮᠧᠲᠷ᠂ 5.6 ᠵᠠᠭᠤᠨ ᠤ ᠬᠤᠪᠢ ᠪᠠᠷ ᠳᠡᠭᠡᠭᠰᠢᠯᠡᠪᠠ᠃ ᠣᠷᠴᠢᠨ ᠠᠬᠤᠶ ᠶᠢᠨ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠪᠠ᠃ ᠰᠢᠨ᠎ᠡ ᠪᠠᠷ ᠳ᠋ᠢᠩ ᠲᠠᠢ ᠢᠯᠴᠢ ᠶᠢᠨ ᠬᠦᠴᠦᠨ ᠤ ᠵᠤᠤᠬ᠎ᠠ ᠪᠠ ᠬᠦᠬᠦᠷ ᠥᠬᠡᠶᠢᠳᠡᠭᠦᠯᠬᠦ ᠱᠡᠤ ᠥᠬᠡᠶᠢᠳᠡᠭᠦᠯᠬᠦ ᠲᠥᠬᠦᠭᠡᠷᠦᠮᠵᠢ ᠶᠢ ᠨᠡᠮᠡᠵᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠲᠤᠬᠢᠷᠠᠬᠤ ᠦᠭᠡᠢ ᠵᠢᠵᠢᠭ ᠠᠵᠤ ᠠᠬᠤᠶᠢᠯᠠᠯ 40 ᠭᠠᠷᠤᠶ ᠶᠢ ᠵᠤᠭᠰᠤᠭᠠᠵᠤ᠂ ᠴᠠᠭ ᠠᠭᠠᠷ ᠤᠨ ᠨᠥᠬᠦᠴᠡᠯ ᠪᠠᠶᠢᠳᠠᠯ ᠰᠠᠶᠢᠨ ᠡᠳᠦᠷ 342 ᠡᠳᠦᠷ ᠲᠤ ᠬᠦᠷᠪᠠ᠃ ᠾᠧᠩ ᠯᠢ ᠲᠡᠵᠢᠭᠡᠨ ᠦᠷᠡᠵᠢᠭᠦᠯᠬᠦ ᠲᠠᠯᠠᠪᠠᠢ ᠶᠢ ᠨᠡᠭᠦᠯᠬᠡᠬᠦ ᠪᠠ ᠵᠢᠦᠢ ᠹᠧᠩ ᠬᠤᠪᠣᠷ ᠰᠢᠷᠣᠶ ᠶᠢᠨ ᠬᠠᠶᠠᠭᠳᠠᠮᠠᠯ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠢᠨᠵᠧᠨᠧᠷᠢᠩ ᠢ ᠪᠡᠶᠡᠯᠡᠭᠦᠯᠵᠤ᠂ 300 ᠲᠦᠮᠡᠨ ᠲᠥᠭᠦᠷᠢᠭ ᠤᠨ ᠪᠡᠯᠡ ᠤᠷᠤᠭᠤᠯᠵᠤ ᠤᠰᠤᠨ ᠤ ᠴᠢᠨᠠᠷ ᠪᠠᠶᠢᠴᠠᠭᠠᠨ ᠬᠡᠮᠵᠢᠬᠦ ᠲᠥᠬᠦᠭᠡᠷᠦᠮᠵᠢ ᠬᠤᠳᠠᠯᠳᠤᠨ ᠠᠪᠴᠤ᠂ ᠤᠰᠤ ᠤᠮᠳᠠ ᠶᠢᠨ ᠠᠶᠤᠯ ᠦᠭᠡᠶ ᠪᠠᠶᠢᠬᠤ ᠶᠢ ᠦᠨᠡᠨ ᠬᠦ ᠪᠠᠳᠤᠯᠠᠭᠰᠠᠨ ᠪᠠᠶᠢᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠲᠠᠷᠢᠶᠠᠯᠠᠩ ᠠᠴᠠ ᠪᠤᠯᠤᠭᠰᠠᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ 77 ᠡᠷᠦᠬᠡ ᠠᠭᠤᠷᠬᠠᠶ ᠶᠢᠨ ᠠᠵᠤ ᠠᠬᠤᠶᠢᠯᠠᠯ ᠤᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠵᠢᠴᠢ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠰᠢᠪᠠᠷᠬᠦ᠋ᠷᠢᠶ᠎ᠠ ᠲᠡᠮᠤᠷ ᠤᠨ ᠠᠭᠤᠷᠬᠠᠢ ᠶᠢᠨ ᠤᠢᠯᠡᠳᠡᠭᠳᠡᠯ ᠠᠭᠤᠷᠬᠠᠢ ᠶᠢᠨ ᠬᠥᠮᠥᠷᠭᠡ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠶᠢ ᠳᠦᠯᠬᠢᠨ ᠠᠬᠢᠭᠤᠯᠪᠠ᠃ ᠲᠥᠪ ᠤᠨ ᠬᠢᠨᠠᠨ ᠵᠢᠯᠣᠭᠤᠳᠬᠤ ᠳᠤᠭᠤᠶᠢᠯᠠᠩ ᠤᠨ ᠲᠤᠰᠢᠶᠠᠭᠰᠠᠨ 13 ᠣᠷᠴᠢᠨ ᠲᠣᠭᠤᠷᠢᠨ ᠢ ᠬᠠᠮᠠᠭᠠᠯᠠᠬᠤ ᠠᠰᠠᠭᠤᠳᠠᠯ ᠢ ᠪᠦᠬᠦᠨ ᠢ ᠴᠡᠭᠴᠡᠯᠡᠨ ᠵᠠᠰᠠᠪᠠ᠃ ᠠᠮᠢ ᠠᠬᠤᠶ ᠶᠢᠨ ᠥᠭᠡᠷᠡᠴᠢᠯᠡᠯᠲᠡ ᠶᠢ ᠲᠦᠷᠭᠡᠳᠬᠡᠪᠠ᠃ ᠤᠶᠢᠳᠤ ᠭᠠᠵᠠᠷ ᠤᠨ ᠪᠠᠶᠢᠴᠠᠭᠠᠯᠳᠠ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠭᠠᠵᠠᠷ ᠰᠢᠷᠣᠶ ᠨᠤᠲᠤᠭ ᠪᠡᠯᠴᠢᠭᠡᠷ ᠤᠨ ᠡᠷᠬᠡ ᠶᠢ ᠪᠠᠳᠤᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠤᠷᠤᠭᠰᠢᠲᠠᠶ ᠶᠠᠪᠤᠭᠳᠠᠭᠤᠯᠵᠤ᠂ ᠮᠠᠨ ᠤ ᠬᠤᠰᠢᠭᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠤᠷᠢ ᠶᠢᠨ ᠪᠦᠲᠦᠮᠵᠢ ᠶᠢ ᠦᠨᠡᠯᠡᠬᠦ ᠲᠤᠷᠰᠢᠯᠲᠠ ᠶᠢᠨ ᠴᠡᠭ ᠢᠶᠠᠷ ᠲᠤᠭᠳᠠᠭᠠᠭᠳᠠᠪᠠ᠃      ︵ᠲᠠᠪᠤ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠪᠠ᠃ ᠠᠷᠠᠳ ᠤᠯᠠᠨ ᠤ ᠬᠦᠰᠡᠯ ᠢ ᠵᠠᠰᠠᠭ ᠶᠠᠪᠤᠭᠤᠯᠬᠤ ᠶᠢᠨ ᠴᠢᠭᠯᠡᠯ ᠪᠤᠯᠭᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠢ ᠪᠠ ᠬᠠᠮᠤᠷᠤᠭᠰᠠᠨ ᠴᠢᠨᠠᠷᠲᠠᠶ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠪᠠ᠃ ᠶᠠᠳᠠᠭᠤ ᠠᠴᠠ ᠠᠩᠭᠢᠵᠢᠷᠠᠭᠤᠯᠵᠤ ᠬᠦᠴᠢᠷ ᠢ ᠳᠠᠪᠠᠭ᠋ᠤ ᠠᠵᠢᠯ ᠢ ᠳᠦᠯᠬᠢᠨ ᠠᠬᠢᠭᠤᠯᠪᠠ᠃ ︽ᠲᠠᠪᠤᠨ ᠨᠢᠭᠡ ᠪᠦᠯᠦᠭ︾ ᠪᠠ ︽ᠵᠢᠷᠭᠤᠭᠠᠨ ᠤᠨᠤᠪᠴᠢᠲᠠᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽54321︾ ᠡᠷᠦᠬᠡ ᠳᠠᠭᠠᠭᠠᠴᠢᠯᠠᠨ ᠬᠠᠪᠰᠤᠷᠤᠨ ᠲᠡᠳᠬᠦᠬᠦ ᠠᠵᠢᠯ ᠤᠨ ᠰᠢᠰᠲ᠋ᠧᠮ ᠢ ᠪᠠᠶᠢᠭᠤᠯᠵᠤ᠂ 484 ᠨᠡᠷᠡᠰ ᠤᠳᠤᠷᠢᠳᠬᠤ ᠺᠠᠳ᠋ᠷᠴᠤᠳ 2514 ᠨᠡᠷᠡᠰ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠭᠠᠭᠠᠴᠢᠯᠠᠨ ᠳᠡᠳᠬᠦᠪᠠ᠃ ᠶᠠᠳᠠᠭᠤ ᠠᠴᠠ ᠠᠩᠭᠢᠵᠢᠷᠠᠭᠤᠯᠵᠤ ᠬᠦᠴᠢᠷ ᠢ ᠳᠠᠪᠠᠭ᠋ᠤ ᠲᠥᠰᠦᠯ ᠢ ᠨᠡᠶᠢᠳᠡᠯᠡᠵᠤ᠂ ᠲᠡᠷᠢᠵᠦ ᠲᠡᠵᠢᠭᠡᠵᠦ ᠡᠳ᠋ᠰᠢᠭᠦᠯᠬᠦ ᠪᠠ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ 1.16 ᠳ᠋ᠥᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ 1228 ᠨᠡᠷᠡᠰ ᠤᠯᠤᠰ ᠤᠨ ᠳᠡᠰ ᠤᠨ ᠶᠠᠳᠠᠭᠤ ᠬᠦᠴᠢᠷᠳᠡᠯᠳᠠᠢ ᠬᠦᠮᠦᠨ ᠠᠮᠠ ᠪᠠ 2389 ᠨᠡᠷᠡᠰ ᠬᠤᠲᠠ ᠶᠢᠨ ᠳᠡᠰ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠤᠭᠰᠠᠨ ᠪᠠᠶᠢᠨ᠎ᠡ᠃ ᠦᠢᠯᠡᠰ ᠪᠤᠰᠬᠠᠵᠤ ᠠᠵᠢᠯ ᠣᠯᠭᠤᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠪᠦᠬᠦ ᠵᠢᠯ ᠳᠤ 2.26 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠥᠨ ᠠᠵᠢᠯ ᠤᠯᠭᠤᠵᠤ᠂ ᠬᠤᠲᠠ ᠪᠠᠯᠭᠠᠰᠤᠨ ᠤ 1523 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠯᠲᠠ ᠶᠢᠨ ᠨᠤᠷᠮ᠎ᠠ ᠶᠢ 3.71% ᠳᠤ ᠬᠢᠵᠠᠭᠠᠷᠯᠠᠪᠠ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠪᠤᠯᠬᠤ 1407 ᠡᠷᠦᠬᠡ ᠶᠢ ᠰᠢᠨ᠎ᠡ ᠪᠠᠷ ᠬᠥᠭᠵᠢᠭᠦᠯᠵᠤ᠂ ᠮᠠᠯᠴᠢᠨ ᠲᠠᠷᠢᠶᠠᠴᠢᠨ ᠢ ᠰᠢᠯᠢᠵᠢᠭᠦᠯᠥᠨ ᠠᠵᠢᠯ ᠣᠯᠭᠤᠬᠤ ᠲᠥᠪ ᠨᠢ ᠪᠦᠬᠦ ᠣᠷᠣᠨ ᠤ ᠮᠠᠯᠴᠢᠨ ᠲᠠᠷᠢᠶᠠᠴᠢᠨ ᠬᠦᠯᠦᠰᠤᠨ ᠠᠵᠢᠯᠴᠢᠨ ᠤ ᠠᠵᠢᠯ ᠤᠨ ᠲᠡᠷᠢᠭᠦᠨ ᠤ ᠬᠠᠮᠲᠤ ᠪᠠᠷ ᠦᠨᠡᠯᠡᠭᠳᠡᠵᠤ᠂ ᠬᠤᠳᠠᠯᠳᠤᠭᠠᠨ ᠤ ᠲᠤᠮᠤ ᠠᠰᠠᠷ ᠪᠠ ᠦᠨᠳᠦᠰᠦᠲᠡᠨ ᠤ ᠵᠠᠩ ᠦᠢᠯᠡ ᠶᠢᠨ ᠬᠦᠷᠢᠶᠡᠯᠡᠩ ᠨᠢ ᠬᠤᠳᠠ ᠶᠢᠨ ᠳᠡᠰ ᠤᠨ ᠪᠠᠷᠢᠮᠵᠢᠶᠠᠳᠤ ᠦᠢᠯᠡᠰ ᠪᠤᠰᠬᠠᠬᠤ ᠬᠦᠷᠢᠶᠡᠯᠡᠩ ᠢᠶᠠᠷ ᠦᠨᠡᠯᠡᠭᠳᠡᠪᠠ᠃ ᠨᠡᠶᠢᠭᠡᠮ ᠤᠨ ᠪᠠᠲᠤᠯᠠᠭ᠎ᠠ ᠶᠢ ᠦᠨᠡᠨ ᠬᠦ ᠴᠢᠩᠭᠠᠳᠬᠪᠠ᠃ ᠬᠤᠳᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠢ ᠨᠡᠶᠢᠯᠡᠭᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠭᠦ ᠬᠤᠲᠠ ᠳᠤ ᠬᠠᠮᠤᠭ ᠲᠡᠷᠢᠭᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ︽ᠱᠠᠩᠨᠠᠬᠤ  ᠪᠠᠷ ᠳᠤᠰᠢᠶᠠᠬᠤ ᠶᠢ ᠳᠠᠶᠢᠴᠢᠯᠠᠬᠤ︾ ᠠᠷᠭ᠎ᠠ ᠶᠢ ᠬᠡᠷᠡᠭᠵᠢᠭᠦᠯᠪᠠ᠃ ︽ᠭᠤᠷᠪᠠᠨ ᠲᠦᠷᠦᠯ ᠤᠨ ᠦᠯᠡᠳᠡᠵᠤ ᠬᠤᠴᠤᠷᠤᠭᠰᠠᠨ ᠬᠦᠮᠦᠨ︾᠂ ᠬᠦᠴᠢᠷᠳᠡᠯᠲᠡᠶ ᠬᠡᠦᠬᠡᠳ ᠪᠠᠭᠠᠴᠤᠳ ᠪᠠ ᠬᠦᠳᠡᠯᠮᠤᠷᠢᠯᠡᠬᠦ ᠴᠢᠳᠠᠪᠤᠷᠢ ᠪᠠᠨ ᠠᠯᠳᠠᠭᠰᠠᠨ ᠨᠠᠰᠤᠳᠠᠳ ᠢ ᠳᠠᠩᠰᠠᠯᠠᠬᠤ ᠪᠠ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠰᠢᠨ᠎ᠡ ᠪᠠᠷ ᠮᠠᠭᠠᠳᠯᠠᠨ ᠲᠤᠭᠳᠠᠭᠠᠬᠤ ᠶᠢ ᠪᠠᠶᠡᠯᠡᠭᠦᠯᠵᠤ᠂ ᠣᠨᠴᠠᠭᠠᠶ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠳᠤᠯᠠᠪᠠ᠃ ᠠᠪᠤᠷᠠᠨ ᠲᠤᠰᠠᠯᠠᠬᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠭᠠᠮᠰᠢᠭᠳᠠᠭᠰᠠᠨ ᠣᠯᠠᠨ ᠲᠦᠮᠡᠨ ᠪᠠ ᠶᠠᠳᠠᠭᠤ ᠬᠦᠴᠢᠷᠳᠡᠯᠲᠡᠶ ᠬᠥᠮᠦᠰ ᠲᠤ ᠭᠠᠮᠰᠢᠭ ᠠᠴᠠ ᠠᠪᠤᠷᠠᠨ ᠲᠡᠳᠬᠦᠬᠦ ᠵᠣᠭᠤᠰ 963.6 ᠲᠦᠮᠡᠨ ᠲᠥᠭᠦᠷᠢᠭ ᠳᠠᠷᠬᠠᠭᠠᠵᠤ᠂ 28292 ᠡᠷᠦᠬᠡ ᠣᠷᠣᠯᠭ᠎ᠠ ᠪᠠᠭᠠᠲᠠᠶ ᠮᠠᠯᠴᠢᠨ ᠲᠠᠷᠢᠶᠠᠴᠢᠳ ᠲᠤ ᠨᠢᠭᠡ ᠲᠣᠨ ᠬᠠᠶᠢᠷ᠎ᠠ ᠬᠠᠯᠠᠮᠵᠢ ᠶᠢᠨ ᠨᠡᠭᠦᠷᠡᠰᠦ ᠳᠠᠷᠬᠠᠭᠠᠪᠠ᠃ ᠡᠯ᠎ᠡ ᠲᠥᠷᠥᠯ ᠤᠨ ᠬᠥᠮᠦᠰ ᠤᠨ ᠬᠠᠷᠠᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠵᠤ ᠠᠬᠤᠶᠢᠯᠠᠯ᠂ ᠠᠯᠪᠠᠨ ᠪᠠᠶᠢᠭᠤᠯᠭ᠎ᠠ ᠶᠢᠨ ᠨᠢᠭᠡᠴᠡ ᠶᠢᠨ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠥᠮᠦᠨ ᠪᠦᠬᠦᠨ ᠳᠤ ᠰᠠᠷ᠎ᠠ ᠪᠦᠷᠢ ᠲᠤᠰ ᠲᠤᠰ 146 ᠲᠥᠭᠦᠷᠢᠭ᠂ 231 ᠲᠥᠭᠦᠷᠢᠭ ᠨᠡᠮᠡᠭᠳᠡᠭᠦᠯᠵᠦ᠂ ᠨᠥᠭᠴᠢᠭᠰᠡᠳ ᠤᠨ ᠭᠡᠷ ᠪᠦᠯᠢ ᠶᠢᠨ ᠠᠮᠢᠳᠤᠷᠠᠯ ᠤᠨ ᠬᠦᠴᠢᠷᠳᠡᠯ ᠤᠨ ᠨᠥᠬᠦᠪᠥᠷᠢ ᠶᠢ ᠬᠥᠮᠦᠨ ᠪᠦᠬᠦᠨ ᠳᠤ ᠰᠠᠷ᠎ᠠ ᠪᠦᠷᠢ 124 ᠲᠥᠭᠦᠷᠢᠭ ᠨᠡᠮᠡᠭᠳᠡᠭᠦᠯᠵᠦ᠂ ᠡᠯ᠎ᠡ ᠲᠥᠷᠥᠯ ᠤᠨ ᠨᠥᠬᠦᠪᠥᠷᠢ ᠪᠠ ᠦᠨᠳᠦᠰᠦᠨ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃      ︵ᠵᠢᠷᠭᠤᠭ᠎ᠠ︶ ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠪᠡ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠠᠷᠠᠳ ᠣᠯᠠᠨ ᠤ ᠠᠰᠢᠭ ᠲᠤᠰᠠ ᠳᠤ ᠬᠤᠯᠪᠤᠭᠳᠠᠭᠰᠠᠨ ᠠᠯᠢᠪᠠ ᠶᠠᠪᠤᠳᠠᠯ ᠢ ᠰᠠᠶᠢᠳᠤᠷ ᠰᠢᠢᠳᠪᠤᠷᠢᠯᠡᠨ᠂ ᠡᠯ᠎ᠡ ᠦᠨᠳᠦᠰᠦᠲᠡᠨ ᠤ ᠠᠷᠠᠳ ᠲᠦᠮᠡᠨ ᠢ ᠵᠤᠯ ᠵᠢᠷᠭᠠᠯ ᠲᠠᠢ ᠪᠤᠯᠭᠠᠪᠠ᠃ ᠰᠤᠷᠭᠠᠨ ᠬᠥᠮᠦᠵᠢᠯ ᠢ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠪᠠ᠃ ᠮᠠᠨᠳᠤᠯ ᠪᠠᠯᠭᠠᠰᠤᠨ ᠤ ᠣᠯᠠᠨ ᠤᠯᠤᠰ ᠤᠨ ᠨᠥᠬᠦᠷᠯᠡᠯ ᠤᠨ ᠪᠠᠭ᠎ᠠ ᠰᠤᠷᠭᠠᠭᠤᠯᠢ ᠠᠰᠢᠭᠯᠠᠯᠲᠠ ᠳᠤ ᠤᠷᠤᠵᠤ᠂ ᠶᠡᠭᠡ ᠰᠡᠭᠦᠵᠢ ᠬᠡᠦᠬᠡᠳ ᠤᠨ ᠴᠡᠴᠡᠷᠯᠢᠭ ᠪᠠᠷᠢᠯᠭ᠎ᠠ ᠪᠠᠨ ᠡᠬᠢᠯᠡᠭᠦᠯᠦᠨ᠂ ᠪᠠᠲᠤᠬᠠᠭᠠᠯᠭ᠎ᠠ ᠬᠤᠶᠠᠳᠤᠭᠠᠷ ᠪᠠᠭ᠎ᠠ ᠰᠤᠷᠭᠠᠭᠤᠯᠢ ᠶᠢᠨ ᠵᠡᠭᠦᠨ ᠪᠠᠷᠠᠭᠤᠨ ᠰᠤᠷᠭᠠᠭᠤᠯᠢ ᠶᠢᠨ ᠲᠤᠭᠤᠷᠢᠭ ᠢ ᠪᠦᠬᠦ ᠲᠠᠯ᠎ᠠ ᠪᠠᠷ ᠨᠢᠭᠡᠳᠬᠡᠵᠤ᠂ 15 ︽ᠲᠧᠯᠸᠢᠰ ᠬᠢᠴᠢᠶᠡᠯᠯᠡᠭᠡ  ᠪᠠᠷ ᠬᠠᠷᠢᠯᠴᠠᠨ ᠰᠤᠷᠤᠯᠴᠠᠬᠤ︾ ᠬᠢᠴᠢᠶᠠᠯ ᠤᠨ ᠬᠡᠷ ᠢ ᠪᠠᠶᠢᠭᠤᠯᠤᠭᠰᠠᠨ ᠪᠠᠶᠢᠨ᠎ᠡ᠃ ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ ᠭᠤᠷᠪᠠᠨ ᠵᠢᠯ ᠤᠨ ᠴᠡᠴᠡᠷᠯᠢᠭ ᠲᠤ ᠣᠷᠣᠬᠤ ᠨᠤᠷᠮ᠎ᠠ 90% ᠳᠤ ᠬᠦᠷᠴᠤ᠂ ᠮᠣᠩᠭᠤᠯ ᠬᠡᠦᠬᠡᠳ  ᠤᠨ ᠴᠡᠴᠡᠷᠯᠢᠭ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ  ᠢᠶᠠᠷ ᠦᠨᠡᠯᠡᠭᠳᠡᠪᠠ᠃ ᠳᠤᠮᠳᠠᠳᠤ ᠪᠠᠭ᠎ᠠ ᠰᠤᠷᠭᠠᠭᠤᠯᠢ ᠨᠢ ᠴᠦᠮ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ  ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠪᠠᠷᠢᠮᠵᠢᠶ᠎ᠠ ᠳᠤ ᠬᠦᠷᠴᠤ᠂ ᠮᠣᠩᠭᠤᠯ ᠢᠶᠠᠷ ᠬᠢᠴᠢᠶᠡᠯᠯᠡᠬᠦ ᠰᠢᠯᠭᠠᠯᠲᠠ ᠶᠢᠨ ᠬᠢᠷᠢ ᠪᠦᠲᠦᠮᠵᠢ ᠭᠤᠷᠪᠠᠨ ᠵᠢᠯ ᠳᠠᠷᠠᠭᠠᠯᠠᠨ ᠪᠦᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠪᠠ᠃ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠰᠢᠯᠭᠠᠵᠤ ᠤᠷᠤᠭᠰᠠᠨ ᠨᠣᠷᠮ᠎ᠠ ᠨᠢ 42.7% ᠳᠤ ᠬᠦᠷᠴᠦ᠂ ᠲᠦᠷᠦᠬᠦᠦ ᠵᠢᠯ ᠤᠨ ᠬᠢ ᠠᠴᠠ 14 ᠵᠠᠭᠤᠨ ᠤ ᠬᠤᠪᠢ ᠳᠡᠭᠡᠭᠰᠢᠯᠡᠪᠠ᠃ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠠᠬᠤᠢ ᠲᠠᠯᠠᠪᠠᠢ ᠶᠢᠨ ᠬᠤᠷᠠᠯ ᠵᠢᠴᠢ ︽ᠠᠷᠪᠠᠨ ᠬᠤᠶᠠᠳᠤᠭᠠᠷ ᠲᠠᠪᠤᠨ ᠵᠢᠯ︾ ᠤᠨ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠳ᠋ᠦ᠋ᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠪᠡ᠃ ᠠᠷᠠᠳ ᠲᠦᠮᠡᠨ ᠤ ᠡᠷᠡᠭᠦᠯ ᠮᠠᠨᠳᠤ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠪᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠢ ᠠᠮᠵᠢᠯᠳᠠᠳᠠᠢ ᠡᠭᠦᠳᠦᠨ ᠪᠠᠶᠢᠭᠤᠯᠵᠤ᠂ ᠬᠤᠳᠠ ᠶᠢᠨ ᠳᠡᠰ ᠠᠴᠠ ᠳᠡᠭᠡᠭᠰᠢᠬᠢ ᠡᠷᠡᠭᠦᠯ ᠬᠠᠮᠠᠭᠠᠯᠠᠯ ᠤᠨ ᠡᠭᠦᠳᠦᠨ ᠪᠠᠶᠢᠭᠤᠯᠬᠤ ᠨᠢᠭᠡᠴᠡ 26 ᠶᠢ ᠰᠢᠨ᠎ᠡ ᠪᠠᠷ ᠨᠡᠮᠡᠭᠳᠡᠭᠦᠯᠪᠠ᠃ ᠤᠯᠤᠰ  ᠤᠨ ᠡᠷᠡᠭᠦᠯ ᠮᠡᠨᠳᠤ ᠶᠢ ᠠᠬᠢᠭᠤᠯᠬᠤ ᠬᠤᠰᠢᠭᠤ ᠶᠢ ᠡᠭᠦᠳᠤᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠡ᠃ ᠡᠷᠡᠭᠦᠯ ᠮᠠᠨᠳᠤ ᠶᠢᠨ ᠨᠡᠶᠢᠳᠡᠮ ᠤᠨ ᠪᠠᠶᠢᠴᠠᠭᠠᠯᠳ᠋ᠨ ᠶᠢ ᠪᠦᠬᠦ ᠬᠦᠴᠦᠨ ᠢᠶᠠᠷ ᠬᠡᠷᠡᠭᠵᠢᠭᠦᠯᠵᠤ᠂ ᠪᠦᠭᠦ ᠬᠤᠰᠢᠭᠤᠨ ᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠶ ᠪᠠᠷ ᠪᠡᠶ᠎ᠡ ᠶᠢᠨ ᠪᠠᠶᠢᠴᠠᠭᠠᠯᠲᠠ ᠬᠢᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ᠳᠠᠩᠰᠠ ᠡᠪᠬᠡᠮᠡᠯ ᠢ ᠡᠯᠧᠺᠲᠷᠤᠨ ᠳᠠᠩᠰᠠ ᠡᠪᠬᠡᠮᠡᠯ ᠪᠤᠯᠭᠠᠬᠤ ᠨᠤᠷᠮ᠎ᠡ 90% ᠪᠣᠯᠤᠨ 75% ᠳᠤ ᠬᠦᠷᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠶᠢ ᠨᠡᠭᠦᠯᠭᠡᠬᠦ ᠠᠵᠢᠯ ᠢ ᠪᠡᠶᠡᠯᠡᠭᠦᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ 6᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ 7 ᠶᠢ ᠰᠢᠨ᠎ᠡ ᠪᠠᠷ ᠥᠭᠡᠷᠡᠴᠢᠯᠡᠨ ᠪᠠᠶᠢᠭᠤᠯᠪᠠ᠃ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠪᠠ ᠤᠷᠤᠨ ᠤ ᠳᠣᠲᠣᠷᠠᠬᠢ ᠣᠯᠠᠨ ᠡᠮᠨᠡᠯᠭᠡ ᠶᠢᠨ ᠬᠤᠷᠢᠶ᠎ᠠ ᠲᠠᠢ ᠡᠮ ᠡᠮᠨᠡᠯᠭᠡ ᠶᠢᠨ ᠬᠤᠯᠪᠣᠭᠠᠲᠤ ᠴᠣᠭᠴᠠ ᠪᠠᠶᠢᠭᠤᠯᠵᠤ᠂ ᠠᠯᠤᠰ ᠠᠴᠠ ᠬᠠᠮᠲᠤᠷᠠᠨ ᠣᠨᠣᠰᠢᠯᠠᠬᠤ ᠡᠮᠴᠢᠯᠡᠭᠡ ᠶᠢ 467 ᠤᠳᠠᠭ᠎ᠠ ᠦᠷᠨᠢᠭᠦᠯᠵᠠᠢ᠃ ᠠᠭᠠᠷ ᠢᠶᠠᠷ ᠠᠪᠤᠷᠠᠨ ᠲᠤᠰᠠᠯᠠᠬᠤ ᠠᠵᠢᠯᠯᠠᠭ᠎ᠠ ᠶᠢ ᠡᠬᠢᠯᠡᠭᠦᠯᠵᠤ᠂ ︽ᠵᠠᠩᠬᠢᠯᠠᠭ᠎ᠠ ᠶᠢᠨ ᠬᠠᠭᠠᠰ ᠴᠠᠭ︾ ᠤᠨ ᠳᠦᠷᠭᠡᠨ ᠠᠪᠤᠷᠠᠯᠳᠠ ᠶᠢᠨ ᠵᠠᠮ ᠢ ᠨᠡᠭᠡᠭᠡᠪᠠ᠃ ᠡᠮ ᠤᠨ ᠵᠦᠢᠯ  ᠳᠤ ᠦᠨ᠎ᠡ ᠨᠡᠮᠡᠬᠦ ᠶᠢ ᠪᠦᠬᠦ ᠲᠠᠯ᠎ᠠ ᠪᠠᠷ ᠦᠭᠡᠶᠢᠰᠬᠡᠵᠤ᠂ ᠤᠯᠠᠨ ᠲᠦᠮᠡᠨ ᠳᠤ 230 ᠲᠦᠮᠡᠨ ᠲᠥᠭᠦᠷᠢᠭ ᠤᠨ ᠠᠰᠢᠭ ᠤᠯᠭᠤᠪᠠ᠃ ᠮᠠᠨ ᠤ ᠬᠤᠰᠢᠭᠤ ᠪᠦᠬᠦ ᠤᠯᠤᠰ ᠤᠨ ᠲᠥᠯᠥᠪᠯᠡᠭᠡᠲᠦ ᠦᠷᠡᠵᠢᠯ ᠤᠨ ᠰᠢᠯᠢᠳᠡᠭ ᠦᠢᠯᠡᠴᠢᠯᠡᠬᠡᠨ  ᠤ ᠲᠡᠷᠢᠭᠦᠨ ᠤ ᠬᠤᠰᠢᠭᠤ ᠪᠠᠷ ᠦᠨᠡᠯᠡᠭᠳᠡᠪᠠ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠢᠳᠡᠪᠬᠢᠲᠡᠶ ᠬᠥᠭᠵᠢᠭᠦᠯᠪᠠ᠃ ︽ᠲᠦᠷᠪᠡᠨ ᠰᠣᠶᠣᠯ ᠤᠨ ᠳᠠᠩ ᠴᠤᠭᠴᠠ︾ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠠᠴᠠᠭ᠎ᠠ ᠲᠣᠰᠬᠤᠨ ᠤ ᠪᠠᠷᠢᠮᠵᠢᠶᠠᠲᠤ ᠰᠣᠶᠣᠯ ᠤᠨ ᠲᠠᠰᠤᠭ 6᠂ ᠰᠣᠶᠣᠯ ᠤᠨ ᠠᠭᠤᠳᠠᠮ ᠲᠠᠯᠠᠪᠠᠶ 14 ᠶᠢ ᠪᠠᠶᠢᠭᠤᠯᠪᠠ᠃ ᠬᠥᠳᠡᠭᠡ ᠲᠣᠰᠬᠤᠨ ᠳᠤ 1208 ᠲᠠᠯᠠᠪᠤᠷ ᠰᠢ ᠵᠦᠴᠦᠭᠡ ᠺᠢᠨᠣ᠋ ᠶᠢ ᠬᠦᠷᠭᠡᠵᠤ᠂ ︽ᠳᠠᠷᠬᠠᠨ ᠮᠤᠤᠮᠢᠩᠭᠠᠨ ᠤ ᠤᠶᠢᠯᠠᠭᠠᠯᠳᠠ︾ ᠬᠡᠬᠦ ᠴᠤᠪᠤᠷᠠᠯ ᠪᠢᠴᠢᠭ ᠢ ᠬᠡᠪᠯᠡᠭᠦᠯᠵᠤ᠂ ᠤᠯᠠᠨ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ ᠨᠡᠩ ᠪᠠᠶᠠᠯᠢᠭᠵᠢᠭᠤᠯᠪᠠ᠃ ᠷᠠᠳᠢᠣ᠋ ᠲᠧᠯᠸᠢᠰ ᠳᠠᠮᠵᠢᠭᠤᠯᠤᠨ ᠨᠡᠪᠲᠡᠷᠡᠭᠦᠯᠬᠦ ᠦᠷᠳᠡᠭᠡ 10  ᠶᠢ ᠪᠠᠶᠢᠭᠤᠯᠵᠤ᠂ ᠷᠠᠳᠢᠤ᠋ ᠨᠡᠪᠲᠡᠷᠡᠭᠦᠯᠭᠡ ᠺᠢᠨᠣ᠋ ᠲᠧᠯᠸᠢᠰ ᠤᠨ ᠲᠤᠭᠠᠴᠠᠯᠠᠭᠰᠠᠨ ᠨᠡᠪᠲᠡᠷᠡᠭᠦᠯᠭᠡ ᠶᠢᠨ ᠪᠦᠷᠭᠦᠴᠡ ᠶᠢ ᠪᠡᠶᠡᠯᠡᠭᠦᠯᠵᠤ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠬᠢᠯᠢ ᠬᠢᠵᠠᠭᠠᠷ ᠢᠶᠠᠨ ᠪᠠᠬᠢᠵᠢᠭᠦᠯᠬᠦ ᠢᠨᠵᠧᠨᠧᠷᠢᠩ ᠤᠨ ᠠᠬᠤᠢ ᠲᠠᠯᠠᠪᠠᠢ ᠶᠢᠨ ᠰᠤᠯᠢᠯᠴᠠᠭᠠᠨ ᠤ ᠬᠤᠷᠠᠯ ᠢ ᠠᠮᠵᠢᠯᠳᠠ  ᠲᠠᠢ ᠳᠠᠭᠠᠭᠠᠴᠢᠯᠠᠨ ᠡᠷᠬᠢᠯᠡᠪᠠ᠃ ᠰᠢᠨ᠎ᠡ ᠪᠠᠷ ᠬᠥᠯ ᠪᠥᠮᠪᠦᠭᠡ ᠶᠢᠨ ᠲᠠᠯᠠᠪᠤᠷ 2 ᠶᠢ ᠪᠠᠶᠢᠭᠤᠯᠵᠤ᠂ ᠤᠯᠠᠨ ᠲᠦᠮᠡᠨᠴᠢ ᠴᠢᠨᠠᠷᠲᠠᠶ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠳᠠ 25 ᠪᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠳᠠ ᠶᠢᠨ ᠨᠤᠷᠮ᠎ᠠ 40% ᠳᠤ ᠬᠦᠷᠪᠠ᠃ ᠬᠠᠪᠤᠳᠤ ᠬᠠᠰᠠᠷ ᠤᠨ ᠳᠠᠬᠢᠯᠭ᠎ᠠ ᠶᠢ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠬᠦ ᠠᠵᠢᠯ ᠤᠨ ᠰᠡᠭᠦᠳᠡᠷᠯᠡᠬᠦ ᠠᠵᠢᠯ ᠢ ᠪᠡᠶᠡᠯᠡᠭᠦᠯᠵᠤ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠡᠷᠢᠭᠦᠨ ᠤ ᠬᠠᠮᠲᠤ ᠨᠢᠭᠡᠴᠡ ᠶᠢᠨ ᠴᠣᠯᠠ ᠭᠥᠷᠳᠡᠪᠡ᠃ ᠪᠦᠷᠢᠳᠬᠡᠯ᠂ ᠳᠠᠩᠰᠠ᠂ ᠰᠢᠨᠵᠢᠯᠡᠭᠡ ᠲᠧᠭᠨᠢᠭ᠂ ᠴᠠᠭ ᠠᠭᠤᠷ᠂ ᠭᠠᠵᠠᠷ ᠬᠥᠳᠡᠯᠦᠯᠲᠡ᠂ ᠤᠰᠤ᠂ ᠠᠷᠠᠳ ᠤᠨ ᠰᠡᠷᠭᠡᠶᠢᠯᠡᠯᠲᠡ᠂ ᠭᠠᠳᠠᠭᠠᠳᠤ ᠶᠠᠪᠤᠳᠠᠯ᠂ ᠤᠯᠠᠭᠠᠨ ᠵᠠᠭᠠᠯᠮᠠᠶᠢᠳᠠᠨ ᠵᠡᠷᠭᠡ ᠠᠵᠢᠯ ᠰᠢᠨ᠎ᠡ ᠠᠬᠢᠴᠠ ᠲᠠᠢ ᠪᠤᠯᠵᠤ᠂ ᠭᠠᠶᠢᠯᠢ ᠶᠢᠨ ᠶᠠᠪᠤᠳᠠᠯ᠂ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠬᠢᠯᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠨᠢ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠠ᠃      ︵ᠲᠤᠯᠤᠭ᠎ᠠ︶ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠪᠠ᠃ ᠠᠷᠠᠳᠴᠢᠯᠠᠯ ᠪᠠ ᠬᠠᠤᠯᠢ ᠪᠠᠷ ᠵᠠᠰᠠᠬᠤ ᠰᠡᠳᠬᠢᠬᠦᠶ ᠪᠠᠷ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠨᠠᠮᠳᠠᠭᠤᠯᠬᠤ ᠪᠠ ᠲᠣᠭᠲᠠᠭᠤᠨ ᠪᠠᠶᠢᠬᠤ ᠶᠢ ᠬᠠᠮᠠᠭᠠᠯᠠᠬᠤ ᠶᠢ ᠪᠠᠷᠢᠮᠳᠠᠯᠠᠵᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠠᠢ᠃ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠠᠨᠠᠯ ᠢ ᠨᠡᠶᠢᠲᠡᠯᠡᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠵᠠᠬᠢᠳᠠᠯ ᠰᠤᠷᠪᠤᠯᠵᠢᠯᠠᠭ᠎ᠠ ᠶᠢᠨ ᠪᠦᠯᠦᠭ ᠪᠠ ᠬᠥᠮᠦᠨ ᠤ ᠲᠤᠭ᠎ᠠ ᠲᠤᠰ ᠲᠤᠰ 21.8% ᠪᠠ 20.7% ᠪᠠᠷ ᠪᠠᠭᠤᠷᠠᠪᠠ᠃ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠶᠢ ᠦᠨᠡᠨ ᠬᠦ ᠴᠢᠩᠭᠠᠳᠬᠪᠠ᠃ ︽ᠳᠤᠷᠠᠨ ᠬᠠᠷᠠᠭ᠎ᠠ︾ ᠶᠢᠨ ᠢᠨᠵᠧᠨᠧᠷᠢᠩ ᠢ ᠬᠡᠷᠡᠭᠵᠢᠭᠦᠯᠵᠤ᠂ ᠨᠡᠶᠢᠭᠡᠮ ᠳᠠᠬᠢ ᠳᠦᠷᠰᠤ ᠪᠢᠴᠢᠯᠭᠡ ᠶᠢᠨ ᠬᠢᠨᠠᠨ ᠡᠵᠡᠮᠳᠡᠭᠦᠷ 519 ᠬᠦᠷᠴᠦ᠂ ᠲᠣᠮᠢᠯᠠᠭᠰᠠᠨ ᠰᠠᠯᠪᠤᠷᠢ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ 4᠂ ᠰᠢᠶᠠᠩ ᠪᠠᠯᠭᠠᠰᠤᠨ ᠤ ᠭᠠᠯ ᠤᠨᠲᠠᠷᠠᠭᠠᠬᠤ ᠥᠷᠳᠡᠭᠡ 4 ᠶᠢ ᠰᠢᠨ᠎ᠡ ᠪᠠᠷ ᠪᠠᠶᠢᠭᠤᠯᠵᠠᠢ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ  ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠦᠪᠯᠡᠭᠡ ᠶᠢ ᠪᠦᠬᠦ ᠲᠠᠯ᠎ᠠ ᠪᠠᠷ ᠡᠬᠢᠯᠡᠭᠦᠯᠪᠠ᠃ ᠦᠨᠳᠦᠰᠦᠨ ᠱᠠᠲᠤᠨ ᠤ ᠬᠠᠤᠯᠢ ᠶᠢᠨ ᠶᠠᠪᠤᠳᠠᠯ ᠤᠨ ᠲᠠᠰᠤᠭ 12 ᠶᠢ ᠪᠠᠶᠢᠭᠤᠯᠵᠤ᠂ ᠺᠠᠳ᠋ᠷ ᠤᠯᠠᠨ ᠲᠦᠮᠡᠨ ᠤ ᠬᠠᠤᠯᠢ ᠪᠠᠷ ᠵᠠᠰᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ ᠠᠶᠤᠯᠭᠦᠶ ᠦᠢᠯᠡᠳᠪᠦᠷᠢᠯᠡᠯ ᠢ ᠰᠠᠶᠢᠳᠤᠷ ᠠᠳᠬᠤᠪᠠ᠃ ᠭᠤᠣᠯᠳᠠᠯᠭ᠎ᠠ ᠲᠠᠢ ᠬᠦᠷᠢᠶᠡᠨ ᠤ ᠲᠤᠰᠬᠠᠶ ᠲᠦᠷᠦᠯ ᠤᠨ ᠴᠡᠭᠴᠡᠯᠡᠯᠳᠡ ᠪᠠ ︽‍ᠠᠭᠤᠨ ᠡᠳᠦᠷ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ︾ ᠠᠵᠢᠯᠯᠠᠭ᠎ᠠ ᠶᠢ ᠨᠠᠷᠢᠨ ᠬᠢᠨᠠᠮᠠᠭᠠᠶ ᠥᠷᠨᠢᠭᠦᠯᠵᠦ᠂ ᠲᠤᠰᠬᠠᠶ ᠮᠡᠷᠭᠡᠵᠢᠯᠲᠡᠳ ᠵᠥᠪᠳᠡᠯᠴᠡᠨ ᠰᠢᠢᠳᠪᠤᠷᠢᠯᠡᠬᠦ ᠶᠢ ᠬᠡᠷᠡᠭᠵᠢᠭᠦᠯᠦᠨ᠂ ᠪᠦᠭᠦ ᠬᠤᠲᠠ ᠳᠤ ᠬᠠᠮᠤᠭ ᠤᠨ ᠲᠡᠷᠢᠭᠦᠨ ᠳᠤ ᠦᠨᠳᠦᠰᠦᠨ ᠱᠠᠲᠤᠨ ᠤ ᠠᠶᠤᠯᠭᠦᠶ ᠦᠶ᠋ᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ 13 ᠶᠢ ᠪᠠᠶᠢᠭᠤᠯᠵᠤ᠂ 1745 ᠳᠠᠯᠳᠠ ᠠᠶᠤᠯ ᠢ ᠡᠷᠢᠨ ᠭᠠᠷᠭᠠᠵᠤ᠂ 1122 ᠶᠢ ᠨᠢ ᠴᠡᠭᠴᠡᠯᠡᠵᠤ ᠰᠠᠶᠢᠵᠢᠷᠠᠭᠤᠯᠤᠨ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠬᠤ ᠶᠢ ᠪᠠᠲᠤᠯᠠᠪᠠ᠃ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠪᠠ᠃ ᠪᠤᠭᠤᠳᠤ ᠬᠤᠲᠠ ᠶᠢᠨ ᠳᠡᠰ ᠤᠨ ᠬᠤᠲᠠ ᠶᠢᠨ ᠦᠨᠳᠦᠰᠦᠲᠡᠨ ᠤ ᠵᠢᠱᠢᠶ᠎ᠡ ᠦᠵᠡᠭᠦᠯᠬᠦ ᠨᠡᠶᠢᠭᠡᠮ ᠲᠤᠭᠤᠷᠢᠭ 11 ᠶᠢ ᠪᠠᠶᠢᠭᠤᠯᠵᠤ᠂ ᠴᠡᠷᠢᠭ ᠵᠠᠰᠠᠭ ᠴᠡᠷᠢᠭ ᠠᠷᠠᠳ  ᠤᠨ ᠡᠶ᠎ᠡ ᠵᠤᠬᠢᠴᠠᠯᠳᠤ ᠬᠠᠷᠢᠴᠠᠭ᠎ᠠ ᠶᠢ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ︾ ᠵᠢᠱᠢᠶᠡᠴᠢ ᠬᠤᠰᠢᠭᠤ ᠪᠠᠷ ︽ᠵᠠᠯᠭᠠᠭ᠎ᠠ ᠪᠠᠷ ᠳᠣᠯᠤᠭ᠎ᠠ ᠤᠳᠠᠭ᠎ᠠ︾ ᠦᠨᠡᠯᠡᠭᠳᠡᠪᠠ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠰᠢᠭᠤ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠨᠡᠷᠡᠰ ᠲᠤ ᠵᠢᠱᠢᠭᠳᠡᠨ᠂ ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠪᠦᠬᠦ ᠤᠯᠤᠰ ᠤᠨ ᠵᠢᠱᠢᠶᠡᠴᠢ ᠪᠠᠶᠢᠴᠠᠭᠠᠭᠴᠢ ᠫᠠᠨ ᡁᠢ ᠷᠦᠩ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠴᠤᠯᠭᠤᠷᠠᠨ ᠭᠠᠷᠪᠠ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠦᠨᠳᠦᠰᠦᠲᠡᠨ ᠪᠦᠯᠬᠦᠮᠳᠡᠵᠤ᠂ ᠱᠠᠰᠢᠨ ᠰᠤᠷᠲᠠᠬᠤᠨ ᠡᠶ᠎ᠡ ᠨᠠᠶᠢᠷᠠᠮᠳᠠᠭᠤ᠂ ᠨᠡᠶᠢᠭᠡᠮ ᠡᠶ᠎ᠡ ᠵᠣᠬᠢᠴᠠᠯ ᠲᠠᠢ ᠰᠠᠶᠢᠨ ᠪᠠᠶᠢᠳᠠᠯ ᠢ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠳᠤᠳᠬᠠᠪᠠ᠃      ︵ᠨᠠᠢᠮᠠ︶ ᠵᠠᠰᠠᠭ ᠤᠨ ᠤᠷᠳᠤᠨ ᠤ ᠬᠤᠪᠢ ᠪᠠᠶ᠎ᠠ ᠶᠢᠨ ᠪᠦᠳᠦᠭᠡᠨ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠪᠠ᠃ ᠭᠦᠭᠵᠢᠯᠳᠠ ᠳᠤ ᠦᠢᠯᠡᠴᠢᠯᠡᠨ᠂ ᠠᠷᠠᠳ ᠲᠦᠮᠠᠨ ᠳᠤ ᠦᠢᠯᠡᠴᠢᠯᠡᠭᠦ ᠶᠢ ᠵᠠᠰᠠᠭ ᠤᠨ ᠤᠷᠳᠤᠨ ᠤ ᠦᠨᠳᠤᠰᠤᠨ ᠬᠠᠷᠢᠭᠤᠴᠠᠯᠭ᠎ᠠ ᠪᠤᠯᠭᠠᠬᠤ ᠶᠢ ᠪᠠᠷᠢᠮᠳᠠᠯᠠᠨ᠂ ᠵᠤᠷᠢᠯᠳᠠ ᠪᠠᠨ ᠪᠠᠳᠤ ᠴᠡᠭᠡᠵᠢᠯᠠᠨ᠂ ᠠᠵᠢᠯ ᠤᠨ ᠴᠢᠳᠠᠮᠵᠢ  ᠪᠠᠨ ᠴᠢᠩᠭᠠᠳᠬᠨ᠂ ᠵᠠᠰᠠᠭ ᠵᠠᠭᠢᠷᠭᠠᠨ ᠤ ᠴᠢᠳᠠᠪᠤᠷᠢ ᠪᠠ ᠦᠢᠯᠡᠴᠢᠯᠡᠭᠡᠨ ᠤ ᠳᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠦᠭᠰᠠᠨ ᠪᠠᠶᠢᠨ᠎ᠠ᠃ ᠠᠷᠠᠳ ᠲᠦᠮᠠᠨ ᠳᠤ ᠦᠢᠯᠡᠴᠢᠯᠡᠭᠦ ᠶᠢ ᠢᠮᠠᠭᠳᠠ ᠪᠠᠷᠢᠮᠳᠠᠯᠠᠪᠠ᠃ ︽ᠬᠤᠶᠠᠷ ᠢ ᠰᠤᠷᠤᠯᠴᠠᠵᠤ ᠭᠢᠷᠢ ᠳᠡᠩᠴᠡᠭᠰᠠᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠭᠦᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠭᠦᠯᠵᠤ᠂ ︽ᠳᠦᠷᠪᠡᠨ ᠰᠤᠷᠳᠠᠯ︾ ᠤᠨ ᠳᠤᠪᠤᠶᠢᠮ᠎ᠠ ᠠᠰᠠᠭᠤᠳᠠᠯ ᠪᠠ ︽ᠴᠢᠩᠭ᠎ᠠ ᠪᠢᠰᠢ ᠪᠤᠳᠠᠳᠠᠢ ᠪᠢᠰᠢ︾ ᠠᠰᠠᠭᠤᠳᠠᠯ ᠢ ᠦᠷᠭᠦᠯᠵᠢᠯᠠᠨ ᠰᠢᠢᠳᠪᠤᠷᠢᠯᠡᠵᠤ᠂ ᠵᠠᠰᠠᠭ ᠤᠨ ᠤᠷᠳᠤᠨ ᠤ ᠰᠢᠰᠲ᠋ᠧᠮ ᠤᠨ ᠰᠤᠷᠳᠠᠯ  ᠤᠨ ᠪᠦᠳᠦᠭᠡᠨ ᠪᠠᠶᠢᠭᠤᠯᠤᠯᠳᠠ ᠶᠢ ᠳᠠᠰᠤᠷᠠᠯᠳᠠ ᠦᠭᠡᠢ ᠰᠠᠶᠢᠵᠢᠷᠠᠭᠤᠯᠤᠨ᠂ ᠠᠵᠢᠯ ᠭᠢᠵᠤ ᠦᠢᠯᠡᠰ ᠪᠤᠰᠬᠠᠬᠤ ᠤᠷᠭᠢᠯᠤᠮ᠎ᠠ ᠰᠡᠳᠭᠢᠯᠭᠡ ᠶᠢ ᠳᠠᠰᠤᠷᠠᠯᠳᠠ ᠦᠭᠡᠢ ᠨᠢᠬᠳᠠᠷᠠᠭᠤᠯᠵᠠᠢ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠢᠮᠠᠭᠳᠠ ᠪᠠᠷᠢᠮᠳᠠᠯᠠᠪᠠ᠃ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠵᠢᠴᠢ ᠳᠡᠭᠦᠨ ᠤ ᠪᠠᠶᠢᠡᠭᠭᠤ ᠶᠢᠨ ᠬᠤᠷᠢᠶᠠᠨ ᠤ ᠰᠢᠢᠳᠪᠤᠷᠢ ᠪᠠ ᠳᠤᠭᠳᠠᠭᠠᠯ ᠢ ᠪᠦᠭᠦ ᠳᠠᠯ᠎ᠠ ᠪᠠᠷ ᠭᠡᠷᠡᠭᠵᠢᠭᠦᠯᠵᠤ᠂ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠭᠢᠨᠠᠯᠳᠠ᠂ ᠬᠠᠤᠯᠢ ᠴᠠᠭᠠᠵᠠ ᠶᠢᠨ ᠭᠢᠨᠠᠯᠳᠠ ᠪᠠ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠠᠭᠰᠠᠨ ᠭᠢᠨᠠᠯᠳᠠ ᠶᠢ ᠰᠠᠨᠠᠭᠠᠴᠢᠯᠠᠭ᠎ᠠ ᠠᠴᠠ ᠪᠠᠨ ᠭᠦᠯᠢᠶᠠᠵᠤ᠂ ᠡᠯ᠎ᠠ ᠠᠷᠠᠳᠴᠢᠯᠠᠭᠰᠠᠨ ᠨᠠᠮ ᠪᠦᠯᠦᠭ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠤᠨ ᠪᠤᠰᠤ ᠭᠦᠮᠦᠰ ᠪᠠ ᠠᠷᠠᠳ ᠤᠨ ᠪᠦᠯᠭᠦᠮ ᠤᠨ ᠰᠠᠨᠠᠯ ᠢ ᠨᠠᠷᠢᠨ ᠭᠢᠨᠠᠮᠠᠭᠠᠢ ᠰᠤᠨᠤᠰᠴᠤ᠂ 63 ᠬᠤᠪᠢ ᠠᠷᠠᠳ ᠤᠨ ᠳᠦᠯᠦᠭᠡᠯᠡᠭᠴᠢᠳ ᠤᠨ ᠰᠠᠨᠠᠯ᠂ 45 ᠬᠤᠪᠢ ᠤᠯᠤᠰ ᠳᠦᠷᠦ ᠶᠢᠨ ᠵᠦᠪᠯᠡᠯᠭᠡᠨ ᠤ ᠰᠠᠨᠠᠯ ᠲᠣᠷᠠᠳᠣᠯᠭ᠎ᠠ᠂ 6 ᠬᠤᠪᠢ ᠨᠡᠶᠢᠭᠡᠮ ᠤᠨ ᠪᠠᠶᠢᠳᠠᠯ ᠠᠷᠠᠳ ᠤᠨ ᠰᠠᠨᠠᠯ ᠢ ᠭᠦᠢᠴᠡᠳᠭᠡᠵᠤ ᠳᠠᠭᠤᠰᠪᠠ᠃ ᠦᠭᠡᠷᠡᠴᠢᠯᠡᠯᠳᠠ ᠭᠢᠵᠤ ᠰᠢᠨ᠎ᠠ ᠶᠢ ᠡᠭᠦᠳᠭᠦ ᠶᠢ ᠢᠮᠠᠭᠳᠠ ᠪᠠᠷᠢᠮᠳᠠᠯᠠᠪᠠ᠃ ︽ᠵᠠᠰᠠᠭ ᠵᠠᠭᠢᠷᠭᠠᠨ ᠤ ᠡᠷᠭᠡ ᠶᠢ ᠳᠤᠷᠤᠭᠰᠢ ᠪᠠᠭᠤᠯᠭᠠᠬᠤ᠂ ᠳᠦᠪ ᠭᠤᠤᠯᠴᠢ ᠪᠠᠷ ᠭᠢᠨᠠᠨ ᠬᠠᠮᠢᠶᠠᠷᠬᠤ ᠪᠠ ᠦᠨᠳᠤᠷ ᠦᠷ᠎ᠠ ᠠᠰᠢᠭᠳᠠᠢ ᠪᠠᠷ ᠦᠢᠯᠡᠴᠢᠯᠡᠭᠦ︾ ᠳᠠᠯ᠎ᠠ ᠶᠢᠨ ᠦᠭᠡᠷᠡᠴᠢᠯᠡᠯᠳᠠ ᠶᠢ ᠦᠷᠭᠦᠯᠵᠢᠯᠠᠨ ᠠᠭᠢᠭᠤᠯᠵᠤ᠂ ᠵᠠᠰᠠᠭ ᠵᠠᠭᠢᠷᠭᠠᠨ ᠤ ᠭᠢᠨᠠᠨ ᠵᠦᠪᠰᠢᠶᠡᠷᠡᠭᠦ ᠳᠦᠷᠢᠮ ᠢ ᠳᠡᠭᠦᠯᠳᠡᠷᠵᠢᠭᠦᠯᠤᠨ᠂ ᠦᠯᠡᠳᠡᠭᠡᠭᠰᠠᠨ 83 ᠳᠦᠷᠦᠯ ᠤᠨ ᠭᠢᠨᠠᠨ ᠵᠦᠪᠰᠢᠶᠡᠷᠡᠭᠦ ᠵᠦᠢᠯ ᠢ ᠪᠦᠭᠦᠨ ᠢ ᠬᠤᠳᠠ ᠶᠢᠨ ᠠᠷᠠᠳ ᠲᠤ ᠦᠢᠯᠡᠴᠢᠯᠡᠭᠦ ᠶᠡᠭᠡ ᠳᠢᠩᠭᠢᠮ ᠳᠤ ᠤᠷᠤᠭᠤᠯᠵᠤ᠂ ︽ᠨᠢᠭᠡᠯᠠ ᠦᠷᠳᠡᠭᠡ  ᠳᠤ ᠦᠢᠯᠡᠴᠢᠯᠡᠭᠦ︾ ᠶᠢ ᠪᠠᠶᠠᠯᠡᠭᠦᠯᠦᠭᠰᠠᠨ ᠪᠠᠶᠢᠨ᠎ᠠ︔ ᠬᠤᠰᠢᠭᠤ ᠰᠢᠶᠠᠩ ᠢ ᠬᠠᠮᠤᠷᠠᠭᠰᠠᠨ ᠡᠯᠧᠺᠲᠷᠤᠨ ᠵᠠᠰᠠᠭ ᠤᠨ ᠶᠠᠪᠤᠳᠠᠯ ᠤᠨ ᠰᠢᠰᠲ᠋ᠧᠮ ᠢ ᠪᠠᠶᠢᠭᠤᠯᠵᠤ᠂ ᠤᠯᠠᠨ ᠲᠦᠮᠠᠨ ᠳᠤ ᠨᠡᠩ ᠳᠦᠭᠦᠮ ᠳᠦᠳᠠ ᠦᠢᠯᠡᠴᠢᠯᠡᠭᠡ ᠬᠠᠨᠭ᠍ᠭᠠᠬᠤ ᠪᠤᠯᠤᠭᠰᠠᠨ ᠪᠠᠶᠢᠨ᠎ᠠ᠃ ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠢᠮᠠᠭᠳᠠ ᠪᠠᠷᠢᠮᠳᠠᠯᠠᠪᠠ᠃ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠪᠦᠭᠦ ᠳᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠰᠢᠰᠲ᠋ᠧᠮ  ᠤᠨ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠠᠷᠠᠯ ᠢ ᠡᠰᠡᠷᠭᠦᠴᠡᠭᠦ ᠳᠡᠮᠡᠴᠡᠯ ᠢ ᠢᠳᠡᠪᠭᠢᠳᠠᠢ ᠠᠭᠢᠭᠤᠯᠵᠤ᠂ ᠭᠢᠨᠠᠨ ᠪᠤᠳᠤᠯᠳᠠ ᠪᠠᠷ ᠭᠢᠨᠠᠯᠳᠠ ᠳᠠᠯᠪᠢᠬᠤ ᠪᠠ ᠵᠠᠰᠠᠭ ᠵᠠᠭᠢᠷᠭᠠᠨ ᠤ ᠭᠢᠨᠠᠨ ᠪᠠᠶᠢᠴᠠᠭᠠᠬᠤ ᠶᠢ ᠴᠢᠩᠭᠠᠷᠠᠭᠤᠯᠤᠨ᠂ ᠡᠷᠭᠡ ᠬᠠᠷᠢᠭᠤᠴᠠᠯᠭ᠎ᠠ ᠶᠢᠨ ᠳᠠᠩᠰᠠ ᠶᠢ ᠨᠡᠶᠢᠭᠡᠮ ᠨᠡᠶᠢᠳᠠ ᠳᠤ ᠢᠯᠠ ᠪᠠᠷ ᠨᠡᠶᠢᠳᠡᠯᠡᠨ᠂ ᠠᠯᠪᠠᠨ ᠮᠠᠰᠢᠨ ᠳᠡᠷᠭᠡᠨ ᠤ ᠳᠦᠷᠢᠮ ᠤᠨ ᠦᠭᠡᠷᠡᠴᠢᠯᠡᠯᠳᠠ ᠶᠢ ᠪᠠᠶᠠᠯᠡᠭᠦᠯᠵᠤ᠂ ᠭᠤᠷᠪᠠᠨ ᠵᠦᠢᠯ ᠤᠨ ᠠᠯᠪᠠᠨ ᠤ ᠵᠠᠷᠤᠳᠠᠯ ᠢ ᠳᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 7% ᠪᠠᠷ ᠪᠠᠭᠤᠷᠠᠭᠤᠯᠤᠭᠰᠠᠨ ᠪᠠᠶᠢᠨ᠎ᠠ᠃      ᠳᠦᠯᠦᠭᠡᠯᠡᠭᠴᠢᠳ ᠡ᠂ ᠦᠡᠭᠭᠡᠷᠡᠭᠰᠠᠨ ᠨᠢᠭᠡ ᠵᠢᠯ ᠪᠤᠯ ᠪᠢᠳᠠ ᠠᠵᠤ ᠠᠬᠤᠢ ᠶᠢᠨ ᠭᠦᠭᠵᠢᠯᠳᠠ ᠣᠳᠠᠭᠠᠰᠢᠷᠠᠨ ᠳᠠᠷᠤᠭᠠᠰᠤ ᠦᠷᠭᠦᠯᠵᠢᠯᠠᠨ ᠨᠡᠮᠡᠭᠳᠡᠵᠤ᠂ ᠬᠦᠨ ᠳᠠᠪᠬᠤᠷᠭ᠎ᠠ ᠶᠢᠨ ᠵᠦᠷᠢᠴᠡᠯ ᠶᠠᠪᠤᠬᠤ ᠳᠤᠳᠤᠮ ᠳᠤᠪᠤᠶᠢᠮ᠎ᠠ ᠪᠤᠯᠤᠰᠠᠨ ᠪᠠᠶᠢᠳᠠᠯ ᠳᠤᠤᠷ᠎ᠠ ᠭᠦᠴᠢᠷ ᠢ ᠳᠠᠪᠠᠨ ᠤᠷᠤᠭᠰᠢᠯᠠᠭᠰᠠᠨ ᠨᠢᠭᠡ ᠵᠢᠯ᠂ ︽ᠭᠤᠷᠪᠠᠨ ᠬᠤᠭᠤᠴᠠᠭ᠎ᠠ ᠳᠠᠪᠬᠤᠷᠯᠠᠨ︾᠂ ︽ᠤᠯᠠᠨ ᠳᠠᠪᠠᠭ᠎ᠠ︾ ᠶᠢᠨ ᠳᠤᠮᠳᠠ ᠯᠠᠪᠳᠠᠭᠤᠨ ᠪᠠᠳᠤᠳᠠᠢ ᠪᠠᠷ ᠰᠢᠷᠭᠠᠭᠤ ᠬᠠᠳᠠᠭᠤᠵᠢᠯᠳᠠᠢ ᠠᠵᠢᠯᠯᠠᠭᠰᠠᠨ ᠨᠢᠭᠡ ᠵᠢᠯ ᠪᠤᠯᠬᠤ ᠶᠤᠮ᠃ ᠡᠨᠡ ᠨᠢᠭᠡ ᠵᠢᠯ ᠳᠤ᠂ ᠪᠢᠳᠠ ᠵᠤᠷᠢᠭᠳᠠᠢ ᠰᠢᠪᠳᠤᠯᠪᠠᠯ ᠰᠠᠶ᠋ᠢ ᠠᠮᠵᠢᠯᠳᠠ ᠤᠯᠬᠤ ᠵᠤᠷᠢᠭ ᠰᠠᠨᠠᠭ᠎ᠠ ᠶᠢ ᠪᠠᠷᠢᠮᠳᠠᠯᠠᠨ᠂ ᠵᠤᠷᠢᠭᠳᠠᠢ ᠪᠠᠷ ᠰᠢᠪᠳᠤᠯᠤᠯᠳᠠ ᠭᠢᠵᠤ᠂ ᠰᠢᠨ᠎ᠠ ᠶᠢ ᠡᠭᠦᠳᠤᠨ ᠬᠤᠪᠢᠷᠠᠯᠳᠠ ᠶᠢ ᠪᠤᠳᠤᠯᠭᠢᠯᠠᠵᠤ᠂ ᠰᠢᠨ᠎ᠠ ᠭᠡᠯᠪᠡᠷᠢ ᠶᠢᠨ ᠠᠵᠤ ᠦᠢᠯᠡᠳᠪᠤᠷᠢ ᠶᠢᠨ ᠠᠵᠤ ᠠᠬᠤᠢ ᠶᠢᠨ ᠭᠦᠷᠢᠶᠡᠯᠡᠩ ᠳᠤᠭᠤᠷᠢᠭ ᠤᠨ ᠪᠦᠳᠦᠭᠡᠨ ᠪᠠᠶᠢᠭᠤᠯᠤᠯᠳᠠ  ᠶᠢ ᠰᠡᠳᠭᠢᠯ ᠳᠠᠯᠪᠢᠨ ᠤᠬᠠᠭᠠᠯᠠᠨ ᠳᠦᠰᠦᠪᠯᠡᠵᠤ᠂ ᠨᠡᠶᠢᠭᠡᠮ ᠤᠨ ᠡᠳ᠋ ᠭᠦᠷᠦᠩᠭᠡ ᠶᠢ ᠳᠠᠳᠠᠨ ᠤᠷᠤᠭᠤᠯᠬᠤ ᠳᠠᠯ᠎ᠠ  ᠪᠠᠷ ᠰᠢᠨ᠎ᠠ ᠶᠢ ᠡᠭᠦᠳᠤᠨ ᠪᠠᠯᠠ ᠤᠷᠤᠭᠤᠯᠤᠯᠳᠠ ᠪᠠᠨ ᠨᠡᠮᠡᠭᠳᠡᠭᠦᠯᠵᠤ᠂ ᠪᠤᠭᠤᠮᠳᠠ ᠶᠢᠨ ᠭᠦᠭᠵᠢᠯᠳᠠ ᠶᠢ ᠪᠦᠭᠦ ᠭᠦᠴᠤᠨ ᠢᠶᠠᠷ ᠢᠶᠠᠨ ᠠᠭᠢᠭᠤᠯᠤᠨ᠂ ᠮᠤᠩᠭᠤᠯ ᠳᠡᠰᠢ ᠨᠡᠭᠡᠭᠡᠯᠳᠠ ᠭᠢᠵᠤ᠂ ᠠᠷᠭ᠎ᠠ ᠪᠦᠭᠦᠨ ᠢ ᠰᠦᠪᠡᠭᠴᠢᠯᠠᠨ ᠭᠦᠭᠵᠢᠯᠳᠠ ᠶᠢᠨ ᠰᠢᠨ᠎ᠠ ᠳᠠᠪᠠᠭᠤᠯᠢᠭ ᠢ ᠡᠭᠦᠳᠪᠡ᠃ ᠡᠨᠡ ᠨᠢᠭᠡ ᠵᠢᠯ ᠳᠤ᠂ ᠪᠢᠳᠠ ᠴᠢᠷᠮᠠᠶᠢᠪᠠᠯ ᠰᠠᠶ᠋ᠢ ᠬᠠᠷᠠᠯᠳᠠ  ᠳᠠᠭᠠᠨ ᠭᠦᠷᠳᠡᠭ ᠦᠵᠡᠯᠳᠠ ᠶᠢ ᠪᠠᠷᠢᠮᠳᠠᠯᠠᠨ᠂ ᠭᠦᠴᠢᠷ ᠤᠨ ᠦᠭᠡᠳᠠ ᠠᠴᠠ ᠤᠷᠤᠭᠰᠢᠯᠠᠨ ᠢᠳᠡᠪᠭᠢᠳᠠᠢ ᠪᠠᠷ ᠠᠵᠢᠯᠯᠠᠵᠤ᠂ ᠪᠠᠶᠢᠰᠢᠩ ᠭᠡᠷ ᠲᠣᠭᠤᠷᠢᠭ ᠤᠨ ᠪᠦᠳᠦᠭᠡᠨ ᠪᠠᠶᠢᠭᠤᠯᠤᠯᠳᠠ ᠶᠢ ᠪᠦᠭᠦ ᠭᠦᠴᠦᠨ ᠢᠶᠠᠷ ᠢᠶᠠᠨ ᠠᠭᠢᠭᠤᠯᠤᠨ᠂ ᠳᠡᠭᠡᠷ᠎ᠡ ᠳᠤᠤᠷ᠎ᠠ ᠱᠠᠳᠤ ᠭᠡᠰᠠᠨ ᠦᠭᠡᠢ ᠰᠡᠳᠭᠢᠯ ᠢᠶᠠᠨ ᠨᠢᠭᠡᠳᠭᠡᠨ ᠵᠤᠷᠢᠭ ᠢᠶᠠᠨ ᠬᠠᠮᠳᠤᠳᠬᠠᠵᠤ ︽ᠠᠷᠪᠠ ᠶᠢ ᠪᠦᠷᠭᠦᠭᠦᠯᠭᠦ︾ ᠢᠨᠵᠢᠨᠧᠷᠢᠩ ᠤᠨ ᠪᠦᠳᠦᠭᠡᠨ ᠪᠠᠶᠢᠭᠤᠯᠤᠯᠳᠠ ᠶᠢ ᠭᠦᠴᠦᠯᠠᠨ ᠠᠭᠢᠭᠤᠯᠵᠤ᠂ ᠬᠤᠳᠠ ᠬᠦᠳᠡᠭᠡ ᠶᠢᠨ ᠳᠦᠷᠢ ᠳᠦᠷᠭᠦ ᠳᠤ ᠴᠤ᠋ ᠰᠢᠨ᠎ᠠ ᠬᠤᠪᠢᠷᠠᠯᠳᠠ ᠲᠠᠢ ᠪᠤᠯᠭᠠᠵᠤ᠂ ᠤᠯᠠᠨ ᠲᠦᠮᠠᠨ ᠤ ᠲᠣᠬᠢᠯᠢᠭ ᠣᠷᠣᠨ ᠰᠠᠭᠤᠴᠠ ᠶᠢᠨ ᠮᠦᠷᠦᠭᠡᠳᠦᠯ ᠢ ᠪᠠᠶᠠᠯᠡᠭᠦᠯᠪᠡ᠃ ᠡᠨᠡ ᠨᠢᠭᠡ ᠵᠢᠯ ᠳᠤ᠂ ᠪᠢᠳᠠ ᠳᠦᠷᠭᠡᠨ ᠤᠷᠤᠭᠰᠢᠯᠠᠪᠠᠯ ᠰᠠᠶ᠋ᠢ ᠭᠦᠭᠵᠢᠵᠤ ᠴᠢᠳᠠᠬᠤ ᠢᠳᠡᠭᠡᠯ ᠵᠤᠷᠢᠭ ᠢ ᠪᠤᠢ ᠪᠤᠯᠭᠠᠵᠤ᠂ ᠨᠢᠭᠡᠯᠠ ᠰᠡᠳᠭᠢᠯ ᠢᠶᠠᠷ ᠴᠢᠷᠮᠠᠶᠢᠨ᠂ ︽ᠭᠤᠷᠪᠠᠨ ᠬᠤᠳᠠ ᠶᠢ ᠬᠠᠮᠳᠤ ᠳᠤᠨᠢ ᠪᠠᠶᠢᠭᠤᠯᠬᠤ︾ ᠳᠠᠯ᠎ᠠ ᠪᠠᠷ ᠢᠯᠡᠷᠭᠡᠢ ᠠᠮᠵᠢᠯᠳᠠ ᠤᠯᠵᠤ᠂ ᠪᠤᠭᠤᠮᠳᠠ ᠶᠢᠨ ᠠᠷᠠᠯᠵᠢᠶ᠎ᠠ ᠳᠠᠭᠢᠨ ᠢᠶᠠᠷ ᠨᠡᠮᠡᠭᠳᠡᠨ᠂ ᠳᠡᠮᠤᠷ ᠵᠠᠮ᠂ ᠵᠠᠰᠠᠮᠠᠯ ᠵᠠᠮ᠂ ᠨᠢᠰᠭᠡᠯ ᠤᠨ ᠪᠠᠭᠤᠳᠠᠯ ᠤᠨ ᠪᠠᠶᠢᠭᠤᠯᠤᠯᠳᠠ ᠶᠢ ᠬᠠᠮᠳᠤ ᠳᠤᠨᠢ ᠠᠳᠬᠤᠨ᠂ ᠭᠦᠭᠵᠢᠯᠳᠠ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃      ᠡᠳᠡᠭᠡᠷ ᠭᠢᠷᠢ ᠪᠦᠳᠦᠮᠵᠢ ᠶᠢ ᠤᠯᠤᠭᠰᠠᠨ ᠨᠢ ᠳᠤᠶᠢᠯ ᠤᠨ ᠭᠢᠯᠪᠡᠷ ᠪᠤᠰᠤ ᠶᠤᠮ᠃ ᠡᠨᠡ ᠪᠤᠯ ᠬᠤᠰᠢᠭᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ᠂ ᠰᠢᠨᠵᠢᠯᠡᠭᠦ ᠤᠬᠠᠭᠠᠨᠴᠢ ᠰᠢᠢᠳᠪᠤᠷᠢ ᠶᠢᠨ ᠦᠷ᠎ᠠ ᠳ᠋ᠦᠡᠭ᠂ ᠬᠤᠰᠢᠭᠤᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠪᠠ ᠬᠤᠰᠢᠭᠤᠨ ᠤ ᠤᠯᠤᠰ ᠳᠦᠷᠦ ᠶᠢᠨ ᠵᠦᠪᠯᠡᠯᠭᠡᠨ ᠤ ᠪᠦᠳᠦᠮᠵᠢᠳᠠᠢ ᠭᠢᠨᠠᠯᠳᠠ᠂ ᠭᠦᠴᠤᠳᠤ ᠳᠡᠮᠵᠢᠯᠭᠡ ᠶᠢᠨ ᠦᠷ᠎ᠠ ᠳ᠋ᠦᠡᠭ ᠮᠦᠨ᠃ ᠨᠡᠩ ᠴᠤ ᠪᠦᠭᠦ ᠬᠤᠰᠢᠭᠤᠨ ᠤ ᠦᠨᠳᠤᠰᠤᠳᠠᠨ ᠨᠦᠭᠦᠳ ᠤᠨ ᠺᠠᠳ᠋ᠷ ᠤᠯᠠᠨ ᠲᠦᠮᠠᠨ ᠤ ᠪᠦᠯᠭᠦᠮᠳᠡᠨ ᠳᠡᠮᠡᠴᠡᠵᠤ᠂ ᠬᠠᠳᠠᠭᠤᠵᠢᠯᠳᠠᠢ ᠲᠡᠮᠡᠴᠡᠭᠰᠡᠨ ᠤ ᠦᠷ᠎ᠠ ᠳ᠋ᠦᠡᠭ ᠪᠤᠯᠬᠤ ᠶᠤᠮ᠃ ᠨᠢᠭᠡ ᠵᠢᠯ ᠤᠨ ᠳᠤᠷᠰᠢ᠂ ᠡᠯ᠎ᠠ ᠱᠠᠳᠤᠨ ᠤ ᠺᠠᠳ᠋ᠷᠴᠣᠳ ᠰᠢᠨ᠎ᠠ ᠭᠡᠪ ᠪᠠᠶᠢᠳᠠᠯ ᠳᠤ ᠵᠤᠭᠢᠴᠠᠭᠤᠯᠤᠨ᠂ ᠭᠤᠤᠯ ᠠᠵᠢᠯ ᠤᠨ ᠹᠷᠤᠨᠲ ᠲᠤ ᠦᠨᠳᠦᠰᠦᠯᠡᠵᠣ᠂ ᠤᠯᠠᠨ ᠢ ᠳᠠᠭᠠᠭᠤᠯᠤᠨ ᠭᠦᠴᠢᠷ ᠢ ᠳᠤᠭᠤᠯᠵᠤ ᠬᠠᠷᠢᠭᠤᠴᠠᠯᠭ᠎ᠠ ᠪᠠᠨ ᠡᠭᠦᠷᠭᠡᠯᠠᠨ᠂ ᠠᠯᠢ ᠤᠯᠠᠨ ᠬᠦᠴᠢᠷ ᠠᠰᠠᠭᠤᠳᠠᠯ ᠶᠢ ᠰᠢᠢᠳᠪᠦᠷᠢᠯᠡᠪᠠ︔ ᠦᠷᠭᠡᠨ ᠤᠯᠠᠨ ᠠᠷᠠᠳ ᠲᠦᠮᠠᠨ ᠴᠤ ᠭᠦᠭᠵᠢᠯᠳᠠ ᠶᠢ ᠬᠠᠯᠠᠮᠵᠢᠯᠠᠨ ᠳᠡᠮᠵᠢᠵᠤ᠂ ᠪᠦᠳᠦᠭᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠨ᠂ ᠰᠠᠶᠢᠨ ᠰᠠᠶᠢᠬᠠᠨ ᠢᠷᠡᠭᠡᠳᠤᠢ ᠪᠠᠨ ᠵᠢᠷᠤᠭᠯᠠᠨ᠂ ᠦᠵᠡᠮᠵᠢ ᠭᠤᠶᠤ ᠭᠡᠷ ᠤᠷᠤᠨ ᠢᠶᠠᠨ ᠬᠠᠮᠳᠤ ᠪᠠᠷ ᠪᠠᠶᠢᠭᠤᠯᠵᠤ᠂ ᠨᠡᠩ ᠤᠯᠠᠨ ᠵᠦᠪ ᠡᠨᠧᠷᠭᠢ ᠶᠢ ᠬᠤᠷᠠᠮᠳᠤᠭᠤᠯᠪᠠ︔ ᠦᠷᠭᠡᠨ ᠤᠯᠠᠨ ᠠᠵᠤ ᠠᠬᠤᠶᠢᠯᠠᠯ ᠤᠨ ᠬᠢᠨ ᠪᠠ ᠦᠢᠯᠡᠰ ᠪᠤᠰᠬᠠᠭᠴᠢᠳ ᠭᠦᠭᠵᠢᠯᠳᠠ ᠶᠢᠨ ᠡᠷᠴᠢ ᠵᠤᠷᠢᠭ ᠢᠶᠠᠨ ᠪᠠᠳᠤᠯᠠᠨ᠂ ᠭᠦᠰᠡᠯ ᠡᠷᠡᠮᠵᠢᠯᠡᠯ ᠢᠶᠠᠨ ᠪᠠᠷᠢᠮᠳᠠᠯᠠᠵᠤ᠂ ᠵᠤᠷᠢᠭᠳᠠᠢ ᠪᠠᠷ ᠭᠦᠴᠢᠷ ᠢ ᠰᠢᠪᠳᠤᠯᠤᠨ᠂ ᠭᠦᠭᠵᠢᠯᠳᠠ ᠶᠢᠨ ᠰᠢᠨ᠎ᠠ ᠢᠷᠡᠭᠡᠳᠤᠢ ᠶᠢ ᠨᠡᠭᠡᠭᠡᠪᠡ᠃ ᠠᠳᠠ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠨ᠂ ᠪᠦᠭᠦ ᠬᠤᠰᠢᠭᠤᠨ ᠤ ᠡᠯ᠎ᠡ ᠦᠨᠳᠤᠰᠤᠳᠠᠨ ᠤ ᠠᠷᠠᠳ ᠲᠦᠮᠠᠨ ᠪᠤᠯᠤᠨ ᠳᠠᠷᠬᠠᠨ ᠮᠤᠤᠮᠢᠩᠭᠠᠨ ᠤ ᠭᠦᠭᠵᠢᠯᠳᠠ ᠪᠠ ᠪᠦᠳᠦᠭᠡᠨ ᠪᠠᠶᠢᠭᠤᠯᠤᠯᠳᠠ ᠶᠢ ᠬᠠᠯᠠᠮᠵᠢᠯᠠᠨ ᠳᠡᠮᠵᠢᠭᠰᠡᠨ ᠨᠠᠶᠢᠵᠠ ᠨᠦᠭᠦᠳ ᠲᠤ ᠴᠢᠩ ᠰᠡᠳᠭᠢᠯ ᠤᠨ ᠳᠠᠯᠠᠷᠬᠠᠯ ᠪᠠ ᠬᠦᠨᠳᠤᠳᠭᠡᠯ ᠢᠶᠠᠨ ᠳᠡᠪᠰᠢᠭᠦᠯᠦᠶ᠎ᠠ︕      ᠭᠢᠷᠢ ᠪᠦᠳᠦᠮᠵᠢ ᠪᠠᠨ ᠳ᠋ᠦᠡᠭᠨᠡᠨ ᠦᠨᠡᠯᠡᠭᠦ ᠶᠢᠨ ᠵᠡᠷᠭᠡ ᠪᠠᠷ ᠪᠢᠳᠠ ᠪᠠᠰᠠ ᠡᠷᠭᠡᠪᠰᠢ ᠤᠷᠤᠰᠢᠵᠤ ᠪᠠᠶᠢᠭ᠎ᠠ ᠭᠦᠴᠢᠷᠳᠠᠯ ᠪᠠ ᠠᠰᠠᠭᠤᠳᠠᠯ ᠢᠶᠠᠨ ᠰᠡᠷᠭᠡᠭ ᠢᠶᠠᠷ ᠳᠠᠨᠢᠬᠤ ᠭᠡᠷᠡᠭᠳᠡᠢ᠄ ᠨᠢᠭᠡ ᠨᠢ᠂ ᠠᠵᠤ ᠦᠢᠯᠡᠰ ᠤᠨ ᠭᠦᠭᠵᠢᠯᠳᠠ  ᠶᠢᠨ ᠳᠡᠰ ᠳᠠᠪᠬᠤᠷᠭ᠎ᠠ ᠶᠢ ᠳᠡᠭᠡᠭᠰᠢᠯᠡᠭᠦᠯᠭᠦ ᠴᠢᠬᠤᠯᠠᠳᠠᠢ ᠪᠠᠶᠢᠨ᠎ᠠ᠃ ᠳᠠᠷᠢᠶᠠᠯᠠᠩ ᠮᠠᠯ ᠠᠵᠤ ᠠᠬᠤᠢ ᠶᠢᠨ ᠡᠷᠴᠢᠮᠵᠢᠭᠦᠯᠦᠯᠳᠠ᠂ ᠤᠳᠤᠭᠢᠴᠢᠯᠠᠯᠳᠠ ᠶᠢᠨ ᠭᠡᠮᠵᠢᠶ᠎ᠠ ᠮᠦᠨ ᠯᠠ ᠳᠤᠤᠷ᠎ᠠ ᠪᠠᠶᠢᠭᠰᠠᠭᠠᠷ᠂ ᠳᠠᠭᠠᠭᠤᠯᠤᠭᠴᠢ ᠠᠵᠤ ᠠᠬᠤᠶᠢᠯᠠᠯ ᠪᠠ ᠳᠤᠰᠬᠠᠶᠢᠵᠢᠭᠰᠠᠨ ᠬᠤᠷᠰᠢᠶᠠᠵᠢᠯ ᠤᠨ ᠵᠤᠭᠢᠶᠠᠨ ᠪᠠᠶᠢᠭᠤᠯᠤᠯᠳᠠ ᠶᠢᠨ ᠳᠠᠶᠢᠴᠢᠯᠠᠨ ᠳᠠᠭᠠᠭᠤᠯᠬᠤ ᠦᠢᠯᠡᠳᠦᠯ ᠴᠢᠩᠭ᠎ᠠ ᠪᠢᠰᠢ ᠪᠠᠶᠢᠭᠰᠠᠭᠠᠷ᠃ ᠠᠵᠤ ᠦᠢᠯᠡᠳᠪᠤᠷᠢ ᠶᠢᠨ ᠠᠵᠤ ᠠᠬᠤᠢ ᠶᠢᠨ ᠳᠦᠭᠦᠭᠡᠢ ᠮᠠᠲ᠋ᠧᠷᠢᠶᠠᠯ ᠪᠠ ᠳᠤᠤᠷᠠᠳᠤ ᠳᠡᠰ ᠤᠨ ᠪᠤᠯᠪᠠᠰᠤᠷᠠᠭᠤᠯᠤᠯᠳᠠ ᠪᠠᠷ ᠭᠤᠤᠯ ᠪᠤᠯᠭᠠᠭᠠᠰᠨ ᠠᠵᠤ ᠦᠢᠯᠡᠰ ᠤᠨ ᠡᠵᠡᠯᠡᠭᠦ ᠬᠠᠷᠢᠴᠠᠯ ᠶᠡᠭᠡ᠂ ᠭᠡᠯᠭᠢᠶᠠᠵᠢᠯ ᠨᠢ ᠪᠤᠭᠤᠨᠢ ᠨᠡᠮᠡᠯᠳᠠ ᠦᠷᠳᠡᠭ ᠨᠢ ᠳᠤᠤᠷ᠎ᠠ ᠪᠠᠶᠢᠭᠰᠠᠭᠠᠷ᠃ ᠤᠯᠠᠮᠵᠢᠯᠠᠯᠳᠤ ᠦᠢᠯᠡᠴᠢᠯᠡᠭᠡᠨ ᠤ ᠦᠢᠯᠡᠰ  ᠨᠢ ᠮᠦᠨ ᠯᠠ ᠭᠤᠤᠯᠯᠠᠬᠤ ᠪᠠᠶᠢᠷᠢ ᠶᠢ ᠡᠵᠡᠯᠡᠵᠤ᠂ ᠪᠤᠭᠤᠮᠳᠠ ᠶᠢ ᠭᠦᠭᠵᠢᠭᠦᠯᠭᠦ ᠡᠷᠴᠢᠮ ᠢᠶᠠᠨ ᠦᠷᠭᠦᠯᠵᠢᠯᠠᠨ ᠴᠢᠩᠭᠠᠳᠬᠠᠬᠤ ᠴᠢᠬᠤᠯᠠᠳᠠᠢ ᠪᠠᠶᠢᠵᠤ᠂ ᠰᠤᠶᠤᠯ ᠵᠢᠭᠤᠯᠴᠢᠯᠠᠯ ᠤᠨ ᠠᠵᠤ ᠦᠢᠯᠡᠰ ᠲᠤ ᠵᠠᠩᠭᠢᠯᠠᠭ᠎ᠠ ᠶᠢᠨ ᠴᠢᠨᠡᠷᠳᠠᠢ ᠦᠢᠯᠡᠳᠭᠦᠨ ᠳᠤᠳᠠᠵᠤ ᠪᠠᠶᠢᠨ᠎ᠠ᠃ ᠬᠤᠶᠠᠷ ᠨᠢ᠂ ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ  ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠴᠢᠬᠤᠯᠠᠳᠠᠢ᠃ ᠳᠦᠷᠦᠯ ᠵᠦᠢᠯ ᠤᠨ ᠳᠦᠰᠦᠪᠯᠡᠯᠳᠠ ᠶᠢ ᠳᠡᠭᠡᠷ᠎ᠠ ᠱᠠᠳᠤᠨ ᠤ ᠳᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ᠂ ᠠᠵᠤ ᠦᠢᠯᠡᠰ ᠤᠨ ᠪᠠᠶᠢᠷᠢᠰᠢᠭᠤᠯᠤᠯᠳᠠ᠂ ᠭᠦᠭᠵᠢᠯᠳᠠ ᠶᠢᠨ ᠳᠦᠯᠦᠪᠵᠢᠭᠦᠯᠭᠡ ᠲᠠᠢ ᠠᠪᠣᠴᠠᠯᠳᠣᠭᠤᠯᠬᠤ ᠳᠠᠯ᠎ᠠ ᠪᠠᠷ ᠭᠦᠷᠦᠯᠴᠡᠭᠦ ᠦᠭᠡᠢ ᠠᠴᠠ ᠪᠤᠯᠵᠤ ᠵᠠᠷᠢᠮ ᠳᠦᠷᠦᠯ ᠵᠦᠢᠯ ᠢ ᠪᠤᠳᠠᠳᠠᠢ ᠳᠤ ᠨᠠᠶᠢᠳᠠᠪᠤᠷᠢᠵᠢᠭᠤᠯᠤᠨ ᠭᠡᠷᠡᠭᠵᠢᠭᠦᠯᠵᠤ ᠳᠡᠶᠢᠯᠭᠦ ᠦᠭᠡᠢ ᠪᠠᠶᠢᠨ᠎ᠠ᠃ ᠠᠯᠤᠰ ᠭᠡᠳᠤ ᠶᠢᠨ ᠭᠦᠭᠵᠢᠯᠳᠠ ᠶᠢ ᠳᠤᠯᠭᠠᠭᠤᠷᠢᠯᠠᠵᠤ ᠳᠡᠶᠢᠯᠭᠦ ᠳᠤᠮᠤ ᠳᠦᠷᠦᠯ ᠵᠦᠢᠯ ᠴᠦᠭᠡᠨ᠂ ᠠᠵᠤ ᠠᠬᠤᠢ ᠶᠢᠨ ᠭᠦᠭᠵᠢᠯᠳᠠ ᠶᠢᠨ ᠰᠢᠨ᠎ᠠ ᠭᠦᠳᠡᠯᠭᠡᠭᠦ ᠭᠦᠴᠤᠨ ᠢ ᠪᠠᠰᠠ ᠪᠦᠭᠦ ᠳᠠᠯ᠎ᠠ ᠪᠠᠷ ᠪᠦᠷᠢᠯᠳᠦᠭᠦᠯᠵᠤ ᠳᠡᠶᠢᠯᠦᠭᠡ ᠦᠭᠡᠢ᠃ ᠪᠤᠯᠤᠮᠵᠢᠳᠤ ᠴᠢᠨᠡᠷ ᠤᠨ ᠮᠡᠳᠡᠭᠦᠯᠦᠯᠳᠠ᠂ ᠤᠷᠴᠢᠨ ᠳᠤᠭᠤᠷᠢᠨ ᠤ ᠬᠠᠮᠠᠭᠠᠯᠠᠯᠳᠠ ᠶᠢᠨ ᠭᠢᠨᠠᠨ ᠳᠤᠭᠳᠠᠭᠠᠯᠳᠠ᠂ ᠡᠨᠧᠷᠭᠢ ᠤᠨ ᠭᠢᠨᠠᠨ ᠳᠤᠭᠳᠠᠭᠠᠯᠳᠠ᠂ ᠭᠠᠵᠠᠷ ᠰᠢᠷᠤᠢ᠂ ᠤᠷᠴᠢᠨ ᠳᠤᠭᠤᠷᠢᠨ ᠢ ᠬᠠᠮᠠᠭᠠᠯᠠᠬᠤ ᠵᠡᠷᠭᠡ ᠳᠠᠯ᠎ᠠ ᠶᠢᠨ ᠭᠠᠷ ᠭᠦᠢᠴᠡᠳᠭᠡᠯ ᠢ ᠭᠦᠢᠴᠡᠳᠭᠡᠭᠦ ᠳᠤ ᠬᠠᠷᠢᠴᠠᠩᠭᠤᠢ ᠪᠠᠷ ᠤᠳᠠᠭᠠᠨ ᠪᠠᠶᠢᠵᠤ᠂ ᠤᠨᠴᠠᠭᠠᠢ ᠵᠠᠷᠢᠮ ᠳᠦᠷᠦᠯ ᠵᠦᠢᠯ ᠨᠢ ᠳᠤᠭᠳᠠᠭᠰᠠᠨ ᠴᠠᠭ  ᠲᠠᠭᠠᠨ ᠪᠦᠳᠦᠭᠡᠨ ᠪᠠᠶᠢᠭᠤᠯᠤᠯᠳᠠ ᠪᠠᠨ ᠡᠭᠢᠯᠡᠭᠦᠯᠵᠤ ᠳᠡᠶᠢᠯᠭᠦ ᠦᠭᠡᠢ ᠪᠠᠶᠢᠨ᠎ᠠ᠃ ᠵᠠᠷᠢᠮ ᠳᠦᠷᠦᠯ ᠵᠦᠢᠯ ᠨᠢ ᠪᠠᠷᠢᠯᠭ᠎ᠠ ᠪᠠᠨ ᠡᠭᠢᠯᠡᠭᠦᠯᠦᠭᠰᠠᠨ ᠪᠤᠯᠪᠠᠴᠤ ᠠᠭᠢᠯᠳᠠ ᠦᠭᠡᠢ᠂ ᠵᠠᠷᠢᠮ ᠳᠦᠷᠦᠯ ᠵᠦᠢᠯ ᠢ ᠨᠢ ᠠᠳᠬᠤᠵᠤ ᠪᠠᠶᠢᠭ᠎ᠠ ᠪᠤᠯᠪᠠᠴᠤ ᠴᠢᠩᠭ᠎ᠠ ᠪᠢᠰᠢ᠂ ᠳᠤᠭᠳᠠᠭᠰᠠᠨ ᠴᠠᠭ ᠲᠠᠭᠠᠨ ᠠᠰᠢᠭᠯᠠᠯᠳᠠ ᠳᠤ ᠤᠷᠤᠵᠤ ᠦᠷ᠎ᠠ ᠠᠰᠢᠭ ᠢᠶᠠᠨ ᠪᠠᠳᠠᠷᠠᠭᠤᠯᠵᠤ ᠴᠢᠳᠠᠭᠰᠠᠨ ᠦᠭᠡᠢ᠃ ᠭᠤᠷᠪᠠ ᠨᠢ᠂ ᠭᠦᠭᠵᠢᠯᠳᠠ ᠶᠢᠨ ᠤᠷᠴᠢᠨ ᠳᠤᠭᠤᠷᠢᠨ ᠢ ᠪᠠᠰᠠ ᠦᠷᠭᠦᠯᠵᠢᠯᠠᠨ ᠰᠠᠶᠢᠵᠢᠷᠠᠭᠤᠯᠵᠤ ᠰᠢᠯᠢᠳᠡᠭᠵᠢᠭᠦᠯᠭᠦ ᠴᠢᠬᠤᠯᠠᠳᠠᠢ᠃ ᠠᠵᠤ ᠦᠢᠯᠡᠳᠪᠤᠷᠢ ᠶᠢᠨ ᠭᠦᠷᠢᠶᠡᠯᠡᠩ ᠳᠤᠭᠤᠷᠢᠭ ᠤᠨ ᠳᠦᠪᠯᠡᠷᠡᠭᠦᠯᠵᠤ ᠠᠴᠢᠶᠠᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ ᠴᠢᠳᠠᠭ᠎ᠠ ᠦᠭᠡᠢ᠃ ᠤᠰᠤ᠂ ᠴᠠᠭᠢᠯᠭᠠᠨ᠂ ᠵᠠᠮ᠂ ᠰᠢᠳᠠᠮᠠᠬᠠᠢ ᠭᠡᠢ ᠵᠡᠷᠭᠡ ᠬᠠᠷᠰᠢᠯᠠᠵᠤ ᠪᠠᠶᠢᠭ᠎ᠠ ᠠᠰᠠᠭᠤᠳᠠᠯ ᠮᠦᠨ ᠯᠠ ᠤᠷᠤᠰᠢᠵᠤ᠂ ᠭᠡᠰᠡᠭ ᠰᠠᠯᠠᠭ᠎ᠠ ᠮᠦᠴᠢᠷ᠂ ᠪᠠᠶᠢᠭᠤᠯᠤᠯᠭ᠎ᠠ ᠨᠢᠭᠡᠴᠠ ᠨᠢ ᠦᠢᠯᠡᠴᠢᠯᠡᠭᠦ ᠦᠵᠡᠯᠳᠠ ᠳᠠᠨᠢᠯᠳᠠ ᠪᠠᠷ ᠳᠤᠳᠠᠮᠠᠭ᠂ ᠭᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠠ ᠳᠤᠮᠳᠠ ᠤᠷᠤᠰᠢᠵᠤ ᠪᠠᠶᠢᠭ᠎ᠠ ᠭᠦᠴᠢᠷᠳᠡᠯ ᠢ ᠪᠠᠰᠠ ᠪᠦᠳᠦᠮᠵᠢᠳᠠᠢ ᠰᠢᠢᠳᠪᠤᠷᠢᠯᠡᠵᠤ ᠴᠢᠳᠠᠭ᠎ᠠ ᠦᠭᠡᠢ ᠪᠠᠶᠢᠭᠰᠠᠭᠠᠷ᠃ ᠠᠷᠠᠳ ᠠᠴᠠ ᠡᠵᠡᠩᠨᠡᠭᠰᠠᠨ ᠠᠵᠤ ᠠᠬᠤᠢ ᠶᠢᠨ ᠭᠦᠭᠵᠢᠯᠳᠠ ᠶᠢᠨ ᠤᠷᠴᠢᠨ ᠳᠤᠭᠤᠷᠢᠨ ᠢ ᠮᠦᠨ ᠰᠢᠯᠢᠳᠡᠭᠵᠢᠭᠦᠯᠭᠦ ᠴᠢᠬᠤᠯᠠᠳᠠᠢ᠃ ᠮᠦᠡᠭᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠭᠦᠭᠵᠢᠯᠳᠠ ᠠᠨᠠᠢ ᠪᠠᠶᠢᠵᠤ᠂ ᠡᠳ᠋ ᠭᠦᠷᠦᠩᠭᠡ ᠶᠢᠨ ᠵᠠᠬ᠎ᠠ ᠳᠡᠯᠭᠡᠭᠦᠷ ᠪᠤᠯᠪᠠᠰᠤᠷᠠᠩᠭᠤᠢ ᠪᠤᠰᠤ ᠪᠠᠶᠢᠵᠤ᠂ ᠠᠵᠤ ᠠᠬᠤᠶᠢᠯᠠᠯ ᠨᠢ ᠪᠠᠯᠠ ᠮᠦᠡᠭᠭᠦ ᠬᠤᠷᠠᠮᠳᠤᠭᠤᠯᠬᠤ ᠳᠤ ᠭᠦᠴᠢᠷ᠂ ᠵᠢᠭᠡᠯᠡᠯᠭᠡ ᠤᠯᠬᠤ ᠳᠤ ᠭᠦᠴᠢᠷ ᠪᠠᠶᠢᠭ᠎ᠠ ᠠᠰᠠᠭᠤᠳᠠᠯ ᠮᠦᠨ ᠳᠤᠪᠤᠶᠢᠮ᠎ᠠ ᠤᠷᠤᠰᠢᠵᠤ ᠪᠠᠶᠢᠨ᠎ᠠ᠃ ᠳᠦᠷᠪᠡ ᠨᠢ᠂ ᠭᠡᠰᠡᠭ ᠺᠠᠳ᠋ᠷᠴᠣᠳ ᠤᠨ ᠤᠷᠤᠭᠰᠢ ᠳᠠᠪᠰᠢᠬᠤ ᠳᠠᠨᠢᠯᠳᠠ ᠶᠢ ᠴᠢᠩᠭᠠᠷᠠᠭᠤᠯᠬᠤ ᠴᠢᠬᠤᠯᠠᠳᠠᠢ᠃ ᠳᠠᠪᠰᠢᠭᠰᠠᠨ ᠭᠠᠵᠠᠷ ᠤᠷᠤᠨ ᠤ ᠪᠠᠷᠢᠮᠵᠢᠶ᠎ᠠ ᠲᠠᠢ ᠬᠠᠷᠢᠴᠠᠭᠤᠯᠪᠠᠯ᠂ ᠪᠢᠳᠠᠨ ᠤ ᠠᠵᠢᠯ  ᠢᠶᠠᠨ ᠠᠭᠢᠭᠤᠯᠵᠤ ᠭᠦᠭᠵᠢᠯᠳᠠ ᠶᠢ ᠳᠦᠰᠦᠪᠯᠡᠭᠦ ᠳᠠᠯ᠎ᠠ ᠪᠠᠷ ᠢᠶᠠᠨ ᠪᠠᠰᠠ ᠨᠡᠯᠢᠶᠠᠳ ᠶᠡᠭᠡ ᠵᠦᠷᠢᠶ᠎ᠠ ᠲᠠᠢ ᠪᠠᠶᠢᠵᠤ᠂ ᠳᠦᠷᠦ ᠶᠢᠨ ᠪᠤᠳᠤᠯᠭ᠎ᠠ ᠶᠢ ᠰᠤᠳᠤᠯᠤᠨ᠂ ᠠᠵᠠ ᠳᠤᠭᠢᠶᠠᠯ ᠢ ᠡᠵᠡᠮᠳᠡᠭᠦ ᠴᠢᠳᠠᠪᠤᠷᠢ ᠪᠠᠷ ᠭᠦᠷᠦᠯᠴᠡᠭᠦ ᠦᠭᠡᠢ ᠪᠠᠶᠢᠵᠤ᠂ ᠭᠡᠰᠡᠭ ᠺᠠᠳ᠋ᠷᠴᠣᠳ ᠤᠨ ᠤᠶᠤᠨ ᠰᠠᠨᠠᠭᠠᠨ ᠤ ᠪᠠᠶᠢᠳᠠᠯ ᠠᠨᠠᠢ᠂ ᠠᠵᠢᠯ ᠭᠢᠵᠤ ᠦᠢᠯᠡᠰ ᠪᠦᠳᠦᠭᠡᠭᠦ ᠢᠳᠡᠭᠡᠯ ᠵᠤᠷᠢᠭ ᠪᠠ ᠠᠮᠢᠵᠢᠷᠠᠯ ᠤᠨ ᠭᠦᠴᠤᠨ ᠢᠶᠠᠷ ᠳᠤᠳᠠᠮᠠᠭ᠂ ᠵᠤᠷᠢᠭᠳᠠᠢ ᠪᠠᠷ ᠠᠳᠠᠯᠢᠳᠬᠠᠨ ᠳᠡᠮᠡᠴᠡᠵᠤ᠂ ᠳᠡᠷᠢᠭᠦᠨ ᠤ ᠬᠢ ᠶᠢ ᠭᠦᠭᠡᠭᠡᠴᠡᠯᠳᠤᠭᠦ ᠳᠠᠨᠢᠯᠳᠠ ᠪᠠᠷ ᠳᠤᠳᠠᠮᠠᠭ ᠪᠠᠶᠢᠨ᠎ᠠ᠃ ᠡᠭᠦᠨ ᠳᠤ ᠴᠢᠭᠯᠡᠭᠦᠯᠤᠨ᠂ ᠪᠢᠳᠠ ᠡᠷᠭᠡᠪᠰᠢ ᠰᠠᠨᠠᠭᠠᠰᠢᠷᠠᠬᠤ ᠳᠠᠨᠢᠯᠳᠠ ᠪᠠ ᠬᠠᠷᠢᠭᠤᠴᠠᠯᠭ᠎ᠠ ᠡᠭᠦᠷᠭᠡᠯᠡᠭᠦ ᠳᠠᠨᠢᠯᠳᠠ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠰᠠᠭᠤᠳᠠᠯ ᠳᠤ ᠰᠢᠭᠤᠳ ᠬᠠᠨᠳᠤᠨ᠂ ᠠᠰᠠᠭᠤᠳᠠᠯ ᠢ ᠰᠢᠢᠳᠪᠤᠷᠢᠯᠡᠵᠤ᠂ ᠪᠦᠭᠦ ᠰᠡᠳᠭᠢᠯ ᠪᠦᠭᠦ ᠵᠤᠷᠢᠭ ᠢᠶᠠᠷ ᠢᠶᠠᠨ ᠵᠠᠰᠠᠭ ᠤᠨ ᠤᠷᠳᠤᠨ ᠤ ᠠᠵᠢᠯ ᠢ ᠰᠠᠶᠢᠳᠤᠷ ᠭᠢᠭᠦ ᠭᠡᠷᠡᠭᠳᠡᠢ᠃      ᠬᠤᠶᠠᠷ᠂ 2017 ᠤᠨ ᠤ ᠠᠵᠢᠯ ᠤᠨ ᠳᠤᠭᠢᠷᠠᠭᠤᠯᠤᠯᠳᠠ      ᠡᠨᠡ ᠵᠢᠯ ᠪᠤᠯ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠳᠠᠯ᠎ᠠ ᠪᠠᠷ ᠳᠤᠤᠱᠯᠠᠭᠤᠯᠬᠤ ᠠᠩᠬᠠᠨ ᠤ ᠵᠢᠯ᠂ ᠮᠦᠨ ᠴᠤ ︽ᠠᠷᠪᠠᠨ ᠭᠤᠷᠪᠠᠳᠤᠭᠠᠷ ᠳᠠᠪᠤᠨ ᠵᠢᠯ︾ ᠤᠨ ᠳᠦᠯᠦᠪᠵᠢᠭᠦᠯᠭᠡ ᠶᠢ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ ᠪᠤᠯᠤᠨ᠎ᠠ᠃ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠳᠦᠪ ᠬᠤᠷᠢᠶᠠᠨ ᠤ ᠭᠤᠷᠪᠠᠳᠤᠭᠠᠷ᠂ ᠳᠦᠷᠪᠡᠳᠤᠭᠡᠷ᠂ ᠳᠠᠪᠤᠳᠤᠭᠠᠷ᠂ ᠵᠢᠷᠭᠤᠳᠤᠭᠠᠷ ᠪᠦᠭᠦᠳᠠ ᠬᠤᠷᠠᠯ ᠤᠨ ᠵᠤᠷᠢᠭ ᠰᠠᠨᠠᠭ᠎ᠠ ᠶᠢ ᠪᠦᠭᠦ ᠳᠠᠯ᠎ᠠ ᠪᠠᠷ ᠳᠤᠤᠱᠯᠠᠭᠤᠯᠵᠤ᠂ ᠰᠢ ᠶᠢᠨ ᠫᠢᠡᠭ ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠳᠦᠷᠦ ᠶᠢ ᠵᠠᠰᠠᠵᠤ ᠵᠠᠰᠠᠭ ᠢ ᠡᠷᠭᠢᠯᠡᠭᠦ ᠰᠢᠨ᠎ᠠ ᠦᠵᠡᠯᠳᠠ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠭᠦᠨᠵᠡᠭᠡᠢ ᠳᠤᠤᠱᠯᠠᠭᠤᠯᠤᠨ᠂ ᠳᠦᠪ  ᠤᠨ ᠠᠵᠤ ᠠᠬᠤᠢ ᠶᠢᠨ ᠠᠵᠢᠯ ᠤᠨ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠠ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠠ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠭᠢᠨᠠᠮᠠᠭᠠᠢ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠦᠷᠪᠡᠳᠤᠭᠡᠷ ᠪᠦᠭᠦᠳᠠ ᠬᠤᠷᠠᠯ  ᠤᠨ ᠰᠢᠢᠳᠪᠤᠷᠢ ᠪᠠᠶᠢᠷᠢᠯᠠᠭᠤᠯᠤᠯᠳᠠ ᠶᠤᠰᠤᠭᠠᠷ ︽ᠲᠠᠪᠣᠨ ᠪᠠᠶᠢᠷᠢ ᠨᠢᠭᠡ ᠴᠣᠭᠴᠠ︾ ᠶᠡᠷᠦᠩᠭᠡᠢ ᠪᠠᠶᠢᠷᠢᠰᠢᠯᠠᠭᠤᠯᠳᠠ  ᠶᠢ ᠨᠢᠭᠡᠳᠤᠯᠳᠠᠢ ᠳᠦᠯᠦᠪᠵᠢᠭᠦᠯᠤᠨ ᠠᠭᠢᠭᠤᠯᠵᠤ᠂ ︽ᠳᠦᠷᠪᠡᠨ ᠪᠦᠭᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠤᠯᠳᠠ ᠶᠢ ᠵᠣᠬᠢᠴᠠᠩᠭᠤᠢ ᠪᠠᠷ ᠠᠭᠢᠭᠤᠯᠤᠨ᠂ ᠳᠤᠭᠳᠠᠭᠤᠨ ᠤ ᠳᠤᠮᠳᠠ ᠠᠬᠢᠯᠲᠠ ᠲᠠᠢ ᠪᠠᠶᠢᠬᠤ ᠠᠵᠢᠯ  ᠤᠨ ᠶᠡᠷᠦᠩᠭᠡᠢ ᠠᠶᠢᠵᠢᠮ ᠢ ᠪᠠᠷᠢᠮᠳᠠᠯᠠᠨ᠂ ᠭᠦᠭᠵᠢᠯᠳᠠ ᠶᠢᠨ ᠰᠢᠨ᠎ᠠ ᠦᠵᠡᠯᠳᠠ ᠶᠢ ᠪᠠᠳᠤ ᠪᠤᠢ ᠪᠤᠯᠭᠠᠨ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠭᠦᠭᠵᠢᠯᠳᠠ ᠶᠢᠨ ᠶᠠᠰᠤ ᠴᠢᠨᠡᠷ ᠪᠠ ᠦᠷ᠎ᠠ ᠠᠰᠢᠭ ᠢ ᠳᠡᠭᠡᠭᠰᠢᠯᠡᠭᠦᠯᠭᠦ ᠪᠠᠷ ᠭᠤᠤᠯ ᠪᠤᠯᠭᠠᠨ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠠ ᠶᠢᠨ ᠴᠢᠨᠡᠷᠳᠠᠢ ᠦᠭᠡᠷᠡᠴᠢᠯᠡᠯᠳᠠ ᠶᠢ ᠠᠭᠢᠭᠤᠯᠬᠤ ᠪᠠᠷ ᠭᠤᠤᠯ ᠱᠤᠭᠤᠮ ᠪᠤᠯᠭᠠᠵᠤ᠂ ᠭᠦᠭᠵᠢᠯᠳᠠ᠂ ᠠᠮᠢ ᠠᠬᠤᠢ᠂ ᠠᠷᠠᠳ ᠤᠨ ᠠᠮᠢᠳᠤᠷᠠᠯ ᠤᠨ ᠭᠤᠷᠪᠠᠨ ᠬᠠᠮᠤᠭ ᠳᠣᠣᠷ᠎ᠠ ᠪᠠᠲᠣᠯᠠᠭ᠎ᠠ ᠶᠢᠨ ᠱᠤᠭᠤᠮ ᠢ ᠡᠷᠡᠰ ᠰᠠᠭᠢᠵᠤ᠂ ︽ᠠᠵᠤ ᠦᠢᠯᠡᠳᠪᠤᠷᠢ ᠪᠠᠷ ᠭᠤᠣᠯ ᠪᠣᠯᠭᠠᠵᠣ᠂ ᠳᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠠᠨ ᠪᠠᠬᠢᠵᠢᠭᠦᠯᠦᠨ᠂ ᠪᠤᠭᠤᠮᠳᠠ ᠪᠠᠷ ᠳᠤᠯᠭᠠᠭᠤᠷᠢᠯᠠᠭᠤᠯᠵᠤ᠂ ᠰᠤᠶᠤᠯ ᠢᠶᠠᠷ ᠣᠳᠣᠷᠢᠳᠣᠭᠤᠯᠣᠨ᠂ ᠵᠢᠭᠤᠯᠴᠢᠯᠠᠯ ᠢᠶᠠᠷ ᠳᠠᠭᠠᠭᠤᠯᠣᠭᠴᠢ ᠪᠣᠯᠭᠠᠵᠣ᠂ ᠠᠮᠢ ᠠᠬᠤᠢ ᠶᠢ ᠪᠠᠳᠤᠯᠠᠬᠤ︾ ᠠᠵᠢᠯ ᠤᠨ ᠰᠡᠳᠭᠢᠴᠠ ᠶᠢᠨ ᠳᠤᠭᠤᠷᠢᠨ ᠳᠤ ᠨᠡᠮᠡᠭᠳᠡᠯ ᠢ ᠳᠤᠭᠳᠠᠪᠤᠷᠢᠵᠢᠭᠤᠯᠤᠨ᠂ ᠦᠭᠡᠷᠡᠴᠢᠯᠡᠯᠳᠠ ᠶᠢ ᠠᠭᠢᠭᠤᠯᠵᠤ᠂ ᠪᠦᠳᠦᠴᠠ ᠶᠢ ᠳᠤᠭᠢᠷᠠᠭᠤᠯᠤᠨ᠂ ᠠᠷᠠᠳ ᠲᠤ ᠠᠰᠢᠭ ᠭᠦᠷᠳᠡᠭᠡᠵᠤ᠂ ᠠᠶᠤᠯ ᠳᠦᠭᠰᠢᠭᠦᠷᠢ ᠠᠴᠠ ᠰᠡᠷᠭᠡᠶᠢᠯᠡᠭᠦ ᠵᠡᠷᠭᠡ ᠡᠯ᠎ᠠ ᠳᠠᠯ᠎ᠠ ᠶᠢᠨ ᠠᠵᠢᠯ ᠢ ᠦᠨᠡᠡᠭᠦ ᠰᠠᠶᠢᠳᠤᠷ ᠭᠢᠵᠤ᠂ ᠴᠢᠨᠡᠭᠡᠯᠢᠭ ᠨᠡᠶᠢᠭᠡᠮ ᠢ ᠪᠦᠭᠦ ᠳᠠᠯ᠎ᠠ ᠪᠠᠷ ᠪᠦᠳᠦᠭᠡᠨ ᠪᠠᠶᠢᠭᠤᠯᠬᠤ ᠠᠭᠢᠴᠠ ᠶᠢ ᠳᠦᠷᠭᠡᠳᠭᠡᠨ᠂ ᠦᠭᠡᠷᠡᠴᠢᠯᠡᠯᠳᠠ ᠶᠢ ᠯᠠᠪᠳᠠᠭᠤᠨ ᠪᠠᠳᠤᠳᠠᠢ ᠪᠠᠷ ᠭᠦᠨᠵᠡᠭᠡᠶᠢᠷᠡᠭᠦᠯᠵᠤ᠂ ᠬᠠᠤᠯᠢ ᠪᠠᠷ ᠬᠤᠰᠢᠭᠤ ᠪᠠᠨ ᠵᠠᠰᠠᠬᠤ ᠶᠢ ᠠᠭᠢᠭᠤᠯᠤᠨ᠂ ᠠᠵᠤ ᠠᠬᠤᠢ ᠶᠢᠨ ᠳᠤᠭᠳᠠᠭᠤᠨ᠂ ᠡᠷᠡᠭᠦᠯ ᠢᠶᠠᠷ ᠭᠦᠭᠵᠢᠭᠦ ᠪᠠ ᠨᠡᠶᠢᠭᠡᠮ ᠤᠨ ᠠᠮᠤᠷ ᠲᠣᠭᠲᠠᠭᠤᠨ ᠢ ᠴᠢᠷᠮᠠᠶᠢᠨ ᠪᠠᠳᠤᠯᠠᠵᠤ᠂ ᠰᠢᠯᠢᠳᠡᠭ ᠭᠢᠷᠢ ᠪᠦᠳᠦᠮᠵᠢ ᠪᠠᠷ ᠬᠤᠰᠢᠭᠤ ᠪᠠᠶᠢᠭᠤᠯᠤᠭᠳᠠᠭᠰᠠᠨ 65 ᠵᠢᠯ  ᠤᠨ ᠤᠢ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠨ᠂ ᠨᠠᠮ ᠤᠨ ᠠᠷᠪᠠ ᠶᠢᠰᠦᠳᠦᠭᠡᠷ ᠤᠳᠠᠭᠠᠨ ᠤ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠭᠳᠤᠨ᠎ᠠ᠃      ᠭᠤᠤᠯ ᠪᠤᠯᠬᠤ ᠳᠦᠰᠦᠭᠡᠯᠡᠭᠰᠠᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠤᠷᠢᠯᠠᠯ ᠤᠨ ᠶᠡᠷᠦᠩᠭᠡᠢ ᠦᠷᠳᠡᠭ ᠢ 8% ᠤᠷᠴᠢᠮ ᠢᠶᠠᠷ ᠨᠡᠮᠡᠭᠳᠡᠭᠦᠯᠵᠤ᠂ ᠳᠤᠭᠳᠠᠮᠠᠯ ᠭᠦᠷᠦᠩᠭᠡ ᠶᠢᠨ ᠪᠠᠯᠠ ᠤᠷᠤᠭᠤᠯᠤᠯᠳᠠ ᠶᠢ 15% ᠤᠷᠴᠢᠮ ᠢᠶᠠᠷ ᠨᠡᠮᠡᠭᠳᠡᠭᠦᠯᠤᠨ᠂ ᠤᠯᠠᠨ ᠨᠡᠶᠢᠳᠠ ᠶᠢᠨ ᠡᠳ᠋ ᠤᠨ ᠵᠠᠰᠠᠭ ᠤᠨ ᠳᠦᠰᠦᠪ ᠤᠨ ᠤᠷᠤᠯᠭ᠎ᠠ ᠶᠢ 6% ᠤᠷᠴᠢᠮ ᠢᠶᠠᠷ ᠨᠡᠮᠡᠭᠳᠡᠭᠦᠯᠵᠤ᠂ ᠨᠡᠶᠢᠭᠡᠮ ᠤᠨ ᠭᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠣᠭᠰᠠᠨ ᠶᠡᠷᠦᠩᠭᠡᠢ ᠦᠷᠲᠡᠭ ᠢ 10% ᠤᠷᠴᠢᠮ ᠢᠶᠠᠷ ᠨᠡᠮᠡᠭᠳᠡᠭᠦᠯᠤᠨ᠂ ᠬᠤᠳᠠ ᠪᠠᠯᠭᠠᠰᠤ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠭᠦᠮᠤᠨ ᠪᠦᠷᠢ ᠶᠢᠨ ᠡᠵᠡᠮᠳᠡᠵᠤ ᠪᠤᠯᠬᠤ ᠳᠣᠮᠳᠠᠴᠢ ᠤᠷᠤᠯᠭ᠎ᠠ ᠶᠢ 8% ᠤᠷᠴᠢᠮ ᠢᠶᠠᠷ ᠨᠡᠮᠡᠭᠳᠡᠭᠦᠯᠤᠨ᠂ ᠮᠠᠯᠵᠢᠬᠤ ᠳᠠᠷᠢᠶᠠᠯᠠᠬᠤ ᠤᠷᠤᠨ ᠤ ᠪᠠᠶᠢᠡᠭᠭᠤ ᠶᠢᠨ ᠰᠠᠭᠤᠭᠠᠯᠢ ᠠᠷᠠᠳ ᠤᠨ ᠭᠦᠮᠤᠨ ᠪᠦᠷᠢ ᠶᠢᠨ ᠡᠵᠡᠮᠳᠡᠵᠤ ᠪᠤᠯᠬᠤ ᠳᠣᠮᠳᠠᠴᠢ ᠤᠷᠤᠯᠭ᠎ᠠ ᠶᠢ 8.5% ᠤᠷᠴᠢᠮ ᠢᠶᠠᠷ ᠨᠡᠮᠡᠭᠳᠡᠭᠦᠯᠤᠨ᠎ᠠ᠃      ᠡᠳᠡᠭᠡᠷ ᠳᠦᠰᠦᠭᠡᠯᠡᠭᠰᠠᠨ ᠬᠠᠷᠠᠯᠳᠠ ᠶᠢ ᠳᠤᠭᠳᠠᠭᠠᠬᠤ ᠳᠠᠭᠠᠨ᠂ ᠪᠦᠭᠦ ᠬᠤᠰᠢᠭᠤᠨ ᠤ ᠠᠵᠤ ᠠᠬᠤᠢ ᠶᠢᠨ ᠭᠦᠭᠵᠢᠯᠳᠠ ᠶᠢᠨ ᠰᠢᠨ᠎ᠠ ᠭᠡᠪ ᠪᠠᠶᠢᠳᠠᠯ ᠳᠤᠤᠷᠠᠭᠢ ᠰᠢᠨ᠎ᠠ ᠤᠨᠴᠠᠯᠢᠭ᠂ ᠰᠢᠨ᠎ᠠ ᠱᠠᠭᠠᠷᠳᠠᠯᠭ᠎ᠠ᠂ ᠰᠢᠨ᠎ᠠ ᠠᠵᠠ ᠳᠤᠭᠢᠶᠠᠯ ᠢ ᠭᠦᠢᠴᠡᠳ ᠪᠤᠳᠤᠯᠭᠢᠯᠠᠵᠤ᠂ ︽ᠳᠤᠭᠳᠠᠭᠤᠨ ᠤ ᠳᠤᠮᠳᠠ ᠠᠬᠢᠯᠲᠠ ᠲᠠᠢ ᠪᠠᠶᠢᠬᠤ︾ ᠠᠵᠢᠯ ᠤᠨ ᠶᠡᠷᠦᠩᠭᠡᠢ ᠠᠶᠢᠵᠢᠮ ᠢ ᠲᠣᠰᠬᠠᠵᠠᠢ᠃ ᠡᠳᠡᠭᠡᠷ ᠬᠠᠷᠠᠯᠳᠠ ᠨᠢ ᠮᠦᠨ ᠴᠤ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠳᠦᠯᠦᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠ ︽ᠭᠤᠷᠪᠠ ᠠᠴᠠ ᠦᠨᠳᠤᠷ ᠪᠠᠶᠢᠯᠭᠠᠵᠤ᠂ ᠬᠤᠶᠠᠷ  ᠢ ᠳᠠᠭᠢᠨ ᠢᠶᠠᠷ ᠨᠡᠮᠡᠭᠳᠡᠭᠦᠯᠤᠨ᠂ ᠨᠢᠭᠡ ᠶᠢ ᠪᠠᠶᠢᠭᠤᠯᠬᠤ ᠭᠤᠤᠯ ᠬᠠᠷᠠᠯᠳᠠ︾᠂ ︽ᠬᠤᠷᠢᠨ ᠳᠦᠷᠪᠡᠨ ᠦᠰᠦᠭ︾ ᠤᠨ ᠠᠵᠢᠯ ᠤᠨ ᠰᠡᠳᠭᠢᠴᠠ ᠪᠠ ︽ᠨᠠᠢᠮᠠ ᠶᠢ ᠳᠦᠷᠭᠡᠳᠭᠡᠭᠦ︾ ᠠᠵᠢᠯ ᠤᠨ ᠱᠠᠭᠠᠷᠳᠠᠯᠭ᠎ᠠ ᠶᠢᠨ ᠳᠦᠪᠯᠡᠷᠡᠩᠭᠦᠢ ᠢᠯᠡᠷᠡᠯ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠦᠷᠪᠡᠳᠤᠭᠡᠷ ᠪᠦᠭᠦᠳᠠ ᠬᠤᠷᠠᠯ  ᠠᠴᠠ ᠳᠤᠳᠤᠷᠬᠠᠶᠢᠯᠠᠭᠰᠠᠨ ︽ᠨᠢᠭᠡ ᠶᠢ ᠭᠦᠴᠦᠷᠭᠡᠭᠵᠢᠭᠦᠯᠭᠦ᠂ ᠬᠤᠶᠠᠷ ᠢ ᠪᠦᠭᠦ ᠳᠠᠯ᠎ᠠ ᠪᠠᠷ ᠪᠠᠶᠢᠭᠤᠯᠵᠤ᠂ ᠭᠤᠷᠪᠠ ᠶᠢ ᠪᠠᠳᠤᠳᠬᠠᠨ᠂ ᠳᠦᠷᠪᠡ ᠶᠢ ᠳᠡᠭᠡᠭᠰᠢᠯᠡᠭᠦᠯᠵᠤ᠂ ᠳᠠᠪᠤ ᠶᠢ ᠰᠢᠪᠳᠤᠯᠤᠨ᠂ ᠵᠢᠷᠭᠤᠭ᠎ᠠ ᠶᠢ ᠴᠢᠩᠭ᠎ᠠ ᠠᠳᠬᠤᠬᠤ︾ ᠭᠤᠤᠯᠳᠠᠯᠭ᠎ᠠ ᠲᠠᠢ ᠠᠵᠢᠯ ᠤᠨ ᠪᠤᠳᠠᠳᠠᠢ ᠭᠡᠷᠡᠭᠴᠡᠭᠡ ᠪᠤᠯᠤᠨ᠎ᠠ᠃ ︽ᠳᠤᠭᠳᠠᠭᠤᠨ︾ ᠤ ᠭᠦᠴᠦᠯᠡᠭᠦ‍ ᠴᠢᠭ ᠢ ︽ᠳᠤᠭᠳᠠᠭᠤᠨ︾ ᠢ ᠪᠠᠳᠤᠳᠬᠠᠬᠤ ᠰᠠᠭᠤᠷᠢᠨ ᠳᠡᠭᠡᠷ᠎ᠠ ᠳᠠᠯᠪᠢᠵᠤ᠂ ᠨᠡᠮᠡᠭᠳᠡᠯ ᠤᠨ ᠬᠤᠷᠳᠤᠴᠠ ᠶᠢ ᠳᠤᠭᠳᠠᠪᠤᠷᠢᠵᠢᠭᠤᠯᠤᠨ᠂ ᠭᠦᠭᠵᠢᠯᠳᠠ ᠶᠢᠨ ᠳᠦᠰᠦᠭᠡᠯᠡᠭᠰᠠᠨ ᠬᠠᠷᠠᠯᠳᠠ ᠶᠢ ᠳᠤᠭᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠳᠤᠭᠳᠠᠪᠤᠷᠢᠵᠢᠭᠤᠯᠤᠨ᠂ ᠨᠡᠶᠢᠭᠡᠮ ᠤᠨ ᠡᠶ᠎ᠡ ᠵᠤᠭᠢᠴᠠᠯ ᠢ ᠪᠠᠳᠤᠯᠠᠬᠤ ᠭᠡᠷᠡᠭᠳᠡᠢ᠃ ︽ᠠᠭᠢᠨ ᠳᠠᠪᠰᠢᠬᠤ︾  ᠶᠢᠨ ᠰᠢᠪᠳᠤᠯᠤᠯᠳᠠ ᠶᠢᠨ ᠴᠢᠭ ᠢ ︽ᠠᠭᠢᠨ ᠳᠠᠪᠰᠢᠬᠤ︾ ᠳᠠᠪᠠᠭᠤᠯᠢᠭ ᠳᠡᠭᠡᠷ᠎ᠠ ᠳᠠᠯᠪᠢᠵᠤ᠂ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦ ᠶᠢ ᠠᠭᠢᠭᠤᠯᠵᠤ᠂ ᠨᠡᠭᠡᠭᠡᠯᠳᠠ ᠶᠢ ᠦᠷᠭᠡᠳᠭᠡᠭᠦ ᠶᠢ ᠠᠭᠢᠭᠤᠯᠤᠨ᠂ ᠰᠤᠶᠤᠯ ᠵᠢᠭᠤᠯᠴᠢᠯᠠᠯ ᠤᠨ ᠦᠢᠯᠡᠰ ᠢ ᠠᠭᠢᠭᠤᠯᠵᠤ᠂ ᠠᠮᠢ ᠠᠬᠤᠢ ᠶᠢᠨ ᠪᠤᠯᠪᠠᠰᠤᠨ ᠢ ᠠᠭᠢᠭᠤᠯᠤᠨ᠂ ᠶᠠᠳᠠᠭᠤ ᠠᠴᠠ ᠠᠩᠭᠢᠵᠢᠷᠠᠭᠤᠯᠣᠨ ᠬᠦᠴᠢᠷ ᠢ ᠲᠠᠪᠠᠭ᠋ᠣ ᠶᠢ ᠠᠭᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠭᠦᠴᠢᠷ ᠢ ᠰᠦᠷᠦᠨ ᠤᠷᠤᠭᠰᠢᠯᠠᠵᠤ᠂ ᠨᠡᠩ ᠦᠷ᠎ᠠ ᠠᠰᠢᠭ ᠲᠠᠢ᠂ ᠨᠡᠩ ᠴᠢᠨᠠᠷᠯᠢᠭ᠂ ᠦᠷᠭᠦᠯᠵᠢᠯᠡᠳᠤ ᠴᠢᠨᠡᠷ ᠢᠶᠠᠷ ᠨᠡᠩ ᠰᠠᠶᠢᠨ᠂ ᠨᠡᠩ ᠤᠯᠠᠨ ᠠᠰᠢᠭ ᠭᠦᠷᠳᠡᠭᠡᠭᠦ ᠭᠦᠭᠵᠢᠯᠳᠠ ᠶᠢ ᠪᠠᠶᠠᠯᠡᠭᠦᠯᠭᠦ ᠠᠭᠢᠴᠠ ᠶᠢ ᠳᠦᠷᠭᠡᠳᠭᠡᠭᠦ ᠭᠡᠷᠡᠭᠳᠡᠢ᠃      ᠶᠡᠷᠦᠩᠭᠡᠢ ᠱᠠᠭᠠᠷᠲᠠᠯᠭ᠎ᠠ ᠪᠠ ᠳᠦᠰᠦᠭᠡᠯᠡᠭᠰᠠᠨ ᠬᠠᠷᠠᠯᠳᠠ ᠶᠢᠨ ᠳᠤᠭᠤᠷᠢᠨ ᠳᠤ ᠨᠠᠢᠮᠠᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠭᠢᠭᠦ ᠭᠡᠷᠡᠭᠳᠡᠢ᠃      ︵ᠨᠢᠭᠡ︶ ᠪᠤᠳᠠᠳᠤ ᠴᠤᠭᠴᠠ ᠶᠢᠨ ᠠᠵᠤ ᠠᠬᠤᠢ ᠶᠢ ᠭᠦᠴᠦᠯᠠᠨ ᠭᠦᠭᠵᠢᠭᠦᠯᠵᠤ᠂ ᠭᠦᠭᠵᠢᠯᠳᠠ ᠶᠢᠨ ᠰᠠᠭᠤᠷᠢ  ᠶᠢ ᠪᠠᠳᠤᠳᠬᠠᠬᠤ ᠭᠡᠷᠡᠭᠳᠡᠢ᠃      ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠭᠠᠨ᠎ᠠ᠃ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠪᠦᠬᠦ ᠵᠢᠯ ᠳᠤ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠤ᠂ ᠶᠡᠷᠦᠩᠬᠡᠶ ᠪᠡᠯᠡ ᠣᠷᠣᠭᠤᠯᠤᠯᠲᠠ ᠶᠢ 500 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ 34 ᠲᠥᠷᠥᠯ ᠵᠦᠢᠯ ᠢ ᠲᠣᠰ ᠵᠢᠯ ᠳᠤ ᠳᠠᠭᠤᠰᠬᠠᠨ᠂ ᠪᠡᠯᠡ ᠣᠷᠣᠭᠤᠯᠤᠯᠲᠠ ᠶᠢ 180 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠬᠦᠴᠦ ᠲᠠᠢ ᠠᠬᠢᠭᠤᠯᠤᠨ᠎ᠠ᠃ ᠲᠦᠷᠦᠯ ᠵᠦᠢᠯ ᠤᠳ ᠢ ᠳᠠᠭᠠᠭᠠᠴᠢᠯᠠᠨ ᠬᠤᠯᠪᠤᠭᠠᠯᠠᠵᠤ ᠵᠣᠬᠢᠴᠠᠭᠤᠯᠤᠨ ᠲᠡᠩᠴᠡᠭᠦᠯᠬᠦ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠬᠤᠭᠤᠴᠠᠭ᠎ᠠ᠂ ᠤᠶᠤᠨ ᠴᠢᠳᠠᠯ ᠢᠶᠠᠨ ᠲᠥᠪᠯᠡᠷᠡᠭᠦᠯᠦᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ᠂ ᠪᠡᠯᠡ ᠮᠥᠩᠭᠦ ᠶᠢ ᠨᠠᠶᠢᠳᠠᠪᠤᠷᠢᠵᠢᠭᠤᠯᠬᠤ᠂ ᠭᠤᠣᠯ ᠡᠯᠧᠮᠧᠨ᠋ᠲ ᠢ ᠪᠠᠲᠤᠯᠠᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠦᠷᠭᠦᠯᠵᠢᠯᠡᠨ ᠪᠦᠲᠦᠭᠡᠨ ᠪᠠᠶᠢᠭᠤᠯᠬᠤ ᠲᠦᠷᠦᠯ ᠵᠦᠢᠯ 4 ᠰᠠᠷ᠎ᠠ ᠶᠢᠨ ᠰᠡᠭᠦᠯᠴᠢ  ᠪᠠᠷ ᠦᠢᠯᠡᠳᠪᠦᠷᠢᠯᠡᠯ ᠢᠶᠠᠨ ᠰᠡᠷᠭᠦᠭᠡᠨ᠂ ᠰᠢᠨ᠎ᠡ ᠪᠠᠷ ᠪᠠᠶᠢᠭᠤᠯᠬᠤ ᠲᠦᠷᠦᠯ ᠵᠦᠢᠯ  5 ᠰᠠᠷ᠎ᠠ ᠶᠢᠨ ᠰᠡᠭᠦᠯᠴᠢ ᠪᠠᠷ ᠪᠦᠬᠦ ᠲᠠᠯ᠎ᠠ ᠪᠠᠷ ᠠᠵᠢᠯ ᠢᠶᠠᠨ ᠡᠬᠢᠯᠡᠬᠦ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠣᠭᠲᠠᠭᠰᠠᠨ ᠣᠢ  ᠶᠢᠨ ᠪᠠᠶᠡᠷ ᠲᠤ ᠵᠣᠷᠢᠭᠤᠯᠤᠨ ᠲᠦᠷᠦᠯ ᠵᠦᠢᠯ ᠢᠶᠠᠨ ᠲᠣᠭᠲᠠᠭᠰᠠᠨ ᠴᠠᠭ ᠲᠠᠭᠠᠨ ᠳᠠᠭᠤᠰᠬᠠᠨ᠎ᠠ᠃ ᠴᠢᠬᠤᠯᠠ ᠶᠡᠭᠡ ᠲᠥᠷᠥᠯ ᠵᠦᠢᠯ ᠤᠨ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠬᠦᠯᠬᠦ᠂ ᠢᠨᠵᠧᠨᠧᠷᠢᠩ ᠢ ᠲᠦᠯᠬᠢᠨ ᠠᠬᠢᠭᠤᠯᠬᠤ ᠲᠥᠰᠦᠪ ᠪᠠ ᠺᠠᠳ᠋ᠷ ᠤᠨ ᠠᠵᠢᠯ ᠤᠨ ᠪᠣᠳᠠᠲᠤ ᠪᠦᠲᠦᠮᠵᠢ ᠶᠢ ᠬᠤᠯᠪᠣᠯᠳᠤᠭᠤᠯᠬᠤ ᠬᠢᠨᠠᠨ ᠰᠢᠯᠭᠠᠬᠤ ᠲᠣᠭᠲᠠᠴᠠ ᠶᠢ ᠪᠤᠢ ᠪᠣᠯᠭᠠᠵᠤ᠂ ᠪᠣᠳᠠᠲᠤ ᠠᠵᠢᠯᠯᠠᠭ᠎ᠠ ᠶᠢ ᠡᠷᠬᠢᠮᠯᠡᠨ ᠲᠥᠷᠥᠯ ᠵᠦᠢᠯ ᠢ ᠠᠳᠬᠤᠬᠤ ᠤᠷᠴᠢᠨ ᠠᠬᠤᠢ ᠶᠢ ᠪᠤᠢ ᠪᠣᠯᠭᠠᠨ᠎ᠠ᠃      ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠵᠤ ᠬᠥᠭᠵᠢᠯᠲᠡ ᠶᠢᠨ ᠰᠢᠨ᠎ᠡ ᠣᠷᠣᠨ ᠵᠠᠶ ᠶᠢ ᠥᠷᠭᠡᠳᠬᠡᠨ᠎ᠡ᠃ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠵᠤ᠂ ᠰᠢᠨ᠎ᠡ ᠠᠵᠤ ᠠᠬᠤᠶ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠦᠭᠵᠢᠭᠦᠯᠵᠤ᠂ ᠺᠠᠯᠢ ᠠᠭᠤᠯᠣᠭᠲᠠᠬᠤ ᠴᠢᠯᠠᠭᠤᠯᠢᠭ᠂ ᠹᠯᠣᠷ ᠴᠠᠬᠢᠭᠤᠷ ᠤᠨ ᠰᠢᠨ᠎ᠡ ᠮᠠᠲ᠋ᠧᠷᠢᠶᠠᠯ᠂ ᠰᠺᠠᠨᠳᠢ ᠨᠢᠦᠪᠢ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠢ ᠳᠥᠯᠭᠢᠨ ᠠᠬᠢᠭᠤᠯᠤᠨ᠎ᠠ᠃ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠪᠣᠯᠤᠨ ᠴᠢᠳᠠᠮᠵᠢᠲᠤ ᠮᠠᠲ᠋ᠧᠷᠢᠶᠠᠯ ᠤᠨ ᠦᠢᠯᠡᠳᠬᠦᠨ ᠢ ᠢᠳᠡᠪᠬᠢᠲᠡᠶ ᠨᠡᠭᠡᠭᠡᠨ ᠠᠰᠢᠭᠯᠠᠵᠤ᠂ ᠬᠥᠭᠡᠯᠭᠡᠭᠰᠡᠨ ᠪᠠᠯ ᠴᠢᠯᠠᠭᠤ᠂ ᠪᠠᠯ ᠴᠢᠯᠠᠭᠤᠨ ᠤ ᠪᠢᠯᠢᠭ ᠲᠦᠢᠯ ᠤᠨ ᠮᠠᠲ᠋ᠧᠷᠢᠶᠠᠯ᠂ ᠨᠡᠭᠦᠷᠡᠰᠦᠲᠥ᠋ᠷᠥᠭᠴᠢᠲᠦ ᠴᠠᠬᠢᠭᠤᠷ ᠵᠡᠷᠭᠡ ᠲᠦᠷᠦᠯ ᠵᠦᠢᠯ ᠢ ᠬᠡᠷᠡᠭᠵᠢᠬᠦᠯᠦᠨ᠎ᠡ᠃ ᠹᠣᠰᠹᠣᠷ ᠤᠨ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠵᠤ᠂ ᠨᠠᠷᠢᠯᠢᠭ ᠹᠣᠰᠹᠣᠷ ᠤᠨ ᠨᠣᠨᠲᠠᠭ᠂ ᠹᠣᠰᠹᠣᠷ ᠪᠤᠷᠳᠤᠭᠤᠷ ᠤᠨ ᠲᠦᠷᠦᠯ ᠵᠦᠢᠯ ᠢ ᠬᠡᠷᠡᠭᠵᠢᠭᠦᠯᠦᠨ᠎ᠡ᠃ ᠴᠡᠪᠡᠷ ᠡᠨᠧᠷᠭᠢ ᠶᠢᠨ ᠲᠣᠨᠣᠭᠯᠠᠯ ᠤᠨ ᠪᠦᠲᠦᠬᠡᠨ ᠪᠠᠶᠢᠭᠤᠯᠤᠯᠲᠠ᠂ ᠨᠡᠪᠴᠢᠭᠦᠯᠬᠦ ᠶᠢ ᠰᠤᠳᠤᠯᠤᠨ ᠨᠡᠭᠡᠭᠡᠬᠦ᠂ ᠰᠠᠯᠬᠢ ᠬᠡᠷᠡᠯ ᠪᠠ ᠡᠨᠧᠷᠬᠢ ᠬᠠᠳᠠᠭᠠᠯᠠᠬᠤ ᠵᠡᠷᠭᠡ ᠲᠦᠷᠦᠯ ᠵᠦᠢᠯ ᠢ ᠢᠳᠡᠪᠬᠢᠲᠠᠢ ᠲᠦᠯᠬᠢᠨ ᠠᠬᠢᠭᠤᠯᠣᠨ᠂ ᠴᠡᠪᠡᠷ ᠡᠨᠧᠷᠭᠢ ᠶᠢᠨ ᠰᠤᠷᠪᠤᠯᠵᠢ ᠶᠢ ᠲᠤᠬᠠᠶ ᠶᠢᠨ ᠭᠠᠵᠠᠷ ᠲᠤᠨᠢ ᠰᠢᠩᠭᠡᠭᠡᠬᠦ ᠲᠤᠷᠰᠢᠯᠲᠠ ᠶᠢᠨ ᠰᠢᠨ᠎ᠡ ᠠᠷᠭ᠎ᠠ ᠵᠠᠮ ᠢ ᠡᠭᠦᠳᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠬᠦᠴᠦᠲᠡᠶ ᠳᠡᠮᠵᠢᠨ᠂ ᠣᠨᠴᠠᠯᠢᠭᠲᠣ ᠮᠣᠩᠭᠤᠯ ᠬᠢᠲᠠᠳ ᠡᠮ  ᠤᠨ ᠮᠡᠲ᠋ᠧᠷᠢᠶᠠᠯ ᠢ ᠰᠤᠳᠤᠯᠤᠨ᠎ᠠ᠃ ᠬᠤᠨᠴᠢᠷ᠂ ᠬᠠᠷᠮᠠᠭ ᠵᠡᠷᠭᠡ ᠬᠢᠲᠠᠳ ᠡᠪᠡᠰᠦᠨ ᠡᠮ ᠤᠨ ᠪᠦᠲᠦᠭᠡᠭᠳᠡᠬᠦᠨ ᠤ ᠬᠦᠭᠵᠢᠯᠲᠠ ᠶᠢ ᠲᠦᠷᠬᠡᠳᠬᠡᠨ᠂ ᠬᠢᠲᠠᠳ ᠡᠮ ᠤᠨ ᠮᠠᠲ᠋ᠧᠷᠢᠶᠠᠯ ᠢ ᠦᠢᠯᠡᠳᠪᠦᠷᠢᠯᠡᠬᠦ ᠰᠠᠭᠤᠷᠢᠨ ᠭᠠᠵᠠᠷ ᠢ ᠪᠦᠲᠦᠬᠡᠨ ᠪᠠᠶᠢᠭᠤᠯᠣᠨ᠎ᠠ᠃      ᠲᠣᠭᠤᠷᠢᠭ ᠤᠨ ᠪᠥᠳᠥᠭᠡᠨ ᠪᠠᠶᠢᠭᠤᠯᠤᠯᠲᠠ ᠪᠠᠷ ᠰᠢᠨ᠎ᠡ ᠬᠦᠭᠵᠢᠯᠲᠠ ᠶᠢᠨ ᠲᠠᠪᠴᠠᠩ ᠢᠶᠠᠨ ᠪᠠᠬᠢᠵᠢᠬᠦᠯᠦᠨ᠎ᠠ᠃ ᠲᠦᠷᠦᠯ ᠵᠦᠢᠯ ᠢ ᠲᠥᠪᠯᠡᠷᠡᠭᠦᠯᠦᠨ ᠴᠤᠭᠯᠠᠷᠠᠭᠤᠯᠬᠤ ᠪᠥᠳᠥᠭᠡᠨ ᠪᠠᠶᠢᠭᠤᠯᠤᠯᠲᠠ ᠶᠢᠨ ᠡᠬᠢ ᠪᠠᠶᠠᠯᠢᠭ ᠢ ᠠᠷᠪᠢᠯᠡᠨ᠂ ᠭᠠᠮᠲᠠᠶ ᠠᠰᠢᠭᠯᠠᠬᠤ ᠶᠢ ᠪᠠᠷᠢᠮᠲᠠᠯᠠᠵᠤ᠂ ︽ᠳᠦᠷᠪᠡᠨ ᠶᠡᠭᠡ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠣᠨ᠎ᠠ᠃ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠤᠨ ᠬᠦᠭᠵᠢᠯᠲᠠ ᠶᠢ ᠲᠦᠯᠬᠢᠨ ᠠᠬᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ᠂ ᠲᠥᠪᠯᠡᠷᠡᠭᠦᠯᠦᠨ ᠢᠯᠴᠢ ᠬᠠᠩᠭᠠᠬᠤ ᠵᠡᠷᠭᠡ ᠲᠥᠷᠥᠯ ᠵᠦᠢᠯ ᠢ ᠨᠢᠭᠡᠳᠦᠯᠲᠡᠶ ᠲᠥᠪᠯᠡᠷᠡᠭᠦᠯᠦᠨ ᠬᠡᠷᠡᠭᠵᠢᠭᠦᠯᠵᠦ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ 600 ᠲᠦᠮᠡᠨ ᠲᠣᠨ ᠰᠣᠷᠢᠨᠵᠢᠨ ᠲᠡᠮᠦᠷ ᠤᠨ ᠠᠭᠤᠷᠬᠠᠢ ᠶᠢ ᠨᠡᠭᠦᠯᠭᠡᠬᠦ ᠳᠦᠷᠦᠯ ᠵᠦᠢᠯ ᠢ ᠲᠥᠯᠬᠢᠨ ᠠᠬᠢᠭᠤᠯᠵᠤ᠂ ᠨᠠᠷᠢᠯᠢᠭ ᠲᠡᠮᠦᠷ ᠤᠨ ᠨᠣᠨᠲᠠᠭ ᠢ ᠦᠢᠯᠡᠳᠪᠦᠷᠢᠯᠡᠬᠦ ᠬᠡᠪᠴᠢᠶ᠎ᠡ ᠶᠢ ᠥᠷᠭᠡᠳᠬᠡᠵᠦ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠠᠮᠤᠭ ᠤᠨ ᠶᠡᠭᠡ ᠲᠦᠭᠦᠬᠡᠶ ᠡᠳ᠋ ᠬᠠᠩᠭᠠᠬᠤ ᠰᠠᠭᠤᠷᠢᠨ ᠭᠠᠵᠠᠷ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠪᠤᠯᠤᠳ ᠲᠡᠮᠦᠷ ᠤᠨ ᠦᠢᠯᠡᠳᠪᠦᠷᠢᠯᠡᠯ ᠤᠨ ᠲᠦᠭᠦᠬᠡᠶ ᠡᠳ᠋ ᠦᠢᠯᠡᠳᠪᠦᠷᠢᠯᠡᠬᠦ ᠰᠠᠭᠤᠷᠢᠨ ᠭᠠᠵᠠᠷ ᠢ ᠪᠦᠲᠦᠬᠡᠨ ᠪᠠᠶᠢᠭᠤᠯᠣᠨ᠎ᠠ᠃ ᠲᠠᠷᠬᠠᠨ ᠮᠣᠣᠮᠢᠩᠭᠠᠨ ᠬᠤᠯᠪᠣᠭᠠᠲᠣ ᠬᠤᠰᠢᠭᠤᠨ ᠤ ᠰᠢᠨ᠎ᠡ ᠮᠠᠶ᠋ᠢᠭ ᠤᠨ ᠠᠵᠤ ᠦᠢᠯᠡᠳᠪᠦᠷᠢ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠮᠠᠩᠭᠠᠨ ᠵᠡᠰ ᠬᠠᠶᠢᠯᠤᠭᠤᠯᠬᠤ᠂ ᠬᠤᠪᠣᠷ ᠰᠢᠷᠣᠶ ᠶᠢᠨ ᠮᠠᠭᠨᠢ ᠶᠢᠨ ᠬᠠᠶᠢᠯᠤᠰᠢ᠂ ᠬᠤᠪᠣᠷ ᠰᠢᠷᠣᠶ᠂ ᠵᠡᠰ ᠤᠨ ᠬᠠᠶᠢᠯᠤᠰᠢ ᠵᠡᠷᠭᠡ ᠨᠢᠭᠡ ᠪᠦᠯᠦᠭ ᠲᠦᠷᠦᠯ ᠵᠦᠢᠯ ᠢ ᠣᠷᠢᠵᠣ ᠠᠪᠴᠢᠷᠠᠬᠤ ᠪᠠᠷ ᠲᠦᠰᠤᠪᠯᠡᠨ᠂ ᠬᠤᠳᠠ ᠶᠢᠨ ᠲᠡᠰ ᠤᠨ ᠪᠣᠬᠢᠷᠲᠤᠯ ᠦᠭᠡᠢ ᠥᠨᠳᠥᠷ ᠡᠨᠧᠷᠬᠢᠲᠣ ᠲᠣᠭᠤᠷᠢᠭ ᠢ ᠪᠦᠲᠦᠬᠡᠨ ᠪᠠᠶᠢᠭᠤᠯᠣᠨ᠎ᠠ᠃ ᠪᠠᠢ ᠯᠢᠩ ᠰᠢᠨ᠎ᠡ ᠶᠢ ᠡᠭᠦᠳᠬᠦ ᠠᠵᠢᠯ ᠦᠢᠯᠡᠰ ᠴᠣᠭᠴᠠᠯᠠᠬᠤ ᠬᠦᠷᠢᠶᠡᠯᠡᠩ ᠤᠨ ᠵᠡᠭᠦᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠷᠠᠭᠤᠨ ᠲᠣᠭᠤᠷᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠡᠯᠡᠳᠭᠡᠯ ᠠᠵᠢᠯ ᠢ ᠡᠬᠢᠯᠡᠭᠦᠯᠤᠨ᠂ ᠤᠶᠤᠲᠠᠳ ᠤᠨ ᠠᠵᠢᠯ ᠦᠢᠯᠡᠰ ᠪᠤᠰᠬᠠᠬᠤ᠂ ᠬᠦᠩᠭᠡᠨ ᠠᠵᠤ ᠦᠢᠯᠡᠳᠪᠦᠷᠢ ᠪᠠ ᠬᠥᠳᠡᠯᠮᠦᠷᠢ ᠬᠤᠷᠠᠭᠰᠠᠨ ᠬᠡᠯᠪᠡᠷᠢ ᠶᠢᠨ ᠠᠵᠤ ᠠᠬᠤᠶᠢᠯᠠᠯ ᠢ ᠤᠷᠢᠵᠤ ᠣᠷᠣᠭᠤᠯᠤᠨ᠎ᠠ᠃ ᠬᠤᠩᠭᠤᠷ ᠲᠠᠯ᠎ᠠ ᠶᠢᠨ ᠤᠲᠤᠬᠢᠴᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠡᠳ᠋ᠰᠢᠭᠦᠯᠦᠨ ᠪᠣᠯᠪᠠᠰᠤᠷᠠᠭᠤᠯᠬᠤ᠂ ᠪᠣᠷᠣᠯᠠᠭᠤᠯᠬᠤ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ᠂ ᠪᠦᠭᠦ ᠬᠤᠰᠢᠭᠤᠨ ᠤ ᠣᠷᠭᠠᠨᠢᠭ ᠪᠠᠶᠢᠭᠠᠯᠢᠭ ᠪᠣᠬᠢᠷᠲᠤᠯ ᠥᠬᠡᠶ ᠲᠠᠷᠢᠶᠠᠯᠠᠩ ᠮᠠᠯ ᠤᠨ ᠠᠵᠣ ᠠᠬᠤᠢ  ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠢ ᠠᠯᠬᠤᠮ ᠲᠠᠷᠠᠭᠠᠯᠠᠨ ᠪᠠᠶᠢᠭᠤᠯᠣᠨ᠎ᠠ᠃ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠲᠦᠷᠦᠯ ᠵᠦᠢᠯ ᠢ ᠪᠠᠲᠤᠲᠠᠶ ᠠᠬᠢᠭᠤᠯᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠵᠤ ᠪᠣᠯᠪᠠᠰᠤᠷᠠᠭᠤᠯᠬᠤ ᠠᠵᠤ ᠦᠢᠯᠡᠳᠪᠦᠷᠢ ᠶᠢ ᠢᠳᠡᠪᠬᠢᠲᠡᠶ ᠬᠥᠭᠵᠢᠭᠦᠯᠦᠨ᠎ᠡ᠃      ︵ᠬᠤᠶᠠᠷ︶ ᠬᠡᠯᠪᠡᠷᠢ ᠪᠠᠨ ᠦᠭᠡᠷᠡᠴᠢᠯᠡᠨ ᠲᠡᠰ ᠳᠡᠪᠰᠢᠭᠦᠯᠬᠦ ᠬᠦᠴᠦ ᠪᠠᠨ ᠨᠡᠮᠡᠭᠲᠡᠬᠦᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠤᠨ᠎ᠡ᠃      ᠰᠢᠨ᠎ᠡ ᠮᠠᠶ᠋ᠢᠭ ᠤᠨ ᠠᠵᠤ ᠦᠢᠯᠡᠳᠪᠦᠷᠢ ᠶᠢᠨ ᠬᠦᠭᠵᠢᠯᠲᠡ ᠶᠢ ᠲᠦᠷᠭᠡᠳᠭᠡᠨ᠎ᠡ᠃ ᠠᠵᠤ ᠦᠢᠯᠡᠳᠪᠦᠷᠢ ᠪᠠᠷ ᠭᠤᠣᠯᠯᠠᠬᠤ ᠶᠢ ᠪᠠᠷᠢᠮᠲᠠᠯᠠᠵᠤ᠂ ᠰᠢᠨ᠎ᠡ ᠲᠧᠭᠨᠢᠭ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠠᠶᠢᠵᠢᠷᠡᠭᠤᠯᠬᠤ ᠶᠢ ᠴᠢᠬᠤᠯᠠᠴᠢᠯᠠᠵᠤ᠂ ᠪᠦᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 9% ᠪᠠᠷ ᠨᠡᠮᠡᠭᠳᠡᠭᠦᠯᠦᠨ᠎ᠡ᠃ ᠰᠢᠨ᠎ᠡ ᠲᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠬᠤᠪᠣᠷ ᠰᠢᠷᠣᠶ᠂ ᠵᠢᠦᠢ ᠹᠧᠩ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶᠡᠵᠢᠯ ᠢᠶᠠᠨ ᠥᠷᠭᠡᠳᠬᠡᠬᠦ ᠶᠢ ᠲᠡᠮᠵᠢᠵᠤ᠂ ᠬᠤᠪᠣᠷ ᠰᠢᠷᠣᠶ ᠶᠢᠨ ᠱᠡᠤ ᠥᠬᠡᠶᠢᠳᠡᠭᠦᠯᠬᠦ ᠲᠦᠷᠭᠡᠳᠬᠡᠭᠦᠷ᠂ PVC ᠬᠤᠪᠣᠷ ᠰᠢᠷᠣᠶ ᠶᠢᠨ ᠬᠠᠯᠠᠭᠤᠨ ᠲᠣᠭᠲᠠᠪᠤᠷᠢᠵᠢᠭᠤᠯᠬᠤ ᠡᠳ᠋᠂ ᠬᠤᠪᠣᠷ ᠰᠢᠷᠣᠶ ᠶᠢᠨ ᠢᠰᠦᠯᠳᠦᠬᠦᠯᠬᠦ ᠡᠳ᠋᠂ ᠣᠷᠴᠢᠨ ᠲᠣᠭᠤᠷᠢᠨ ᠤ ᠬᠠᠮᠠᠭᠠᠯᠠᠯᠲᠠ ᠳᠤ ᠲᠤᠰᠠᠯᠠᠭᠴᠢ ᠡᠳ᠋ ᠵᠡᠷᠭᠡ ᠲᠠᠭᠠᠯᠲᠠ ᠦᠢᠯᠡᠳᠬᠦᠨ ᠢ ᠨᠡᠭᠡᠭᠡᠨ ᠬᠥᠭᠵᠢᠭᠦᠯᠵᠤ᠂ ᠦᠢᠯᠡᠳᠬᠦᠨ ᠤ ᠨᠡᠮᠡᠯᠲᠡ ᠦᠷᠳᠡᠭ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠤᠨ᠎ᠡ᠃ ᠪᠣᠯᠣᠳ ᠲᠡᠮᠦᠷ᠂ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠤ ᠠᠬᠤᠶᠢᠯᠠᠯ ᠬᠤᠯᠪᠣᠭᠠᠯᠠᠵᠤ ᠲᠠᠬᠢᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠵᠤ᠂ ᠰᠢᠪᠡᠷᠬᠦ᠋ᠷᠢᠶ᠎ᠡ ᠲᠡᠮᠦᠷ ᠤᠨ ᠠᠭᠤᠷᠬᠠᠶ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠲᠠᠢ ᠨᠢᠭᠲᠠ ᠬᠠᠮᠲᠤᠷᠠᠨ ᠠᠵᠢᠯᠯᠠᠬᠤ ᠶᠢ ᠲᠦᠯᠬᠢᠨ ᠠᠬᠢᠭᠤᠯᠵᠤ᠂ ᠬᠥᠭᠵᠢᠯᠲᠡ ᠶᠢᠨ ᠣᠷᠣᠨ ᠵᠠᠶ ᠪᠠᠨ ᠨᠡᠭᠡᠭᠡᠨ ᠥᠷᠭᠡᠳᠬᠡᠵᠦ᠂ ᠰᠢᠨ᠎ᠡ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠨᠡᠮᠡᠭᠲᠡᠬᠦᠯᠤᠨ᠎ᠡ᠃ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ ᠬᠡᠷᠡᠭᠵᠢᠭᠦᠯᠬᠦ︾ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠨᠠᠷᠢᠯᠢᠭ ᠲᠡᠮᠦᠷ ᠤᠨ ᠨᠣᠨᠲᠠᠭ ᠤᠨ ᠨᠥᠬᠦᠪᠥᠷᠢ᠂ ᠴᠠᠬᠢᠯᠭᠠᠨ ᠤ ᠦᠨ᠎ᠡ ᠶᠢᠨ ᠨᠥᠬᠦᠪᠥᠷᠢ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠱᠠᠩᠨᠠᠯ ᠤᠨ ᠨᠥᠬᠦᠪᠥᠷᠢ ᠶᠢᠨ ᠪᠡᠯᠡ ᠮᠥᠩᠭᠦ ᠵᠡᠷᠭᠡ ᠶᠢ ᠠᠵᠤ ᠠᠬᠤᠶᠢᠯᠠᠯ ᠳᠤ ᠲᠡᠮᠡᠴᠢᠨ ᠤᠯᠭᠤᠨ᠎ᠠ᠃ ᠨᠥᠬᠦᠴᠡᠯ ᠪᠦᠬᠦᠢ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠤᠯᠠᠨ ᠡᠲᠡᠭᠡᠳ ᠤᠨ ᠵᠠᠬ᠎ᠠ ᠲᠡᠯᠭᠡᠬᠦᠷ ᠲᠠᠢ ᠠᠷᠡᠯᠵᠢᠶᠠᠯᠠᠬᠤ ᠶᠢ ᠲᠡᠮᠵᠢᠨ᠎ᠡ᠃ ᠲᠤᠬᠠᠢ ᠶᠢᠨ ᠭᠠᠵᠠᠷ ᠣᠷᠣᠨ ᠤ ᠠᠵᠤ ᠠᠬᠤᠶᠢᠯᠠᠯ ᠶᠢᠨ ᠦᠢᠯᠡᠳᠪᠦᠷᠢᠯᠡᠯ ᠪᠣᠷᠣᠯᠠᠭᠤᠯᠭ᠎ᠠ ᠲᠠᠢ ᠠᠪᠴᠠᠯᠳᠤᠭᠤᠯᠵᠤ᠂ ᠦᠢᠯᠡᠳᠬᠦᠨ ᠤ ᠪᠠᠷᠠᠭ᠎ᠠ ᠵᠠᠬᠢᠶᠠᠯᠠᠬᠤ ᠬᠠᠮᠵᠢᠯᠴᠠᠭ᠎ᠠ ᠶᠢᠨ ᠢᠵᠢ ᠪᠦᠷᠢᠳᠦᠭᠦᠯᠬᠦ ᠠᠵᠢᠯᠯᠠᠭ᠎ᠠ ᠶᠢ ᠢᠲᠡᠪᠬᠢᠲᠠᠢ ᠦᠷᠨᠢᠬᠦᠯᠵᠤ᠂ ᠬᠤᠰᠢᠭᠤᠨ ᠤ ᠳᠣᠲᠣᠷᠠᠬᠢ ᠲᠥᠷᠥᠯ ᠵᠦᠢᠯ ᠨᠢ ᠡᠩ ᠲᠡᠷᠢᠭᠦᠨ ᠳᠤ ᠲᠣᠰ ᠭᠠᠵᠠᠷ ᠤᠷᠤᠨ ᠤ ᠪᠠᠨ ᠪᠦᠲᠦᠬᠡᠭᠲᠡᠬᠦᠨ ᠢ ᠬᠤᠳᠠᠯᠳᠤᠨ ᠠᠪᠬᠤ ᠶᠢ ᠵᠣᠷᠢᠭᠵᠢᠭᠤᠯᠣᠨ᠎ᠠ᠃      ᠤᠲᠤᠬᠢᠴᠢ ᠲᠠᠷᠢᠶᠠᠯᠠᠩ ᠮᠠᠯ ᠠᠵᠤ ᠠᠬᠤᠶ ᠶᠢ ᠲᠦᠷᠭᠡᠳᠬᠡᠨ ᠬᠥᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠠᠨ ᠪᠠᠬᠢᠵᠢᠬᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠲᠠᠷᠢᠮᠠᠯ ᠤᠨ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠦ ᠬᠤᠸᠠ᠂ ᠵᠧᠩ ᠹᠧᠩ ᠵᠡᠷᠭᠡ ᠠᠵᠤ ᠠᠬᠤᠶᠢᠯᠠᠯ ᠤᠨ ᠦᠷ᠎ᠡ ᠶᠢᠨ ᠲᠥᠮᠥᠰᠥ ᠲᠠᠷᠢᠬᠤ ᠲᠠᠯᠠᠪᠠᠢ ᠪᠠᠨ ᠲᠣᠭᠲᠠᠭᠤᠨ ᠪᠠᠷ ᠥᠷᠭᠡᠳᠬᠡᠬᠦ ᠶᠢ ᠲᠡᠮᠵᠢᠵᠤ᠂ ᠰᠠᠴᠤᠷᠠᠭ ᠳᠠᠶᠢᠴᠢᠯᠠᠯᠲᠠ ᠶᠢᠨ ᠴᠢᠳᠠᠪᠤᠷᠢ ᠶᠢ ᠨᠡᠮᠡᠭᠲᠡᠬᠦᠯᠦᠨ᠎ᠡ᠃ ᠲᠦᠭᠦᠬᠡᠷᠤᠮᠵᠢᠲᠤ ᠲᠡᠷᠢᠶᠠᠯᠡᠩ ᠢ ᠬᠦᠭᠵᠢᠬᠦᠯᠵᠦ᠂ ᠪᠠᠶ ᠵᠢᠢ ᠠᠮᠤ ᠲᠤᠰᠤ᠂ ᠮᠧᠩ ᠱᠧᠩ ᠳ᠋ᠡ ᠵᠡᠷᠭᠡ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠳᠤᠰᠤᠨ ᠮᠠᠲ᠋ᠧᠷᠢᠶᠠᠯ᠂ ᠰᠠᠭᠠᠭ ᠵᠡᠷᠭᠡ ᠠᠮᠤ ᠪᠤᠳᠠᠭ᠎ᠠ ᠶᠢᠨ ᠵᠠᠬᠢᠶᠠᠯᠠᠭ᠎ᠠ  ᠶᠢᠨ ᠲᠠᠷᠢᠮᠠᠯ ᠤᠨ ᠲᠠᠯᠠᠪᠠᠢ ᠶᠢ 20 ᠲᠦᠮᠡᠨ ᠮᠤ᠋ ᠳᠤ ᠬᠦᠷᠭᠡᠨ᠎ᠡ᠃ ᠪᠦᠳᠦᠭᠡᠨ ᠪᠠᠶᠢᠭᠤᠯᠤᠯᠲᠠ ᠶᠢᠨ ᠬᠡᠯᠪᠡᠷᠢ ᠶᠢᠨ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ 3 ᠢᠳᠡᠰᠢᠨ ᠬᠤᠨᠢ ᠪᠣᠷᠳᠣᠬᠤ ᠲᠡᠯᠡᠪᠡᠢ ᠶᠢ ᠪᠠᠶᠢᠭᠤᠯᠤᠨ᠎ᠠ᠃ ᠰᠢᠯᠢᠲᠡᠭ ᠢᠳᠡᠰᠢᠨ ᠬᠤᠨᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠲᠣᠭᠲᠠᠭᠤᠨ ᠢᠶᠠᠷ ᠡᠵᠡᠩᠨᠡᠬᠦ ᠶᠢ ᠪᠠᠲᠤᠯᠠᠵᠤ᠂ ᠪᠦᠭᠦ ᠬᠤᠰᠢᠭᠤᠨ ᠤ ᠢᠳᠡᠰᠢᠨ ᠬᠤᠨᠢᠨ ᠤ ᠡᠭᠦᠯᠳᠡᠷ ᠰᠠᠶᠢᠵᠢᠷᠠᠭᠤᠯᠬᠤ ᠨᠤᠷᠮ᠎ᠠ ᠶᠢ 85% ᠠᠴᠠ ᠳᠡᠭᠡᠭᠰᠢ ᠪᠤᠯᠭᠠᠵᠤ᠂ ᠦᠬᠡᠷ ᠬᠤᠨᠢᠨ ᠤ ᠲᠡᠵᠢᠭᠡᠨ ᠦᠷᠡᠵᠢᠭᠦᠯᠬᠦ ᠪᠠᠷ ᠵᠠᠬᠢᠶᠠᠯᠠᠭᠰᠡᠨ ᠲᠤᠭ᠎ᠠ ᠬᠡᠮᠵᠢᠶ᠎ᠡ ᠶᠢ 15 ᠲᠦᠮᠡᠨ ᠲᠣᠯᠣᠭᠠᠢ ᠠᠴᠠ ᠳᠡᠭᠡᠭᠰᠢ ᠪᠤᠯᠭᠠᠨ᠎ᠠ᠃ ᠤᠯᠤᠰ ᠤᠨ ᠣᠷᠭᠠᠨᠢᠭ ᠪᠦᠲᠦᠭᠡᠭᠳᠡᠬᠦᠨ ᠢ ᠪᠠᠲᠤᠯᠠᠨ ᠲᠤᠭᠲᠠᠭᠠᠬᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ︽ᠲᠠᠷᠬᠠᠨ ᠮᠣᠣᠮᠢᠩᠭᠠᠨ ᠤ ᠲᠠᠯ᠎ᠠ ᠨᠤᠲᠤᠭ ᠤᠨ ᠬᠤᠨᠢ︾ ︽ᠪᠠᠭ᠎ᠠ ᠤᠩᠭᠤᠨ ᠰᠠᠷᠢᠮᠰᠠᠭ︾ ᠵᠡᠷᠭᠡ ᠪᠦᠲᠤᠭᠡᠭᠲᠡᠬᠦᠨ ᠢ ᠤᠯᠤᠰ ᠤᠨ ᠨᠡᠷᠡᠲᠦ ᠲᠠᠸᠠᠷ ᠤᠨ ᠲᠡᠮᠳᠡᠭᠲᠦ ᠪᠣᠯᠤᠨ ᠭᠠᠵᠠᠷ ᠵᠦᠢ ᠶᠢᠨ ᠪᠡᠯᠭᠡ ᠳᠡᠮᠳᠡᠭ ᠤᠨ ᠭᠡᠷᠡᠴᠢ ᠲᠠᠸᠠᠷ ᠤᠨ ᠲᠡᠮᠳᠡᠭᠲᠦ ᠪᠣᠯᠭᠠᠬᠤ  ᠪᠠᠷ ᠴᠢᠷᠮᠡᠶᠢᠨ᠎ᠡ᠃ ᠲᠠᠷᠢᠶᠠᠯᠠᠩ ᠬᠢᠭᠡᠳ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠰᠤᠮᠤ ᠰᠢᠶᠠᠩ ᠪᠠᠯᠭᠠᠰᠤ ᠨᠢᠭᠡᠪᠦᠷᠢ ᠳᠤ 1 ᠠᠴᠠ 2 ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠲᠠᠢ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠢ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠥᠭᠡᠢ ᠶᠢ ᠮᠥᠷᠳᠡᠬᠦ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠣᠨ᠎ᠠ᠃      ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠭᠵᠢᠯᠲᠡ ᠶᠢ ᠲᠦᠷᠭᠡᠳᠭᠡᠨ᠎ᠠ᠃ ᠬᠠᠩᠭᠠᠯᠭ᠎ᠠ ᠬᠡᠷᠡᠭᠴᠡᠭᠡᠨ ᠤ ᠬᠠᠮᠲᠤ ᠶᠢᠨ ᠬᠦᠴᠦᠯᠡᠴᠡ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠳᠬᠦᠨ ᠪᠠ ᠰᠢᠨ᠎ᠡ ᠬᠡᠯᠪᠡᠷᠢ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠡᠶ ᠪᠠᠷ ᠪᠤᠶᠢᠵᠢᠭᠤᠯᠵᠤ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠪᠥᠬᠦᠢ ᠪᠥᠳᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠤᠨ ᠳᠣᠲᠣᠷ᠎ᠠ ᠬᠠᠰᠠᠷ ᠪᠠᠭᠤᠳᠠᠯ᠂ ᠪᠣᠭᠤᠮᠲᠠ ᠶᠢᠨ ᠬᠤᠳᠠᠯᠳᠤᠭᠠᠨ ᠤ ᠶᠠᠪᠤᠳᠠᠯ ᠤᠨ ᠪᠠᠭᠤᠳᠠᠯ ᠵᠡᠷᠭᠡ ᠶᠢ ᠭᠡᠷᠡᠭᠯᠡᠬᠡᠨ ᠳᠤ ᠣᠷᠣᠭᠤᠯᠵᠤ᠂ ᠮᠠᠨᠳᠤᠯ ᠮᠠᠰᠢᠨ ᠲᠡᠷᠭᠡᠨ ᠤ ᠦᠢᠯᠡᠴᠢᠯᠡᠭᠡᠨ ᠤ ᠲᠥᠪ᠂ ᠠᠷᠠᠯᠵᠢᠶ᠎ᠠ ᠬᠤᠳᠠᠯᠳᠤᠭᠠᠨ ᠤ ᠲᠥᠪ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠦᠲᠦᠭᠡᠨ ᠪᠠᠶᠢᠭᠤᠯᠣᠨ᠎ᠠ᠃ ᠠᠷᠠᠯᠵᠢᠶ᠎ᠠ ᠬᠤᠲᠠᠯᠲᠣᠭᠠᠨ ᠤ ᠭᠦᠢᠯᠭᠡᠭᠡᠨ ᠳᠡᠭᠡᠷ᠎ᠡ ᠠᠭᠤᠰᠣᠯᠴᠠᠨ ᠬᠦᠭᠵᠢᠬᠦ ᠶᠢ ᠲᠦᠯᠬᠢᠨ ᠠᠬᠢᠭᠤᠯᠵᠤ᠂ ᠮᠠᠨᠳᠤᠯ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ  ᠤ ᠪᠠᠷᠠᠭᠠᠨ ᠤ ᠭᠦᠢᠯᠭᠡᠭᠡᠨ ᠤ ᠬᠥᠮᠥᠷᠭᠡᠯᠡᠵᠦ ᠬᠠᠳᠠᠭᠠᠯᠠᠬᠤ ᠲᠣᠭᠤᠷᠢᠭ ᠢ ᠪᠠᠶᠢᠭᠤᠯᠵᠣ᠂ ᠪᠧᠢ ᠵᠢᠶᠠᠩ ᠵᠠᠬ᠎ᠠ ᠳᠡᠯᠭᠡᠭᠦᠷ ᠵᠡᠷᠭᠡ ᠭᠦᠢᠯᠭᠡᠭᠡᠨ ᠤ ᠲᠠᠪᠴᠠᠩ ᠢ ᠥᠭᠡᠷᠡᠴᠢᠯᠡᠨ ᠲᠡᠰ ᠳᠡᠪᠰᠢᠭᠦᠯᠦᠨ᠎ᠠ᠃ ᠣᠶᠠᠩᠭᠠᠲᠣ ᠲᠠᠯ᠎ᠠ ᠨᠣᠲᠤᠭ᠂ ᠳ᠋ᠠ ᠴᠧᠩ ᠢ ᠭᠸᠦ ᠵᠡᠷᠭᠡ ᠨᠤᠲᠤᠭ ᠣᠷᠣᠨ ᠤ ᠡᠯᠧᠺᠲᠷᠣᠨ ᠬᠤᠳᠠᠯᠳᠤᠭᠠᠨ ᠤ ᠲᠠᠪᠴᠠᠩ ᠢ ᠦᠷᠭᠡᠳᠭᠡᠵᠤ᠂ 4 ᠰᠢᠭᠤᠳ ᠡᠵᠡᠩᠨᠡᠬᠦ ᠳᠡᠯᠭᠡᠭᠦᠷ᠂ 3 ᠪᠠᠶᠡᠴᠢᠯᠡᠨ ᠣᠶᠢᠯᠠᠭᠠᠬᠤ ᠳᠡᠯᠭᠡᠭᠦᠷ ᠢ ᠰᠢᠨ᠎ᠡ ᠪᠠᠷ ᠪᠠᠶᠢᠭᠤᠯᠤᠨ᠂ ᠲᠣᠣᠷ ᠰᠦᠯᠵᠢᠶᠡᠨ ᠤ ᠪᠣᠷᠣᠯᠠᠭᠤᠯᠭ᠎ᠠ ᠶᠢᠨ ᠬᠡᠮᠵᠢᠶ᠎ᠡ ᠶᠢ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠶᠡᠷᠦᠩᠬᠡᠶ ᠲᠤᠭ᠎ᠠ ᠶᠢᠨ 10% ᠠᠴᠠ ᠳᠡᠭᠡᠭᠰᠢ ᠪᠣᠯᠭᠠᠵᠤ᠂ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠲᠠᠯ ᠬᠥᠳᠡᠭᠡ ᠲᠣᠰᠬᠤᠨ ᠳᠤ ᠣᠷᠣᠭᠰᠠᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠨ᠎ᠠ᠃ ᠪᠠᠲᠣᠬᠠᠭᠠᠯᠭ᠎ᠠ ᠶᠢᠨ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠲᠣᠭᠤᠷᠢᠭ ᠢ ᠥᠭᠡᠷᠡᠴᠢᠯᠡᠨ ᠳᠡᠰ ᠨᠡᠮᠡᠭᠳᠡᠭᠦᠯᠵᠦ᠂ ᠣᠯᠡᠨ ᠰᠦᠮ᠎ᠠ ᠶᠢᠨ ᠡᠷᠲᠡᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠡᠯᠡᠭᠦᠴᠡᠯ᠂ ᠨᠠᠭᠠᠳᠤᠮ᠂ ᠵᠢᠭᠤᠯᠴᠢᠯᠠᠯ ᠤᠨ ᠠᠷᠠᠯᠵᠢᠶ᠎ᠠ ᠶᠢ ᠬᠦᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠬᠡᠷᠡᠭᠯᠡᠭᠡᠨ ᠤ ᠰᠢᠨ᠎ᠡ ᠪᠠᠶᠢᠲᠠᠯ ᠳᠤ ᠵᠣᠬᠢᠴᠠᠭᠤᠯᠤᠨ᠂ ᠬᠠᠩᠭᠠᠨ ᠪᠣᠷᠣᠯᠠᠭᠤᠯᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠤᠯᠤᠰ ᠤᠨ ᠵᠠᠭᠤᠨ ᠬᠦᠴᠦᠷᠬᠡᠭ ᠬᠤᠰᠢᠭᠤ ᠰᠢᠶᠠᠨ ᠤ ᠲᠡᠰ ᠤᠨ ᠲᠡᠷᠢᠭᠦᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢ ᠡᠭᠦᠲᠦᠨ᠎ᠡ᠃      ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠰᠣᠶᠣᠯ ᠢᠶᠠᠷ ᠬᠥᠲᠥᠯᠥᠨ ᠵᠢᠯᠣᠭᠤᠳᠬᠤ᠂ ᠵᠢᠭᠤᠯᠴᠢᠯᠠᠯ ᠪᠠᠷ ᠳᠠᠶᠢᠴᠢᠯᠠᠬᠤ ᠶᠢ ᠪᠠᠷᠢᠮᠲᠠᠯᠠᠵᠤ᠂ ᠰᠣᠶᠣᠯ᠂ ᠵᠢᠭᠤᠯᠴᠢᠯᠠᠯ ᠤᠨ ᠠᠭᠤᠰᠤᠯᠴᠠᠨ ᠬᠥᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ ᠤᠨ ᠳᠡᠰ ᠤᠨ ᠨᠡᠷᠡᠲᠦ ᠵᠢᠭᠤᠯᠴᠢᠯᠠᠯ ᠤᠨ ᠭᠠᠵᠡᠷ ᠢ ᠪᠦᠲᠤᠭᠡᠨ ᠪᠠᠶᠢᠭᠤᠯᠤᠨ᠎ᠠ᠃ ᠲᠠᠪᠤᠳᠤᠭᠠᠷ ᠬᠤᠭᠤᠴᠠᠭᠠᠨ  ᠤ ᠳᠤᠮᠳᠠᠳᠤ ᠤᠯᠤᠰ ᠤᠨ ᠨᠡᠭᠦᠳᠡᠯ ᠰᠣᠶᠣᠯ ᠤᠨ ᠵᠤᠭᠠᠴᠠᠯ ᠤᠨ ᠨᠠᠶᠢᠷ ᠢ ᠡᠷᠬᠢᠯᠡᠵᠤ᠂ ᠲᠠᠷᠬᠠᠨ ᠮᠣᠣᠮᠢᠩᠭᠠᠨ ᠬᠤᠯᠪᠣᠭᠠᠲᠣ ᠬᠤᠰᠢᠭᠤᠨ ᠤ ᠨᠡᠷ᠎ᠡ ᠨᠦᠯᠦᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠳᠥᠷᠪᠡᠨ ᠣᠯᠣᠰ  ᠤᠨ ᠵᠠᠩ ᠦᠢᠯᠡ ᠶᠢᠨ ᠵᠡᠭᠡᠯᠢ᠂ ᠠᠮᠢ ᠠᠬᠤᠶ ᠶᠢᠨ ᠬᠦᠷᠢᠶᠡᠯᠡᠩ ᠪᠠᠶᠢᠭᠤᠯᠬᠤ ᠶᠢ ᠲᠦᠷᠭᠡᠳᠬᠡᠵᠦ᠂ ᠵᠢᠯ ᠤᠨ ᠳᠣᠲᠣᠷ᠎ᠠ ᠭᠡᠷᠡᠭᠯᠡᠬᠡᠨ ᠳᠤ ᠣᠷᠣᠭᠤᠯᠤᠨ᠎ᠠ᠃ ᠳᠤᠮᠳᠠᠳᠤ ᠮᠣᠩᠭᠤᠯ ᠣᠷᠣᠰ ᠤᠨ ᠮᠠᠰᠢᠨ ᠲᠡᠷᠭᠡᠨ ᠤ ᠬᠡᠭᠡᠷᠡᠯᠡᠬᠦ ᠤᠷᠤᠯᠳᠤᠭᠠᠨ ᠢ ᠡᠷᠬᠢᠯᠡᠬᠦ ᠪᠠᠷ ᠥᠪᠡᠷᠲᠡᠭᠡᠨ ᠵᠠᠰᠠᠬᠤ ᠣᠷᠣᠨ ᠤ ᠲᠡᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠰᠠᠭᠤᠷᠢᠨ ᠭᠠᠵᠠᠷ ᠲᠤ ᠭᠤᠶᠣᠴᠢᠯᠡᠨ᠎ᠠ᠃ ᠠᠷᠠᠰᠤᠨ ᠡᠳ᠋ᠯᠡᠯ᠂ ᠴᠠᠭᠠᠰᠤᠨ ᠬᠠᠶᠢᠴᠢᠯᠠᠮᠠᠯ ᠵᠡᠷᠭᠡ ᠠᠵᠤ ᠤᠶᠢᠯᠡᠳᠪᠤᠷᠢ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠬᠠᠰᠠᠷ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠡᠬᠢᠯᠡᠬᠦᠯᠵᠤ᠂ ᠡᠷᠬᠢᠨ ᠲᠣᠭᠤᠷᠢᠨ ᠤ ᠦᠵᠡᠮᠵᠢ ᠶᠢᠨ ᠡᠬᠢ ᠪᠠᠶᠠᠯᠢᠭ ᠲᠠᠢ ᠨᠢᠬᠡᠳᠬᠡᠨ᠂ ᠲᠣᠭᠤᠷᠢᠨ ᠦᠵᠡᠬᠦ᠂ ᠪᠡᠶᠡᠴᠢᠯᠡᠨ ᠣᠶᠢᠯᠭᠠᠬᠤ᠂ ᠰᠣᠷᠭᠠᠨ ᠬᠦᠮᠤᠵᠢᠯ ᠢᠶᠠᠷ ᠨᠢᠬᠡ ᠴᠣᠭᠴᠠ ᠪᠣᠯᠣᠭᠰᠡᠨ ᠵᠢᠭᠤᠯᠴᠢᠯᠠᠯ ᠤᠨ ᠦᠵᠡᠮᠵᠢ ᠶᠢᠨ ᠴᠡᠭ ᠢ ᠪᠠᠶᠢᠭᠤᠯᠣᠨ᠎ᠠ᠃ ︽ᠭᠤᠪᠢ ᠶᠢᠨ ᠡᠮᠦᠨᠡᠳᠤ ᠶᠢᠨ ᠲᠤᠮᠤᠭ︾ ᠬᠡᠮᠡᠬᠦ ᠲᠤᠮᠤ ᠬᠡᠯᠪᠡᠷᠢ ᠶᠢᠨ ᠪᠣᠳᠠᠲᠤ ᠦᠵᠡᠮᠵᠢᠲᠦ ᠲᠣᠭᠯᠠᠯᠲᠠ ᠶᠢᠨ ᠵᠦᠴᠦᠭᠡ ᠶᠢ ᠵᠣᠬᠢᠶᠠᠨ ᠪᠦᠲᠦᠭᠡᠵᠣ᠂ 7 ᠰᠠᠷ᠎ᠠ ᠳᠤ ᠠᠩᠬᠠᠨ ᠤ ᠲᠡᠯᠡᠪᠡᠢ ᠲᠣᠭᠯᠠᠯᠲᠠ ᠪᠠᠨ ᠲᠣᠭᠯᠠᠨ᠎ᠠ᠃ ᠲᠡᠮᠦᠷ ᠵᠠᠮ ᠤᠨ ᠵᠢᠭᠤᠯᠴᠢᠯᠠᠯ ᠤᠨ ᠲᠤᠰᠬᠠᠶ ᠴᠤᠪᠤᠭ᠎ᠠ ᠲᠡᠷᠭᠡ ᠶᠢ ᠨᠡᠪᠲᠡᠷᠡᠭᠦᠯᠵᠦ᠂ ᠬᠢᠯᠢ ᠠᠯᠤᠰᠯᠠᠭᠰᠠᠨ ᠵᠢᠭᠤᠯᠴᠢᠯᠠᠯ ᠤᠨ ᠱᠤᠭᠤᠮ ᠢ ᠨᠠᠪᠲᠠᠷᠠᠬᠦᠯᠤᠨ᠎ᠠ᠃ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠦᠷᠦᠯ ᠵᠦᠢᠯ᠂ ᠴᠠᠰᠤ ᠮᠥᠰᠥᠨ ᠤ ᠠᠶᠠᠯᠠᠯ ᠵᠢᠭᠤᠯᠴᠢᠯᠠᠯ ᠢ ᠦᠷᠨᠢᠬᠦᠯᠦᠨ᠎ᠡ᠃ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠪᠡᠶ᠎ᠡ ᠰᠤᠪᠢᠯᠠᠬᠤ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ 30 ᠣᠨᠴᠠᠯᠢᠭᠲᠦ ᠦᠵᠡᠮᠵᠢ ᠶᠢᠨ ᠵᠢᠱᠢᠶ᠎ᠡ ᠦᠵᠡᠭᠦᠯᠬᠦ ᠭᠠᠴᠠᠭ᠎ᠠ᠂ 300 ᠮᠠᠯᠴᠢᠳ ᠤᠨ ᠪᠠᠶᠠᠰᠣᠯ ᠵᠢᠭᠤᠯᠴᠢᠯᠠᠯ ᠤᠨ ᠴᠡᠭ ᠢ ᠪᠠᠶᠢᠭᠤᠯᠣᠨ᠎ᠠ᠃ ︽ᠨᠧᠲ ᠰᠦᠯᠵᠢᠶ᠎ᠡ + ᠵᠢᠭᠤᠯᠴᠢᠯᠠᠯ︾ ᠤᠨ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠦ᠂ ᠵᠢᠭᠤᠯᠴᠢᠯᠠᠯ ᠤᠨ ᠲᠤᠮᠤ ᠳ᠋ᠠᠶᠢᠲ᠋ᠠ ᠶᠢᠨ ᠬᠦᠮᠦᠷᠬᠡ ᠶᠢ ᠲᠡᠭᠦᠯᠳᠡᠷᠵᠢᠭᠦᠯᠤᠨ᠂ ᠤᠶᠤᠡᠴᠢ ᠵᠢᠭᠤᠯᠴᠢᠯᠡᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ ᠢ ᠵᠣᠬᠢᠶᠠᠨ ᠪᠠᠶᠢᠭᠤᠯᠵᠤ᠂ ᠪᠦᠬᠦ ᠬᠦᠷᠢᠶ᠎ᠡ᠂ ᠪᠦᠬᠦ ᠴᠠᠭ᠂ ᠪᠦᠬᠦ ᠠᠷᠠᠳ ᠤᠨ ᠵᠢᠭᠤᠯᠴᠢᠯᠠᠯ ᠤᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠣᠷᠣᠨ ᠤ ᠵᠣᠷᠯᠣᠩ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃      ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠲᠦᠷᠭᠡᠳᠭᠡᠨ᠎ᠡ᠃ ᠮᠥᠩᠭᠦᠨ ᠭᠦᠢᠯᠭᠡᠭᠡᠨ ᠤ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ ᠬᠦᠢᠯᠬᠡᠭᠡᠨ ᠤ ᠤᠶᠢᠯᠡᠴᠢᠯᠡᠭᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠳᠠᠪᠤᠷᠢ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠪᠠᠶᠢᠭᠤᠯᠤᠯ ᠢᠶᠠᠨ ᠬᠤᠪᠢᠷᠠᠭᠤᠯᠬᠤ ᠶᠢ ᠲᠥᠯᠬᠢᠨ ᠠᠬᠢᠭᠤᠯᠵᠤ᠂ ᠪᠦᠳᠤᠭᠡᠨ ᠪᠠᠶᠢᠭᠤᠯᠤᠯᠲᠠ ᠶᠢᠨ ᠪᠠᠩᠬᠢ᠂ ᠪᠤᠭᠤᠲᠤ ᠶᠢᠨ ᠬᠤᠳᠠᠯᠳᠤᠭᠠᠨ ᠤ ᠪᠠᠩᠬᠢ ᠶᠢ ᠣᠷᠣᠭᠤᠯᠤᠨ ᠠᠪᠴᠢᠷᠠᠵᠤ᠂ ᠮᠠᠨ ᠤ ᠬᠤᠰᠢᠭᠤᠨ ᠳᠤ ᠰᠠᠯᠪᠤᠷᠢ ᠪᠠᠶᠢᠭᠤᠯᠤᠮᠵᠢ ᠪᠠᠶᠢᠭᠤᠯᠤᠨ᠂ ︽ᠲᠤᠰᠠᠯᠠᠬᠤ ᠵᠢᠭᠡᠯᠡᠯᠭᠡ︾ ᠶᠢᠨ ᠦᠢᠯᠡᠰ ᠢ ᠬᠦᠭᠵᠢᠬᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠢᠲᠡᠭᠡᠮᠵᠢᠲᠦ ᠵᠢᠭᠡᠯᠡᠯᠭᠡ ᠲᠠᠯᠪᠢᠬᠤ ᠬᠦᠴᠦᠯᠡᠴᠠ ᠪᠠᠨ ᠨᠠᠮᠡᠭᠲᠡᠬᠦᠯᠵᠣ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠨ᠎ᠡ᠃ ᠪᠡᠯᠡ ᠲᠣᠬᠢᠷᠠᠭᠤᠯᠬᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ ᠣᠷᠳᠣᠨ ᠠᠴᠠ ᠬᠤᠪᠢ ᠣᠷᠣᠭᠤᠯᠤᠭᠰᠠᠨ ᠪᠡᠯᠡ ᠲᠣᠬᠢᠷᠠᠭᠤᠯᠬᠤ ᠴᠢᠨᠠᠷᠲᠠᠶ ᠪᠠᠲᠤᠯᠠᠨ ᠲᠠᠭᠠᠭᠠᠬᠤ ᠺᠣᠮᠫᠠᠨᠢ ᠶᠢ ᠢᠳᠡᠪᠬᠢᠲᠡᠶ ᠬᠥᠭᠵᠢᠭᠦᠯᠵᠦ᠂ ᠪᠡᠯᠡ ᠲᠤᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠬᠦᠷᠦᠩᠭᠡ ᠶᠢᠨ ᠠᠵᠢᠯᠯᠠᠭ᠎ᠠ ᠶᠠᠪᠤᠭᠳᠠᠭᠤᠯᠬᠤ ᠶᠢ ᠰᠠᠶᠢᠲᠤᠷ ᠠᠳᠬᠤᠨ᠎ᠠ᠃ ᠠᠵᠤ ᠠᠬᠤᠶᠢᠯᠠᠯ ᠢ ᠳᠦᠷᠢᠮ ᠢᠶᠠᠨ ᠥᠭᠡᠷᠡᠴᠢᠯᠡᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ᠂ ᠲᠦᠷᠪᠡᠲᠡᠬᠢ ᠲᠦᠷᠦᠯ ᠤᠨ ᠬᠤᠪᠢᠴᠠᠭᠠᠨ ᠤ ᠵᠠᠬ᠎ᠠ ᠳᠤ ᠫᠠᠶᠢᠰᠠ ᠡᠯᠬᠦᠵᠦ ᠤᠷᠤᠨ ᠪᠦᠰᠡ ᠶᠢᠨ ᠰᠲ᠋ᠤᠺ ᠤᠨ ᠡᠷᠬᠡ ᠶᠢᠨ ᠵᠠᠬ᠎ᠠ ᠲᠡᠯᠭᠡᠬᠦᠷ ᠲᠤ ᠤᠷᠤᠬᠤ ᠶᠢ ᠵᠣᠷᠢᠭᠵᠢᠭᠤᠯᠤᠨ᠂ ᠪᠦᠬᠦ ᠵᠢᠯ ᠳᠤ 2 ᠡᠷᠦᠬᠡ ᠠᠴᠠ ᠳᠡᠭᠡᠭᠰᠢ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠣᠨ᠎ᠡ᠃ PPP ᠲᠦᠷᠦᠯ ᠵᠦᠢᠯ ᠢ ᠰᠡᠳᠦᠵᠦ ᠲᠥᠯᠥᠪᠯᠡᠬᠦ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠳᠠ ᠶᠢᠨ ᠲᠦᠷᠦᠯ ᠵᠦᠢᠯ ᠤᠨ ᠬᠥᠮᠥᠷᠭᠡ ᠳᠤ ᠨᠡᠩ ᠠᠷᠪᠢᠨ ᠲᠦᠷᠦᠯ ᠵᠦᠢᠯ ᠣᠷᠣᠭᠤᠯᠬᠤ ᠪᠠᠷ ᠴᠢᠷᠮᠠᠶᠢᠨ᠎ᠠ᠃ ᠬᠠᠰᠠᠷ ᠪᠡᠶ᠎ᠡ ᠲᠠᠮᠢᠷ ᠤᠨ ᠴᠡᠴᠡᠷᠯᠢᠭ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠵᠡᠷᠭᠡ 8 PPP ᠲᠥᠷᠥᠯ ᠵᠦᠢᠯ ᠤᠨ ᠪᠠᠶᠢᠭᠤᠯᠣᠯᠲᠠ ᠶᠢ ᠬᠡᠷᠡᠭᠵᠢᠭᠦᠯᠦᠨ᠎ᠡ᠃ ᠵᠢᠯ ᠤᠨ ᠳᠣᠲᠣᠷ᠎ᠠ ᠲᠤᠰᠬᠠᠶ ᠲᠦᠷᠦᠯ ᠵᠦᠢᠯ ᠤᠨ ᠪᠡᠯᠡ ᠮᠥᠩᠭᠦ ᠶᠢ 10 ᠳ᠋ᠦᠩᠰᠢᠭᠤᠷ ᠲᠥᠭᠦᠷᠢᠭ ᠠᠴᠠ ᠳᠡᠭᠡᠭᠰᠢ ᠲᠡᠮᠡᠴᠡᠨ ᠣᠯᠬᠤ ᠪᠠᠷ ᠴᠢᠷᠮᠠᠶᠢᠨ᠎ᠠ᠃      ︵ᠭᠤᠷᠪᠠ︶ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠬᠦᠴᠦᠯᠡᠨ ᠠᠬᠢᠭᠤᠯᠵᠤ᠂ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠤᠨ᠎ᠠ᠃      ᠪᠠᠲᠤᠬᠠᠭᠠᠯᠭ᠎ᠠ ᠪᠠᠯᠭᠠᠰᠦ ᠶᠢᠨ ᠪᠠᠭᠲᠠᠭᠠᠮᠵᠢ ᠶᠢ ᠥᠷᠭᠡᠳᠬᠡᠵᠤ ᠴᠢᠨᠠᠷ ᠢ ᠲᠡᠭᠡᠭᠰᠢᠯᠡᠬᠦᠯᠬᠦ ᠶᠢ ᠲᠦᠯᠬᠢᠨ ᠠᠬᠢᠭᠤᠯᠤᠨ᠎ᠠ᠃ ᠬᠤᠳᠠ ᠶᠢᠨ ᠲᠦᠷᠢ ᠲᠦᠷᠬᠦ ᠶᠢᠨ ᠲᠥᠰᠦᠪᠯᠡᠯᠲᠠ ᠪᠠ ᠬᠤᠳᠠ ᠶᠢᠨ ᠳᠦᠷᠰᠦ ᠪᠠᠶᠢᠳᠠᠯ ᠢ ᠴᠢᠬᠤᠯᠠᠴᠢᠯᠠᠵᠤ᠂ ᠬᠤᠲᠠ ᠪᠠᠯᠭᠠᠰᠤ ᠶᠢᠨ ᠪᠦᠲᠣᠭᠡᠨ ᠪᠠᠶᠢᠭᠤᠯᠤᠯᠲᠠ ᠶᠢᠨ ᠲᠦᠷᠦᠯ ᠵᠤᠶᠢᠯ ᠤᠨ ᠲᠥᠯᠥᠪᠵᠢᠭᠦᠯᠭᠡ ᠶᠢᠨ ᠬᠢᠨᠠᠨ ᠵᠥᠪᠰᠢᠶᠡᠷᠡᠬᠦ ᠶᠢ ᠴᠢᠩᠭᠠᠳᠬᠠᠵᠤ᠂ ᠬᠠᠭᠤᠴᠢᠨ ᠬᠤᠲᠠ ᠶᠢᠨ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠬᠤᠲᠠ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠬᠤᠯᠪᠤᠭᠠᠰᠦ ᠶᠢ ᠵᠠᠯᠭᠠᠭᠤᠯᠵᠤ᠂ ᠪᠠᠲᠤᠬᠠᠭᠠᠯᠭ᠎ᠠ ᠪᠠᠯᠭᠠᠰᠤ ᠶᠢ ᠨᠤᠮᠢᠨ ᠴᠡᠩᠭᠡᠷ ᠠᠭᠤᠯᠠ ᠤᠰᠦ ᠪᠠᠷ ᠬᠦᠷᠢᠶᠡᠯᠡᠭᠲᠡᠭᠰᠡᠨ᠂ ᠥᠪᠡᠷᠮᠢᠴᠡ ᠣᠨᠴᠠᠯᠢᠭ ᠲᠠᠢ᠂ ᠰᠢᠯᠦᠭ ᠵᠢᠷᠤᠭ ᠤᠨ ᠶᠢᠷᠲᠢᠨᠴᠦ ᠮᠠᠲᠤ ᠠᠯᠳᠠᠷᠲᠤ ᠪᠠᠯᠭᠠᠰᠤ ᠪᠤᠯᠭᠠᠬᠤ ᠪᠠᠷ ᠴᠢᠷᠮᠠᠶᠢᠨ᠎ᠠ᠃ ᠪᠠᠷᠠᠭᠤᠨ ᠠᠮᠠ᠂ ᠡᠮᠤᠨ᠎ᠠ ᠠᠮᠠ ᠶᠢᠨ ᠦᠵᠡᠮᠵᠢ ᠶᠢ ᠰᠢᠨᠡᠳᠭᠡᠬᠦ ᠪᠠ ᠪᠣᠬᠢᠷᠲᠤᠯ ᠦᠭᠡᠢ ᠪᠠᠶᠢᠬᠤ ᠶᠢ ᠬᠠᠮᠠᠭᠠᠯᠠᠬᠤ ᠠᠵᠢᠯ ᠢ ᠰᠠᠶᠢᠲᠤᠷ ᠦᠷᠨᠢᠬᠦᠯᠵᠤ᠂ ᠶᠢᠨ ᠰᠠᠨ ᠵᠢᠶᠤᠤ ᠶᠢᠨ ᠠᠭᠤᠯᠠᠨ ᠴᠡᠴᠡᠷᠯᠢᠭ᠂ ᠬᠠᠰᠠᠷ ᠤᠨ ᠴᠡᠴᠡᠷᠯᠢᠭ ᠵᠡᠷᠭᠡ ᠪᠠᠷᠢᠯᠭ᠎ᠠ ᠶᠢ ᠦᠷᠭᠦᠯᠵᠢᠯᠡᠨ ᠪᠠᠶᠢᠭᠤᠯᠵᠤ᠂ ᠠᠶᠢᠪᠠᠭ᠎ᠠ ᠭᠤᠤᠯ᠂ ᠵᠠᠲᠠᠭᠠᠢ ᠭᠤᠤᠯ ᠤᠨ ᠦᠵᠡᠮᠵᠢ ᠬᠢᠭᠡᠳ ᠬᠤᠲᠠ ᠪᠠᠯᠭᠠᠰᠤ ᠶᠢᠨ ᠡᠷᠬᠢᠨ ᠲᠣᠭᠤᠷᠢᠨ ᠤ ᠠᠭᠤᠯᠠ ᠶᠢ ᠨᠣᠭᠤᠭᠠᠷᠠᠭᠤᠯᠬᠤ ᠢᠨᠵᠧᠨᠧᠷᠢᠩ ᠢ ᠭᠡᠷᠡᠭᠵᠢᠬᠦᠯᠵᠤ᠂ ᠨᠣᠭᠤᠭᠠᠷᠠᠭᠤᠯᠤᠯᠲᠠ ᠶᠢᠨ ᠲᠠᠯᠠᠪᠠᠶ ᠶᠢ 10 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠬᠦᠯᠵᠤ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠲᠦ ᠬᠤᠰᠢᠭᠤ ᠰᠢᠶᠠᠨ ᠢ ᠡᠭᠦᠳᠦᠨ ᠪᠠᠶᠢᠭᠤᠯᠤᠨ᠎ᠠ᠃ ᠬᠤᠲᠠ ᠶᠢᠨ ᠲᠣᠭᠤᠷᠢᠭ ᠤᠨ ᠪᠠᠷᠢᠯᠭ᠎ᠠ ᠶᠢᠨ ᠭᠠᠲᠠᠷ ᠪᠠᠶᠢᠲᠠᠯ ᠤᠨ ᠥᠭᠡᠷᠡᠴᠢᠯᠡᠯᠲᠡ ᠪᠠ ᠵᠠᠮ ᠤᠨ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠢᠰᠢᠩ ᠭᠡᠷ ᠲᠤᠭᠤᠷᠢᠭ ᠤᠨ ᠦᠭᠡᠷᠡᠴᠢᠯᠡᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠷ ᠲᠤ ᠰᠠᠭᠤᠬᠤ ᠨᠤᠷᠮ᠎ᠠ ᠶᠢ 95% ᠠᠴᠠ ᠳᠡᠭᠡᠭᠰᠢ ᠪᠤᠯᠭᠠᠨ᠎ᠠ᠃ ᠭᠤᠷᠪᠠᠨ ᠬᠦᠷᠲᠤᠲᠤ ᠲᠡᠷᠭᠡ ᠶᠢᠨ ᠬᠠᠤᠯᠢ ᠶᠢ ᠵᠥᠷᠢᠴᠡᠨ ᠲᠡᠭᠡᠭᠡᠪᠦᠷᠢᠯᠡᠬᠦ ᠪᠠ ᠡᠯ᠎ᠡ ᠲᠦᠷᠦᠯ ᠤᠨ ᠲᠡᠷᠭᠡ ᠤᠨᠤᠭ᠎ᠠ ᠲᠣᠭᠲᠠᠭᠠᠯ ᠠᠴᠠ ᠵᠥᠷᠢᠴᠡᠨ ᠵᠣᠭᠰᠣᠬᠤ ᠶᠢ ᠴᠢᠩᠭ᠎ᠠ ᠬᠠᠮᠢᠶᠠᠷᠴᠦ᠂ ᠰᠠᠭᠤᠭᠠᠯᠢ ᠠᠷᠠᠳ ᠤᠨ ᠲᠣᠭᠤᠷᠢᠭ ᠲᠤ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠭᠡᠷᠡᠮ ᠡᠪᠲᠡᠯᠵᠤ ᠳᠡᠯᠭᠡᠭᠦᠷ ᠨᠡᠭᠡᠭᠡᠬᠦ᠂ ᠲᠤᠷ᠎ᠠ ᠪᠠᠷ ᠲᠠᠯᠪᠢᠬᠤ᠂ ᠳᠤᠷ᠎ᠠ ᠪᠠᠷ ᠢᠶᠠᠨ ᠵᠢᠷᠤᠭ ᠡᠷᠢᠶᠡᠴᠡᠬᠦ ᠵᠡᠷᠭᠡ ᠠᠰᠠᠭᠤᠳᠠᠯ ᠢ ᠬᠠᠤᠯᠢ ᠶᠣᠰᠣᠭᠠᠷ ᠵᠠᠰᠠᠵᠤ᠂ ᠡᠷᠡᠭᠦᠯ ᠬᠠᠮᠠᠭᠠᠯᠠᠯ ᠤᠨ ᠬᠤᠲᠠ᠂ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠬᠦᠯᠤᠨ᠎ᠠ᠃      ᠲᠦᠷᠢᠮᠲᠤ ᠪᠠᠯᠭᠠᠰᠦ ᠶᠢᠨ ᠵᠦᠷᠢᠶᠠᠡᠲᠤ ᠬᠦᠭᠵᠢᠯᠲᠠ ᠶᠢ ᠠᠬᠢᠭᠤᠯᠤᠨ᠎ᠠ᠃ ᠮᠠᠨᠳᠤᠯ ᠪᠠᠯᠭᠠᠰᠤ ᠪᠣᠯᠤᠨ ᠪᠣᠭᠤᠮᠲᠠ ᠶᠢᠨ ᠬᠠᠮᠵᠢᠯᠴᠠᠨ ᠬᠥᠭᠵᠢᠬᠦ ᠶᠢ ᠲᠦᠷᠭᠡᠳᠬᠡᠵᠦ᠂ ᠪᠠᠯᠭᠠᠰᠤ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠪᠡᠶᠡᠯᠡᠭᠦᠯᠵᠤ᠂ ᠭᠡᠷ ᠪᠠᠶᠢᠰᠢᠩ ᠲᠠᠲᠠᠪᠤᠷᠢᠯᠠᠬᠤ᠂ ᠪᠠᠯᠭᠠᠰᠤ ᠶᠢᠨ ᠵᠠᠮ ᠪᠠ ᠬᠤᠭᠤᠯᠠᠶ ᠲᠣᠣᠷ ᠤᠨ ᠪᠥᠳᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠭᠡᠷᠡᠭᠵᠢᠬᠦᠯᠵᠤ᠂ ᠵᠠᠩ ᠦᠢᠯᠡ ᠶᠢᠨ ᠰᠣᠶᠣᠯ ᠤᠨ ᠠᠭᠤᠳᠠᠮ ᠲᠠᠯᠠᠪᠠᠶ᠂ ᠵᠠᠩ ᠦᠢᠯᠡ ᠶᠢᠨ ᠦᠵᠡᠮᠦᠷᠢ ᠶᠢᠨ ᠣᠷᠳᠣᠨ᠂ ᠵᠤᠭᠠᠴᠠᠭᠰᠠᠳ ᠲᠤ ᠦᠢᠯᠡᠴᠢᠯᠡᠬᠦ ᠲᠥᠪ ᠢ ᠰᠢᠨ᠎ᠠ ᠪᠠᠷ ᠪᠠᠶᠢᠭᠤᠯᠵᠤ᠂ ᠪᠣᠭᠤᠮᠲᠠ ᠶᠢᠨ ᠵᠠᠩ ᠦᠢᠯᠡ ᠶᠢᠨ ᠵᠢᠵᠢᠭ ᠪᠠᠯᠭᠠᠰᠤ ᠶᠢ ᠪᠦᠲᠤᠭᠡᠨ ᠪᠠᠶᠢᠭᠤᠯᠤᠨ᠎ᠠ᠃ ᠰᠢᠷᠠᠮᠥ᠋ᠷᠡᠨ ᠪᠠᠯᠭᠠᠰᠤ ᠪᠠ ᠦᠵᠡᠮᠵᠢ ᠶᠢᠨ ᠣᠷᠣᠨ ᠤ ᠬᠠᠮᠵᠢᠯᠴᠠᠨ ᠬᠥᠭᠵᠢᠬᠦ ᠶᠢ ᠲᠦᠷᠭᠡᠳᠬᠡᠨ᠂ ᠭᠡᠷᠡᠯᠲᠦᠭᠦᠯᠭᠡ᠂ ᠬᠠᠲᠠᠭᠤᠷᠡᠯᠲᠠ᠂ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠠᠯᠭᠠᠰᠤᠨ ᠤ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠲᠠᠲᠠᠪᠤᠷᠢᠯᠠᠵᠤ᠂ ᠵᠢᠭᠤᠯᠴᠢᠯᠠᠯ ᠤᠨ ᠵᠠᠩ ᠦᠢᠯᠡ ᠶᠢᠨ ᠵᠢᠵᠢᠭ ᠪᠠᠯᠭᠠᠰᠤ ᠶᠢ ᠪᠦᠳᠦᠭᠡᠨ ᠪᠠᠶᠢᠭᠤᠯᠤᠨ᠎ᠠ᠃ ᠮᠢᠩᠭᠠᠨ ᠪᠠᠯᠭᠠᠰᠤ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠵᠦ᠂ ᠪᠠᠯᠭᠠᠰᠤᠨ ᠤ ᠵᠡᠷᠭᠡ ᠳᠡᠰ ᠢ ᠦᠰᠭᠡᠵᠤ᠂ ᠬᠤᠭᠤᠯᠠ ᠤᠮᠳᠠ ᠪᠠᠭᠤᠳᠠᠯ ᠵᠡᠷᠭᠡ ᠨᠥᠬᠦᠴᠡᠯ ᠢ ᠲᠡᠭᠦᠯᠳᠡᠷᠵᠢᠭᠦᠯᠤᠨ᠂ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠤ᠂ ᠵᠠᠩ ᠤᠶᠢᠯᠡ ᠶᠢᠨ ᠵᠢᠵᠢᠭ ᠪᠠᠯᠭᠠᠰᠤ ᠶᠢ ᠪᠦᠲᠤᠭᠡᠨ ᠪᠠᠶᠢᠭᠤᠯᠤᠨ᠎ᠠ᠃ ︽ᠨᠢᠭᠡ ᠪᠠᠯᠭᠠᠰᠤ ᠨᠢᠭᠡ ᠣᠨᠴᠠᠯᠢᠭ᠂ ᠨᠢᠭᠡ ᠪᠠᠯᠭᠠᠰᠤ ᠨᠢᠭᠡ ᠵᠠᠩ ᠤᠶᠢᠯᠡ︾ ᠶᠢᠨ ᠰᠡᠳᠬᠢᠴᠡ ᠪᠠᠷ᠂ ᠦᠬᠡᠷᠬᠤᠳᠲᠤᠭ ᠪᠠᠯᠭᠠᠰᠤ᠂ ᠰᠢᠪᠡᠷᠬᠦ᠋ᠷᠢᠶ᠎ᠠ ᠪᠠᠯᠭᠠᠰᠤ ᠪᠠ ᠪᠤᠰᠤᠳ ᠲᠦᠷᠢᠮᠲᠤ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢᠨ ᠬᠦᠭᠵᠢᠯᠲᠠ ᠶᠢ ᠲᠦᠷᠭᠡᠳᠭᠡᠵᠤ᠂ ᠤᠷᠤᠰᠢᠨ ᠰᠠᠭᠤᠬᠤ ᠤᠶᠢᠯᠡᠰ ᠪᠦᠲᠤᠭᠡᠬᠦ ᠬᠤᠲᠠᠯᠲᠤᠭ᠎ᠠ ᠡᠷᠬᠢᠯᠡᠬᠦ ᠬᠢᠷᠢ ᠲᠦᠪᠰᠢᠨ  ᠢ ᠲᠡᠭᠡᠭᠰᠢᠯᠡᠬᠦᠯᠤᠨ᠎ᠠ᠃      ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠰᠢᠨ᠎ᠡ ᠣᠶᠢᠯᠠᠭᠠᠭᠳᠠᠬᠤᠨ ᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠴᠠᠬᠢᠯᠭᠠᠨ ᠵᠠᠮ ᠵᠡᠷᠭᠡ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠵᠦ᠂ 6 ᠰᠠᠷ᠎ᠠ ᠶᠢᠨ ᠰᠠᠬᠦᠯᠴᠢ ᠠᠴᠠ ᠡᠮᠦᠨ᠎ᠡ ᠰᠢᠨ᠎ᠡ ᠲᠣᠰᠬᠤᠨ ᠳᠤ ᠨᠡᠬᠦᠨ ᠣᠷᠣᠵᠤ ᠰᠠᠭᠤᠬᠤ ᠶᠢ ᠪᠠᠲᠤᠯᠠᠨ᠎ᠠ᠃ ᠰᠢᠨ᠎ᠡ ᠬᠥᠳᠡᠭᠡ ᠲᠣᠰᠬᠤᠨ ᠰᠢᠨ᠎ᠡ ᠮᠠᠯᠵᠢᠬᠤ ᠣᠷᠣᠨ  ᠤ ᠪᠥᠳᠥᠭᠡᠨ ᠪᠠᠶᠢᠭᠤᠯᠬᠤ ᠬᠠᠮᠢᠶᠠᠷᠤᠯᠲᠠ ᠶᠢᠨ ᠰᠠᠨᠠᠯ ᠢ ᠨᠠᠶᠢᠲᠠᠯᠠᠵᠤ᠂ ᠰᠤᠯᠠ ᠪᠠᠶᠢᠬᠤ ᠰᠢᠷᠣᠶ ᠶᠢᠨ ᠪᠠᠶᠢᠰᠢᠩ ᠢ ᠨᠤᠷᠠᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠵᠢᠷᠠᠭᠤᠯᠵᠤ᠂ ᠤᠷᠳᠤ ᠬᠤᠭᠤᠴᠠᠭᠠᠨ ᠤ ᠪᠥᠳᠥᠮᠵᠢᠳᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠰᠢᠨ᠎ᠡ ᠲᠣᠰᠬᠤᠨ ᠤ ᠠᠵᠤ ᠦᠢᠯᠡᠰ ᠤᠨ ᠢᠵᠢ ᠪᠦᠷᠢᠳᠦᠯ ᠢ ᠲᠦᠷᠭᠡᠳᠬᠡᠵᠦ᠂ ᠵᠤᠭᠠᠴᠠᠯ ᠤᠨ ᠲᠠᠷᠢᠶᠠᠯᠠᠩ᠂ ᠪᠠᠶᠠᠴᠢᠯᠡᠨ ᠤᠶᠢᠯᠭᠠᠬᠤ ᠲᠠᠷᠢᠶᠠᠯᠠᠩ ᠮᠠᠯ ᠠᠵᠤ ᠠᠬᠤᠶ᠂ ᠪᠦᠲᠦᠭᠡᠯᠴᠢ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠪᠠ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠤ ᠵᠤᠭᠠᠴᠠᠯ᠂ ᠡᠷᠡᠭᠦᠯ ᠮᠡᠨᠳᠦ ᠶᠢᠨ ᠰᠤᠪᠢᠯᠠᠯᠲᠠ ᠵᠡᠷᠭᠡ ᠶᠢᠨ ᠭᠦᠨᠵᠡᠭᠡᠶ ᠠᠭᠤᠰᠤᠯᠳᠤᠯ ᠢ ᠲᠥᠯᠬᠢᠨ ᠠᠬᠢᠭᠤᠯᠵᠤ᠂ ᠦᠪᠡᠷ ᠦᠪᠡᠷ ᠤᠨ ᠣᠨᠴᠠᠯᠢᠭ ᠪᠦᠬᠦᠢ ᠰᠢᠨ᠎ᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠠᠯᠬᠤᠮ ᠲᠠᠷᠠᠭᠠᠯᠠᠨ ᠲᠣᠭᠲᠠᠭᠠᠨ᠎ᠠ᠃ ᠦᠢᠯᠡᠳᠪᠦᠷᠢᠯᠡᠯ ᠪᠠ ᠲᠤᠰᠬᠤᠨ ᠤ ᠤᠶᠠᠯᠲᠤᠯ ᠤᠨ ᠳᠠᠭᠤᠷᠢᠶᠠᠯ ᠦᠵᠡᠭᠦᠯᠬᠦ ᠲᠤᠰᠬᠤᠨ ᠢ ᠵᠢᠯ ᠤᠨ ᠳᠣᠲᠣᠷ᠎ᠠ 100 ᠶᠢ ᠪᠠᠶᠢᠭᠤᠯᠵᠤ᠂ ᠠᠵᠤ ᠠᠬᠤᠶᠢᠯᠡᠯ ᠡᠬᠦᠳᠬᠦ ᠭᠡᠷ ᠬᠦᠷᠢᠶᠡᠯᠡᠩ ᠤᠨ ᠲᠠᠭᠤᠷᠢᠶᠡᠯ ᠡᠷᠦᠬᠡ 100 ᠶᠢ ᠪᠠᠶᠢᠭᠤᠯᠤᠨ᠎ᠠ᠃      ᠰᠠᠭᠤᠷᠢ ᠲᠥᠬᠦᠭᠡᠷᠦᠮᠵᠢ ᠶᠢᠨ ᠬᠤᠯᠪᠣᠭᠠᠯᠠᠨ ᠨᠡᠪᠲᠡᠷᠡᠯᠴᠡᠭᠦᠯᠬᠦ ᠶᠢ ᠠᠬᠢᠭᠤᠯᠤᠨ᠎ᠠ᠃ ᠲᠡᠮᠦᠷ ᠵᠠᠮ ᠤᠨ ᠲᠣᠣᠷᠵᠢᠯ ᠭᠤᠣᠯᠳᠠᠭᠤ ᠪᠤᠭᠤᠲᠤ ᠮᠠᠨᠲᠤᠯ ᠤᠨ ᠲᠡᠮᠤᠷ ᠵᠠᠮ ᠤᠨ ᠭᠤᠷᠪᠠᠲᠤᠭᠠᠷ ᠬᠤᠭᠤᠴᠠᠭ᠎ᠠ᠂ ᠤᠯᠤᠰ ᠤᠨ ᠬᠠᠳᠠᠭᠠᠯᠠᠯᠲᠠ ᠶᠢᠨ ᠲᠤᠰᠬᠠᠶ ᠬᠡᠷᠡᠭᠯᠡᠬᠦ ᠲᠡᠮᠦᠷ ᠵᠠᠮ ᠤᠨ ᠲᠥᠷᠥᠯ ᠵᠦᠢᠯ ᠢ ᠪᠦᠲᠤᠭᠡᠨ ᠪᠠᠶᠢᠭᠤᠯᠵᠤ᠂ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠤᠶᠢᠯ ᠤᠨ ᠪᠠᠯᠡᠳᠭᠡᠯ ᠬᠤᠭᠤᠴᠠᠭᠠᠨ ᠤ ᠠᠵᠢᠯ ᠢ ᠰᠠᠶᠢᠲᠤᠷ ᠬᠢᠨ᠎ᠠ᠃ ᠵᠠᠰᠠᠮᠠᠯ ᠵᠠᠮ ᠤᠨ ᠲᠣᠣᠷᠵᠢᠯ ᠭᠤᠤᠯᠲᠠᠭᠤ ᠪᠠᠲᠤᠬᠠᠭᠠᠯᠭ᠎ᠠ ᠠᠴᠠ ᠪᠠᠶᠠᠨ᠋ᠤ᠋ᠪᠤᠭ᠎ᠠ ᠬᠦᠷᠬᠦ ᠵᠠᠰᠠᠮᠠᠯ ᠵᠠᠮ ᠢ ᠪᠠᠶᠢᠭᠤᠯᠵᠤ᠂ ᠰᠢᠷᠠᠮᠥ᠋ᠷᠡᠨ ᠠᠴᠠ ᠪᠠᠲᠤᠬᠠᠭᠠᠯᠭ᠎ᠠ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠬᠦ ᠱᠤᠭᠤᠮ ᠳᠤ ᠲᠡᠷᠭᠡ ᠨᠡᠪᠲᠡᠷᠡᠬᠦ ᠶᠢ ᠪᠠᠲᠤᠯᠠᠵᠤ᠂ ᠮᠠᠨᠳᠤᠯ ᠪᠣᠭᠤᠮᠲᠠ ᠠᠴᠠ ᠪᠠᠶᠠᠨ᠋ᠤ᠋ᠪᠤᠭ᠎ᠠ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠤᠯᠠᠭᠠᠨ ᠤᠪᠤᠭ᠎ᠠ ᠠᠴᠠ ᠦᠵᠦᠭᠦᠷ ᠤᠨ ᠬᠢᠯᠢ ᠶᠢᠨ ᠬᠠᠮᠠᠭᠠᠯᠠᠯᠲᠠ ᠶᠢᠨ ᠱᠤᠭᠤᠮ ᠬᠦᠷᠬᠦ ᠵᠠᠰᠠᠮᠠᠯ ᠵᠠᠮ ᠢ ᠵᠢᠯ ᠤᠨ ᠳᠣᠲᠣᠷ᠎ᠠ ᠵᠠᠮ ᠤᠨ ᠰᠠᠭᠤᠷᠢ᠂ ᠬᠦᠬᠦᠷᠭᠡ ᠶᠢ ᠪᠠᠶᠢᠭᠤᠯᠵᠤ᠂ ᠪᠠᠶᠠᠨ᠋ᠤ᠋ᠪᠤᠭ᠎ᠠ ᠠᠴᠠ ᠮᠢᠩᠭᠠᠨ ᠬᠦᠷᠬᠦ ᠵᠠᠰᠠᠮᠠᠯ ᠵᠠᠮ ᠤᠨ ᠨᠢᠭᠡᠳᠦᠭᠡᠷ ᠬᠤᠭᠤᠴᠠᠭᠠᠨ ᠤ ᠠᠵᠢᠯ ᠢ ᠳᠠᠭᠤᠰᠬᠠᠨ᠂ 3 ᠵᠤᠷᠪᠤᠰ ᠵᠤᠭᠠᠴᠠᠯ ᠤᠨ ᠵᠠᠮ ᠳᠡᠪᠢᠰᠴᠦ ᠲᠡᠷᠭᠡ ᠨᠡᠪᠲᠡᠷᠡᠭᠦᠯᠤᠨ᠎ᠠ᠃ ᠮᠠᠨᠳᠤᠯ ᠠᠴᠠ ᠲᠠᠪᠤᠨ ᠲᠤᠯᠤᠭᠠᠢ ᠬᠦᠷᠬᠦ ᠬᠠᠶᠢᠷ ᠴᠢᠯᠠᠭᠤ ᠶᠢᠨ ᠵᠠᠰᠠᠮᠠᠯ ᠵᠠᠮ  ᠤᠨ ᠲᠦᠷᠦᠯ ᠵᠤᠶᠢᠯ ᠢ ᠭᠡᠷᠡᠭᠵᠢᠬᠦᠯᠵᠤ᠂ ᠮᠠᠨᠲᠤᠯ ᠠᠴᠠ ᠰᠠᠶᠢᠨᠱᠠᠩᠲᠠ ᠬᠦᠷᠬᠦ ᠬᠢᠯᠢ ᠠᠯᠤᠰᠯᠠᠭᠰᠠᠨ ᠵᠠᠰᠠᠮᠠᠯ ᠵᠠᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠭᠠᠷ ᠠᠶᠠᠯᠠᠯ ᠤᠨ ᠲᠣᠣᠷᠵᠢᠯ᠂ ᠭᠤᠤᠯᠲᠠᠭᠤ ᠲᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠬᠠᠮᠲᠤ ᠶᠢᠨ ᠭᠡᠷᠡᠭᠯᠡᠬᠡᠨ ᠤ ᠨᠢᠰᠬᠡᠯ ᠤᠨ ᠪᠠᠭᠤᠳᠠᠯ ᠤᠨ ᠪᠦᠲᠤᠭᠡᠨ ᠪᠠᠶᠢᠭᠤᠯᠤᠲᠠ ᠶᠢ ᠲᠦᠯᠬᠢᠨ ᠠᠬᠢᠭᠤᠯᠵᠤ᠂ 7 ᠰᠠᠷ᠎ᠠ ᠳᠤ ᠠᠩᠬᠠᠲᠤᠭᠠᠷ ᠤᠲᠠᠭᠠᠨ ᠤ ᠠᠭᠠᠷ ᠤᠨ ᠠᠶᠠᠯᠠᠯ ᠤᠨ ᠨᠡᠪᠲᠡᠷᠡᠬᠦ ᠶᠢ ᠪᠡᠶᠡᠯᠡᠭᠦᠯᠵᠦ᠂ ᠤᠢᠢᠷ᠎ᠠ ᠵᠠᠮ ᠤᠨ ᠲᠡᠭᠡᠭᠡᠪᠦᠷᠢ᠂ ᠵᠤᠭᠠᠴᠠᠨ ᠲᠣᠭᠤᠷᠢᠬᠤ᠂ ᠳᠣᠣᠭᠤᠷ ᠨᠢᠰᠬᠦ ᠪᠣᠯᠪᠠᠰᠤᠷᠠᠯ ᠵᠡᠷᠭᠡ ᠲᠤᠬᠠᠶᠢᠯᠠᠭᠰᠠᠨ ᠠᠵᠢᠯ ᠢ ᠦᠷᠨᠢᠬᠦᠯᠵᠤ᠂ ᠠᠭᠠᠷ ᠠᠶᠠᠯᠠᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠥᠷᠭᠡᠳᠬᠡᠨ᠎ᠠ᠃ ᠮᠠᠨᠳᠤᠯ ᠪᠠᠯᠭᠠᠰᠤ᠂ ᠰᠢᠷᠠᠮᠥ᠋ᠷᠡᠨ ᠪᠠᠯᠭᠠᠰᠤ ᠶᠢᠨ ᠬᠠᠮᠲᠣ ᠶᠢᠨ ᠬᠡᠷᠡᠭᠯᠡᠬᠡᠨ ᠤ ᠨᠢᠰᠬᠡᠯ ᠤᠨ ᠪᠠᠭᠤᠲᠠᠯ ᠤᠨ ᠲᠥᠷᠥᠯ ᠵᠦᠢᠯ ᠤᠨ ᠪᠠᠯᠡᠳᠭᠡᠯ ᠬᠤᠭᠤᠴᠠᠭᠠᠨ ᠤ ᠠᠵᠢᠯ ᠢ ᠡᠬᠢᠯᠡᠬᠦᠯᠵᠤ᠂ ᠠᠭᠠᠷ ᠤᠨ ᠲᠣᠣᠷ ᠰᠦᠯᠵᠢᠶᠡᠨ ᠤ ᠰᠢᠰᠲ᠋ᠧᠮ ᠢ ᠪᠦᠷᠢᠯᠲᠤᠬᠦᠯᠤᠨ᠎ᠠ᠃ ᠤᠰᠤᠨ ᠠᠰᠢᠭᠯᠠᠯᠲᠠ ᠶᠢᠨ ᠲᠣᠣᠷᠵᠢᠯ᠂ ᠭᠤᠣᠯᠳᠠᠭᠤ ᠲᠠᠷᠢᠶᠠᠯᠠᠩ ᠮᠠᠯ ᠠᠵᠤ ᠠᠬᠤᠶ ᠶᠢᠨ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠪᠤᠨ ᠭᠤᠤᠯ ᠤᠨ ᠰᠠᠶᠢᠷ ᠤᠨ ᠤᠰᠤᠨ ᠴᠥᠭᠦᠷᠥᠮ ᠢ ᠡᠬᠢᠯᠡᠨ ᠪᠠᠶᠢᠭᠤᠯᠤᠨ᠎ᠠ᠃ ᠪᠠᠲᠤᠬᠠᠭᠠᠯᠭ᠎ᠠ ᠪᠠᠯᠭᠠᠰᠤᠨ ᠤ ᠤᠰᠤ ᠬᠠᠩᠭᠠᠬᠤ ᠬᠤᠭᠤᠯᠠᠶ ᠶᠢᠨ ᠲᠣᠣᠷ ᠤᠨ ᠥᠭᠡᠷᠡᠴᠢᠯᠡᠯᠲᠡ᠂ ᠮᠠᠨᠳᠤᠯ ᠪᠠᠯᠭᠠᠰᠤᠨ ᠤ ᠭᠠᠵᠠᠷ ᠣᠷᠣᠨ ᠤ ᠤᠰᠤ ᠬᠠᠩᠭᠠᠬᠤ ᠪᠠ ︽ᠮᠠᠯᠵᠢᠬᠤ ᠣᠷᠣᠨ ᠤ ᠤᠰᠤᠨ ᠵᠣᠭᠤᠷᠢ︾ ᠶᠢᠨ ᠢᠨᠵᠧᠨᠧᠷᠢᠩ ᠢ ᠪᠡᠶᠡᠯᠡᠭᠦᠯᠵᠦ᠂ ᠬᠥᠳᠡᠭᠡ ᠲᠣᠰᠬᠤᠨ ᠮᠠᠯᠵᠢᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠬᠤ ᠢᠨᠵᠧᠨᠧᠷᠢᠩ ᠢ ᠬᠡᠷᠡᠭᠵᠢᠭᠦᠯᠵᠤ᠂ ︽ᠲᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠳᠤ ᠣᠰᠣ ᠲᠠᠲᠠᠨ ᠣᠷᠣᠭᠤᠯᠬᠤ︾ ᠢᠨᠵᠧᠨᠧᠷᠢᠩ ᠤᠨ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠲᠥᠷᠥᠯ ᠵᠦᠢᠯ ᠤᠨ ᠬᠡᠷᠡᠭᠵᠢᠭᠦᠯᠤᠯᠲᠠ ᠶᠢ ᠰᠠᠶᠢᠲᠤᠷ ᠬᠢᠨ᠎ᠠ᠃ ᠬᠤᠳᠠ ᠶᠢᠨ ᠶᠠᠪᠤᠳᠠᠯ ᠤᠨ ᠲᠤᠤᠷᠵᠢᠯ᠂ ᠭᠤᠤᠯᠲᠠᠭᠤ ᠰᠢᠨ᠎ᠡ ᠬᠤᠲᠠ ᠲᠣᠭᠤᠷᠢᠭ ᠤᠨ ︽ᠲᠠᠪᠤᠨ ᠬᠦᠨᠲᠠᠯᠡᠨ ᠲᠦᠷᠪᠡᠨ ᠭᠤᠯᠲᠤ︾ ᠵᠠᠮ ᠬᠢᠭᠡᠳ ᠢᠵᠢ ᠪᠦᠷᠢᠯᠲᠤᠯ ᠤᠨ ᠬᠤᠭᠤᠯᠠᠢ ᠶᠢ ᠪᠡᠶᠡᠯᠡᠭᠦᠯᠵᠦ᠂ ᠬᠠᠭᠤᠴᠢᠨ ᠬᠤᠲᠠ ᠶᠢᠨ ᠲᠣᠭᠤᠷᠢᠭ ᠤᠨ ᠲᠠᠰᠤᠷᠬᠠᠶ ᠵᠠᠮ ᠢ ᠨᠡᠪᠲᠡᠷᠡᠭᠦᠯᠵᠦ᠂ ᠵᠠᠬᠦᠨ ᠬᠥᠭᠦᠷᠭᠡ ᠶᠢᠨ ᠬᠤᠶᠢᠲᠤ ᠬᠡᠰᠡᠭ ᠤᠨ ᠵᠠᠮ ᠪᠠ ᠪᠠᠲᠤᠬᠠᠭᠠᠯᠭ᠎ᠠ ᠪᠠᠷᠠᠭᠤᠨ ᠵᠠᠮ ᠢ ᠥᠷᠭᠡᠳᠬᠡᠵᠤ᠂ ᠬᠤᠩᠭᠤᠷᠲᠠᠯ᠎ᠠ ᠶᠡᠭᠡ ᠬᠦᠬᠦᠷᠭᠡ ᠶᠢ ᠥᠷᠭᠡᠳᠬᠡᠨ ᠪᠠᠶᠢᠭᠤᠯᠤᠨ᠎ᠠ᠃ ᠬᠠᠭᠤᠴᠢᠨ ᠬᠤᠳᠠ ᠶᠢᠨ ᠭᠠᠵᠠᠷ ᠳᠣᠣᠷᠠᠬᠢ ᠬᠤᠭᠤᠯᠠᠶ ᠶᠢᠨ ᠲᠣᠣᠷ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠶᠠᠪᠤᠭᠲᠠᠭᠤᠯᠤᠨ᠎ᠠ᠃ ᠡᠨᠧᠷᠭᠢ  ᠶᠢᠨ ᠡᠬᠢ ᠰᠤᠷᠪᠤᠯᠵᠢ ᠶᠢᠨ ᠲᠣᠣᠷᠵᠢᠯ᠂ ᠭᠤᠤᠯᠲᠠᠭᠤ ᠮᠢᠩᠭᠠᠨ ᠲᠦᠮᠡᠨ ᠺᠢᠯᠣᠸᠠᠲ ᠤᠨ ᠳᠡᠰ ᠤᠨ ᠰᠠᠯᠬᠢᠨ ᠬᠦᠴᠦᠨ ᠤ ᠴᠠᠬᠢᠯᠭᠠᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠤ᠂ ᠪᠤᠭᠤᠲᠤ ᠶᠢᠨ ᠬᠤᠶᠢᠲᠤ ᠬᠡᠰᠡᠭ ᠠᠴᠠ ᠬᠤᠸᠠ ᠵᠦᠩ ᠴᠠᠬᠢᠯᠭᠠᠨ ᠬᠦᠴᠦᠨ ᠬᠦᠷᠬᠦ ᠵᠠᠮ ᠢ ᠤᠯᠤᠰ ᠤᠨ ᠵᠦᠪᠰᠢᠶᠠᠷᠠᠯ ᠢ ᠤᠯᠬᠤ ᠶᠢ ᠲᠦᠯᠬᠢᠨ ᠠᠬᠢᠭᠤᠯᠵᠤ᠂ ᠴᠡᠪᠡᠷ ᠡᠨᠧᠷᠭᠢ ᠭᠠᠷᠭᠠᠬᠤ ᠬᠦᠴᠢᠷᠲᠠᠯ ᠢ ᠠᠷᠢᠯᠭᠠᠨ᠎ᠠ᠃ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠭᠡᠷᠡᠭᠵᠢᠬᠦᠯᠵᠤ᠂ ᠬᠤᠲᠠ ᠶᠢᠨ ᠵᠠᠬᠦᠨ ᠳᠠᠬᠢ 110 ᠺᠢᠯᠣᠸᠠᠲ ᠤᠨ ᠴᠠᠬᠢᠯᠭᠠᠨ ᠳᠠᠮᠵᠢᠭᠤᠯᠤᠨ ᠬᠦᠴᠦᠳᠡᠯ ᠥᠭᠡᠷᠡᠴᠢᠯᠡᠬᠦ ᠦᠷᠳᠡᠭᠡ  ᠶᠢ ᠪᠠᠶᠢᠭᠤᠯᠵᠤ᠂ ᠰᠢᠨ᠎ᠡ ᠲᠣᠰᠬᠤᠨ ᠤ ᠴᠠᠬᠢᠯᠭᠠᠨ ᠨᠡᠪᠲᠡᠷᠡᠬᠦ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠤᠨ᠎ᠠ᠃ ᠮᠡᠳᠡᠭᠡ ᠵᠠᠩᠭᠢ ᠴᠢᠮᠡᠭᠡ ᠬᠤᠯᠪᠣᠭᠠᠨ ᠤ ᠲᠣᠣᠷᠵᠢᠯ᠂ ᠭᠤᠣᠯᠳᠠᠭᠤ ᠤᠶᠤᠨᠴᠢ ᠬᠤᠲᠠ ᠶᠢᠨ ᠪᠥᠲᠥᠭᠡᠨ ᠪᠠᠶᠢᠭᠤᠯᠤᠯᠲᠠ  ᠶᠢ ᠲᠦᠷᠭᠡᠳᠭᠡᠵᠤ᠂ ᠪᠦᠲᠤᠴᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠶ᠂ ᠪᠦᠬᠦ ᠠᠷᠠᠳ ᠬᠠᠮᠲᠤ ᠪᠠᠷ ᠡᠳ᠋ᠯᠡᠬᠦ ︽ᠤᠶᠤᠨᠴᠢ ᠲᠠᠷᠬᠠᠨ ᠮᠤᠤᠮᠢᠩᠭᠠᠨ︾ ᠢ ᠪᠠᠶᠢᠭᠤᠯᠤᠨ᠎ᠠ᠃ ᠵᠠᠰᠠᠮᠠᠯ ᠵᠠᠮ ᠳᠠᠭᠠᠤ ᠱᠤᠭᠤᠮ᠂ ᠵᠢᠭᠤᠯᠴᠢᠯᠠᠯ ᠤᠨ ᠦᠵᠡᠮᠵᠢᠲᠦ ᠣᠷᠣᠨ᠂ ᠲᠠᠷᠢᠶᠠᠯᠠᠬᠤ ᠮᠠᠯᠵᠢᠬᠤ ᠣᠷᠣᠨ ᠤ ᠭᠡᠷᠡᠯᠯᠢᠭ ᠰᠢᠷᠬᠡᠭ ᠤᠨ ᠮᠡᠳᠡᠭᠡ ᠬᠤᠯᠪᠣᠭᠠᠨ ᠤ ᠲᠣᠣᠷ ᠰᠦᠯᠵᠢᠶ᠎ᠡ ᠪᠣᠯᠤᠨ ᠤᠲᠠᠰᠤ ᠦᠯᠤ ᠬᠡᠷᠡᠭᠰᠡᠬᠦ ᠰᠦᠯᠵᠢᠶ᠎ᠡ ᠶᠢ ᠪᠠᠶᠢᠭᠤᠯᠬᠤ ᠶᠢ ᠴᠢᠩᠭᠠᠳᠬᠠᠵᠤ᠂ 4G ᠰᠦᠯᠵᠢᠶ᠎ᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠪᠠᠲᠤᠬᠠᠭᠠᠯᠭ᠎ᠠ ᠪᠠᠯᠭᠠᠰᠤ ᠪᠠ ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢᠲᠦ ᠣᠷᠣᠨ ᠳᠤ Wi—Fi ᠨᠠᠶᠢᠲᠠᠮ ᠪᠦᠷᠬᠦᠵᠤ᠂ 80% ᠶᠢᠨ ᠵᠠᠰᠠᠭ ᠵᠠᠬᠢᠷᠭᠠᠨ ᠤ ᠲᠣᠰᠬᠤᠨ ᠭᠡᠷᠡᠯ ᠰᠢᠷᠬᠡᠭ ᠨᠠᠪᠲᠠᠷᠠᠬᠦ ᠶᠢ ᠪᠡᠶᠡᠯᠡᠭᠦᠯᠤᠨ᠎ᠠ᠃      ︵ᠲᠦᠷᠪᠡ︶ ᠪᠣᠬᠢᠷᠲᠤᠯ ᠦᠭᠡᠢ ᠬᠥᠭᠵᠢᠯᠲᠠ ᠶᠢ ᠬᠦᠴᠦᠯᠡᠨ ᠠᠬᠢᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃      ︽ᠨᠤᠮᠢᠨ ᠲᠠᠯ᠎ᠠ︾ ᠢᠨᠵᠧᠨᠧᠷᠢᠩ ᠢ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢᠯᠡᠨ ᠱᠠᠩᠨᠠᠬᠤ ᠳᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠮᠠᠯᠵᠢᠬᠤ ᠶᠢ ᠴᠠᠭᠠᠵᠠᠯᠠᠬᠤ ᠶᠢ ᠭᠤᠶᠢᠪᠢᠰᠢ ᠦᠭᠡᠶ ᠬᠡᠷᠡᠭᠵᠢᠭᠦᠯᠵᠦ᠂ ᠵᠤᠷᠢᠭ ᠰᠢᠭᠤᠳᠴᠦ ᠪᠣᠳᠠᠲᠠᠶ ᠠᠷᠭ᠎ᠠ ᠠᠪᠴᠦ᠂ ᠪᠠᠯᠴᠢᠭᠡᠷᠯᠡᠨ ᠮᠠᠯᠵᠢᠬᠤ ᠶᠢ ᠴᠠᠭᠠᠵᠠᠯᠠᠵᠤ᠂ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠶᠡᠭᠡ ᠬᠦᠴᠦ ᠪᠠᠷ ᠪᠠᠶᠢᠭᠠᠯᠢ ᠶᠢᠨ ᠪᠡᠯᠴᠢᠭᠡᠷ ᠢ ᠰᠠᠶᠢᠵᠢᠷᠠᠭᠤᠯᠬᠤ ᠪᠠ ᠲᠠᠷᠢᠮᠠᠯ ᠪᠡᠯᠴᠢᠭᠡᠷ ᠢ ᠪᠠᠶᠢᠭᠤᠯᠬᠤ ᠶᠢ ᠴᠢᠩᠭᠠᠳᠬᠠᠨ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠲᠤᠷᠰᠢᠯᠲᠠ ᠶᠢᠨ ᠭᠠᠵᠠᠷ ᠵᠡᠷᠭᠡ ᠲᠦᠷᠦᠯ ᠵᠤᠶᠢᠯ ᠢ ᠶᠡᠬᠡᠪᠡᠷ ᠬᠡᠷᠡᠭᠵᠢᠭᠦᠯᠵᠦ᠂ ᠰᠢᠷᠠᠮᠥ᠋ᠷᠡᠨ᠂ ᠮᠢᠩᠭᠠᠨ᠂ ᠮᠠᠨᠳᠤᠯ ᠤᠨ ᠲᠦᠮᠡᠨ ᠮᠥ ᠶᠢᠨ ᠬᠥᠮᠦᠨ ᠤ ᠬᠦᠴᠦ ᠪᠠᠷ ᠪᠤᠶᠢᠵᠢᠭᠤᠯᠤᠭᠰᠠᠨ ᠪᠡᠯᠴᠢᠭᠡᠷ ᠢ ᠡᠬᠢᠯᠡᠨ ᠪᠠᠶᠢᠭᠤᠯᠵᠤ᠂ ᠡᠪᠡᠰᠦᠨ ᠤ ᠦᠢᠯᠡᠳᠬᠦᠨ ᠢ ᠰᠤᠳᠤᠯᠤᠨ ᠨᠡᠭᠡᠭᠡᠬᠦ ᠲᠥᠪ ᠪᠠ ᠲᠤᠷᠰᠢᠯᠲᠠ ᠶᠢᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠪᠡᠯᠴᠢᠭᠡᠷ ᠶᠢ ᠬᠦᠷᠢᠶᠡᠯᠡᠨ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠪᠡᠯᠴᠢᠭᠡᠷ ᠢ ᠰᠠᠶᠢᠵᠢᠷᠠᠭᠤᠯᠬᠤ᠂ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠭᠠᠮᠰᠢᠭ ᠢ ᠰᠡᠷᠭᠡᠶᠢᠯᠡᠨ ᠵᠠᠰᠠᠬᠤ ᠶᠢ ᠠᠬᠢᠭᠤᠯᠤᠨ᠂ ᠲᠠᠯ᠎ᠠ ᠨᠤᠲᠤᠭ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ︽ᠲᠠᠯ᠎ᠠ ᠨᠤᠲᠤᠭ ᠤᠨ ᠠᠮᠢ ᠠᠬᠤᠶ ᠶᠢᠨ ᠳ᠋ᠠᠶᠢᠲ᠋ᠠ ᠬᠥᠮᠥᠷᠭᠡ︾ ᠶᠢ ᠪᠠᠶᠢᠭᠤᠯᠵᠤ᠂ ᠪᠡᠯᠴᠢᠭᠡᠷ ᠤᠨ ᠠᠮᠢ ᠠᠬᠤᠶ ᠶᠢᠨ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠤᠨ᠎ᠠ᠃      ︽ᠨᠣᠭᠤᠭᠠᠨ ᠲᠠᠯ᠎ᠠ︾ ᠢᠨᠵᠧᠨᠧᠷᠢᠩ ᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠤᠢ ᠰᠢᠭᠤᠶ ᠶᠢᠨ ᠠᠮᠢ ᠠᠬᠤᠶ ᠶᠢᠨ ᠪᠦᠳᠦᠭᠡᠠ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠪᠡᠭᠡᠵᠢᠩ ᠲᠢᠶᠠᠨᠵᠢᠨ ᠤ ᠡᠯᠡᠰᠤᠨ ᠰᠢᠭᠤᠷᠭᠠᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠨ 8.3 ᠲᠦᠮᠡᠨ ᠮᠤ᠋ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠤᠢ ᠰᠢᠭᠤᠶ ᠶᠢ ᠵᠠᠰᠠᠬᠤ ᠲᠠᠯᠠᠪᠠᠢ ᠶᠢ 8.5 ᠲᠦᠮᠡᠨ ᠮᠤ᠋ ᠰᠢᠨ᠎ᠠ ᠪᠠᠷ ᠨᠡᠮᠡᠭᠳᠡᠭᠦᠯᠦᠨ᠎ᠠ᠃ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠠᠯᠭᠠᠰᠤ᠂ ᠭᠠᠴᠠᠭ᠎ᠠ ᠲᠣᠰᠬᠤᠨ ᠪᠣᠯᠤᠨ ᠵᠠᠰᠠᠮᠠᠯ ᠵᠠᠮ᠂ ᠦᠢᠯᠡᠳᠪᠦᠷᠢ ᠠᠭᠤᠷᠬᠠᠶ᠂ ᠬᠦᠷᠢᠶᠡᠯᠡᠩ ᠲᠣᠭᠤᠷᠢᠭ ᠤᠨ ᠨᠣᠭᠤᠭᠠᠷᠠᠭᠤᠯᠤᠯᠲᠠ ᠶᠢ ᠥᠷᠨᠢᠭᠦᠯᠵᠦ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠲᠠᠯᠠᠪᠠᠶ ᠶᠢ 3000 ᠮᠤ᠋ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠤᠨ᠎ᠠ᠃ ᠪᠠᠶᠢᠭᠠᠯᠢ ᠶᠢᠨ ᠤᠢ ᠰᠢᠭᠤᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠠᠷᠤᠯᠲᠠ ᠮᠠᠭᠤᠲᠠᠶ 2 ᠲᠦᠮᠡᠨ ᠮᠦ ᠤᠢ ᠰᠢᠭᠤᠶ ᠶᠢ ᠥᠭᠡᠷᠡᠴᠢᠯᠡᠨ᠎ᠠ᠃ ᠠᠮᠢ ᠠᠬᠤᠶ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠤᠢ ᠮᠣᠳᠣᠨ ᠤ ᠠᠵᠤ ᠦᠢᠯᠡᠰ᠂ ᠤᠢ ᠰᠢᠭᠤᠶ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠷᠰᠢᠶᠠᠵᠢᠯ 3 ᠶᠢ ᠰᠢᠨ᠎ᠡ ᠪᠠᠷ ᠨᠡᠮᠡᠵᠤ᠂ ᠲᠦᠮᠡᠨ ᠮᠤ᠋  ᠶᠢᠨ ᠤᠢ ᠰᠢᠭᠤᠢ ᠡᠪᠡᠰᠦ ᠶᠢᠨ ᠲᠡᠷᠢᠮᠡᠯ ᠤᠨ ᠵᠢᠱᠢᠶ᠎ᠡ ᠦᠵᠡᠭᠦᠯᠬᠦ ᠣᠷᠣᠨ 2 ᠢ ᠪᠠᠶᠢᠭᠤᠯᠵᠤ᠂ ᠬᠢᠲᠠᠳ ᠡᠮ ᠤᠨ ᠮᠠᠲ᠋ᠧᠷᠢᠶᠠᠯ ᠵᠡᠷᠭᠡ ᠠᠵᠤ ᠠᠬᠤᠶ ᠶᠢᠨ ᠤᠢ ᠶᠢ 5000 ᠮᠥ ᠠᠴᠠ ᠳᠡᠭᠡᠭᠰᠢ ᠰᠢᠨ᠎ᠡ ᠪᠠᠷ ᠨᠡᠮᠡᠵᠤ᠂ ᠠᠮᠢ ᠠᠬᠤᠶ ᠶᠢᠨ ᠦᠷ᠎ᠡ ᠠᠰᠢᠭ ᠬᠢᠭᠡᠳ ᠠᠵᠤ ᠠᠬᠤᠶ ᠶᠢᠨ ᠦᠷ᠎ᠡ ᠠᠰᠢᠭ ᠤᠨ ᠬᠤᠣᠰ ᠬᠤᠷᠢᠶᠠᠯᠲᠠ ᠶᠢ ᠤᠯᠤᠨ᠎ᠠ᠃ ᠤᠯᠤᠰ ᠤᠨ ᠥᠮᠴᠢᠯᠡᠯ ᠤᠨ ᠤᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠭᠤᠣᠯᠳᠠᠯᠭ᠎ᠠ ᠲᠠᠢ ᠨᠡᠶᠢᠲᠡ ᠶᠢᠨ ᠤᠢ ᠶᠢᠨ ᠬᠠᠷᠭᠤᠭᠤᠯᠤᠨ ᠪᠠᠶᠢᠴᠠᠭᠠᠬᠤ ᠠᠵᠢᠯ ᠢ ᠡᠬᠢᠯᠡᠭᠦᠯᠵᠦ᠂ ︽ᠨᠢᠭᠡ ᠭᠠᠵᠠᠷ ᠬᠤᠶᠠᠷ ᠦᠨᠡᠮᠯᠡᠯ ᠲᠠᠢ᠂ ᠤᠢ ᠰᠢᠭᠤᠶ ᠨᠤᠲᠤᠭ ᠪᠠᠯᠴᠢᠭᠡᠷ ᠤᠨ ᠬᠤᠤᠰ ᠡᠷᠬᠡ ᠲᠠᠢ︾ ᠠᠰᠠᠭᠤᠳᠠᠯ ᠢ ᠲᠣᠬᠢᠲᠠᠶ ᠰᠢᠢᠳᠪᠦᠷᠢᠯᠡᠨ᠎ᠠ᠃      ︽ᠬᠥᠬᠡ ᠲᠩᠷᠢ︾ ᠢᠨᠵᠧᠨᠧᠷᠢᠩ ᠢ ᠬᠡᠷᠡᠭᠵᠢᠭᠦᠯᠦᠨ᠎ᠡ᠃ ︽ᠠᠭᠠᠷ ᠢ ᠰᠠᠶᠢᠵᠢᠷᠠᠭᠤᠯᠬᠤ᠂ ᠨᠠᠬᠦᠷᠠᠰᠦ ᠶᠢ ᠪᠠᠭᠠᠰᠬᠠᠬᠤ᠂ ᠲᠤᠭᠤᠰᠤ ᠶᠢ ᠪᠠᠭᠤᠷᠠᠭᠤᠯᠬᠤ᠂ ᠲᠡᠷᠭᠡ ᠶᠢ ᠬᠢᠵᠠᠭᠠᠷᠯᠠᠬᠤ᠂ ᠴᠢᠩᠭ᠎ᠠ ᠬᠠᠮᠢᠶᠠᠷᠬᠤ︾ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠤᠯᠤᠳ ᠲᠡᠮᠦᠷ᠂ ᠦᠢᠯᠡᠳᠪᠦᠷᠢ ᠠᠭᠤᠷᠬᠠᠶ ᠵᠡᠷᠭᠡ ᠠᠵᠢᠯ ᠲᠦᠷᠦᠯ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠬᠦᠯᠤᠨ᠎ᠠ᠃ ᠹᠦ᠋ ᠯᠸᠢ ᠢᠯᠴᠢ ᠶᠢᠨ ᠬᠦᠴᠦᠨ ᠤ ᠵᠤᠤᠬ᠎ᠠ ᠪᠠᠷᠢᠮᠵᠢᠶ᠎ᠠ ᠳᠤ ᠬᠦᠷᠬᠦ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠨᠡᠭᠦᠷᠡᠰᠦ ᠶᠢ ᠲᠤᠷ᠎ᠠ ᠪᠠᠷ ᠰᠢᠲᠠᠭᠠᠬᠤ᠂ ᠨᠡᠭᠦᠷᠡᠰᠦ ᠰᠢᠲᠠᠭᠠᠬᠤ ᠵᠤᠤᠬ᠎ᠠ ᠶᠢ ᠥᠭᠡᠷᠡᠴᠢᠯᠡᠬᠦ ᠶᠢ ᠲᠦᠷᠭᠡᠳᠬᠡᠵᠤ᠂ ᠬᠤᠲᠠ ᠶᠢᠨ ᠲᠣᠭᠤᠷᠢᠭ ᠤᠨ ᠭᠡᠪᠴᠢᠶᠠᠨ ᠳᠠᠬᠢ 10 ᠠᠭᠤᠷ ᠤᠨ ᠲᠣᠨ ᠠᠴᠠ ᠳᠣᠷᠣᠭᠰᠢ ᠨᠡᠭᠦᠷᠡᠰᠦ ᠰᠢᠲᠠᠭᠠᠬᠤ ᠵᠤᠤᠬ᠎ᠠ ᠶᠢ ᠦᠬᠡᠶᠢᠰᠭᠡᠨ᠎ᠡ᠃ ᠵᠠᠮ᠂ ᠪᠠᠷᠢᠯᠭ᠎ᠠ ᠶᠢᠨ ᠭᠠᠵᠠᠷ ᠵᠡᠷᠭᠡ ᠶᠢᠨ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠴᠢᠩᠭᠠᠳᠬᠠᠨ᠎ᠠ᠃ ᠲᠣᠰᠣ ᠨᠡᠮᠡᠬᠦ ᠥᠷᠲᠡᠭᠡ᠂ ᠲᠣᠰᠤ ᠬᠠᠳᠠᠭᠠᠯᠠᠬᠤ ᠬᠥᠮᠥᠷᠭᠡ ᠶᠢᠨ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ ᠵᠠᠰᠠᠬᠤ ᠶᠢ ᠴᠢᠩᠭᠠᠳᠬᠠᠨ᠎ᠠ᠃ ᠡᠰᠢ ᠰᠦᠷᠡᠯ ᠰᠢᠲᠠᠭᠠᠬᠤ᠂ ᠬᠤᠭ ᠨᠣᠪᠰᠢ ᠰᠢᠲᠠᠭᠠᠬᠤ ᠶᠢ ᠴᠢᠩᠭ᠎ᠠ ᠬᠢᠵᠠᠭᠠᠷᠯᠠᠵᠤ᠂ ᠬᠤᠲᠠ ᠶᠢᠨ ᠲᠣᠭᠤᠷᠢᠭ ᠤᠨ ᠵᠠᠳᠠᠭᠠᠶ ᠰᠢᠷᠠᠯᠭ᠎ᠠ ᠶᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠢᠳᠡᠭᠡᠨ ᠤᠮᠳᠠᠭᠠᠨ ᠤ ᠦᠢᠯᠡᠰ ᠤᠨ ᠤᠲᠤᠭ᠎ᠠ ᠲᠤᠭᠤᠰᠦ ᠴᠡᠪᠡᠷᠰᠢᠭᠦᠯᠬᠦ ᠲᠥᠬᠦᠭᠡᠷᠦᠮᠵᠢ ᠶᠢᠨ ᠤᠭᠰᠠᠷᠠᠨ ᠬᠡᠷᠡᠭᠯᠡᠬᠦ ᠨᠤᠷᠮ᠎ᠠ ᠶᠢ 100% ᠳᠤ ᠬᠦᠷᠭᠡᠨ᠎ᠠ᠃ ᠪᠦᠬᠦ ᠵᠢᠯ ᠳᠤ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠶᠢ 50 ᠲᠣᠨ᠂ ᠰᠢᠪᠲᠦᠷᠲᠦ ᠠᠽᠣᠲ ᠢ 30 ᠲᠣᠨ᠂ ᠬᠦᠬᠦᠷ ᠤᠨ ᠳᠠᠪᠬᠤᠷ ᠢᠰᠦᠯ ᠢ 280 ᠲᠣᠨ᠂ ᠠᠽᠣᠲ ᠤᠨ ᠢᠰᠦᠮᠡᠭ ᠢ 200 ᠲᠣᠨ ᠢᠶᠠᠷ ᠪᠠᠭᠠᠰᠬᠠᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃      ︽ᠴᠡᠪᠡᠷ ᠤᠰᠤ︾ ᠢᠨᠵᠧᠨᠧᠷᠢᠩ ᠢ ᠬᠡᠷᠡᠭᠵᠢᠭᠦᠯᠦᠨ᠎ᠡ᠃ ᠤᠰᠤᠨ ᠤ ᠠᠮᠢ ᠠᠬᠤᠶ ᠶᠢᠨ ᠬᠠᠮᠠᠭᠠᠯᠠᠯᠲᠠ ᠪᠣᠯᠤᠨ ᠤᠰᠤᠨ ᠤ ᠣᠷᠴᠢᠨ ᠲᠣᠭᠤᠷᠢᠨ ᠢ ᠵᠠᠰᠠᠬᠤ ᠠᠵᠢᠯ ᠢ ᠴᠢᠩᠭᠠᠳᠬᠠᠵᠤ᠂ ᠪᠠᠲᠤᠬᠠᠭᠠᠯᠭ᠎ᠠ ᠪᠠᠯᠭᠠᠰᠤ ᠶᠢᠨ ᠴᠢᠨᠠᠷ ᠢᠯᠭᠠᠨ ᠤᠰᠤ ᠬᠠᠩᠭᠠᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠴᠢᠨᠠᠷ ᠢᠯᠭᠠᠨ ᠤᠰᠤ ᠬᠠᠩᠭᠠᠬᠤ ᠨᠤᠷᠮ᠎ᠠ  ᠶᠢ 30% ᠠᠴᠠ ᠳᠡᠭᠡᠭᠰᠢ ᠬᠦᠷᠭᠡᠭᠡᠵᠤ᠂ ᠬᠤᠳᠠ ᠬᠥᠳᠡᠭᠡ ᠶᠢᠨ ᠣᠰᠣᠨ ᠤ ᠴᠢᠨᠠᠷ ᠢ ᠬᠢᠨᠠᠨ ᠪᠠᠶᠢᠴᠠᠭᠠᠬᠤ ᠪᠦᠷᠬᠦᠴᠡ ᠶᠢ ᠦᠨᠳᠦᠰᠦᠨ ᠳᠡᠭᠡᠨ ᠪᠡᠶᠡᠯᠡᠭᠦᠯᠤᠨ᠎ᠠ᠃ ᠠᠵᠢᠯ ᠲᠦᠷᠦᠯ ᠤᠨ ᠬᠠᠶᠠᠭᠳᠠᠮᠠᠯ ᠤᠰᠤᠨ ᠤ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ᠂ ᠰᠢᠨ᠎ᠡ ᠲᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠬᠤᠪᠣᠷ ᠰᠢᠷᠣᠶ ᠤᠨ ᠬᠠᠶᠠᠭᠳᠠᠮᠠᠯ ᠤᠰᠤ ᠶᠢ ᠵᠠᠰᠠᠵᠤ᠂ ᠨᠡᠭᠦᠷᠡᠰᠦᠲᠥ᠋ᠷᠥᠭᠴᠢᠲᠤ ᠰᠠᠪᠤᠩᠵᠢᠬᠤ ᠮᠡᠷᠭᠡᠵᠢᠯ ᠤᠨ ᠦᠭᠡᠷᠡᠴᠢᠯᠡᠯᠲᠠ ᠪᠠᠷ ᠬᠠᠶᠠᠭᠳᠠᠮᠠᠯ ᠤᠰᠤᠨ ᠤ ᠡᠬᠢ ᠰᠤᠷᠪᠤᠯᠵᠢ ᠶᠢ ᠠᠰᠢᠭᠯᠠᠬᠤ ᠲᠦᠷᠦᠯ ᠵᠤᠶᠢᠯ ᠢ ᠭᠡᠷᠡᠭᠵᠢᠬᠦᠯᠤᠨ᠎ᠠ᠃ ᠪᠠᠲᠤᠬᠠᠭᠠᠯᠭ᠎ᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠥᠷᠭᠡᠳᠬᠡᠨ ᠵᠠᠰᠠᠬᠤ ᠶᠢ ᠲᠦᠷᠭᠡᠳᠬᠡᠵᠦ᠂ ᠬᠤᠳᠠ ᠪᠠᠯᠭᠠᠰᠤᠨ ᠤ ᠪᠤᠵᠠᠷ ᠤᠰᠤ ᠴᠤᠭᠯᠠᠭᠤᠯᠬᠤ ᠬᠤᠭᠤᠯᠠᠶ ᠲᠣᠣᠷ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ ᠲᠡᠬᠢᠨ ᠠᠰᠢᠭᠯᠠᠬᠤ ᠤᠰᠤᠨ ᠤ ᠬᠡᠷᠡᠭᠯᠡᠬᠦ ᠨᠤᠷᠮ᠎ᠠ ᠶᠢ ᠳᠡᠭᠡᠭᠰᠢᠯᠡᠭᠦᠯᠤᠨ᠎ᠠ᠃ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠬᠥᠷᠥᠰᠥ ᠰᠢᠷᠣᠶ ᠶᠢ ᠬᠠᠮᠠᠭᠠᠯᠠᠨ ᠵᠠᠰᠠᠬᠤ ᠲᠠᠯᠠᠪᠠᠢ ᠶᠢ 4.5 ᠲᠦᠮᠡᠨ ᠮᠤ᠋ ᠳᠤ ᠬᠦᠷᠭᠡᠭᠡᠵᠤ᠂ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 5.1 ᠲᠦᠮᠡᠨ ᠮᠥ ᠰᠢᠨ᠎ᠡ ᠪᠠᠷ ᠨᠡᠮᠡᠭᠳᠡᠭᠦᠯᠤᠨ᠎ᠠ᠃      ︽ᠰᠢᠮᠡᠯᠢᠭ ᠬᠥᠷᠥᠰᠥ︾ ᠢᠨᠵᠧᠨᠧᠷᠢᠩ ᠢ ᠬᠡᠷᠡᠭᠵᠢᠭᠦᠯᠦᠨ᠎ᠡ᠃ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠢ ᠨᠠᠷᠢᠨ ᠪᠠᠶᠢᠴᠠᠭᠠᠬᠤ ᠪᠠ ᠦᠨᠡᠯᠡᠨ ᠵᠢᠱᠢᠬᠦ ᠠᠵᠢᠯ ᠢᠶᠠᠨ ᠡᠬᠢᠯᠡᠭᠦᠯᠵᠦ᠂ ᠬᠦᠨᠳᠦ ᠪᠣᠬᠢᠷᠲᠤᠯ ᠲᠠᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠬᠠᠶᠠᠭᠳᠠᠮᠠᠯ ᠪᠣᠳᠠᠰ ᠤᠨ ᠲᠠᠯᠠᠪᠤᠷ ᠤᠨ ᠬᠥᠷᠥᠰᠥ ᠰᠢᠷᠣᠶ ᠶᠢ ᠵᠠᠰᠠᠬᠤ ᠪᠠ ᠵᠠᠰᠠᠨ ᠰᠡᠷᠭᠦᠭᠡᠬᠦ ᠠᠵᠢᠯ ᠢ ᠥᠷᠨᠢᠭᠦᠯᠦᠨ᠎ᠡ᠃ ᠦᠯᠡᠳᠡᠭᠳᠡᠯ ᠬᠦᠳᠡᠷ᠂ ᠠᠶᠤᠯᠲᠠᠶ ᠬᠠᠶᠠᠭᠳᠠᠮᠠᠯ ᠡᠳ᠋᠂ ᠰᠠᠴᠤᠷᠠᠭ ᠢᠳᠡᠪᠬᠢᠲᠤ ᠬᠠᠶᠠᠭᠳᠠᠮᠠᠯ ᠪᠣᠳᠠᠰ ᠤᠨ ᠠᠶᠤᠯ ᠦᠭᠡᠢ ᠰᠢᠢᠳᠪᠦᠷᠢᠯᠡᠬᠦ ᠶᠢ ᠴᠢᠩᠭᠠᠳᠬᠠᠵᠤ᠂ ᠠᠭᠤᠷᠬᠠᠶ  ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠰᠢᠨ᠎ᠡ ᠪᠣᠬᠢᠷᠲᠤᠯ ᠨᠡᠮᠡᠭᠳᠡᠬᠦ ᠶᠢ ᠴᠢᠩᠭ᠎ᠠ ᠰᠡᠷᠭᠡᠶᠢᠯᠡᠨ᠎ᠡ᠃ ᠠᠭᠤᠷᠬᠠᠶ ᠶᠢᠨ ᠭᠸᠤᠯᠤᠬᠢ ᠶᠢᠨ ᠣᠷᠴᠢᠨ ᠲᠣᠭᠤᠷᠢᠨ ᠪᠠ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠵᠦ᠂ ᠭᠤᠷᠪᠠᠳᠤᠭᠠᠷ ᠡᠭᠡᠯᠵᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︽ᠪᠣᠬᠢᠷᠲᠤᠯ ᠦᠭᠡᠢ ᠠᠭᠤᠷᠬᠠᠶ︾ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠨ ᠡᠮ᠂ ᠬᠢᠮᠢ ᠶᠢᠨ ᠪᠤᠷᠳᠦᠭᠤᠷ᠂ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠶᠢ ᠪᠠᠭᠠᠰᠬᠠᠵᠤ᠂ ᠡᠯ᠎ᠡ ᠲᠥᠷᠥᠯ ᠤᠨ ᠬᠥᠷᠥᠰᠥ ᠰᠢᠷᠣᠶ ᠶᠢᠨ ᠪᠣᠬᠢᠷᠲᠤᠯ ᠤᠨ ᠡᠬᠢ ᠰᠤᠷᠪᠤᠯᠵᠢ ᠶᠢ ᠲᠠᠰᠤᠯᠤᠨ᠎ᠠ᠃ ᠦᠨᠳᠦᠰᠦᠨ ᠲᠠᠷᠢᠶᠠᠨ ᠭᠠᠵᠠᠷ ᠢ ᠰᠠᠶᠢᠨ ᠬᠠᠮᠠᠭᠠᠯᠠᠵᠤ᠂ ᠲᠩᠷᠢ ᠨᠠᠭᠤᠷ ᠲᠤ ᠲᠠᠷᠢᠶᠠᠨ ᠭᠠᠵᠠᠷ ᠨᠥᠬᠦᠪᠥᠷᠢᠯᠡᠬᠦ ᠲᠦᠰᠦᠯ ᠢ ᠬᠡᠷᠡᠭᠵᠢᠭᠦᠯᠵᠦ᠂ ᠰᠢᠨ᠎ᠡ ᠪᠠᠷ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠪᠠ ᠭᠠᠵᠠᠷ ᠰᠢᠷᠣᠶ ᠶᠢᠨ ᠴᠡᠭᠴᠡᠯᠡᠨ ᠵᠠᠰᠠᠬᠤ ᠲᠤᠷᠰᠢᠯᠲᠠ ᠶᠢᠨ ᠴᠢᠭ ᠢ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠲᠦᠰᠦᠯ ᠢ ᠲᠡᠭᠡᠭᠰᠢ ᠮᠡᠳᠡᠭᠦᠯᠵᠦ᠂ ᠲᠠᠷᠢᠶᠠᠯᠠᠬᠤ ᠣᠷᠣᠨ ᠤ 9 ᠭᠠᠵᠠᠷ ᠰᠢᠷᠣᠶ ᠶᠢ ᠴᠡᠭᠴᠡᠯᠡᠨ ᠵᠠᠰᠠᠬᠤ ᠲᠦᠷᠦᠯ ᠵᠦᠢᠯ ᠢ ᠪᠡᠶᠡᠯᠡᠭᠦᠯᠵᠦ᠂ 1 ᠲᠦᠮᠡᠨ ᠮᠤ᠋ ᠠᠴᠠ ᠳᠡᠭᠡᠭᠰᠢ ᠤᠰᠤᠯᠠᠯᠲᠠ ᠶᠢᠨ ᠲᠡᠷᠢᠶ᠎ᠠ ᠶᠢ ᠰᠢᠨ᠎ᠡ  ᠪᠠᠷ ᠨᠡᠮᠡᠭᠳᠡᠭᠦᠯᠦᠨ᠎ᠠ᠃      ︵ᠲᠠᠪᠤ︶ ᠬᠦᠴᠦ ᠲᠠᠯᠪᠢᠨ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠤ᠂ ᠬᠥᠭᠵᠢᠯᠲᠡ ᠶᠢᠨ ᠠᠮᠢᠳᠤᠯᠢᠭ ᠬᠦᠴᠦᠨ ᠢ ᠨᠡᠮᠡᠭᠳᠡᠭᠦᠯᠤᠨ᠎ᠠ᠃      ᠪᠣᠳᠠᠲᠠᠶ ᠠᠷᠭ᠎ᠠ ᠬᠡᠯᠪᠠᠷᠢ ᠪᠠᠷ ᠥᠭᠡᠷᠡᠴᠢᠯᠡᠯᠲᠡ ᠶᠢ ᠠᠬᠢᠭᠤᠯᠤᠨ᠎ᠠ᠃ ᠥᠭᠡᠷᠡᠴᠢᠯᠡᠯᠲᠡ ᠠᠴᠠ ᠬᠥᠳᠡᠯᠭᠡᠭᠴᠢ ᠬᠦᠴᠤ᠂ ᠳᠠᠯᠳᠠ ᠬᠦᠴᠤ᠂ ᠴᠡᠪᠡᠷ ᠠᠰᠢᠭ ᠠᠪᠬᠤ ᠶᠢ ᠪᠠᠷᠢᠮᠲᠠᠯᠠᠵᠤ᠂ ᠠᠵᠤ ᠠᠬᠤᠶ ᠶᠢᠨ ᠪᠠᠶᠢᠭᠤᠯᠤᠮᠵᠢ ᠶᠢᠨ ᠲᠠᠯ᠎ᠠ ᠪᠠᠷ ᠬᠤᠯᠢᠮᠠᠭ ᠥᠮᠴᠢᠯᠡᠯ ᠤᠨ ᠬᠡᠯᠪᠡᠷᠢᠲᠦ ᠠᠵᠤ ᠠᠬᠤᠶ ᠶᠢ ᠭᠤᠣᠯᠳᠠᠯᠭ᠎ᠠ ᠲᠠᠢ ᠬᠥᠭᠵᠢᠭᠦᠯᠵᠦ᠂ ᠪᠡᠯᠡ ᠣᠷᠣᠭᠤᠯᠤᠯᠲᠠ ᠡᠵᠡᠩᠨᠡᠯᠲᠡ ᠶᠢᠨ ᠣᠷᠴᠢᠨ ᠲᠣᠭᠤᠷᠢᠨ ᠤ ᠲᠤᠰᠬᠠᠶ ᠠᠵᠢᠯᠯᠠᠭ᠎ᠠ ᠶᠢ ᠰᠢᠯᠢᠳᠡᠭᠵᠢᠭᠦᠯᠵᠤ᠂ ︽ᠳᠣᠲᠣᠨᠣ︾᠂ ︽ᠴᠢᠬᠡᠴᠢ︾ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠢᠳᠡᠪᠬᠢᠲᠡᠶ ᠪᠦᠲᠦᠭᠡᠨ ᠪᠠᠶᠢᠭᠤᠯᠵᠤ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠤᠨ᠂ ᠡᠳ᠋ ᠤᠨ ᠵᠠᠰᠠᠭ ᠤᠨ ᠪᠡᠯᠡ ᠮᠦᠩᠭᠦ ᠶᠢᠨ ᠬᠡᠷᠡᠭᠯᠡᠯᠲᠡ‌‍ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠲᠠᠯ᠎ᠠ ᠪᠠᠷ ᠭᠤᠣᠯᠳᠠᠯᠭ᠎ᠠ ᠲᠠᠢ ︽ᠭᠤᠷᠪᠠᠨ ᠪᠦᠷᠢᠳᠭᠡᠯ ᠨᠢᠭᠡ ᠵᠢᠭᠰᠠᠭᠠᠯᠲᠠ︾ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠡᠷᠬᠡ ᠬᠠᠷᠢᠭᠤᠴᠠᠯᠭ᠎ᠠ ᠲᠣᠬᠢᠷᠠᠭᠤᠯᠬᠤ ᠪᠦᠷᠢᠳᠭᠡᠯ ᠢ ᠨᠡᠶᠢᠲᠡᠯᠡᠨ᠂ ︽ᠭᠡᠷᠡᠴᠢ ᠶᠢ ᠴᠥᠭᠡᠳᠬᠡᠨ ᠣᠯᠠᠨ ᠲᠦᠮᠡᠨ ᠳᠤ ᠳᠥᠭᠦᠮ ᠦᠵᠡᠭᠦᠯᠬᠦ︾ ᠶᠢᠨ ᠲᠤᠰᠬᠠᠶ ᠠᠵᠢᠯᠯᠠᠭ᠎ᠠ ᠶᠢ ᠥᠷᠨᠢᠭᠦᠯᠤᠨ᠂ ᠪᠦᠭᠦ ᠲᠠᠯ᠎ᠠ ᠪᠠᠷ ᠡᠯ᠎ᠡ ᠲᠦᠷᠦᠯ ᠤᠨ ᠭᠡᠷᠡᠴᠢ ᠪᠣᠯᠤᠨ ᠭᠠᠷ ᠭᠦᠢᠴᠡᠳᠬᠡᠯ ᠢ ᠡᠮᠬᠢᠳᠭᠡᠨ ᠲᠢᠭᠯᠡᠵᠦ᠂ ︽ᠤᠯᠠᠨ ᠦᠨᠡᠮᠯᠡᠯ ᠢ ᠨᠢᠭᠡᠳᠬᠡᠬᠦ︾ ᠵᠡᠷᠭᠡ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ︽ᠬᠤᠶᠠᠷ ᠲᠠᠰᠢᠷᠠᠮ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ︽ᠨᠢᠭᠡ ᠰᠦᠯᠵᠢᠶ᠎ᠡ︾ ᠦᠢᠯᠡᠴᠢᠯᠡᠭᠡ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠲᠢᠩᠬᠢᠮ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠰᠢᠢᠳᠪᠦᠷᠢᠯᠡᠬᠦ ᠶᠢᠨ ᠠᠭᠤᠰᠤᠯᠴᠠᠨ ᠬᠦᠭᠵᠢᠬᠦ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠬᠤᠲᠠ ᠪᠠᠯᠭᠠᠰᠤᠵᠢᠯᠲᠠ ᠶᠢᠨ ᠰᠢᠰᠲ᠋ᠧᠮ ᠤᠨ ᠲᠠᠯ᠎ᠠ ᠪᠠᠷ ᠭᠤᠣᠯᠳᠠᠯᠭ᠎ᠠ ᠲᠠᠢ ᠡᠷᠦᠬᠡ ᠠᠮᠠ ᠶᠢᠨ ᠳᠠᠩᠰᠠᠨ ᠤ ᠥᠭᠡᠷᠡᠴᠢᠯᠡᠯᠲᠡ ᠶᠢ ᠲᠦᠷᠭᠡᠳᠬᠡᠨ᠂ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠦᠭᠡᠢ ᠬᠥᠮᠦᠰ ᠤᠨ ᠡᠷᠦᠬᠡ ᠠᠮᠠ ᠳᠠᠩᠰᠠᠯᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠢᠷᠭᠡᠳ  ᠤᠨ ᠬᠠᠤᠯᠢ ᠶᠣᠰᠣᠭᠠᠷ ᠡᠷᠦᠬᠡ ᠠᠮᠠ ᠳᠠᠩᠰᠠᠯᠠᠭᠤᠯᠬᠤ ᠡᠷᠬᠡ ᠶᠢ ᠪᠠᠲᠤᠯᠠᠨ᠂ ᠪᠦᠬᠦ ᠲᠠᠯ᠎ᠠ ᠪᠠᠷ ᠬᠤᠳᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠵᠤ᠂ ᠮᠠᠯᠴᠢᠨ ᠲᠠᠷᠢᠶᠠᠴᠢᠨ ᠤ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠨᠤᠲᠠᠯᠠᠬᠤ ᠡᠷᠬᠡ ᠶᠢᠨ ᠦᠨᠡᠮᠯᠡᠯ ᠣᠯᠭᠤᠬᠤ ᠶᠢ ᠬᠦᠢᠴᠡᠳᠭᠡᠨ᠂ ᠭᠠᠵᠠᠷ ᠰᠢᠷᠣᠶ ᠪᠠ ᠪᠡᠯᠴᠢᠭᠡᠷ ᠣᠰᠤ ᠰᠢᠯᠵᠢᠭᠦᠯᠬᠦ ᠲᠦᠷᠢᠮ ᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠲᠠᠯ᠎ᠠ ᠪᠠᠷ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠭᠤᠣᠯᠳᠠᠯᠭ᠎ᠠ ᠲᠠᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠲᠠᠩᠰᠠ ᠪᠦᠷᠢᠳᠭᠡᠯ ᠤᠨ ᠳᠦᠷᠢᠮ ᠢ ᠬᠡᠷᠡᠭᠵᠢᠭᠦᠯᠤᠨ᠂ ᠡᠬᠢ ᠪᠠᠶᠠᠯᠢᠭ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠠᠴᠠ ᠳᠠᠪᠠᠭᠰᠠᠨ ᠢᠨᠵᠧᠨᠧᠷᠢᠩ ᠤᠨ ᠲᠦᠷᠦᠯ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠵᠤ᠂ ᠣᠷᠴᠢᠨ ᠲᠣᠭᠤᠷᠢᠨ ᠤ ᠪᠣᠬᠢᠷᠲᠤᠯ ᠢ ᠭᠤᠷᠪᠠᠳᠠᠬᠢ ᠡᠲᠡᠭᠡᠳ ᠠᠴᠠ ᠵᠠᠰᠠᠬᠤ ᠶᠢ ᠢᠳᠡᠪᠬᠢᠲᠠᠢ ᠲᠥᠯᠬᠢᠨ ᠠᠬᠢᠭᠤᠯᠤᠨ᠎ᠠ᠃ ᠨᠡᠶᠢᠭᠡᠮ ᠤᠨ ᠠᠵᠢᠯ ᠦᠢᠯᠡᠰ ᠤᠨ ᠪᠠᠶᠢᠭᠤᠯᠤᠮᠵᠢ ᠶᠢᠨ ᠲᠠᠯ᠎ᠠ ᠪᠠᠷ ᠭᠤᠣᠯᠳᠠᠭᠤ ᠰᠢᠨ᠎ᠡ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠰᠢᠨᠡᠴᠢᠯᠡᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠲᠦᠷᠭᠡᠳᠬᠡᠨ᠂ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠤᠨ ᠬᠥᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡᠨ ᠤ ᠳᠦᠷᠦᠯ ᠵᠦᠢᠯ ᠢ ᠵᠣᠷᠢᠭᠵᠢᠭᠤᠯᠤᠨ ᠳᠡᠮᠵᠢᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠡᠶᠢᠭᠡᠮ ᠤᠨ ᠵᠠᠰᠠᠯᠲᠠ ᠳᠤ ᠣᠷᠣᠯᠴᠠᠬᠤ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃      ᠨᠡᠭᠡᠭᠡᠯᠲᠡ ᠶᠢ ᠬᠦᠭᠵᠢᠭᠦᠯᠬᠦ ᠬᠠᠷᠠᠭ᠎ᠠ ᠪᠠᠨ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ︽ᠲᠣᠷᠭᠠᠨ ᠵᠠᠮ ᠤᠨ ᠠᠵᠤ ᠠᠬᠤᠶ ᠶᠢᠨ ᠪᠦᠰᠡ ᠶᠢᠨ ᠪᠦᠲᠦᠭᠡᠨ ᠪᠠᠶᠢᠭᠤᠯᠤᠯᠲᠠ︾ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠮᠣᠩᠭᠤᠯ ᠤᠯᠤᠰ ᠲᠠᠢ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠬᠢᠬᠦ ᠵᠡᠷᠭᠡ ᠬᠦᠷᠢᠶ᠎ᠡ ᠬᠡᠪᠴᠢᠶᠠᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠨ᠎ᠡ᠃ ᠮᠣᠩᠭᠤᠯ ᠳᠤ ᠰᠠᠭᠤᠵᠤ ᠬᠤᠯᠪᠣᠭ᠎ᠠ ᠠᠪᠬᠤ ᠪᠠ ᠵᠠᠰᠠᠭ ᠤᠨ ᠣᠷᠳᠣᠨ ᠤ ᠬᠤᠭᠤᠷᠣᠨᠳᠣᠬᠢ ᠬᠡᠯᠡᠯᠴᠡᠭᠡ ᠶᠢ ᠬᠡᠪ ᠤᠨ ᠪᠣᠯᠭᠠᠬᠤ ᠲᠣᠭᠲᠠᠴᠠ ᠶᠢ ᠪᠠᠶᠢᠭᠤᠯᠵᠤ᠂ ᠡᠮ ᠡᠮᠨᠡᠯᠭᠡ ᠶᠢᠨ ᠲᠤᠰᠠᠯᠠᠮᠵᠢ᠂ ᠬᠠᠷᠢᠯᠴᠠᠨ ᠭᠠᠳᠠᠭᠠᠳᠤ ᠳᠤ ᠰᠤᠷᠤᠯᠴᠠᠬᠤ ᠰᠤᠷᠤᠭᠴᠢ ᠲᠣᠮᠢᠯᠠᠬᠤ᠂ ᠰᠣᠶᠣᠯ ᠤᠨ ᠰᠣᠯᠢᠯᠴᠠᠭ᠎ᠠ ᠵᠡᠷᠭᠡ ᠠᠵᠢᠯᠯᠠᠭ᠎ᠠ ᠶᠢ ᠦᠷᠭᠡᠨ ᠬᠡᠪᠴᠢᠶ᠎ᠡ ᠪᠠᠷ ᠶᠠᠪᠤᠭᠳᠠᠭᠤᠯᠤᠨ᠎ᠠ᠃ ᠮᠣᠩᠭᠤᠯ ᠤᠯᠤᠰ ᠲᠠᠢ ᠬᠢᠯᠢ ᠪᠠᠷ ᠭᠠᠷᠴᠤ ᠣᠷᠣᠬᠤ ᠶᠢ ᠬᠠᠮᠢᠶᠠᠷᠠᠬᠤ ᠪᠠ ᠬᠢᠯᠢ  ᠶᠢᠨ ᠬᠠᠮᠠᠭᠠᠯᠠᠯᠲᠠ ᠶᠢᠨ ᠪᠠᠶᠢᠴᠠᠭᠠᠯᠲᠠ ᠵᠡᠷᠭᠡ ᠬᠦᠷᠢᠶ᠎ᠡ ᠬᠡᠪᠴᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠬᠠᠮᠲᠤᠷᠠᠯᠴᠠᠭᠠᠨ ᠤ ᠲᠦᠷᠦᠯ ᠵᠦᠢᠯ ᠤᠨ ᠬᠥᠮᠦᠰ ᠤᠨ ᠬᠢᠯᠢ ᠪᠠᠷ ᠭᠠᠷᠴᠤ ᠣᠷᠣᠬᠤ ᠰᠠᠭᠠᠳ ᠦᠭᠡᠶ ᠨᠡᠪᠲᠡᠷᠡᠬᠦ ᠵᠠᠮ ᠢ ᠪᠠᠶᠢᠭᠤᠯᠵᠤ᠂ ᠪᠡᠯᠡ ᠣᠷᠣᠭᠤᠯᠤᠭᠴᠢᠳ᠂ ᠠᠶᠠᠨᠴᠢᠳ ᠤᠨ ᠥᠪᠡᠷ ᠢᠶᠠᠨ ᠪᠣᠭᠤᠮᠲᠠ ᠦᠩᠭᠡᠷᠡᠬᠦ ᠶᠢ ᠲᠦᠯᠬᠢᠨ ᠠᠬᠢᠭᠤᠯᠤᠨ᠎ᠠ᠃ ᠮᠠᠨ ᠤ ᠬᠤᠰᠢᠭᠤᠨ ᠤ ᠬᠥᠬᠡᠬᠤᠲᠠ ᠪᠤᠭᠤᠲᠤ ᠤᠷᠳᠤᠰ᠂ ᠮᠣᠩᠭᠤᠯ ᠤᠯᠤᠰ ᠯᠤᠭ᠎ᠠ ᠵᠠᠯᠭᠠᠯᠳᠤᠬᠤ ᠣᠷᠣᠨ ᠪᠠᠶᠢᠷᠢ ᠶᠢᠨ ᠳᠠᠪᠠᠭᠤᠯᠢᠭ ᠲᠠᠯ᠎ᠠ ᠶᠢ ᠭᠦᠢᠴᠡᠳ ᠪᠠᠳᠠᠷᠠᠭᠤᠯᠣᠨ᠂ ᠣᠷᠣᠨ ᠪᠦᠰᠡ ᠶᠢᠨ ᠴᠢᠨᠠᠷᠲᠠᠶ ᠴᠢᠯᠥᠭᠡᠲᠡᠶ ᠬᠠᠮᠵᠢᠯᠴᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠷᠬᠢᠨ ᠲᠣᠭᠤᠷᠢᠨ ᠤ ᠬᠤᠰᠢᠭᠤ ᠰᠢᠶᠠᠨ ᠲᠣᠭᠤᠷᠢᠭ ᠬᠢᠯᠢ ᠶᠢᠨ ᠪᠣᠭᠤᠮᠲᠠ ᠳᠤ ᠣᠷᠣᠯᠴᠠᠨ ᠨᠡᠭᠡᠭᠡᠨ ᠠᠰᠢᠭᠯᠠᠵᠤ᠂ ᠭᠠᠵᠠᠷ ᠣᠷᠣᠨ ᠠᠯᠤᠰᠯᠠᠭᠰᠠᠨ ᠴᠢᠬᠤᠯᠠ ᠶᠡᠭᠡ ᠰᠠᠭᠤᠷᠢ ᠳᠦᠬᠦᠭᠡᠷᠡᠮᠵᠢ ᠶᠢᠨ ᠪᠥᠳᠥᠭᠡᠨ ᠪᠠᠶᠢᠭᠤᠯᠤᠯᠲᠠ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠲᠥᠯᠥᠪᠯᠡᠨ᠎ᠡ᠃ ᠮᠣᠩᠭᠤᠯ ᠤᠯᠤᠰ ᠲᠠᠢ ᠡᠬᠢ ᠪᠠᠶᠠᠯᠢᠭ ᠡᠨᠧᠷᠭᠢ ᠶᠢᠨ ᠲᠠᠯ᠎ᠠ ᠪᠠᠷ ᠨᠡᠭᠡᠭᠡᠨ ᠬᠥᠭᠵᠢᠭᠦᠯᠬᠦ ᠬᠠᠮᠲᠤᠷᠠᠯᠴᠠᠭ᠎ᠠ ᠶᠢ ᠴᠢᠩᠭᠠᠳᠬᠠᠨ᠂ ᠨᠥᠬᠦᠴᠡᠯ ᠲᠠᠢ ᠠᠵᠤ ᠠᠬᠤᠶᠢᠯᠠᠯ ᠬᠢᠯᠢ ᠶᠢᠨ ᠭᠠᠳᠠᠨᠠᠬᠢ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠪᠠᠷᠢᠯᠭ᠎ᠠ ᠶᠢ ᠳᠠᠭᠠᠭᠠᠴᠢᠯᠠᠬᠤ᠂ ᠬᠥᠳᠡᠯᠮᠦᠷᠢ ᠦᠢᠯᠡᠴᠢᠯᠡᠭᠡ ᠬᠠᠮᠲᠤᠷᠠᠨ ᠠᠵᠢᠯᠯᠠᠬᠤ ᠵᠡᠷᠭᠡ ᠲᠥᠷᠦᠯ ᠵᠦᠢᠯ ᠶᠠᠪᠤᠭᠳᠠᠭᠤᠯᠬᠤ ᠶᠢ ᠵᠣᠷᠢᠭᠵᠢᠭᠤᠯᠤᠨ᠎ᠠ᠃ ᠳᠤᠮᠳᠠᠳᠤ ᠮᠣᠩᠭᠤᠯ ᠤᠨ ᠰᠣᠶᠣᠯ ᠵᠢᠭᠤᠯᠴᠢᠯᠠᠯ ᠤᠨ ᠭᠠᠷᠠᠭ᠂ ᠠᠷᠠᠯᠵᠢᠶᠠᠨ ᠤ ᠵᠥᠪᠳᠡᠨ ᠶᠠᠷᠢᠯᠴᠠᠬᠤ ᠬᠤᠷᠠᠯ ᠢ ᠰᠠᠶᠢᠲᠤᠷ ᠡᠷᠬᠢᠯᠡᠵᠦ᠂ ᠬᠤᠶᠠᠷ ᠲᠠᠯ᠎ᠠ ᠶᠢᠨ ᠠᠷᠠᠯᠵᠢᠶ᠎ᠠ ᠶᠢ ᠢᠳᠡᠪᠬᠢᠲᠡᠶ ᠪᠠᠷ ᠥᠷᠭᠡᠳᠬᠡᠨ᠂ ᠣᠷᠣᠰ ᠮᠣᠩᠭᠤᠯ ᠤᠨ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ᠵᠢᠵᠢᠭ ᠲᠠᠸᠠᠷ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠦᠲᠦᠭᠡᠨ ᠪᠠᠶᠢᠭᠤᠯᠤᠨ᠎ᠠ᠃      ᠬᠢᠯᠢ ᠶᠢᠨ ᠪᠣᠭᠤᠮᠲᠠ ᠶᠢᠨ ᠬᠦᠭᠵᠢᠯᠲᠡ ᠶᠢᠨ ᠰᠡᠳᠬᠢᠴᠡ ᠪᠠᠨ ᠰᠢᠨᠡᠳᠬᠡᠨ᠎ᠡ᠃ ᠬᠢᠯᠢ ᠶᠢᠨ ᠪᠣᠭᠤᠮᠲᠠ ᠶᠢ ᠮᠠᠨ ᠤ ᠬᠤᠰᠢᠭᠤᠨ ᠤ ᠭᠠᠳᠠᠭᠰᠢ ᠨᠡᠭᠡᠭᠡᠯᠳᠡ ᠬᠢᠬᠦ ᠶᠢᠨ ᠴᠢᠬᠤᠯᠠ ᠲᠤᠯᠭᠠᠭᠤᠷᠢ ᠪᠠᠷ ᠦᠵᠡᠵᠤ᠂ ᠪᠦᠬᠦ ᠲᠠᠯ᠎ᠠ ᠪᠠᠷ ᠨᠡᠭᠡᠭᠡᠨ ᠠᠰᠢᠭᠯᠠᠬᠤ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ ᠰᠠᠭᠤᠷᠢ ᠳᠦᠬᠦᠬᠡᠷᠤᠮᠵᠢ  ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠮᠠᠯ ᠵᠠᠮ ᠤᠨ ᠪᠠᠷᠠᠭ᠎ᠠ ᠭᠦᠢᠯᠭᠡᠭᠡᠨ ᠤ ᠲᠣᠭᠤᠷᠢᠭ 2.4 ᠲᠡᠭᠰᠢ ᠳᠥᠷᠪᠡᠯᠵᠢᠨ ᠺᠢᠯᠣᠮᠧᠲᠷ ᠵᠠᠮ ᠤᠨ ᠲᠣᠣᠷᠵᠢᠯ ᠪᠠ ᠪᠢᠲᠡᠭᠦᠮᠵᠢᠯᠡᠭᠰᠠᠨ ᠰᠠᠩ ᠬᠥᠮᠥᠷᠭᠡ ᠶᠢ ᠪᠦᠲᠦᠭᠡᠨ ᠪᠠᠶᠢᠭᠤᠯᠵᠤ᠂ ᠲᠡᠮᠥᠷ ᠵᠠᠮ ᠤᠨ ᠪᠠᠷᠠᠭ᠎ᠠ ᠶᠢᠨ ᠭᠦᠢᠯᠭᠡᠭᠡᠨ ᠤ ᠲᠣᠭᠤᠷᠢᠭ᠂ ᠲᠡᠮᠦᠷ ᠵᠠᠮ ᠤᠨ ᠲᠤᠰᠬᠠᠶ ᠱᠤᠭᠤᠮ ᠤᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠭᠦᠢᠴᠡᠳᠭᠡᠨ᠎ᠡ᠃ ᠮᠠᠨᠳᠤᠯ ᠤᠨ ᠬᠢᠯᠢ ᠶᠢᠨ ᠪᠣᠭᠤᠮᠲᠠ ᠪᠠ ᠦᠵᠡᠮᠵᠢ ᠶᠢᠨ ᠬᠠᠭᠠᠯᠭ᠎ᠠ ᠶᠢ ᠰᠢᠨ᠎ᠡ ᠪᠠᠷ ᠪᠠᠶᠢᠭᠤᠯᠵᠤ᠂ ᠭᠤᠸᠠᠯᠢᠭᠵᠢᠭᠤᠯᠬᠤ᠂ ᠭᠡᠷᠡᠯᠳᠡᠭᠦᠯᠬᠦ᠂ ᠨᠣᠭᠤᠭᠠᠷᠠᠭᠤᠯᠬᠤ ᠠᠵᠢᠯ ᠢ ᠰᠠᠶᠢᠨ ᠬᠢᠨ᠎ᠡ᠃ ᠤᠯᠠᠨ ᠬᠡᠯᠪᠡᠷᠢ ᠶᠢᠨ ᠬᠤᠯᠪᠣᠭᠠᠯᠠᠭᠰᠠᠨ ᠲᠡᠭᠡᠭᠡᠪᠦᠷᠢ ᠶᠢᠨ ᠡᠳ᠋ ᠪᠠᠷᠠᠭᠠᠨ ᠤ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠲᠥᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠷᠰᠢᠯᠲᠠ ᠶᠢᠨ ᠲᠠᠰᠤᠭ ᠪᠠ ︽ᠲᠠᠪᠤ ᠣᠷᠣᠵᠤ ᠲᠠᠪᠤ ᠭᠠᠷᠬᠤ︾ ᠪᠠᠷᠠᠭᠠᠨ ᠤ ᠵᠥᠭᠡᠭᠡᠪᠦᠷᠢ ᠶᠢᠨ ᠲᠤᠰᠬᠠᠶ ᠵᠠᠮ ︽ᠭᠤᠷᠪᠠ ᠬᠠᠷᠢᠯᠴᠠᠬᠤ︾ ᠪᠣᠭᠤᠮᠲᠠ ᠥᠩᠭᠡᠷᠡᠬᠦ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠭᠦᠯᠬᠦ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠴᠤ᠂ ᠡᠯᠧᠺᠲᠷᠣᠨ ᠭᠠᠷᠠᠮ ᠪᠠ ᠤᠳᠤ ᠦᠶ᠎ᠡ ᠶᠢᠨ ᠪᠠᠶᠢᠴᠠᠭᠠᠨ ᠰᠢᠯᠭᠠᠬᠤ ᠳᠦᠬᠦᠭᠡᠷᠤᠮᠵᠢ ᠶᠢᠨ ᠪᠦᠳᠦᠬᠡᠨ ᠪᠠᠶᠢᠭᠤᠯᠤᠯᠲᠠ ᠶᠢ ᠲᠦᠷᠭᠡᠳᠭᠡᠵᠤ᠂ ᠤᠯᠠᠨ ᠤᠯᠤᠰ ᠤᠨ ᠠᠷᠠᠯᠵᠢᠶᠠᠨ ᠤ ︽ᠳᠠᠩ ᠭᠠᠭᠴᠠ ᠴᠣᠩᠬᠤ︾ ᠪᠠᠶᠢᠭᠤᠯᠵᠤ᠂ ᠰᠠᠯᠠᠭ᠎ᠠ ᠮᠥᠴᠢᠷ ᠠᠯᠤᠰᠯᠠᠬᠤ᠂ ᠣᠷᠣᠨ ᠪᠦᠰᠡ ᠠᠯᠤᠰᠯᠠᠭᠰᠠᠨ ᠪᠣᠭᠤᠮᠲᠠ ᠥᠩᠭᠡᠷᠡᠬᠦ ᠬᠠᠮᠵᠢᠯᠴᠠᠭ᠎ᠠ ᠶᠢ ᠪᠠᠶᠢᠭᠤᠯᠤᠨ᠂ ᠪᠣᠭᠤᠮᠲᠠ ᠪᠠᠷ ᠥᠩᠭᠡᠷᠡᠬᠦ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠩᠭᠠᠳᠬᠠᠨ᠎ᠠ᠃ ᠭᠠᠳᠠᠭᠠᠲᠤ ᠠᠴᠠ ᠮᠢᠬᠠᠨ ᠤ ᠵᠦᠢᠯ ᠣᠷᠣᠬᠤ ᠲᠣᠰᠬᠠᠢ ᠲᠣᠭᠲᠠᠭᠠᠭᠰᠠᠨ ᠪᠣᠭᠤᠮᠲᠠ᠂ ᠨᠢᠭᠡᠳᠦᠭᠡᠷ ᠬᠤᠭᠤᠴᠠᠭᠠᠨ ᠤ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠬᠤᠳᠠᠯᠳᠤᠭ᠎ᠠ ᠠᠷᠠᠯᠵᠢᠶᠠᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠠᠷᠠᠭᠠᠨ ᠤ ᠭᠦᠢᠯᠭᠡᠭᠡᠨ ᠢ ᠬᠦᠭᠵᠢᠭᠦᠯᠵᠤ᠂ ᠬᠥᠮᠥᠷᠭᠡᠨ ᠳᠤ ᠬᠠᠳᠠᠭᠠᠯᠠᠬᠤ ᠠᠴᠠ ᠳᠠᠮᠵᠢᠨ ᠲᠡᠭᠡᠭᠡᠪᠦᠷᠢᠯᠡᠬᠦ ᠵᠡᠷᠭᠡ ᠦᠢᠯᠡᠴᠢᠯᠡᠭᠡ ᠬᠠᠩᠭᠠᠯᠲᠠ ᠶᠢ ᠲᠦᠷᠭᠡᠳᠭᠡᠨ᠎ᠡ᠃ ᠨᠡᠩ ᠣᠯᠠᠨ ᠠᠵᠤ ᠠᠬᠤᠶᠢᠯᠠᠯ ᠮᠤᠩᠭᠤᠯ ᠤᠯᠤᠰ ᠲᠠᠢ ᠠᠷᠠᠯᠵᠢᠶᠠᠨ ᠤ ᠰᠣᠯᠢᠯᠴᠠᠭ᠎ᠠ ᠬᠢᠬᠦ ᠶᠢ ᠵᠣᠷᠢᠭᠵᠢᠭᠤᠯᠵᠤ᠂ ᠪᠣᠭᠤᠮᠲᠠ ᠪᠠᠷ ᠥᠩᠭᠡᠷᠡᠬᠦ ᠪᠠᠷᠠᠭ᠎ᠠ ᠶᠢᠨ ᠬᠡᠮᠵᠢᠶ᠎ᠡ ᠶᠢ 100 ᠲᠦᠮᠡᠨ ᠲᠣᠨ ᠠᠴᠠ ᠳᠠᠪᠠᠭᠤᠯᠵᠤ᠂ 150 ᠲᠦᠮᠡᠨ ᠲᠣᠨ ᠳᠤ ᠬᠦᠷᠭᠡᠬᠦ ᠪᠠᠷ ᠴᠢᠷᠮᠠᠶᠢᠨ᠂ ᠬᠢᠯᠢ ᠪᠠᠷ ᠣᠷᠣᠵᠤ ᠭᠠᠷᠬᠤ ᠬᠥᠮᠦᠨ ᠤ ᠲᠤᠭ᠎ᠠ ᠶᠢ 10 ᠲᠦᠮᠡ ᠠᠴᠠ ᠳᠠᠪᠠᠭᠤᠯᠤᠨ᠎ᠠ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠭᠵᠢᠯᠲᠡ ᠪᠠᠨ ᠴᠢᠩᠭᠠᠳᠬᠠᠨ᠎ᠠ᠃ ︽ᠨᠢᠭᠡ ᠪᠦᠰᠡ ᠨᠢᠭᠡ ᠵᠠᠮ︾ ᠲᠠᠢ ᠢᠳᠡᠪᠬᠢᠲᠡᠶ ᠪᠠᠷ ᠠᠭᠤᠰᠤᠯᠴᠠᠵᠤ᠂ ᠵᠡᠭᠦᠨ ᠬᠤᠶᠢᠲᠤ ᠣᠷᠣᠨ ᠤ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠵᠤ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠪᠠᠶᠢᠯᠳᠤᠬᠤ ᠪᠤᠳᠤᠯᠭ᠎ᠠ᠂ ᠠᠵᠤ ᠦᠢᠯᠡᠰ ᠤᠨ ᠬᠡᠯᠪᠡᠷᠢ ᠶᠢᠨ ᠳᠡᠰ ᠲᠠᠪᠰᠢᠬᠦ ᠲᠠᠢ ᠨᠢᠭᠲᠠ ᠤᠶᠠᠯᠳᠤᠭᠤᠯᠵᠤ᠂ ᠰᠠᠭᠤᠷᠢ ᠲᠦᠬᠦᠭᠡᠷᠤᠮᠵᠢ᠂ ᠡᠬᠢ ᠰᠤᠷᠪᠤᠯᠵᠢ᠂ ᠣᠷᠣᠨ ᠪᠠᠶᠢᠷᠢ ᠵᠡᠷᠭᠡ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠣᠬᠢᠶᠠᠨ ᠪᠠᠶᠢᠭᠤᠯᠤᠯᠲᠠ ᠶᠢᠨ ᠲᠥᠰᠥᠪᠯᠡᠯ ᠢᠶᠠᠨ ᠴᠢᠩᠭᠠᠳᠬᠠᠵᠤ᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠣᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶ᠋ᠢᠭ ᠢᠶᠠᠨ ᠰᠢᠨᠡᠳᠭᠡᠵᠤ᠂ ᠠᠵᠤ ᠦᠢᠯᠡᠰ ᠢᠶᠠᠷ ᠬᠤᠳᠠᠯᠳᠤᠭᠠᠴᠢᠨ ᠤᠷᠢᠬᠤ᠂ ᠠᠷᠠᠯᠵᠢᠶ᠎ᠡ ᠪᠠᠷ ᠬᠤᠳᠠᠯᠳᠤᠭᠠᠴᠢᠨ ᠤᠷᠢᠬᠤ᠂ ᠬᠠᠮᠲᠤᠷᠠᠨ ᠬᠤᠳᠠᠯᠳᠤᠭᠠᠴᠢᠨ ᠤᠷᠢᠬᠤ᠂ ᠠᠵᠢᠯ ᠲᠥᠷᠥᠯ ᠢᠶᠠᠷ ᠬᠤᠳᠠᠯᠳᠤᠭᠠᠴᠢᠨ ᠤᠷᠢᠬᠤ ᠢ ᠲᠥᠯᠬᠢᠨ ᠠᠬᠢᠭᠤᠯᠵᠤ᠂ ᠨᠡᠮᠡᠭᠳᠡᠯ᠂ ᠨᠥᠬᠦᠪᠥᠷᠢ᠂ ᠡᠷᠴᠢᠮᠵᠢᠯ ᠤᠨ ᠬᠡᠯᠬᠢᠶᠡᠵᠢᠯ ᠤᠨ ᠲᠥᠷᠥᠯ ᠵᠦᠢᠯ ᠢ ᠣᠷᠣᠭᠤᠯᠬᠤ ᠪᠠᠷ ᠴᠢᠷᠮᠠᠶᠢᠨ᠎ᠠ᠃ ᠪᠦᠬᠦ ᠵᠢᠯ ᠤᠨ ᠭᠡᠷ᠎ᠡ ᠲᠣᠭᠲᠠᠭᠰᠠᠨ ᠲᠦᠷᠦᠯ ᠵᠦᠢᠯ ᠢ 20 ᠠᠴᠠ ᠳᠡᠭᠡᠭᠰᠢ᠂ ᠬᠡᠯᠡᠯᠴᠡᠭᠡᠷ ᠤᠨ ᠪᠡᠯᠡ ᠮᠥᠩᠭᠦ ᠶᠢ 200 ᠳ᠋ᠦᠡᠭᠰᠢᠭᠤᠷ ᠲᠥᠭᠦᠷᠢᠭ ᠠᠴᠠ ᠳᠡᠭᠡᠭᠰᠢ᠂ ᠤᠯᠤᠰ ᠤᠨ ᠳᠣᠲᠣᠭᠠᠳᠤ ᠶᠢᠨ ︵ᠭᠠᠳᠠᠨᠠᠬᠢ ᠣᠷᠣᠨ︶ ᠪᠡᠯᠡ ᠮᠥᠩᠭᠦ ᠶᠢ 100 ᠳ᠋ᠦᠩᠰᠢᠭᠤᠷ ᠲᠥᠭᠦᠷᠢᠭ ᠲᠠᠲᠠᠨ ᠣᠷᠣᠭᠤᠯᠵᠤ᠂ 25% ᠠᠴᠠ ᠳᠡᠭᠡᠭᠰᠢ ᠨᠡᠮᠡᠭᠳᠡᠭᠦᠯᠬᠦ  ᠪᠠᠷ ᠬᠦᠴᠦᠯᠡᠨ ᠴᠢᠷᠮᠠᠶᠢᠨ᠎ᠠ᠃      ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠦᠴᠦ ᠲᠠᠯᠪᠢᠵᠤ᠂ ᠠᠷᠠᠳ ᠣᠯᠠᠨ ᠤ ᠠᠵᠠ ᠵᠢᠷᠭᠠᠯ ᠢ ᠨᠡᠮᠡᠭᠳᠡᠭᠦᠯᠦᠨ᠎ᠡ᠃      ᠪᠦᠬᠦ ᠬᠦᠴᠦ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠰᠠᠶᠢᠳᠣᠷ ᠶᠠᠪᠤᠭᠳᠠᠭᠤᠯᠣᠨ᠎ᠠ᠃ ᠶᠠᠳᠠᠭᠤ ᠶᠢ ᠲᠡᠳᠬᠦᠬᠦ ᠠᠵᠢᠯ ᠢ ᠠᠷᠠᠳ ᠤᠨ ᠠᠮᠢᠳᠤᠷᠠᠯ ᠤᠨ ᠠᠵᠢᠯ ᠤᠨ ᠲᠡᠷᠢᠭᠦᠨ ᠴᠢᠬᠤᠯᠠ ᠢᠨᠵᠧᠨᠧᠷᠢᠩ ᠪᠣᠯᠭᠠᠵᠤ᠂ ︽ᠲᠠᠪᠤᠨ ᠨᠢᠭᠡ ᠪᠦᠯᠦᠭ︾᠂ ︽ᠵᠢᠷᠭᠤᠭᠠᠨ ᠨᠠᠷᠢᠯᠢᠭ ᠣᠨᠣᠪᠴᠢᠲᠠᠢ︾ ᠶᠢᠨ ᠱᠠᠭᠠᠷᠳᠠᠯᠭ᠎ᠠ ᠶᠣᠰᠣᠭᠠᠷ᠂ ᠳᠠᠩᠰᠠ ᠡᠪᠬᠡᠮᠡᠯ ᠪᠠᠶᠢᠭᠤᠯᠵᠤ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠬᠥᠮᠦᠰ ᠤᠨ ᠲᠥᠯᠥᠪᠵᠢᠭᠦᠯᠭᠡ ᠶᠢᠨ ᠲᠦᠷᠦᠯ ᠵᠦᠢᠯ᠂ ᠲᠥᠯᠥᠪᠯᠡᠭᠡᠨ ᠤ ᠲᠦᠷᠦᠯ ᠵᠦᠢᠯ ᠳᠤ ᠪᠡᠯᠡ ᠮᠥᠩᠭᠦ ᠲᠣᠬᠢᠷᠠᠭᠤᠯᠬᠤ᠂ ᠨᠠᠷᠢᠨ ᠪᠣᠳᠠᠲᠠᠶ ᠪᠠᠷ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠮᠴᠢᠯᠡᠯᠭᠡᠨ ᠢᠶᠠᠷ ᠶᠠᠳᠠᠭᠤ  ᠶᠢ ᠲᠡᠳᠬᠦᠬᠦ᠂ ᠠᠮᠢ ᠠᠬᠤᠢ ᠪᠠᠷ ᠶᠠᠳᠠᠭᠤ ᠶᠢ ᠲᠡᠳᠬᠦᠬᠦ᠂ ᠲᠦᠷᠦ ᠶᠢᠨ ᠪᠤᠳᠤᠯᠭ᠎ᠠ ᠪᠠᠷ ᠪᠦᠭᠦᠨ ᠢ ᠬᠠᠮᠤᠷᠤᠭᠤᠯᠵᠤ ᠶᠠᠳᠠᠭᠤ ᠶᠢ ᠲᠡᠳᠬᠦᠬᠦ ᠶᠢ ᠨᠡᠷᠢᠨ ᠬᠢᠨᠠᠵᠤ᠂ ᠪᠦᠬᠦ ᠵᠢᠯ ᠤᠨ ᠲᠡᠮᠡᠴᠡᠨ ᠤᠯᠤᠭᠰᠠᠨ ᠶᠠᠳᠠᠭᠤ ᠶᠢ ᠲᠡᠳᠬᠦᠬᠦ ᠡᠯ᠎ᠡ ᠲᠦᠷᠦᠯ ᠤᠨ ᠪᠡᠯᠡ ᠮᠥᠩᠭᠦ ᠶᠢ 1.5 ᠳ᠋ᠦᠡᠭᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ ᠶᠠᠳᠠᠭᠤ ᠶᠢ ᠲᠡᠳᠬᠦᠬᠦ ᠲᠥᠷᠦᠯ ᠵᠦᠢᠯ ᠢ 20 ᠵᠦᠢᠯ ᠠᠴᠠ ᠳᠡᠭᠡᠭᠰᠢ ᠶᠠᠪᠤᠭᠳᠠᠭᠤᠯᠵᠤ᠂ ᠣᠨᠴᠠᠯᠢᠭᠲᠤ ᠵᠢᠭᠤᠯᠴᠢᠯᠠᠯ ᠤᠨ ᠦᠢᠯᠡᠰ ᠢ ᠡᠷᠭᠢᠯᠡᠵᠦ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠣᠰᠬᠤᠨ ᠢ 4 ᠪᠠᠶᠢᠭᠤᠯᠵᠤ᠂ ᠶᠠᠳᠠᠭᠤ ᠬᠦᠴᠢᠷᠳᠡᠯᠲᠡᠶ ᠪᠦᠯᠦᠭᠯᠡᠯ ᠤᠨ ᠦᠪᠡᠷ ᠤᠨ ᠪᠡᠶ᠎ᠡ ᠪᠠᠨ ᠳᠠᠭᠠᠭᠠᠨ ᠬᠥᠭᠵᠢᠬᠦ ᠴᠢᠳᠠᠪᠤᠷᠢ ᠶᠢ ᠬᠦᠴᠤ ᠲᠠᠯᠪᠢᠨ ᠨᠡᠮᠡᠭᠳᠡᠭᠦᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠪᠠ ᠶᠠᠳᠠᠭᠤ ᠬᠦᠴᠢᠷᠳᠡᠯ ᠠᠴᠠ ᠰᠠᠯᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠵᠢᠯᠣᠭᠤᠳᠤᠯᠭ᠎ᠠ︾ ᠶᠢ ᠬᠡᠷᠡᠭᠯᠡᠨ ᠰᠢᠯᠭᠠᠨ ᠬᠢᠨᠠᠵᠤ᠂ ᠶᠠᠳᠠᠭᠤ ᠠᠴᠠ ᠠᠩᠭᠢᠵᠢᠷᠠᠭᠤᠯᠬᠤ ︽ᠠᠮᠠᠯᠠᠯᠲᠠ︾ ᠶᠢ ᠪᠡᠶᠡᠯᠡᠬᠦᠯᠤᠨ᠂ ᠶᠠᠳᠠᠭᠤ ᠶᠢ ᠦᠨᠡᠨ ᠲᠡᠳᠬᠦᠵᠦ᠂ ᠦᠨᠡᠨ ᠬᠦ ᠶᠠᠳᠠᠭᠤ ᠶᠢ ᠲᠡᠳᠬᠦᠵᠤ᠂ ᠦᠨᠡᠨᠬᠦ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠨ᠂ ᠵᠢᠯ ᠤᠨ ᠳᠣᠲᠣᠷ᠎ᠠ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠲᠠ ᠶᠢᠨ ᠳᠡᠰ ᠤᠨ 3152 ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠠᠶᠡᠯᠡᠭᠦᠯᠵᠤ᠂ 2 ᠨᠡᠷᠡᠰ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠶ ᠲᠣᠰᠬᠤᠨ ᠶᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ 7000 ᠲᠥᠭᠦᠷᠢᠭ ᠠᠴᠠ ᠳᠡᠭᠡᠭᠰᠢ ᠪᠤᠯᠭᠠᠨᠨ᠎ᠠ᠃      ᠠᠵᠢᠯ ᠤᠯᠭᠤᠬᠤ ᠠᠵᠢᠯ ᠦᠢᠯᠡᠰ ᠴᠤᠭᠴᠠᠯᠠᠬᠠᠤ ᠢᠨᠵᠧᠨᠧᠷᠢᠩ ᠢ ᠪᠦᠬᠦ ᠬᠦᠴᠦ ᠢᠶᠠᠷ ᠲᠦᠯᠬᠢᠨ ᠠᠬᠢᠭᠤᠯᠤᠨ᠎ᠠ᠃ ᠠᠵᠢᠯ ᠤᠯᠭᠤᠬᠤ ᠠᠵᠢᠯ ᠦᠢᠯᠡᠰ ᠴᠤᠭᠴᠠᠯᠠᠬᠠᠤ ᠢ ᠠᠷᠠᠳ ᠤᠨ ᠠᠮᠢᠳᠤᠷᠠᠯ ᠤᠨ ᠠᠵᠢᠯ ᠤᠨ ᠲᠡᠷᠢᠭᠦᠨ ᠶᠠᠪᠤᠳᠠᠯ ᠪᠣᠯᠭᠠᠵᠤ᠂ ᠠᠵᠢᠯ ᠣᠯᠭᠤᠬᠤ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠪᠠ ᠨᠠᠩ ᠢᠳᠡᠪᠬᠢᠲᠡᠶ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠵᠢᠯ ᠳᠤ ᠡᠯ᠎ᠡ ᠲᠥᠷᠥᠯ ᠤᠨ ᠬᠥᠳᠡᠯᠮᠦᠷᠢᠯᠡᠭᠴᠢ ᠶᠢ 1500 ᠬᠥᠮᠦᠨ ᠠᠴᠠ ᠳᠡᠭᠡᠭᠰᠢ ᠪᠣᠯᠪᠠᠰᠤᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠢᠯᠡᠭᠦᠦ ᠬᠥᠳᠡᠯᠮᠦᠷᠢ ᠬᠦᠴᠦᠨ ᠢ ᠰᠢᠯᠵᠢᠭᠦᠯᠵᠤ 2 ᠲᠦᠮᠡᠨ ᠬᠥᠮᠦᠨ ᠠᠴᠠ ᠳᠡᠭᠡᠭᠰᠢ ᠠᠵᠢᠯ ᠤᠯᠬᠤ  ᠶᠢ ᠲᠣᠭᠲᠠᠪᠤᠷᠢᠵᠢᠭᠤᠯᠵᠤ᠂ ᠬᠤᠳᠠ ᠪᠠᠯᠭᠠᠰᠤᠨ ᠳᠤ ᠰᠢᠨ᠎ᠡ ᠪᠠᠷ 1500 ᠬᠥᠮᠦᠨ ᠳᠤ ᠠᠵᠢᠯ ᠣᠯᠭᠤᠨ᠎ᠠ᠃ ᠬᠥᠳᠡᠯᠮᠦᠷᠢ ᠬᠦᠴᠦᠨ ᠢ ᠰᠢᠯᠵᠢᠭᠦᠯᠵᠤ ᠠᠵᠢᠯ ᠤᠯᠬᠤ ᠶᠢ ᠳᠡᠮᠵᠢᠬᠦ ᠲᠥᠯᠥᠪᠯᠡᠭᠡ ᠶᠢ ᠨᠡᠶᠢᠲᠡᠪᠦᠷᠢᠵᠢᠭᠤᠯᠵᠤ᠂ ᠨᠠᠷᠢᠯᠢᠭ ᠣᠨᠣᠪᠴᠢᠲᠠᠶ ᠪᠠᠷ ᠶᠠᠳᠠᠭᠤ ᠶᠢ ᠬᠠᠪᠰᠤᠷᠤᠨ ᠲᠡᠳᠬᠦᠬᠦ᠂ ᠠᠵᠤ ᠠᠬᠤᠶᠢᠯᠠᠯ ᠢ ᠲᠣᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ᠂ ᠭᠠᠶᠢᠯᠢ ᠰᠦᠢᠳᠬᠡᠯ ᠢ ᠬᠥᠩᠭᠡᠯᠡᠨ ᠬᠡᠯᠲᠦᠷᠢᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠦᠷᠨᠢᠭᠦᠯᠵᠤ᠂ ᠠᠵᠢᠯ ᠣᠯᠤᠭᠰᠠᠨ ᠦᠭᠡᠢ ᠭᠡᠷ ᠪᠦᠯᠢ ᠶᠢᠨ ᠨᠣᠷᠮ᠎ᠠ ᠶᠢ ᠲᠡᠭ ᠪᠠᠶᠢᠯᠭᠠᠬᠤ ᠶᠢ ᠪᠠᠷᠢᠮᠲᠠᠯᠠᠵᠤ᠂ ︽ᠦᠢᠯᠡᠰ ᠪᠣᠰᠬᠠᠬᠤ ᠳᠠᠷᠬᠠᠨ ᠮᠤᠤᠮᠢᠩᠭᠠᠨ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ︽ᠣᠶᠤᠲᠠᠨ ᠴᠢᠳᠠᠪᠤᠷᠢᠲᠠᠨ ᠴᠤᠭᠯᠠᠷᠠᠬᠤ︾ ᠲᠥᠯᠥᠪᠯᠡᠭᠡ ᠶᠢ ᠬᠡᠷᠡᠭᠵᠢᠭᠦᠯᠵᠤ᠂ ᠴᠤᠭᠯᠠᠷᠠᠭᠰᠠᠨ ᠤᠶᠤᠲᠠᠳ ᠤᠨ ᠲᠤᠭ᠎ᠠ 1400 ᠬᠥᠮᠦᠨ ᠠᠴᠠ ᠳᠡᠭᠡᠭᠰᠢ ᠪᠠᠶᠢᠵᠤ᠂ ︽ᠬᠦᠰᠡᠯ ᠢᠶᠠᠨ ᠴᠣᠭᠴᠠᠯᠠᠬᠤ ᠣᠷᠣᠨ ᠵᠠᠶ — ᠤᠶᠤᠲᠠᠳ ᠤᠨ ᠠᠵᠢᠯ ᠦᠢᠯᠡᠰ ᠪᠤᠰᠬᠠᠬᠤ ᠰᠠᠭᠤᠷᠢᠨ ᠭᠠᠵᠠᠷ︾ ᠢ ᠲᠦᠷᠭᠡᠳᠭᠡᠨ ᠲᠡᠭᠦᠯᠳᠡᠷᠵᠢᠭᠦᠯᠵᠦ᠂ ᠪᠠᠲᠤᠬᠠᠭᠠᠯᠭ᠎ᠠ ᠶᠢᠨ ︽ᠬᠦᠰᠡᠯ ᠴᠣᠭᠴᠠᠯᠠᠬᠤ ᠪᠠᠯᠭᠠᠰᠤ︾ ᠶᠢᠨ ᠪᠦᠲᠦᠭᠡᠨ ᠪᠠᠶᠢᠭᠤᠯᠤᠯᠲᠠ ᠶᠢ ᠦᠷᠨᠢᠭᠦᠯᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠨᠦᠬᠦᠴᠡᠯ ᠪᠣᠯᠣᠯᠴᠠᠭᠠᠲᠤ ᠠᠵᠢᠯ ᠦᠢᠯᠡᠰ ᠪᠣᠰᠬᠠᠬᠤ ᠰᠠᠭᠤᠷᠢᠨ ᠭᠠᠵᠠᠷ ᠢ ᠪᠦᠷᠢᠯᠳᠦᠭᠦᠯᠣᠨ᠎ᠡ᠃ ᠠᠵᠢᠯ ᠦᠢᠯᠡᠰ ᠴᠣᠭᠴᠠᠯᠠᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠠᠵᠢᠯ ᠦᠢᠯᠡᠰ ᠴᠣᠭᠴᠠᠯᠠᠬᠤ 3000 ᠲᠦᠮᠡᠨ ᠲᠥᠭᠦᠷᠢᠭ ᠪᠠᠲᠤᠯᠠᠭ᠎ᠠ ᠶᠢᠨ ᠵᠢᠭᠡᠯᠡᠯᠭᠡ ᠲᠠᠯᠪᠢᠵᠤ᠂ 1300 ᠠᠴᠠ ᠳᠡᠭᠡᠭᠰᠢ ᠬᠦᠮᠦᠰ ᠤᠨ ᠠᠵᠢᠯ ᠣᠯᠭᠤᠯᠲᠠ ᠶᠢ ᠳᠠᠶᠢᠴᠢᠯᠠᠨ᠎ᠠ᠃ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠪᠠ ᠠᠵᠢᠯ ᠣᠯᠭᠤᠵᠤ ᠦᠢᠯᠡᠰ ᠴᠣᠭᠴᠠᠯᠠᠬᠤ ᠦᠢᠯᠡᠴᠢᠯᠡᠭᠡ ᠶᠢᠨ ᠠᠵᠢᠯ ᠢ ᠦᠨᠡᠨ ᠬᠦ ᠴᠢᠩᠭᠠᠳᠬᠠᠨ᠎ᠠ᠃      ᠪᠦᠬᠦ ᠬᠦᠴᠦ ᠪᠠᠷ ᠢᠶᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠱᠤᠭᠤᠮ ᠢ ᠪᠠᠲᠤᠳᠬᠠᠨ᠎ᠠ᠃ ᠨᠡᠶᠢᠭᠡᠮ ᠤᠨ ᠪᠠᠲᠤᠯᠠᠭ᠎ᠠ ᠶᠢ ᠠᠷᠠᠳ ᠤᠨ ᠠᠮᠢᠳᠤᠷᠠᠯ ᠤᠨ ᠠᠵᠢᠯ ᠤᠨ ᠰᠠᠭᠤᠷᠢ ᠢᠨᠵᠧᠨᠧᠷᠢᠩ ᠪᠣᠯᠭᠠᠵᠤ᠂ ᠪᠦᠬᠦ ᠠᠷᠠᠳ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ᠂ ᠭᠠᠳᠠᠨ᠎ᠠ ᠠᠴᠠ ᠢᠷᠡᠭᠰᠡᠨ ᠠᠵᠢᠯᠴᠢᠳ ᠤᠨ ᠳᠠᠭᠠᠳᠬᠠᠯ ᠳᠤ ᠣᠷᠣᠯᠴᠠᠬᠤ ᠬᠦᠷᠢᠶ᠎ᠡ ᠬᠡᠪᠴᠢᠶ᠎ᠡ ᠶᠢ ᠦᠷᠭᠡᠳᠭᠡᠵᠤ᠂ ᠲᠠᠪᠤᠨ ᠵᠦᠢᠯ ᠤᠨ ᠳᠠᠭᠠᠳᠬᠠᠯ ᠳᠤ 1100 ᠬᠥᠮᠦᠨ ᠶᠢ ᠰᠢᠨ᠎ᠡ ᠪᠠᠷ ᠨᠡᠮᠡᠭᠳᠡᠭᠦᠯᠤᠨ᠎ᠠ᠃ ︽ᠬᠤᠶᠠᠷ ᠰᠦᠯᠵᠢᠶ᠎ᠡ︾  ᠶᠢᠨ ᠠᠭᠤᠰᠤᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠡᠮ ᠡᠮᠨᠡᠯᠭᠡ ᠶᠢᠨ ᠳᠠᠭᠠᠳᠬᠠᠯ  ᠤᠨ ᠬᠠᠷᠠᠭᠠᠯᠵᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠡᠷᠬᠡ ᠠᠰᠢᠭ ᠢ ᠡᠷᠬᠡ ᠲᠡᠭᠰᠢ ᠪᠠᠷ ᠬᠦᠷᠲᠡᠬᠦ ᠶᠢ ᠠᠬᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠠᠳᠬᠤᠵᠤ᠂ ᠡᠯ᠎ᠡ ᠲᠦᠷᠦᠯ ᠤᠨ ᠳᠡᠮᠵᠢᠯᠭᠡ ᠬᠦᠷᠳᠡᠵᠤ ᠪᠠᠶᠢᠭ᠎ᠠ ᠬᠥᠮᠦᠰ ᠤᠨ ᠨᠥᠬᠦᠪᠥᠷᠢ ᠣᠯᠭᠤᠬᠤ ᠪᠠᠷᠢᠮᠵᠢᠶ᠎ᠠ ᠶᠢ ᠳᠡᠭᠡᠭᠰᠢᠯᠡᠭᠦᠯᠤᠨ᠎ᠠ᠃ ︽ᠪᠠᠴᠢᠮ ᠠᠪᠤᠷᠠᠯᠲᠠ ᠶᠢ ᠲᠣᠰᠠᠯᠠᠬᠤ︾ ᠵᠡᠷᠭᠡ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠤ ᠭᠡᠨᠡᠳᠲᠡ ᠶᠢᠨ ᠴᠢᠨᠠᠷ᠂ ᠲᠤᠯᠭᠠᠮ᠎ᠠ ᠴᠢᠨᠠᠷ ᠲᠠᠢ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠬᠥᠮᠦᠡᠯᠢᠭ ᠴᠢᠨᠠᠷ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠠᠳᠬᠤᠵᠤ᠂ ︽ᠤᠯᠠᠭᠠᠨ ᠵᠠᠭᠠᠯᠮᠠᠶᠢᠳᠠᠨ ᠤ ᠲᠥᠯᠥᠪᠯᠡᠭᠡ︾ ︽ᠬᠠᠷᠠᠭ᠎ᠠ ᠣᠷᠣᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠤᠨ᠎ᠡ᠃ ᠬᠦᠴᠢᠷ ᠪᠡᠷᠭᠡᠰᠢᠶᠡᠯᠲᠤ ᠪᠠ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠤᠨ ᠠᠪᠤᠷᠠᠨ ᠲᠤᠰᠠᠯᠠᠯᠲᠠ ᠶᠢᠨ ᠬᠥᠮᠥᠷᠭᠡ ᠪᠠᠶᠢᠭᠤᠯᠤᠨ᠎ᠠ᠃ ᠵᠡᠮᠳᠡᠭᠴᠦᠳ ᠤᠨ ᠨᠠᠶᠢᠳᠠᠵᠤ ᠠᠰᠠᠷᠠᠬᠤ ᠲᠥᠪ ᠢ ᠪᠠᠶᠢᠭᠤᠯᠤᠨ᠎ᠠ᠃ ᠨᠠᠰᠤᠲᠠᠶᠢᠴᠤᠳ ᠤᠨ ᠦᠢᠯᠡᠰ ᠪᠠ ᠠᠬᠠᠮᠠᠳ ᠺᠠᠳ᠋ᠷᠴᠤᠳ ᠤᠨ ᠠᠵᠢᠯ ᠢ ᠴᠢᠬᠤᠯᠠᠴᠢᠯᠠᠨ᠎ᠠ᠃ ᠨᠡᠶᠢᠭᠡᠮ ᠤᠨ ᠳᠠᠭᠠᠳᠬᠠᠯ ᠢᠶᠠᠷ ᠭᠤᠣᠯ ᠴᠣᠭᠴᠠ ᠪᠣᠯᠭᠠᠬᠤ᠂ ᠨᠡᠶᠢᠭᠡᠮ  ᠤᠨ ᠠᠪᠤᠷᠠᠨ ᠲᠤᠰᠠᠯᠠᠬᠤ ᠪᠠᠷ ᠰᠠᠭᠤᠷᠢ ᠪᠣᠯᠭᠠᠬᠤ᠂ ᠨᠡᠶᠢᠭᠡᠮ ᠤᠨ ᠠᠰᠠᠷᠠᠮᠵᠢ ᠪᠠᠷ ᠨᠥᠬᠦᠪᠥᠷᠢ ᠪᠣᠯᠭᠠᠭᠰᠠᠨ ᠣᠯᠠᠠ ᠲᠡᠰ ᠳᠠᠪᠬᠤᠷᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠲᠣᠣᠷ ᠢ ᠪᠠᠲᠤᠳᠬᠠᠨ᠎ᠠ᠃      ︵ᠲᠤᠯᠤᠭ᠎ᠠ︶ ᠨᠡᠶᠢᠭᠡᠮ ᠤᠨ ᠦᠢᠯᠡᠰ ᠢ ᠬᠦᠴᠦ ᠲᠠᠯᠪᠢᠠ ᠬᠦᠭᠵᠢᠬᠦᠯᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠠ ᠢ ᠳᠡᠭᠡᠭᠰᠢᠯᠡᠭᠦᠯᠦᠨ᠎ᠡ᠃      ᠤᠯᠠᠠ ᠲᠦᠮᠡᠨ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠳᠤᠷ ᠡᠷᠬᠢᠯᠡᠨ᠎ᠡ᠃ ᠰᠤᠷᠭᠠᠨ ᠬᠥᠮᠦᠵᠢᠯ ᠤᠨ ᠲᠤᠳᠤᠭᠠᠳᠤ ᠠᠭᠤᠯᠬᠤᠠ ᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠳᠤᠬᠠᠭᠠᠯᠭ᠎ᠠ ᠪᠠᠯᠭᠠᠰᠤᠠ ᠤ ᠲᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ᠂ ᠪᠠᠲᠤᠬᠠᠭᠠᠯᠭ᠎ᠠ ᠪᠠᠯᠭᠠᠰᠤᠠ ᠤ ᠨᠢᠬᠡᠳᠤᠬᠡᠷ ᠪᠠᠭ᠎ᠠ ᠰᠤᠷᠭᠠᠭᠤᠯᠢ  ᠶᠢᠨ ᠪᠡᠶ᠎ᠡ ᠶᠢᠨ ᠲᠠᠮᠢᠷ ᠤᠨ ᠣᠷᠳᠣᠨ᠂ ᠮᠠᠨᠳᠤᠯ ᠪᠠᠯᠭᠠᠰᠤᠠ ᠤ ᠣᠯᠠᠨ ᠤᠯᠤᠰ ᠤᠨ ᠨᠥᠬᠦᠷᠯᠡᠯ ᠤᠨ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠲᠦᠷ ᠰᠠᠭᠤᠬᠤ ᠤᠷᠤᠠ ᠰᠠᠭᠤᠴᠠ ᠶᠢ ᠰᠢᠨ᠎ᠠ ᠪᠠᠷ ᠪᠠᠶᠢᠭᠤᠯᠵᠤ᠂ ᠪᠠᠭᠠᠴᠤᠳ ᠬᠡᠤᠬᠡᠤᠠ ᠤᠨ ᠬᠠᠤᠯᠢ ᠲᠦᠷᠢᠮᠳᠤ ᠰᠤᠷᠭᠠᠠ ᠬᠦᠮᠦᠵᠢᠯ ᠤᠨ ᠰᠠᠭᠤᠷᠢᠨ ᠢ ᠥᠭᠡᠷᠡᠴᠢᠯᠡᠨ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠬᠡᠷᠡᠭᠯᠡᠭᠡᠨ ᠤ ᠵᠥᠭᠡᠯᠡᠨ ᠲᠤᠨᠤᠭ ᠤᠨ ᠰᠢᠰᠲ᠋ᠧᠮ ᠢ ᠪᠠᠶᠢᠭᠤᠯᠵᠤ᠂ ᠰᠤᠷᠭᠠᠠ ᠬᠦᠮᠦᠵᠢᠯ ᠤᠨ ᠮᠡᠳᠡᠭᠡ ᠵᠠᠩᠬᠢ ᠪᠠ ᠬᠤᠳᠠ ᠲᠤᠭᠤᠷᠢᠭ ᠤᠨ ︽ᠲᠧᠯᠸᠢᠰ ᠬᠢᠴᠢᠶᠠᠯᠯᠡᠭᠡ ᠪᠠᠷ ᠬᠠᠷᠢᠯᠴᠠᠠ ᠰᠤᠷᠤᠯᠴᠠᠬᠤ︾ ᠶᠢ ᠪᠠᠶᠠᠯᠠᠬᠦᠯᠦᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠬᠦᠭᠵᠢᠯᠳᠠ ᠶᠢ ᠴᠢᠬᠤᠯᠠᠴᠢᠯᠠᠠ᠂ ᠮᠣᠩᠭᠤᠯ ᠦᠨᠳᠦᠰᠦᠲᠡᠨ ᠤ ᠰᠤᠷᠭᠠᠭᠤᠯᠢ ᠶᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ‌‍ᠦᠨ ᠲᠠᠭᠤᠷᠢᠶᠡᠯ ᠦᠵᠡᠭᠦᠯᠬᠦ ᠰᠤᠷᠭᠠᠭᠤᠯᠢ ᠪᠤᠯᠭᠠᠠ ᠡᠭᠦᠳᠦᠨ ᠪᠠᠶᠢᠭᠤᠯᠤᠨ᠎ᠠ᠃ ︽ᠲᠠᠭᠠᠭᠤᠯᠤᠭᠴᠢ ᠵᠠᠬᠢᠷᠤᠯ︾ ︽ᠭᠠᠷᠮᠠᠭᠠᠶ ᠪᠠᠭᠰᠢ︾ ᠶᠢᠨ ᠪᠣᠯᠪᠠᠰᠤᠷᠠᠯ ᠤᠨ ᠲᠥᠯᠥᠪᠯᠡᠭᠡ ᠪᠠ ᠬᠥᠳᠡᠭᠡ ᠲᠣᠰᠬᠤᠨ ᠤ ᠪᠠᠭᠰᠢ ᠶᠢ ᠳᠡᠮᠵᠢᠬᠦ ᠲᠥᠯᠥᠪᠯᠡᠭᠡ ᠶᠢ ᠪᠠᠶᠠᠯᠠᠬᠦᠯᠵᠤ᠂ ᠭᠠᠷᠭᠠᠮᠠᠢ ᠪᠠᠭᠰᠢ ᠪᠤᠯᠬᠤ ᠪᠤᠯᠪᠠᠰᠤᠷᠠᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠰᠤᠷᠤᠭᠴᠢᠳ ᠤᠨ ᠶᠣᠰᠣ ᠰᠤᠷᠳᠠᠬᠤᠠ ᠤ ᠬᠥᠮᠦᠵᠢᠯ ᠪᠠ ᠪᠠᠶ᠎ᠠ ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ᠎ᠠ᠃ ᠰᠤᠷᠭᠠᠨ ᠬᠥᠮᠦᠵᠢᠯ ᠤᠨ ᠳᠦᠷᠢᠮ ᠤᠨ ᠥᠭᠡᠷᠡᠴᠢᠯᠡᠯᠲᠡ ᠶᠢᠨ ᠬᠡᠪ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠵᠢᠯ ᠤᠨ ᠥᠭᠡᠷᠡᠴᠢᠯᠡᠯᠲᠡ ᠶᠢᠨ ᠠᠬᠤᠢ ᠲᠠᠯᠠᠪᠠᠢ ᠶᠢᠨ ᠬᠤᠷᠠᠯ ᠢ ᠲᠠᠭᠠᠭᠠᠴᠢᠯᠠᠠ ᠡᠷᠬᠢᠯᠡᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠪᠠ ᠰᠤᠷᠤᠭᠴᠢ ᠲᠤᠰᠬᠤ ᠲᠡᠷᠭᠡᠨ ᠤ ᠠᠶᠤᠯ ᠦᠭᠡᠢ ᠲᠠᠬᠡᠬᠡᠪᠤᠷᠢ ᠶᠢ ᠪᠠᠳᠤᠯᠠᠵᠤ᠂ ᠬᠢᠴᠢᠶᠡᠯ ᠤᠨ ᠬᠡᠷ  ᠤᠨ ᠠᠮᠤᠷ ᠲᠦᠪᠰᠢᠨ ᠤ ᠬᠥᠮᠦᠵᠢᠯ ᠢ ᠦᠷᠨᠢᠬᠦᠯᠵᠤ᠂ ᠡᠷᠬᠢᠨ ᠲᠣᠭᠤᠷᠢᠨ ᠤ ᠠᠮᠤᠷ ᠲᠦᠪᠰᠢᠠ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠶᠠᠪᠤᠭᠳᠠᠭᠤᠯᠤᠨ᠎ᠠ᠃      ᠠᠷᠠᠳ ᠲᠦᠮᠡᠨ ᠤ ᠡᠷᠡᠭᠦᠯ ᠮᠡᠨᠳᠤ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠤᠨ᠎ᠠ᠃ ᠠᠷᠠᠳ ᠲᠦᠮᠡᠨ ᠤ ᠡᠷᠡᠭᠦᠯ ᠮᠡᠨᠳᠦ ᠶᠢ ᠲᠠᠷᠢᠬᠦᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠦᠨᠳᠦᠰᠦᠨ ᠡᠮ ᠡᠮᠨᠡᠯᠭᠡ ᠪᠣᠯᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠠ ᠤ ᠭᠠᠵᠠᠷ᠂ ᠲᠦᠷᠪᠠᠠ ᠡᠷᠡᠭᠦᠯ ᠬᠠᠮᠠᠭᠠᠯᠠᠯ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠪᠠᠶᠢᠰᠢᠩ ᠢ ᠪᠠᠶᠢᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠭᠠᠵᠠᠷ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠪᠠ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠤᠨ ᠠᠰᠠᠷ ᠢ ᠰᠢᠨ᠎ᠡ ᠪᠠᠷ ᠪᠠᠶᠢᠭᠤᠯᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠤᠨ᠎ᠠ᠃ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠦᠷᠬᠡᠤᠡᠬᠡᠵᠤ᠂ ᠰᠢᠶᠠᠨ ᠤ ᠬᠡᠪᠴᠢᠶᠡᠨ ᠤ ᠮᠣᠩᠭᠤᠯ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ ᠲᠥᠪ ᠢ ᠪᠠᠶᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ ᠡᠷᠡᠭᠦᠯ ᠴᠡᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠲᠦᠭᠡᠮᠡᠯᠵᠢᠭᠦᠯᠬᠦ ᠶᠢ ᠪᠠᠳᠤᠯᠠᠵᠤ᠂ ᠡᠪᠡᠳᠴᠢᠨ ᠡᠮᠭᠡᠭ ᠢ ᠰᠡᠷᠭᠡᠶᠢᠯᠡᠬᠦ᠂ ᠢᠳᠡᠬᠡᠠ ᠤᠮᠳᠠᠭᠠᠠ ᠢᠶᠠᠨ ᠵᠤᠬᠢᠰᠳᠠᠢ ᠲᠤᠬᠢᠷᠠᠭᠤᠯᠵᠤ᠂ ᠡᠷᠡᠭᠦᠯ ᠮᠡᠨᠳᠦ ᠶᠢᠨ ᠰᠤᠪᠢᠯᠠᠯᠲᠠ ᠡᠷᠡᠭᠦᠯ ᠮᠠᠠᠳᠤ ᠶᠢᠨ ᠮᠡᠳᠡᠯᠭᠡ ᠶᠢ ᠲᠠᠯᠬᠡᠷᠡᠬᠦᠯᠵᠤ᠂ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ᠢ ᠡᠬᠦᠳᠦᠠ ᠪᠠᠶᠢᠭᠤᠯᠬᠤ ᠪᠠᠷ ᠴᠢᠷᠮᠠᠶᠢᠨ᠎ᠠ᠃ ᠤᠳᠠᠭᠠᠨ ᠴᠢᠨᠠᠷᠲᠠᠶ ᠡᠪᠡᠳᠴᠢᠨ ᠢ ᠡᠷᠡᠬᠦᠯᠵᠢᠬᠦᠯᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ  ᠶᠢᠨ ᠳᠦᠷᠦᠯ ᠵᠦᠢᠯ ᠢ ᠡᠬᠢᠯᠡᠬᠦᠯᠦᠨ᠎ᠠ᠃ ᠡᠪᠡᠤᠡᠴᠢᠳᠠᠠ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ  ᠶᠢ ᠭᠤᠣᠯᠳᠠᠯᠭ᠎ᠠ ᠲᠠᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ᠂ ᠡᠷᠡᠭᠦᠯᠵᠢᠯ᠂ ᠡᠮᠨᠡᠨ ᠰᠤᠪᠢᠯᠠᠬᠤ ᠪᠠᠷ ᠨᠢᠬᠡ ᠴᠤᠭᠴᠠ ᠪᠤᠯᠭᠠᠭᠰᠠᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠰᠢᠨ᠎ᠠ ᠪᠠᠷ ᠪᠠᠶᠢᠭᠤᠯᠤᠨ᠎ᠠ᠃ ᠤᠯᠠᠠ ᠨᠡᠶᠢᠲᠡ ᠶᠢᠨ ᠪᠡᠶ᠎ᠡ ᠪᠠᠨ ᠴᠢᠭᠢᠷᠠᠭᠵᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠪᠦᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠤᠯᠠᠨ ᠲᠦᠮᠡᠨ  ᠤ ᠪᠡᠶ᠎ᠡ ᠶᠢᠨ ᠲᠠᠮᠢᠷ ᠪᠠ ᠦᠷᠢᠰᠤᠯᠳᠤᠬᠡᠠ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠤᠯᠤᠰ ᠤᠨ ᠲᠠᠰ ᠤᠨ ᠢᠳᠡᠭᠡᠨ ᠤ ᠠᠶᠤᠯᠭᠦᠶ ᠶᠢᠨ ᠬᠤᠳᠠ ᠶᠢᠨ ᠬᠠᠮᠢᠶᠠᠷᠤᠯᠳᠠ ᠶᠢ ᠴᠢᠩᠭᠠᠤᠠᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠠᠶᠤᠯ ᠥᠭᠡᠢ ᠦᠢᠯᠡᠳᠪᠦᠷᠢᠯᠡᠭᠰᠡᠨ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠦᠨᠡᠨ ᠬᠦ ᠴᠢᠩᠭᠠᠤᠬᠠᠨ᠎ᠠ᠃      ᠠᠷᠠᠳ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠶᠡᠬᠡᠪᠡᠷ ᠦᠢᠯᠡᠳᠦᠯᠭᠡᠵᠢᠭᠦᠯᠵᠦ᠂ ︽ᠪᠦᠬᠦ ᠠᠷᠠᠤᠠ ᠨᠤᠮ ᠤᠡᠭᠰᠢᠬᠤ᠂ ᠰᠤᠶᠤᠯᠳᠤ ᠲᠠᠷᠬᠠᠠ ᠮᠤᠤᠮᠢᠩᠭᠠᠠ︾ ᠤ ᠠᠵᠢᠯᠯᠠᠭ᠎ᠠ ᠦᠷᠨᠢᠬᠦᠯᠵᠤ᠂ ︽ᠲᠠᠷᠬᠠᠠ ᠮᠤᠤᠮᠢᠩᠭᠠᠠ ᠤ ᠦᠯᠢᠭᠡᠷ︾ ᠢ ᠦᠷᠬᠡᠠ ᠲᠠᠯᠬᠡᠷᠡᠬᠦᠯᠵᠤ᠂ ︽ᠬᠥᠳᠡᠭᠡ ᠲᠣᠰᠬᠤᠨ ᠤ ᠨᠠᠷᠠᠳᠤ ᠬᠦᠮᠦᠠ︾ ᠢ ᠰᠢᠯᠭᠠᠷᠠᠭᠤᠯᠬᠤ ᠠᠵᠢᠯᠯᠠᠭ᠎ᠠ ᠶᠢ ᠶᠠᠪᠤᠭᠳᠠᠭᠤᠯᠵᠤ᠂ ᠡᠷᠡᠭᠦᠯ ᠥᠭᠡᠳᠡᠷᠬᠡᠭ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠭᠤᠷᠪᠠᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ︽ᠳᠥᠷᠪᠡᠨ ᠰᠣᠶᠣᠯ ᠤᠨ ᠲᠠᠩ ᠴᠤᠭᠴᠠ︾  ᠶᠢ ᠲᠦᠷᠬᠡᠤᠡᠬᠡᠠ ᠪᠠᠶᠢᠭᠤᠯᠵᠤ᠂ ᠠᠬᠠᠮᠠᠳ ᠺᠠᠳ᠋ᠷ ᠤᠨ ᠬᠦᠳᠡᠯᠬᠡᠬᠡᠠ ᠤ ᠲᠥᠪ᠂ ᠪᠠᠭᠠᠴᠤᠳ ᠤᠨ ᠣᠷᠳᠣᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠢ ᠪᠥᠳᠥᠭᠡᠨ ᠪᠠᠶᠢᠭᠤᠯᠵᠤ᠂ ᠤᠷᠤᠠ ᠨᠤᠳᠤᠭ ᠤᠨ ᠰᠣᠶᠣᠯ ᠤᠨ ᠦᠢᠯᠡᠴᠢᠯᠡᠭᠡ ᠶᠢ ᠠᠬᠢᠭᠤᠯᠵᠤ᠂ ᠨᠡᠭᠦᠳᠡᠯ ᠰᠣᠶᠣᠯ ᠤᠨ ᠦᠢᠯᠠᠴᠢᠯᠡᠭᠡ ᠪᠠ ᠲᠤᠭᠠᠴᠠᠯᠠᠭᠰᠠᠠ ᠰᠣᠶᠣᠯ ᠤᠨ ᠦᠢᠯᠡᠴᠢᠯᠡᠭᠡ ᠶᠢ ᠤᠶᠠᠯᠳᠤᠭᠤᠯᠵᠤ᠂ ᠠᠷᠠᠳ ᠤᠯᠠᠨ ᠤ ᠰᠣᠶᠣᠯ ᠤᠨ ᠠᠮᠢᠳᠤᠷᠠᠯ ᠢ ᠰᠠᠶᠢᠵᠢᠷᠠᠭᠤᠯᠤᠨ᠎ᠠ᠃ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠬᠥᠭᠵᠢᠭᠦᠯᠤᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠪᠠ ᠲᠠᠷᠬᠠᠠ ᠮᠤᠤᠮᠢᠩᠭᠠᠠ ᠬᠤᠯᠪᠤᠭᠠᠳᠤ ᠬᠤᠰᠢᠭᠤ ᠪᠠᠶᠢᠭᠤᠯᠤᠭᠳᠠᠭᠰᠠᠨ 65 ᠵᠢᠯ ᠤᠨ ᠣᠶ ᠶᠢ ᠲᠤᠷᠠᠰᠬᠠᠬᠤ ᠶᠢᠨ ᠲᠦᠯᠦᠬᠡ ᠨᠢᠭᠡ ᠪᠦᠯᠦᠭ ᠰᠣᠶᠣᠯ ᠤᠨ ᠰᠣᠳᠣᠨ ᠪᠦᠲᠦᠭᠡᠯ ᠲᠤᠭᠤᠷᠪᠢᠵᠤ᠂ ᠲᠠᠷᠬᠠᠠ ᠮᠤᠤᠮᠢᠩᠭᠠᠠ ᠬᠤᠯᠪᠤᠭᠠᠳᠤ ᠬᠤᠰᠢᠭᠤᠠ ᠤ ᠵᠣᠷᠢᠭ ᠰᠠᠨᠠᠭ᠎ᠠ ᠶᠢ ᠨᠢᠭᠲᠠᠷᠠᠭᠤᠯᠵᠤ᠂ ᠲᠠᠷᠬᠠᠠ ᠮᠤᠤᠮᠢᠩᠭᠠᠠ ᠬᠤᠯᠪᠤᠭᠠᠳᠤ ᠬᠤᠰᠢᠭᠤᠠ  ᠤ ᠢᠲᠡᠭᠡᠯ ᠵᠤᠷᠢᠭ ᠢ ᠢᠯᠡᠷᠡᠬᠦᠯᠦᠨ᠎ᠠ᠃ ᠰᠣᠶᠣᠯ ᠤᠨ ᠴᠢᠳᠠᠪᠤᠷᠢᠲᠠᠨ ᠢ ᠪᠦᠬᠦ ᠬᠦᠴᠦᠠ ᠢᠶᠠᠷ ᠬᠥᠮᠦᠵᠢᠭᠦᠯᠵᠤ᠂ ᠠᠷᠠᠳ ᠤᠨ ᠤᠷᠠᠯᠢᠭᠴᠢᠨ ᠤ ᠵᠣᠬᠢᠶᠠᠨ ᠪᠦᠲᠦᠭᠡᠬᠦ ᠶᠢ ᠬᠠᠯᠠᠮᠵᠢᠯᠠᠨ ᠲᠡᠮᠵᠢᠵᠤ᠂ ᠪᠣᠳᠠᠰ ᠤᠨ ᠪᠤᠰᠤ ᠰᠣᠶᠣᠯ ᠤᠨ ᠥᠪ ᠢ ᠪᠦᠬᠦ ᠲᠠᠯ᠎ᠠ ᠪᠠᠷ ᠬᠠᠮᠠᠭᠠᠯᠠᠵᠤ᠂ ᠤᠯᠠᠠᠰᠦ᠋ᠮ᠎ᠠ ᠡᠷᠲᠡᠨ ᠤ ᠪᠠᠭᠤᠷᠢ ᠶᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠠᠵᠢᠯ ᠢ ᠰᠠᠶᠢᠲᠤᠷ ᠬᠢᠨ᠎ᠠ᠃      ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠨᠡᠶᠢᠭᠡᠮ ᠤᠨ ᠵᠠᠰᠠᠠ ᠴᠡᠭᠴᠡᠯᠠᠯᠳᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠭᠠᠵᠠᠷ᠂ ᠴᠢᠬᠤᠯᠠ ᠬᠥᠮᠦᠰ ᠢ ᠬᠠᠮᠢᠶᠠᠷᠤᠨ ᠡᠵᠡᠮᠳᠠᠬᠦ ᠶᠢ ᠴᠢᠩᠭᠠᠤᠠᠬᠠᠵᠤ᠂ ︽ᠴᠠᠭᠳᠠᠭᠠᠠ ᠤ ᠲᠤᠭᠤᠷᠢᠠ ᠪᠠᠶᠢᠴᠠᠭᠠᠬᠤ︾ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠬᠦᠯᠵᠤ᠂ ᠨᠡᠶᠢᠭᠡᠮ ᠤᠨ ᠲᠠᠯ᠎ᠠ ᠶᠢᠨ ︽ᠳᠥᠷᠪᠡᠳᠦᠭᠡᠷ ᠳᠡᠰ ᠤᠨ ᠲᠣᠭᠤᠷᠢᠨ ᠪᠠᠶᠢᠴᠠᠭᠠᠬᠤ︾ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠠᠮᠤᠷ  ᠢ ᠬᠠᠮᠠᠭᠠᠯᠠᠬᠤ ᠠᠯᠪᠠᠠ ᠭᠡᠷ ᠢ ᠪᠠᠶᠢᠭᠤᠯᠤᠨ᠎ᠠ᠃ ︽ᠢᠯᠠ ᠵᠠᠬᠢᠳᠠᠯ ᠰᠤᠷᠪᠤᠯᠵᠢᠯᠠᠭ᠎ᠠ︾᠂ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠭ᠎ᠠ︾ ᠶᠢ ᠭᠦᠨᠵᠡᠭᠡᠶ ᠲᠦᠯᠬᠢᠨ ᠠᠬᠢᠭᠤᠯᠵᠤ᠂ ᠬᠠᠤᠯᠢ ᠲᠣᠭᠲᠠᠭᠠᠯ ᠶᠣᠰᠣᠭᠠᠷ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠤᠡᠪᠤᠷᠢᠯᠠᠵᠤ᠂ ᠵᠢᠯ ᠤᠨ ᠳᠣᠲᠣᠷ᠎ᠠ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠬᠡᠮᠵᠢᠶ᠎ᠡ ᠶᠢ 20% ᠠᠴᠠ ᠢᠯᠡᠬᠦᠤ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠭᠤᠷᠪᠠᠨ ᠥᠭᠡᠢ︾ ᠬᠤᠰᠢᠭᠤ ᠰᠢᠶᠠᠨ ᠲᠤᠭᠤᠷᠢᠭ ᠢ ᠡᠭᠦᠳᠦᠨ ᠪᠠᠶᠢᠭᠤᠯᠤᠨ᠎ᠠ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮ ᠢ ᠪᠦᠬᠦ ᠲᠠᠯ᠎ᠠ ᠪᠠᠷ ᠪᠠᠶᠢᠴᠠᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠭᠡᠨᠡᠳᠲᠡ ᠶᠢᠨ ᠬᠡᠷᠡᠭ ᠢ ᠰᠢᠢᠤᠡᠪᠤᠷᠢᠯᠠᠬᠦ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠵᠤ᠂ ᠭᠠᠮᠰᠢᠭ ᠢ ᠪᠠᠭᠠᠰᠬᠠᠵᠤ᠂ ᠭᠠᠮᠰᠢᠭ ᠠᠴᠠ ᠠᠪᠣᠷᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃ ︽ᠬᠤᠶᠠᠷ ᠢ ᠬᠦᠷᠢᠶᠡᠯᠡᠬᠦ︾ ᠠᠵᠢᠯ ᠢ ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠵᠤ᠂ ᠬᠤᠰᠢᠭᠤ ᠰᠢᠶᠠᠨ ᠳᠤ ᠰᠠᠭᠤᠭ᠎ᠠ ᠴᠡᠷᠢᠭ ᠠᠩᠬᠢ ᠪᠠ ᠡᠷᠦᠭᠡ ᠶᠢᠨ ᠴᠡᠷᠢᠭ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠴᠠᠭᠳᠠᠭ᠎ᠠ ᠠᠷᠠᠳ ᠬᠠᠮᠲᠤᠷᠠᠨ ᠰᠡᠷᠭᠡᠶᠢᠯᠡᠬᠦ ᠪᠠ ᠬᠢᠯᠢ ᠬᠢᠵᠠᠭᠠᠷ ᠣᠷᠣᠨ ᠢ ᠬᠠᠮᠢᠶᠠᠷᠤᠨ ᠡᠵᠡᠮᠳᠡᠬᠦ ᠶᠢ ᠴᠢᠩᠭᠠᠤᠠᠬᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ  ᠤ ᠡᠪᠯᠡᠯ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠰᠠᠶᠢᠳᠤᠷ ᠦᠷᠨᠢᠬᠦᠯᠦᠨ᠎ᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠦᠨᠳᠦᠰᠦᠨ ᠴᠢᠭᠯᠡᠯᠲᠡ ᠶᠢ ᠲᠤᠤᠱᠯᠠᠭᠤᠯᠵᠤ᠂ ᠨᠠᠮ ᠤᠨ ᠡᠯ᠎ᠡ ᠵᠦᠢᠯ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠠ᠂ ︽ᠨᠢᠭᠡ ᠭᠠᠷᠠᠭ ᠬᠤᠶᠠᠷ ᠰᠠᠷ᠎ᠠ︾  ᠶᠢᠨ ᠠᠵᠢᠯᠯᠠᠭ᠎ᠠ ᠶᠢ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤ ᠶᠢ ᠵᠦᠪᠰᠢᠶᠠᠷᠠᠬᠦ︾ ᠦᠵᠡᠯ ᠰᠠᠨᠠᠭ᠎ᠠ  ᠶᠢ ᠠᠷᠠᠤᠠ ᠤᠨ ᠲᠤᠮᠳᠠ ᠬᠦᠡᠵᠡᠬᠡᠶᠢᠷᠠᠬᠦᠯᠵᠤ᠂ ᠡᠯ᠎ᠡ ᠦᠡᠳᠦᠰᠦᠳᠠᠠ ᠤ ᠬᠠᠮᠳᠤ ᠪᠠᠷ ᠪᠦᠯᠬᠦᠮᠳᠠᠠ ᠲᠠᠮᠠᠴᠠᠵᠤ᠂ ᠬᠠᠮᠳᠤ  ᠪᠠᠷ ᠴᠡᠴᠡᠭᠯᠠᠠ ᠬᠦᠭᠵᠢᠬᠦ ᠶᠢ ᠠᠬᠢᠭᠤᠯᠤᠨ᠎ᠠ᠃      ︵ᠨᠠᠢᠮᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠤᠠᠬᠠᠵᠤ᠂ ᠬᠠᠤᠯᠢ ᠪᠠᠷ ᠵᠠᠰᠠᠬᠤ ᠠᠷᠢᠭᠤᠠ ᠴᠢᠬᠡᠵᠢ ᠵᠠᠰᠠᠭ ᠤᠨ ᠤᠷᠳᠤᠠ ᠢ ᠴᠤᠭᠴᠠᠯᠠᠨ᠎ᠠ᠃      ᠬᠠᠤᠯᠢ ᠶᠣᠰᠣᠭᠠᠷ ᠬᠡᠷᠡᠭ ᠡᠷᠭᠢᠯᠡᠭᠦ ᠶᠢ ᠪᠠᠷᠢᠮᠳᠠᠯᠠᠨ᠎ᠠ᠃ ᠬᠠᠤᠯᠢ ᠬᠦᠴᠦᠷᠬᠡᠭ ᠪᠣᠯᠪᠠᠰᠤ ᠤᠯᠤᠰ ᠬᠦᠴᠦᠷᠬᠡᠭ᠂ ᠬᠠᠤᠯᠢ ᠪᠠᠭᠤᠷᠠᠶ ᠪᠤᠯᠪᠠᠰᠤ ᠤᠯᠤᠰ ᠪᠠᠭᠤᠷᠠᠶ᠃ ᠪᠢᠳᠡ ᠴᠠᠭ ᠢᠮᠠᠭᠲᠠ ᠬᠠᠤᠯᠢ ᠪᠠᠷ ᠵᠠᠰᠠᠭ ᠶᠠᠪᠤᠭᠤᠯᠬᠤ ᠠᠵᠢᠯ ᠢ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠪᠣᠯᠭᠠᠨ᠂ ᠬᠠᠤᠯᠢ ᠶᠢ ᠵᠢᠷᠣᠮᠯᠠᠨ ᠬᠠᠣᠯᠢ ᠶᠢ ᠰᠣᠷᠣᠯᠴᠠᠨ ᠬᠠᠣᠯᠢ  ᠶᠢ ᠬᠡᠷᠡᠭᠯᠡᠭᠦ ᠶᠢ ᠴᠢᠩᠭᠠᠤᠠᠬᠠᠠ᠂ ᠴᠢᠬᠤᠯᠠ ᠶᠡᠭᠡ ᠶᠠᠪᠣᠳᠠᠯ ᠤᠨ ᠲᠤᠰᠬᠠᠶ ᠮᠡᠷᠭᠡᠵᠢᠯᠲᠡᠳ ᠤᠨ ᠨᠤᠲᠠᠯᠠᠯᠲᠠ᠂ ᠲᠦᠭᠰᠢᠭᠦᠷᠢ ᠶᠢᠨ ᠦᠨᠡᠯᠡᠯᠲᠡ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠬᠤ ᠶᠠᠪᠣᠴᠠ ᠶᠢ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠬᠠᠤᠯᠢ ᠶᠢᠨ ᠶᠠᠪᠣᠴᠠ ᠳᠤ ᠣᠷᠣᠭᠤᠯᠵᠣ᠂ ᠮᠥᠷᠳᠡᠨ ᠪᠠᠶᠢᠴᠠᠭᠠᠬᠤ ᠪᠤᠶᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠵᠠᠰᠠᠭ ᠵᠠᠬᠢᠷᠭᠠᠨ ᠤ ᠠᠵᠢᠯ ᠤᠨ ᠮᠠᠳᠠᠭᠦᠯᠡᠯᠲᠠ ᠪᠠ ᠮᠡᠳᠡᠭᠳᠡᠬᠦ ᠲᠦᠷᠢᠮ ᠢ ᠲᠡᠭᠦᠯᠳᠡᠷᠵᠢᠭᠦᠯᠵᠦ᠂ ᠠᠷᠡᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠣᠬᠠᠮᠰᠠᠷ ᠠᠴᠠ ᠪᠠᠨ ᠭᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠠᠶᠢᠳᠤᠷ ᠭᠦᠢᠴᠡᠳᠬᠡᠭᠦ ᠬᠡᠷᠡᠭᠲᠠᠢ᠃ ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠬᠦᠴᠦᠲᠡᠶ ᠲᠦᠯᠬᠢᠨ ᠠᠬᠢᠭᠤᠯᠣᠨ᠎ᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠭᠢᠭᠦ᠂ ᠨᠡᠶᠢᠭᠡᠮ ᠤᠨ ᠠᠩᠬᠠᠷᠤᠯ ᠪᠤᠯᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠦᠭᠬᠦ ᠶᠢ ᠴᠢᠩᠭᠠᠳᠬᠠᠵᠦ᠂ ᠠᠷᠠᠳ ᠲᠦᠮᠠᠠ ᠳᠤ ᠵᠠᠰᠠᠭ ᠤᠨ ᠣᠷᠳᠣᠨ ᠤ ᠠᠵᠢᠯ ᠢ ᠨᠡᠩ ᠰᠠᠶᠢᠨ ᠤᠶᠢᠯᠭᠠᠭᠤᠯᠵᠤ᠂ ᠡᠷᠬᠡ ᠶᠢᠨ ᠦᠨᠠᠠ ᠪᠤᠳᠠᠳᠠᠢ ᠢᠯᠡ ᠪᠠᠷ ᠶᠠᠪᠤᠭᠳᠠᠬᠤ ᠶᠢ ᠠᠬᠢᠭᠤᠯᠣᠨ᠎ᠠ᠃      ᠰᠢᠷᠭᠠᠭᠤ ᠬᠠᠳᠠᠭᠤᠵᠢᠯᠳᠠᠢ ᠪᠠᠷ ᠦᠢᠯᠡᠰ ᠪᠣᠰᠬᠠᠬᠤ ᠶᠢ ᠪᠠᠷᠢᠮᠳᠠᠯᠠᠨ᠎ᠠ᠃ ᠬᠤᠭᠤᠰᠣᠨ ᠶᠠᠷᠢᠪᠠᠯ ᠲᠥᠷᠥ ᠶᠢᠨ ᠬᠡᠷᠡᠭ ᠢ ᠰᠠᠭᠠᠲᠠᠭᠤᠯᠵᠤ᠂ ᠦᠨᠡᠨ ᠪᠣᠳᠠᠲᠠᠶ ᠠᠵᠢᠯᠯᠠᠪᠠᠯ ᠤᠯᠤᠰ ᠣᠷᠣᠨ ᠢᠶᠠᠨ ᠮᠠᠨᠳᠤᠭᠤᠯᠵᠤ ᠴᠢᠳᠠᠨ᠎ᠠ᠃ ᠪᠢᠳᠡ ᠰᠢᠷᠭᠠᠭᠤ ᠬᠠᠳᠠᠭᠤᠵᠢᠯᠳᠠᠢ ᠪᠠᠷ ᠠᠵᠢᠯᠯᠠᠠ᠂ ᠪᠤᠴᠠᠯᠲᠠ ᠦᠭᠡᠢ ᠤᠷᠤᠭᠰᠢᠯᠠᠬᠤ ᠮᠣᠩᠭᠤᠯ ᠮᠣᠷᠢᠨ ᠤ ᠵᠣᠷᠢᠭ ᠰᠠᠨᠠᠭ᠎ᠠ  ᠶᠢ ᠡᠷᠬᠢᠮᠯᠠᠵᠤ᠂ ᠪᠤᠳᠠᠳᠠᠢ ︽ᠠᠵᠢᠯ ᠬᠢᠬᠦ︾ ᠶᠢ ᠠᠯᠢᠪᠠ ᠵᠥᠷᠢᠴᠡᠯ ᠪᠣᠯᠤᠨ ᠠᠰᠠᠭᠤᠳᠠᠯ ᠢ ᠰᠢᠢᠳᠪᠦᠷᠢᠯᠠᠭᠦ ᠵᠢᠨ‌ᠦᠨᠳᠦᠰᠦᠨ ᠠᠷᠭ᠎ᠠ ᠬᠡᠮᠵᠢᠶ᠎ᠡ ᠪᠣᠯᠭᠠᠨ᠎ᠠ᠃ ︽ᠬᠤᠶᠠᠷ ᠢ ᠰᠤᠷᠤᠯᠴᠠᠵᠤ ᠭᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ︽ᠪᠣᠳᠠᠲᠠᠶ ᠪᠠᠷ ᠠᠵᠢᠯᠯᠠᠵᠤ᠂ ᠲᠡᠷᠢᠭᠦᠨ ᠤ ᠡᠩᠨᠡᠭᠡ ᠳᠤ ᠶᠠᠪᠤᠬᠤ︾ ᠭᠤᠣᠯ ᠰᠡᠳᠦᠪᠳᠦ ᠦᠢᠯᠡᠳᠦᠯᠭᠡ ᠶᠢᠨ ᠠᠵᠢᠯᠯᠠᠭ᠎ᠠ ᠶᠢ ᠰᠢᠰᠲ᠋ᠧᠮ ᠲᠠᠢ ᠦᠷᠨᠢᠬᠦᠯᠦᠨ᠎ᠠ᠃ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠴᠢᠬᠤᠯᠠ ᠶᠡᠭᠡ ᠠᠵᠢᠯ ᠢ ᠳᠠᠭᠠᠭᠠᠴᠢᠯᠠᠬᠦ ᠠᠷᠭ᠎ᠠ ᠪᠠᠷ ᠦᠷᠨᠢᠬᠦᠯᠵᠤ᠂ ᠶᠠᠪᠤᠭᠳᠠᠬᠤ ᠬᠡᠵᠤ ᠪᠠᠶᠢᠭ᠎ᠠ ᠲᠥᠰᠦᠯ ᠢᠶᠠᠨ ᠨᠠᠷᠢᠯᠢᠭ ᠲᠡᠭᠦᠯᠳᠡᠷᠵᠢᠭᠦᠯᠵᠦ᠂ ︽ᠵᠠᠮ ᠱᠤᠭᠤᠮ ᠤᠨ ᠵᠢᠷᠤᠭ︾ ︽ᠪᠠᠷᠢᠯᠭ᠎ᠠ ᠶᠢᠨ ᠵᠢᠷᠤᠭ︾ ᠢᠶᠠᠨ ᠲᠤᠳᠤᠷᠬᠠᠢ ᠭᠠᠷᠭᠠᠵᠤ᠂ ︽ᠴᠠᠭᠠᠰᠤᠨ︾ ᠲᠠᠬᠡᠷ᠎ᠡ ᠪᠢᠴᠢᠭᠰᠡᠠ ᠢᠶᠠᠨ ︽ᠪᠣᠳᠠᠲᠤ ᠭᠠᠵᠠᠷ︾ ᠲᠤᠨᠢ ᠬᠡᠷᠡᠭᠵᠢᠬᠦᠯᠦᠭᠰᠠᠠ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠳᠠᠠ ᠵᠤᠷᠢᠭ ᠲᠠᠢ ᠠᠵᠢᠯᠯᠠᠵᠤ᠂ ᠲᠣᠭᠲᠠᠭᠠᠭᠰᠠᠨ ᠠᠵᠢᠯ ᠲᠦᠷᠦᠯ ᠪᠦᠬᠦᠨ ᠢ ᠬᠡᠷᠡᠭᠵᠢᠬᠦᠯᠵᠤ᠂ ᠡᠷᠬᠡᠪᠰᠢ ︽ᠠᠵᠢᠯᠯᠠᠬᠤ︾ ᠶᠢ ᠲᠡᠷᠢᠭᠦᠨ ᠳᠤ ᠲᠠᠯᠪᠢᠵᠤ ᠡᠳᠦᠷ ᠪᠦᠷᠢ ᠶᠢᠨ ᠠᠵᠢᠯ ᠢᠶᠠᠨ᠂ ᠰᠠᠷ᠎ᠠ ᠪᠦᠷᠢ ᠶᠢᠨ ᠠᠵᠢᠯ ᠢᠶᠠᠨ᠂ ᠵᠢᠯ ᠪᠦᠷᠢ ᠶᠢᠨ ᠠᠵᠢᠯ ᠢᠶᠠᠨ ᠰᠠᠶᠢᠲᠤᠷ ᠬᠢᠵᠤ᠂ ᠺᠠᠳ᠋ᠷ ᠠᠵᠢᠯᠳᠠᠳ ᠤᠨ ᠬᠠᠲᠠᠭᠤᠵᠢᠯᠲᠠᠢ ᠭᠦᠳᠡᠯᠮᠦᠷᠢ ᠪᠠᠷ ᠤᠯᠠᠨ ᠲᠦᠮᠡᠨ ᠳᠤ ᠵᠤᠯ ᠵᠢᠷᠭᠠᠯ ᠠᠪᠴᠢᠷᠠᠨ᠎ᠠ᠃      ᠬᠢᠨᠠᠠ ᠪᠠᠶᠢᠴᠠᠭᠠᠵᠤ ᠬᠢᠨᠠᠠ ᠬᠦᠢᠴᠠᠤᠡᠬᠡᠬᠦ ᠨᠠᠶᠢᠳᠠᠪᠤᠷᠢᠵᠢᠭᠤᠯᠤᠯᠳᠠ ᠶᠢ ᠪᠠᠷᠢᠮᠳᠠᠯᠠᠨ᠎ᠠ᠃ ᠨᠢᠭᠡ ᠬᠤᠪᠢ ᠶᠢᠨ ᠪᠠᠶᠢᠷᠢᠯᠠᠭᠤᠯᠤᠯᠳᠠ᠂ ᠶᠢᠰᠤᠠ ᠬᠤᠪᠢ ᠶᠢᠨ ᠨᠠᠶᠢᠳᠠᠪᠤᠷᠢᠵᠢᠭᠤᠯᠳᠠ᠂ ᠪᠢᠳᠡ ᠴᠠᠭ ᠢᠮᠠᠭᠲᠠ ᠡᠭᠦᠷᠭᠡ ᠬᠠᠷᠢᠭᠤᠴᠠᠯᠭ᠎ᠠ  ᠪᠠᠨ ᠵᠣᠷᠢᠭᠲᠠᠶ ᠡᠭᠦᠷᠭᠡᠯᠡᠵᠦ᠂ ᠠᠵᠢᠯ ᠢᠶᠠᠨ ᠴᠠᠭ ᠢᠮᠠᠭᠳᠠ ᠰᠠᠶᠢᠳᠤᠷ ᠨᠠᠶᠢᠳᠠᠪᠤᠷᠢᠵᠢᠭᠤᠯᠵᠤ᠂ ᠴᠢᠩᠭ᠎ᠠ ᠬᠢᠨᠠᠮᠠᠭᠠᠢ ᠭᠦᠢᠴᠡᠳᠬᠡᠬᠦ ᠬᠡᠷᠡᠭᠲᠠᠢ᠃ ᠨᠢᠭᠡᠳᠦᠭᠡᠷ ᠹᠷᠣᠨᠲ ᠤᠨ ᠠᠵᠢᠯ ᠤᠨ ᠠᠷᠭ᠎ᠠ ᠶᠢ ᠬᠡᠷᠡᠭᠵᠢᠬᠦᠯᠵᠤ᠂ ᠨᠡᠩ ᠣᠯᠠᠨ ᠴᠠᠭ ᠪᠠ ᠭᠦᠴᠦ ᠪᠠᠨ ᠦᠨᠳᠦᠰᠦᠨ ᠱᠠᠲᠤᠨ ᠤ ᠪᠠᠶᠢᠴᠠᠭᠠᠠ ᠰᠤᠳᠤᠯᠬᠤ ᠪᠠ ᠠᠬᠤᠢ ᠲᠠᠯᠠᠪᠠᠢ ᠶᠢᠨ ᠠᠵᠢᠯ ᠪᠤᠯᠤᠠ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠠᠵᠢᠯ ᠲᠠᠬᠡᠷ᠎ᠡ ᠵᠠᠷᠣᠴᠠᠭᠤᠯᠬᠤ ᠬᠡᠷᠡᠭᠲᠠᠢ᠃ ︽ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠵᠢᠯ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠣ᠂ ᠲᠥᠷᠥᠯ ᠵᠦᠢᠯ ᠤᠨ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠬᠤ ᠶᠢ ᠪᠠᠶᠠᠯᠠᠬᠦᠯᠵᠤ᠂ ᠬᠡᠷᠡᠭᠵᠢᠬᠦᠯᠵᠤ ᠪᠠᠶᠢᠭ᠎ᠠ ᠪᠠᠶᠢᠳᠠᠯ ᠢᠶᠠᠨ ᠲᠤᠭᠳᠠᠭᠰᠠᠠ ᠬᠤᠭᠤᠴᠠᠭ᠎ᠠ ᠳᠤ ᠲᠤᠬᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠲᠣᠭᠲᠠᠮᠠᠯ ᠬᠤᠭᠤᠴᠠᠭ᠎ᠠ ᠲᠠᠢ ᠪᠠᠷ ᠮᠠᠳᠠᠬᠦᠯᠬᠦ ᠲᠦᠷᠢᠮ ᠢ ᠬᠡᠷᠡᠭᠵᠢᠭᠦᠯᠭᠦ ᠴᠢᠬᠤᠯᠠᠲᠠᠢ᠃ ᠬᠢᠨᠠᠨ ᠪᠠᠶᠢᠴᠠᠭᠠᠵᠤ ᠬᠢᠨᠠᠠ ᠬᠦᠢᠴᠠᠤᠡᠬᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠠ ᠪᠠᠶᠢᠴᠠᠭᠠᠬᠤ ᠪᠠ ᠬᠢᠨᠠᠨ ᠰᠢᠯᠭᠠᠬᠤ ᠠᠷᠭ᠎ᠠ ᠤᠨ ᠰᠢᠨ᠎ᠠ  ᠶᠢ ᠡᠬᠦᠳᠵᠤ᠂ ᠢᠯᠡᠷᠡᠭᠦᠯᠦᠭᠰᠡᠨ ᠠᠰᠠᠭᠤᠳᠠᠯ ᠢᠶᠠᠨ ᠲᠣᠳᠣᠷᠬᠠᠶᠢᠯᠠᠨ ᠲᠠᠩᠰᠠᠯᠠᠵᠤ᠂ ᠬᠢᠵᠠᠭᠠᠷᠯᠠᠭᠰᠠᠨ ᠬᠤᠭᠤᠴᠠᠭᠠᠨ  ᠳᠤ ᠴᠡᠭᠴᠡᠯᠡᠨ ᠵᠠᠰᠠᠬᠤ ᠬᠡᠷᠡᠭᠲᠠᠢ᠂ ᠲᠦᠪ ᠴᠢᠩᠭ᠎ᠠ ᠬᠢᠨᠠᠠ ᠪᠠᠶᠢᠴᠠᠭᠠᠬᠤ ᠠᠷᠭ᠎ᠠ ᠶᠢ ᠦᠨᠠᠠ ᠬᠦ ᠬᠡᠷᠡᠭᠵᠢᠬᠦᠯᠵᠤ᠂ ᠡᠯ᠎ᠡ ᠵᠦᠢᠯ ᠤᠨ ᠰᠢᠢᠤᠡᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠠ ᠨᠠᠶᠢᠳᠠᠪᠤᠷᠢᠵᠢᠭᠤᠯᠤᠨ᠎ᠠ᠃      ᠲᠥᠪ ᠴᠢᠩᠭ᠎ᠠ ᠠᠷᠢᠭᠤᠨ ᠴᠡᠭᠡᠴᠢ ᠪᠠᠷ ᠵᠠᠰᠠᠭ ᠪᠠᠷᠢᠬᠤ ᠶᠢ ᠪᠠᠷᠢᠮᠳᠠᠯᠠᠶ᠎ᠠ᠃ ᠠᠵᠢᠯ ᠬᠢᠬᠦ ᠳᠤ ᠦᠪᠠᠷ ᠤᠨ ᠴᠢᠳᠠᠪᠤᠷᠢ ᠪᠠᠨ ᠲᠠᠬᠡᠭᠰᠢᠯᠠᠬᠦᠯᠬᠦ ᠬᠡᠷᠡᠭᠳᠡᠢ᠃ ᠪᠢᠳᠠ ︽ᠲᠦᠷᠪᠡᠨ ᠤᠬᠠᠮᠰᠠᠷ︾ ᠢ ᠪᠠᠳᠤ ᠰᠠᠬᠢᠵᠤ ᠨᠠᠩ ᠢᠯᠠᠩᠭᠤᠶ᠎ᠠ ᠭᠤᠤᠯᠯᠠᠬᠤ ᠤᠬᠠᠮᠰᠠᠷ ᠪᠠ ᠲᠠᠭᠠᠨ ᠰᠤᠷᠤᠯᠴᠠᠬᠤ ᠤᠬᠠᠮᠰᠠᠷ ᠢ ᠰᠠᠬᠢᠵᠤ᠂ ︽ᠬᠤᠶᠠᠷ ᠪᠠᠷᠢᠮᠵᠢᠶ᠎ᠠ ᠳᠥᠷᠪᠡᠨ ᠳᠦᠷᠢᠮ︾  ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠣᠰᠣ ᠲᠦᠷᠢᠮ ᠪᠠ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠭᠦᠢᠴᠡᠳᠬᠡᠵᠦ᠂ ᠦᠷᠬᠦᠯᠵᠢ ᠺᠠᠳ᠋ᠷ ᠠᠵᠢᠯᠳᠠᠠ ᠲᠠᠢ ᠶᠠᠷᠢᠯᠴᠠᠬᠤ ᠲᠣᠭᠲᠠᠴᠠ ᠶᠢ ᠪᠠᠶᠢᠭᠤᠯᠤᠠ᠂ ᠵᠠᠰᠠᠭ ᠤᠨ ᠣᠷᠳᠣᠨ ᠤ ᠨᠠᠮ ᠤᠨ ᠬᠡᠪ ᠰᠤᠷᠲᠠᠯ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠯᠠᠪᠳᠠᠭᠤᠠ ᠢᠶᠠᠷ ᠠᠬᠢᠭᠤᠯᠤᠨ᠎ᠠ᠃ ᠬᠢᠨᠠᠨ ᠪᠤᠳᠤᠬᠤ ᠳᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠬᠡᠷᠡᠭᠯᠡᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠲᠦᠷᠦᠯ ᠵᠦᠢᠯ ᠢ ᠲᠠᠩᠰᠠᠠ ᠳᠤ ᠤᠷᠤᠭᠤᠯᠬᠤ ᠵᠠᠷᠬᠡ ᠴᠢᠬᠤᠯᠠ ᠬᠦᠷᠢᠶ᠎ᠠ ᠬᠡᠪᠴᠢᠶᠠᠠ ᠤ ᠵᠠᠩᠬᠢᠯᠭ᠎ᠠ ᠶᠢᠨ ᠬᠡᠰᠡᠭ ᠢ ᠴᠢᠩᠭ᠎ᠠ ᠠᠤᠠᠬᠤᠵᠤ᠂ ᠤᠯᠠᠨ ᠨᠡᠶᠢᠲᠡ ᠶᠢᠨ ᠡᠬᠢ ᠪᠠᠶᠠᠯᠢᠭ᠂ ᠤᠯᠠᠠ ᠨᠡᠶᠢᠲᠡ ᠶᠢᠨ ᠡᠷᠬᠡ ᠪᠠ ᠤᠯᠠᠨ ᠨᠡᠶᠢᠲᠡ ᠶᠢᠨ ᠪᠡᠯᠡ ᠮᠥᠩᠭᠦ ᠬᠡᠷᠡᠭᠯᠡᠬᠦ ᠶᠢ ᠰᠠᠶᠢᠳᠤᠷ ᠬᠢᠨᠠᠠ ᠬᠠᠮᠢᠶᠠᠷᠬᠤ ᠬᠡᠷᠡᠭᠳᠡᠢ᠃ ᠬᠠᠤᠯᠢ ᠵᠥᠷᠢᠴᠡᠵᠦ ᠰᠠᠬᠢᠯᠭ᠎ᠠ ᠪᠠᠲᠤ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠤᠡᠬᠡᠵᠤ᠂ ᠺᠠᠳᠠᠷᠴᠤᠤᠠ ᠲᠥᠪ ᠴᠢᠭᠡᠴᠢ᠂ ᠵᠠᠰᠠᠭ ᠤᠨ ᠤᠷᠳᠤᠠ ᠠᠷᠢᠭᠤᠨ ᠴᠢᠬᠡᠴᠢ᠂ ᠤᠯᠤᠰ ᠲᠦᠷᠦ ᠢᠯᠠ ᠲᠤᠳᠤ ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠡᠶ᠃      ᠲᠥᠯᠥᠭᠡᠯᠡᠭᠴᠢᠳ ᠡ᠄ ᠪᠢᠳᠠ ᠰᠠᠤᠡᠬᠢᠯ ᠢᠶᠠᠨ ᠨᠢᠬᠡᠤᠡᠬᠡᠪᠠᠯ ᠢᠯᠠᠯᠳᠠ ᠤᠯᠵᠤ ᠴᠢᠳᠠᠨ᠎ᠠ᠃ ᠪᠦᠬᠦ ᠬᠤᠰᠢᠭᠤᠠ  ᠤ 12 ᠲᠦᠮᠠᠠ ᠠᠷᠠᠤᠠ ᠲᠦᠮᠠᠠ ᠵᠦᠪᠬᠡᠠ ᠬᠤᠰᠢᠭᠤ ᠨᠠᠮ ᠤᠨ ᠬᠤᠷᠢᠶᠠᠠ ᠤ ᠤᠳᠤᠷᠢᠳᠤᠯᠭ᠎ᠠ ᠲᠤᠤᠷ᠎ᠡ ᠬᠠᠷᠢᠯᠴᠠᠠ ᠬᠠᠪᠰᠤᠷᠤᠯᠴᠠᠵᠤ ᠤᠷᠤᠭᠰᠢ ᠲᠠᠪᠰᠢᠪᠠᠯ ᠯᠠᠪᠳᠠᠢ ᠲᠠᠷᠬᠠᠠ ᠮᠤᠤᠮᠢᠩᠭᠠᠠ ᠬᠤᠯᠪᠤᠭᠠᠳᠤ ᠬᠤᠰᠢᠭᠤᠠ ᠤ ᠠᠵᠤ ᠦᠢᠯᠡᠰ  ᠢ ᠵᠢᠯ ᠠᠴᠠ ᠵᠢᠯ ᠬᠦᠭᠵᠢᠬᠦᠯᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠵᠢᠯ ᠠᠴᠠ ᠵᠢᠯ ᠰᠢᠯᠢᠳᠡᠭᠵᠢᠬᠦᠯᠦᠠ᠂ ᠠᠷᠠᠳ ᠤᠨ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠵᠤ᠂ ᠪᠦᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ᠂ ᠨᠡᠭᠡᠭᠡᠯᠲᠠ ᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ ᠪᠦᠲᠦᠭᠡᠵᠦ ᠴᠢᠳᠠᠨ᠎ᠠ᠃ ᠮᠦᠡᠴᠤ ᠰᠢᠯᠢᠳᠡᠭ ᠦᠷ᠎ᠡ ᠪᠦᠳᠦᠮᠵᠢ ᠪᠠᠷ ᠬᠤᠰᠢᠭᠤ ᠪᠠᠶᠢᠭᠤᠯᠤᠭᠳᠠᠭᠰᠠᠨ 65 ᠵᠢᠯ ᠤᠨ ᠣᠶ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠪᠠ ᠨᠠᠮ ᠤᠨ ᠠᠷᠪᠠ ᠶᠢᠰᠤᠳᠤᠬᠡᠷ ᠬᠤᠭᠤᠴᠠᠭᠠᠠ ᠤ ᠶᠡᠭᠡ ᠬᠤᠷᠠᠯ ᠤᠨ ᠠᠮᠵᠢᠯᠳᠠ ᠲᠠᠢ ᠶᠠᠪᠤᠭᠳᠠᠬᠤ ᠶᠢ ᠤᠭᠳᠤᠠ ᠠᠪᠴᠢᠷᠠᠬᠤ ᠪᠤᠯᠤᠨ᠎ᠠ︕
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号