ᠦᠪᠦᠷ ᠮᠤᠩᠭᠤᠯ ᠤᠨ ᠤᠷᠠᠯᠢᠭ ᠤᠨ ᠲᠡᠭᠡᠲᠦ ᠰᠤᠷᠭᠠᠭᠤᠯᠢ ᠶᠢᠨ ᠲᠠᠭᠤᠤ ᠬᠦᠭᠵᠢᠮ ᠤᠨ ᠲᠡᠭᠡᠲᠦ ᠰᠤᠷᠭᠠᠭᠤᠯᠢ ᠶᠢᠨ ︽ᠠᠨᠲᠡ ᠠᠩᠭᠢ︾ ᠮᠠᠨ ᠤ ᠬᠤᠰᠢᠭᠤᠨ ᠳᠤ ᠲᠤᠰᠬᠠᠢ ᠲᠤᠬᠯᠠᠯᠲᠡ ᠭᠠᠷᠭᠠᠭᠰᠡᠨ
ᠨᠡᠶᠢᠲᠡᠯᠡᠭᠰᠡᠨ ᠴᠠᠭ᠄
2019-12-02
     ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠦ᠂ ᠰᠢᠨ᠎ᠡ ᠨᠢᠭᠡ ᠦᠶ᠎ᠡ ᠶᠢᠨ ᠲᠡᠯ᠎ᠡ ᠨᠤᠳᠤᠭ ᠤᠨ ᠰᠤᠶᠤᠯ ᠤᠨ ᠬᠦᠩᠭᠡᠨ ᠮᠤᠷᠢᠲᠦ ᠴᠡᠷᠢᠭ ᠢ ᠵᠤᠬᠢᠶᠠᠨ ᠪᠠᠶᠢᠭᠤᠯᠤᠨ᠂ ᠲᠡᠯ᠎ᠡ ᠨᠤᠳᠤᠭ ᠤᠨ ᠰᠤᠶᠤᠯ ᠢ ᠭᠠᠳᠠᠭᠰᠢ ᠤᠬᠠᠭᠤᠯᠤᠨ᠂ ᠦᠪᠦᠷ ᠮᠤᠩᠭᠤᠯ ᠤᠨ ᠰᠤᠶᠤᠯ ᠤᠨ ᠨᠦᠯᠦᠭᠡ ᠪᠠᠨ ᠦᠷᠭᠡᠳᠭᠡᠬᠦ ᠶᠢᠨ ᠲᠦᠯᠦᠭᠡ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠡ ᠦᠪᠦᠷ ᠮᠤᠩᠭᠤᠯ  ᠤᠨ ᠤᠷᠠᠯᠢᠭ ᠤᠨ ᠲᠡᠭᠡᠲᠦ ᠰᠤᠷᠭᠠᠭᠤᠯᠢ ᠬᠠᠮᠳᠤᠷᠡᠨ᠂ ᠦᠨᠳᠦᠰᠦᠨ ᠱᠠᠳᠤᠨ ᠳᠤ ᠬᠦᠨᠵᠡᠭᠡᠶᠢᠷᠡᠨ ᠠᠷᠠᠳ ᠲᠦᠮᠡᠨ  ᠳᠤ ᠦᠢᠯᠡᠴᠢᠯᠡᠬᠦ ᠲᠤᠰᠬᠠᠢ ᠲᠤᠬᠯᠠᠯᠲᠡ ᠭᠠᠷᠭᠠᠭᠰᠡᠨ ᠪᠠᠶᠢᠨ᠎ᠡ᠃      11 ᠰᠡᠷ᠎ᠡ ᠶᠢᠨ 27 ᠤ ᠡᠳᠤᠷ᠂ ᠦᠪᠦᠷ ᠮᠤᠩᠭᠤᠯ ᠤᠨ ᠤᠷᠠᠯᠢᠭ ᠤᠨ ᠲᠡᠭᠡᠲᠦ ᠰᠤᠷᠭᠠᠭᠤᠯᠢ ᠶᠢᠨ ᠲᠠᠭᠤᠤ ᠬᠦᠭᠵᠢᠮ ᠤᠨ ᠲᠡᠭᠡᠲᠦ ᠰᠤᠷᠭᠠᠭᠤᠯᠢ ᠶᠢᠨ ︽ᠠᠨᠲᠡ ᠠᠩᠭᠢ︾ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠲᠤᠬᠯᠠᠯᠲᠡ ᠶᠢᠨ ᠲᠢᠩᠭᠢᠮ ᠳᠤ ᠤᠷᠠᠨ ᠰᠠᠶᠢᠬᠠᠨ ᠤ ᠲᠤᠬᠯᠠᠯᠲᠡ ᠭᠠᠷᠭᠠᠭᠰᠡᠨ ᠪᠠᠶᠢᠨ᠎ᠡ᠃      ︽ᠠᠨᠲᠡ ᠠᠩᠭᠢ︾ ᠪᠤᠯ ᠦᠪᠦᠷ ᠮᠤᠩᠭᠤᠯ ᠤᠨ ᠤᠷᠠᠯᠢᠭ ᠤᠨ ᠲᠡᠭᠡᠲᠦ ᠰᠤᠷᠭᠠᠭᠤᠯᠢ ᠶᠢᠨ ᠤᠤᠯ ᠤᠨ ᠦᠨᠳᠦᠰᠦᠲᠡᠨ ᠤ ᠲᠡᠭᠤᠤ ᠬᠦᠭᠵᠢᠮ ᠤᠨ ᠤᠯᠠᠮᠵᠢᠯᠠᠯ ᠤᠨ ᠠᠩᠭᠢ ᠶᠢᠨ ᠰᠠᠭᠤᠷᠢᠨ ᠲᠡᠭᠡᠷ᠎ᠡ ᠰᠢᠨ᠎ᠡ ᠪᠠᠷ ᠪᠠᠶᠢᠭᠤᠯᠤᠭᠰᠡᠨ ᠠᠩᠭᠢ ᠪᠤᠯᠤᠨ᠎ᠡ᠃ ᠦᠪᠦᠷ ᠮᠤᠩᠭᠤᠯ ᠤᠨ ᠠᠨᠲᠡ ᠬᠠᠮᠳᠤᠯᠢᠭ ᠤᠨ ᠨᠠᠷᠡᠰᠦ᠂ ᠴᠡᠴᠡᠭᠮ᠎ᠡ᠂ ᠪᠢᠯᠢᠭᠪᠡᠭᠠᠳᠤᠷ ᠵᠡᠷᠭᠡ ᠶᠢᠰᠦᠨ ᠬᠡᠰᠢᠭᠦᠨ ᠰᠤᠷᠭᠠᠭᠤᠯᠢ ᠲᠠᠢ ᠬᠠᠮᠳᠤᠷᠠᠯᠴᠠᠵᠦ ᠰᠤᠷᠤᠬᠴᠢᠳ ᠲᠤ ᠬᠢᠴᠢᠶᠡᠯᠯᠡᠵᠦ ᠪᠠᠶᠢᠨ᠎ᠡ᠃      ᠲᠤᠬᠯᠠᠯᠲᠡ ᠶᠢᠨ ᠲᠤᠮᠲᠡ ︽ᠠᠨᠲᠡ ᠠᠩᠭᠢ︾ ᠶᠢᠨ ᠰᠤᠷᠤᠭᠴᠢᠳ ᠦᠪᠡᠷ ᠤᠨ ᠤᠷ᠎ᠡ ᠠᠪᠢᠶᠠᠰ ᠢᠶᠠᠨ ᠪᠠᠳᠠᠷᠠᠭᠤᠯᠵᠦ᠂ ᠲᠤᠬᠠᠢ ᠶᠢᠨ ᠲᠠᠯᠠᠪᠠᠢ ᠳᠤ ᠬᠦᠷᠦᠯᠴᠠᠨ ᠢᠷᠡᠭᠰᠡᠨ ᠦᠵᠡᠭᠴᠢᠳ ᠲᠤ ︽ᠠᠯᠳᠠᠢ ᠮᠠᠬᠳᠠᠭᠠᠯ︾᠂ ︽ᠪᠤᠮᠪᠤ  ᠶᠢᠨ ᠰᠢᠯᠢ︾᠂ ︽ᠲᠠᠪᠤᠨ ᠬᠠᠰᠠᠭ︾᠂ ︽ᠵᠢᠷᠭᠤᠭᠠᠨ ᠬᠦᠭ︾ ᠵᠡᠷᠭᠡ ᠤᠯᠠᠨ ᠰᠠᠶᠢᠬᠠᠨ ᠲᠠᠭᠤᠤ ᠬᠦᠭᠵᠢᠮ ᠢ ᠰᠤᠨᠢᠷᠬᠠᠭᠤᠯᠵᠦ᠂ ᠤᠯᠠᠨ ᠤ ᠪᠠᠭ᠋ᠠᠷᠬᠠᠯ ᠲᠠᠭᠠᠰᠢᠶᠠᠯ ᠢ ᠤᠯᠤᠭᠰᠡᠨ ᠪᠠᠶᠢᠨ᠎ᠡ᠃

                                ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号