ᠥᠪᠥᠷ ᠮᠣᠩᠭᠤᠯ 2020 ᠣᠨ ᠤ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠶᠢ 42.9 ᠳ᠋ᠦᠩᠰᠢᠭᠤᠷ ᠤᠷᠢᠳᠴᠢᠯᠠᠨ ᠪᠠᠭᠤᠯᠭᠠᠪᠠ
ᠨᠡᠶᠢᠲᠡᠯᠡᠭᠰᠡᠨ ᠴᠠᠭ᠄
2019-12-18
     12 ᠳ᠋ᠤᠭᠠᠷ ᠰᠠᠷ᠎ᠠ ᠶᠢᠨ 11 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠭᠠᠭᠰᠠᠨ ᠢᠶᠠᠷ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠣᠶᠢᠷ᠎ᠠ ᠳᠤ 2020 ᠣᠨ ᠤ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠶᠢ 42.9 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠪᠠ᠃ ᠡᠭᠦᠨ ᠳᠤ ᠲᠥᠪ ᠤᠨ ᠪᠠᠯᠠ ᠮᠥᠩᠭᠦ 34.3 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ 8.6 ᠳ᠋ᠦᠩᠰᠢᠭᠤᠷ ᠲᠥᠭᠦᠷᠢᠭ ᠪᠠᠭᠲᠠᠵᠤ᠂ ᠡᠯ᠎ᠡ ᠭᠠᠵᠠᠷ ᠤᠨ ᠬᠢᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ᠂ ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠵᠡᠷᠭᠡ ᠵᠠᠷᠤᠯᠭ᠎ᠠ ᠳᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃      ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠤᠨ ᠡᠳ᠋ ᠤᠨ ᠵᠠᠰᠠᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠲᠤᠰᠠᠯᠠᠮᠵᠢ ᠶᠢᠨ ᠪᠠᠯᠠ ᠮᠥᠩᠭᠦ ᠶᠢ ᠳᠣᠷᠣᠭᠰᠢ ᠪᠠᠭᠤᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠠᠯᠠᠮᠵᠢ ᠶᠢᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠳᠠᠯᠠᠨ᠂ ᠲᠥᠰᠦᠪ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠬᠦᠴᠢᠷᠳᠡᠯᠲᠡᠶ ᠣᠯᠠᠨ ᠲᠦᠮᠡᠨ ᠤ ᠠᠪᠤᠷᠠᠨ ᠲᠤᠰᠠᠯᠠᠬᠤ ᠲᠤᠰᠠᠯᠠᠮᠵᠢ ᠶᠢᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠵᠡᠷᠭᠡᠴᠡᠭᠡ ᠪᠠᠷ᠂ ᠲᠥᠰᠦᠪ ᠤᠨ ᠦᠷ᠎ᠡ ᠪᠦᠲᠦᠮᠵᠢ  ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠦᠷ᠎ᠡ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠲᠥᠰᠦᠪ ᠢ ᠭᠦᠢᠴᠡᠳᠬᠡᠬᠦ ᠳᠤᠮᠳᠠ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠶᠤᠯᠭᠦᠶ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠪᠠᠰᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠪᠠᠯᠠ ᠮᠥᠩᠭᠦ ᠣᠯᠭᠤᠬᠤ ᠶᠢ ᠬᠢᠨᠠᠨ ᠬᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠦᠴᠢᠷᠳᠡᠯᠲᠡᠶ ᠣᠯᠠᠨ ᠲᠦᠮᠡᠨ ᠤ  ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃      ᠲᠠᠨᠢᠯᠴᠠᠭᠤᠯᠤᠭᠰᠠᠨ ᠢᠶᠠᠷ᠂ 2020 ᠣᠨ ᠤ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠶᠢ ᠤᠷᠢᠳᠴᠢᠯᠠᠨ ᠪᠠᠭᠤᠯᠭᠠᠭᠰᠠᠨ ᠨᠢ᠂ ᠡᠯ᠎ᠡ ᠭᠠᠵᠠᠷ ᠤᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠶᠢ ᠴᠠᠭ ᠲᠤᠬᠠᠶ ᠳᠤᠨᠢ ᠲᠠᠷᠬᠠᠭᠠᠬᠤ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠵᠤ᠂ ᠡᠯ᠎ᠡ ᠭᠠᠵᠠᠷ ᠤᠨ ᠬᠢᠨ ᠤ ᠪᠠᠯᠠ ᠮᠥᠩᠭᠦ ᠶᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠬᠡᠷᠡᠭᠯᠡᠵᠦ᠂ ᠠᠪᠤᠷᠠᠨ ᠲᠤᠰᠠᠯᠠᠬᠤ ᠠᠵᠢᠯ ᠢ ᠨᠠᠩ ᠰᠠᠶᠢᠲᠤᠷ ᠥᠷᠨᠢᠭᠦᠯᠬᠦ ᠳᠤ ᠠᠰᠢᠭᠲᠠᠢ ᠶᠤᠮ᠃ ︵ᠤᠮᠠᠷᠠᠲᠤ ᠶᠢᠨ ᠰᠢᠨ᠎ᠡ ᠰᠣᠨᠢᠨ ᠤ ᠬᠠᠮ ᠵᠠᠭᠤᠴᠢᠯᠠᠭᠤᠷ ᠤᠨ ᠲᠦᠷᠦᠭᠦᠤ ᠰᠤᠷᠪᠤᠯᠵᠢᠯᠠᠭᠴᠢ ᠰᠢᠶᠣᠤ ᠵᠢᠶᠦ᠋ᠨ︶  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号