ᠰᠤᠳᠤᠨ ︽ᠭᠡᠰᠢᠭᠦᠨ︾ ᠰᠢᠯᠢᠲᠡᠭ ᠵᠠᠬᠢᠷᠤᠯ — ᠨᠠᠷᠠᠠᠭᠡᠷᠡᠯ
ᠨᠡᠶᠢᠲᠡᠯᠡᠭᠰᠡᠨ ᠴᠠᠭ᠄
2019-12-23
                                                  ᠰᠤᠷᠪᠤᠯᠵᠢᠯᠠᠬᠴᠢ᠄ ᠽᠠᠨᠳᠠᠨᠮᠦ᠋ᠴᠢᠷ      ᠮᠠᠨ ᠤ ᠬᠤᠰᠢᠭᠤᠨ ᠤ ᠮᠤᠩᠭᠤᠯ ᠦᠨᠳᠦᠰᠦᠲᠡᠨ ᠤ ᠬᠡᠦᠭᠡᠳ ᠤᠨ ᠴᠡᠴᠡᠷᠯᠢᠭ ᠭᠡᠵᠦ ᠬᠤᠲᠡ ᠤᠷᠤᠭᠰᠡᠨ ᠮᠠᠯᠴᠢᠳ ᠤᠨ ᠢᠶᠠᠨ ᠰᠠᠭᠤᠭᠠᠯᠢ ᠲᠤᠭᠤᠷᠢᠭ ᠢ ᠪᠠᠷᠠᠭᠠᠳᠠᠬᠰᠡᠨ᠂ ᠦᠰᠪᠦᠷᠢ ᠶᠢᠨ ᠬᠡᠦᠭᠡᠳ ᠪᠠᠭᠠᠴᠤᠳ ᠤᠨ ᠰᠤᠶᠤᠯ  ᠤᠨ ᠭᠤᠯᠤᠮᠲᠡ ᠪᠤᠯᠤᠭᠰᠡᠨ ᠤᠷᠤᠨ ᠤ ᠲᠡᠰ ᠤᠨ ᠵᠢᠱᠢᠶᠠᠴᠢ ᠴᠡᠴᠡᠷᠯᠢᠭ ᠪᠠᠶᠢᠳᠠᠭ ᠶᠤᠮ᠃ ᠲᠤᠰ ᠴᠡᠴᠡᠷᠯᠢᠭ ᠲᠤ ᠡᠶᠢᠮᠦ ᠨᠢᠭᠡᠨ ︽ᠶᠠᠭᠠᠷᠠᠦ︾ ᠬᠦᠮᠦᠨ ᠪᠠᠶᠢᠳᠠᠭ᠂ ᠲᠠᠷᠤᠢ ᠴᠡᠴᠡᠷᠯᠢᠭ ᠤᠨ ᠲᠠᠷᠤᠭ᠎ᠠ ᠨᠠᠷᠠᠠᠭᠡᠷᠡᠯ ᠭᠡᠵᠦ ᠰᠤᠷᠬᠤ ᠨᠠᠰᠦᠨ  ᠤ ᠬᠡᠦᠭᠡᠳ ᠤᠨ ᠰᠤᠷᠭᠠᠨ ᠬᠦᠮᠦᠵᠢᠯ ᠤᠨ ᠦᠢᠯᠡᠰ ᠲᠤ ᠵᠢᠳᠭᠦᠨ ᠮᠡᠷᠡᠶᠢᠵᠦ᠂ ᠪᠠᠰᠡ ᠬᠤᠰᠢᠭᠤᠨ ᠤ ᠤᠯᠤᠰ ᠲᠦᠷᠦ  ᠶᠢᠨ ᠵᠦᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠬᠦᠢᠴᠡᠳᠭᠡᠨ ᠪᠡᠶᠡᠯᠡᠭᠦᠯᠵᠦ᠂ ᠠᠵᠢᠯ ᠶᠠᠭᠠᠷᠠᠦ ᠠᠮᠵᠢᠯᠲᠡ ᠲᠦᠭᠦᠷᠡᠩ ᠠᠵᠢᠯᠯᠠᠨ᠎ᠡ᠃      

     ᠨᠠᠷᠠᠠᠭᠡᠷᠡᠯ 1993 ᠤᠨ ᠳᠤ ᠤᠯᠠᠭᠠᠨᠴᠡᠪ ᠠᠶᠢᠮᠠᠭ ᠤᠨ ᠪᠠᠭᠰᠢ ᠶᠢᠨ ᠰᠤᠷᠭᠠᠭᠤᠯᠢ ᠠᠴᠠ ᠲᠡᠭᠦᠰᠴᠦ᠂

ᠮᠦᠨ ᠲᠤᠰ ᠵᠢᠯ ᠤᠨ 9 ᠰᠡᠷ᠎ᠡ ᠳᠤ ᠴᠠᠭᠠᠬᠤᠪᠤᠭ᠎ᠠ ᠰᠤᠮᠤᠨ ᠤ ᠪᠠᠭ᠎ᠠ ᠰᠤᠷᠭᠠᠭᠤᠯᠢ ᠳᠤ ᠪᠠᠭᠰᠢᠯᠡᠵᠦ ᠪᠠᠭᠰᠢ ᠶᠢᠨ

ᠠᠵᠢᠯ ᠤᠨ ᠠᠩᠬᠠᠨ ᠤ ᠭᠠᠷᠤᠭ᠎ᠠ ᠪᠠᠨ ᠡᠬᠢᠯᠡᠭᠦᠯᠦᠭᠰᠡᠨ ᠪᠠᠶᠢᠨ᠎ᠡ᠃ ᠡᠳᠡᠭᠡᠷ ᠵᠢᠯ ᠳᠤ ᠪᠠᠳᠤᠬᠠᠭᠠᠯᠭ᠎ᠠ ᠶᠢᠨ

ᠨᠢᠭᠡᠳᠤᠭᠡᠷ ᠪᠠᠭ᠎ᠠ ᠰᠤᠷᠭᠠᠭᠤᠯᠢ ᠶᠢᠨ ᠪᠠᠭᠰᠢ᠂ ᠲᠡᠳ᠋ ᠵᠠᠬᠢᠷᠤᠯ ᠵᠡᠷᠭᠡ ᠡᠭᠦᠷᠭᠡ ᠲᠤᠰᠢᠶᠠᠯ ᠢ ᠡᠭᠦᠷᠭᠡᠯᠡᠵᠦ ᠪᠠᠶᠢᠬᠰᠡᠨ

ᠪᠠᠶᠢᠨ᠎ᠡ᠃

     2013 ᠤᠨ ᠤ 9 ᠰᠡᠷ᠎ᠡ ᠳᠤ ᠮᠤᠩᠭᠤᠯ ᠦᠨᠳᠦᠰᠦᠲᠡᠨ ᠤ ᠬᠡᠦᠭᠡᠳ ᠤᠨ ᠴᠡᠴᠡᠷᠯᠢᠭ ᠤᠨ ᠲᠠᠷᠤᠭ᠎ᠠ ᠪᠠᠷ

ᠠᠵᠢᠯ ᠰᠢᠯᠵᠢᠨ ᠢᠷᠡᠪᠡ᠃ ᠲᠤᠬᠠᠢ ᠶᠢᠨ ᠦᠶ᠎ᠡ ᠳᠤ ᠲᠤᠰ ᠴᠡᠴᠡᠷᠯᠢᠭ ᠨᠢ ᠰᠢᠨᠡᠭᠡᠨ ᠪᠠᠶᠢᠭᠤᠯᠤᠭᠳᠠᠭᠠᠳ ᠡᠯ᠎ᠡ ᠲᠡᠯ᠎ᠡ

 ᠶᠢᠨ ᠲᠤᠨᠤᠭ ᠲᠦᠭᠦᠭᠡᠷᠦᠮᠵᠢ᠂ ᠪᠠᠭᠰᠢ ᠶᠢᠨ ᠡᠩᠨᠡᠭᠡ ᠪᠦᠷᠢᠯᠳᠦᠭᠦᠨ ᠵᠡᠷᠭᠡ ᠲᠡᠯ᠎ᠡ ᠠᠴᠠ ᠬᠦᠴᠢᠷᠲᠡᠯ ᠲᠠᠢ ᠪᠠᠶᠢᠬᠰᠡᠨ

ᠴᠦ ᠨᠠᠷᠠᠠᠭᠡᠷᠡᠯ ᠵᠤᠷᠢᠭ ᠰᠢᠨᠳᠡᠷᠡᠯ ᠦᠭᠡᠢ ᠬᠦᠴᠦ ᠬᠦᠲᠡᠯᠮᠦᠷᠢ᠂ ᠤᠶᠤᠨ ᠤᠬᠠᠭᠠᠨ ᠢᠶᠠᠨ ᠰᠢᠪᠬᠠᠨ ᠴᠢᠷᠮᠠᠶᠢᠨ

ᠠᠵᠢᠯᠯᠠᠵᠦ᠂ ᠵᠦᠪ ᠤᠨᠤᠪᠴᠢᠲᠠᠢ ᠵᠢᠭᠠᠨ ᠵᠢᠯᠤᠭᠤᠳᠤᠭᠰᠡᠨ ᠤ ᠬᠠᠷᠢᠭᠤ ᠳᠤ ᠴᠡᠴᠡᠷᠯᠢᠭ ᠨᠢ ᠤᠬᠤᠷᠬᠠᠨ ᠵᠢᠷᠭᠤᠭᠠᠨ

ᠵᠢᠯ ᠤᠨ ᠬᠤᠭᠤᠴᠠᠭᠠᠨ ᠳᠤ ᠤᠷᠤᠨ᠂ ᠬᠤᠲᠡ᠂ ᠬᠤᠰᠢᠭᠤ ᠲᠡᠰ ᠤᠨ ᠱᠠᠩᠨᠠᠯ ᠬᠦᠬᠢᠭᠦᠯᠦᠯ ᠢ ᠤᠯᠠᠨᠲᠡ ᠬᠦᠷᠲᠡᠭᠰᠡᠨ

ᠦᠨᠳᠦᠰᠦᠲᠡᠨ ᠤ ᠰᠤᠷᠭᠠᠨ ᠬᠦᠮᠦᠵᠢᠯ ᠢᠶᠠᠷ ᠭᠤᠤᠯᠳᠠᠯᠭ᠎ᠠ ᠪᠤᠯᠭᠠᠭᠰᠡᠨ ᠤᠷᠤᠨ ᠤ ᠲᠡᠰ ᠤᠨ ᠵᠢᠱᠢᠶᠠᠴᠢ ᠴᠡᠴᠡᠷᠯᠢᠭ

ᠪᠤᠯᠤᠭᠰᠡᠨ ᠪᠠᠶᠢᠨ᠎ᠡ᠃

     

     ᠲᠡᠷᠡ ᠬᠡᠦᠭᠡᠳ ᠤᠨ ᠰᠤᠷᠭᠠᠨ ᠬᠦᠮᠦᠵᠢᠯ ᠢ ᠴᠢᠨᠠᠷᠵᠢᠭᠤᠯᠤᠨ ᠬᠦᠭᠵᠢᠭᠦᠯᠬᠦ ᠶᠢ ᠡᠭᠦᠷᠭᠡ ᠬᠠᠷᠢᠭᠤᠴᠠᠯᠭ᠎ᠠ

 ᠪᠠᠨ ᠪᠤᠯᠭᠠᠨ᠂ ᠦᠪᠡᠷ ᠤᠨ ᠪᠡᠶ᠎ᠡ ᠪᠠᠷ ᠢᠶᠠᠨ ᠲᠠᠭᠤᠷᠢᠶᠡᠯ ᠦᠵᠡᠭᠦᠯᠦᠨ ᠴᠦᠬᠦᠷᠡᠰᠢ ᠦᠭᠡᠢ ᠴᠢᠷᠮᠠᠶᠢᠨ᠂ ᠴᠡᠴᠡᠷᠯᠢᠭ

 ᠤᠨ ᠪᠠᠭᠰᠢᠨᠠᠷ ᠤᠨ ᠲᠤᠬᠠᠶᠢᠯᠠᠭᠰᠡᠨ ᠠᠵᠢᠯ ᠤᠨ ᠬᠡᠪ ᠴᠢᠨᠠᠷ ᠢ ᠲᠠᠰᠤᠷᠠᠯᠲᠡ ᠦᠭᠡᠢ ᠲᠡᠭᠡᠭᠰᠢᠯᠡᠭᠦᠯᠬᠦ ᠶᠢ ᠱᠠᠭᠠᠷᠳᠠᠨ

ᠰᠤᠷᠤᠯᠴᠠᠯᠭ᠎ᠠ ᠪᠤᠯᠪᠠᠰᠤᠷᠡᠯ ᠳᠤ ᠤᠯᠠᠨᠲᠡ ᠤᠷᠤᠯᠴᠠᠭᠤᠯᠵᠦ᠂ ᠲᠤᠨᠤᠭ ᠲᠦᠭᠦᠭᠡᠷᠦᠮᠵᠢ ᠶᠢ ᠲᠡᠭᠦᠯᠳᠡᠷᠵᠢᠭᠦᠯᠦᠨ

ᠰᠠᠶᠢᠵᠢᠷᠠᠭᠤᠯᠬᠤ᠂ ᠴᠡᠴᠡᠷᠯᠢᠭ ᠤᠨ ᠪᠦᠲᠦᠭᠡᠨ ᠪᠠᠶᠢᠭᠤᠯᠤᠯᠲᠡ ᠶᠢ ᠲᠦᠯᠬᠢᠨ ᠠᠬᠢᠭᠤᠯᠬᠤ ᠶᠢ ᠴᠢᠬᠤᠯᠠᠴᠢᠯᠠᠬᠰᠠᠭᠠᠷ

ᠢᠷᠡᠭᠰᠡᠨ ᠪᠠᠶᠢᠨ᠎ᠡ᠃

     ᠨᠠᠷᠠᠠᠭᠡᠷᠡᠯ ᠤᠨ ᠲᠡᠮᠡᠴᠡᠯ ᠵᠢᠳᠭᠦᠯ ᠤᠨ ᠬᠠᠷᠢᠭᠤ ᠳᠤ ᠤᠷᠢᠳ ᠬᠤᠵᠢᠳ ᠬᠤᠲᠡ ᠶᠢᠨ ᠲᠡᠰ ᠤᠨ ᠠᠷᠪᠠᠨ

ᠰᠢᠯᠢᠲᠡᠭ ᠵᠢᠭᠠᠨ ᠵᠢᠯᠤᠭᠤᠳᠤᠬᠴᠢ᠂ ᠬᠤᠰᠢᠭᠤᠨ ᠤ ᠲᠡᠰ ᠤᠨ ᠰᠢᠯᠢᠳᠡᠭ ᠰᠤᠷᠭᠠᠨ ᠬᠦᠮᠦᠵᠢᠭᠦᠯᠦᠭᠴᠢ᠂ ᠬᠤᠰᠢᠭᠤᠨ

 ᠤ ︽3.8︾ ᠶᠢᠨ ᠤᠯᠠᠭᠠᠨ ᠲᠤᠬᠴᠢ᠂ ᠬᠤᠰᠢᠭᠤᠨ ᠤ ᠲᠡᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ

ᠶᠠᠪᠤᠳᠡᠯ ᠤᠨ ᠰᠢᠯᠢᠲᠡᠭ ᠠᠵᠢᠯᠲᠡᠨ ᠵᠡᠷᠭᠡ ᠤᠯᠠᠨ ᠢᠷᠠᠭᠤ ᠠᠯᠳᠠᠷ ᠢ ᠬᠦᠷᠲᠡᠭᠰᠡᠨ ᠪᠠᠶᠢᠨ᠎ᠡ᠃

     2017 ᠤᠨ ᠳᠤ ᠨᠠᠷᠠᠠᠭᠡᠷᠡᠯ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠢᠶᠠᠷ

ᠰᠤᠩᠭᠤᠬᠳᠠᠵᠦ᠂ ᠤᠯᠤᠰ ᠲᠦᠷᠦ ᠶᠢ ᠵᠦᠪᠯᠡᠬᠦ᠂ ᠠᠷᠡᠳᠴᠢᠯᠡᠯ ᠢᠶᠠᠷ ᠬᠢᠨᠠᠯᠲᠡ ᠲᠠᠯᠪᠢᠬᠤ᠂ ᠲᠦᠷᠦ ᠶᠢᠨ ᠬᠡᠷᠡᠭ ᠲᠤ

ᠤᠷᠤᠯᠴᠠᠵᠦ᠂ ᠵᠦᠪᠳᠡᠯᠴᠡᠬᠦ ᠡᠭᠦᠷᠭᠡ ᠶᠢ ᠬᠦᠢᠴᠡᠳᠭᠡᠵᠦ ᠡᠬᠢᠯᠡᠭᠰᠡᠨ ᠪᠠᠶᠢᠨ᠎ᠡ᠃

     ᠨᠠᠷᠠᠠᠭᠡᠷᠡᠯ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠪᠤᠯᠤᠭᠰᠡᠨ ᠠᠴᠠ ᠨᠠᠭᠠᠰᠢ ᠨᠢᠭᠡᠨ ᠬᠢᠷᠢ

ᠲᠡᠩᠴᠡᠭᠰᠡᠨ ᠬᠡᠰᠢᠭᠦᠨ ᠪᠤᠯᠬᠤ ᠶᠢ ᠬᠢᠴᠢᠶᠡᠵᠦ᠂ ᠦᠷᠭᠦᠯᠵᠢ ᠤᠯᠠᠨ ᠲᠦᠮᠡᠨ ᠤ ᠲᠤᠮᠲᠡ ᠬᠦᠨᠵᠡᠭᠡᠶᠢᠷᠡᠵᠦ ᠠᠷᠡᠳ

ᠲᠦᠮᠡᠨ ᠤ ᠰᠡᠳᠬᠢᠯ ᠤᠨ ᠲᠠᠭᠤᠨ ᠬᠤᠭᠤᠯᠠᠢ ᠶᠢ ᠬᠦᠯᠢᠶᠠᠨ ᠰᠤᠨᠤᠰᠴᠦ᠂ ᠨᠡᠶᠢᠭᠡᠮ ᠤᠨ ᠪᠠᠶᠢᠲᠡᠯ ᠠᠷᠡᠳ ᠤᠨ

ᠰᠠᠨᠠᠭ᠎ᠠ ᠶᠢ ︽ᠬᠤᠶᠠᠷ ᠬᠤᠷᠡᠯ︾ ᠳᠤ ᠰᠠᠨᠠᠯ ᠰᠠᠨᠠᠭᠤᠯᠭ᠎ᠠ ᠪᠤᠯᠭᠠᠨ ᠲᠡᠪᠰᠢᠭᠦᠯᠲᠡᠭ ᠪᠠᠶᠢᠯ᠎ᠡ᠃ ᠦᠩᠭᠡᠷᠡᠭᠰᠡᠨ

ᠬᠤᠭᠤᠴᠠᠭᠠᠨ ᠤ ᠬᠤᠷᠡᠯ ᠳᠤ ︽ᠴᠦᠭᠡᠨ ᠲᠤᠭᠠᠲᠦ ᠦᠨᠳᠦᠰᠦᠲᠡᠨ ᠤ ᠬᠡᠷ ᠪᠦᠯᠢ ᠶᠢᠨ ᠰᠤᠷᠭᠠᠨ ᠬᠦᠮᠦᠵᠢᠯ ᠢ

ᠴᠢᠩᠭᠠᠳᠬᠠᠬᠤ︾᠂ ︽ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠬᠢᠲᠡᠳ ᠮᠤᠩᠭᠤᠯ ᠬᠤᠤᠰ ᠬᠡᠯᠡᠨ ᠤ

ᠪᠠᠭᠰᠢᠨᠠᠷ ᠤᠨ ᠡᠩᠨᠡᠭᠡ ᠶᠢᠨ ᠪᠦᠲᠦᠭᠡᠨ ᠪᠠᠶᠢᠭᠤᠯᠤᠯᠲᠡ ᠶᠢᠨ ᠲᠡᠯ᠎ᠡ ᠶᠢᠨ ᠠᠰᠠᠭᠤᠳᠡᠯ︾ ︽ᠮᠤᠩᠭᠤᠯ ᠦᠨᠳᠦᠰᠦᠲᠡᠨ

 ᠤ ᠬᠡᠦᠭᠡᠳ ᠤᠨ ᠴᠡᠴᠡᠷᠯᠢᠭ ᠤᠨ ᠰᠠᠭᠤᠷᠢ ᠲᠦᠭᠦᠭᠡᠷᠦᠮᠵᠢ ᠶᠢ ᠰᠠᠶᠢᠵᠢᠷᠠᠭᠤᠯᠵᠦ᠂ ᠦᠨᠳᠦᠰᠦᠲᠡᠨ ᠤ ᠤᠯᠠᠮᠵᠢᠯᠠᠯᠲᠦ

ᠦᠪ ᠰᠤᠶᠤᠯ ᠢ ᠲᠤᠪᠤᠶᠢᠯᠭᠠᠬᠤ ᠠᠰᠠᠭᠤᠳᠡᠯ︾ ᠵᠡᠷᠭᠡ ᠲᠡᠯ᠎ᠡ ᠶᠢᠨ ᠡᠷᠬᠢᠮ ᠨᠠᠨᠳᠢᠨ ᠰᠠᠨᠠᠯ ᠢ ᠠᠷᠡᠳ ᠲᠦᠮᠡᠨ ᠤ ᠪᠠᠨ

ᠡᠮᠦᠨ᠎ᠡ ᠠᠴᠠ ᠲᠡᠪᠰᠢᠭᠦᠯᠪᠡ᠃ ᠲᠡᠷᠡ ᠦᠨᠡᠨ ᠬᠦ ᠤᠯᠠᠨ ᠲᠦᠮᠡᠨ ᠳᠤ ᠦᠢᠯᠡᠴᠢᠯᠡᠵᠦ᠂ ᠠᠷᠡᠳ ᠲᠤ ᠠᠰᠢᠬᠳᠠᠢ

ᠠᠵᠢᠯ ᠢ ᠬᠢᠬᠦ ᠶᠢ ᠪᠤᠳᠤᠵᠦ᠂ ᠴᠡᠴᠡᠷᠯᠢᠭ ᠤᠨ ᠠᠵᠢᠯ ᠤᠨ ᠢᠶᠠᠨ ᠲᠠᠭᠠᠦ ᠤᠯᠤᠰ ᠲᠦᠷᠦ ᠶᠢᠨ ᠵᠦᠪᠯᠡᠯᠭᠡᠨ ᠤ

ᠬᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠦᠨᠡᠨ ᠰᠡᠳᠬᠢᠯ ᠢᠶᠠᠷ ᠬᠦᠢᠴᠡᠳᠭᠡᠵᠦ ᠪᠠᠶᠢᠨ᠎ᠡ᠃

     

     ᠨᠠᠷᠠᠠᠭᠡᠷᠡᠯ ᠲᠤᠬᠠᠶᠢᠯᠠᠭᠰᠡᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠪᠡᠶᠡᠯᠡᠭᠦᠯᠦᠨ᠂ ᠤᠯᠠᠨ

ᠲᠦᠮᠡᠨ ᠤ ᠰᠡᠳᠬᠢᠯ ᠬᠠᠨᠤᠮᠵᠢᠲᠠᠢ ᠴᠡᠴᠡᠷᠯᠢᠭ ᠤᠨ ᠰᠤᠷᠭᠠᠨ ᠬᠦᠮᠦᠵᠢᠯ ᠢ ᠡᠷᠬᠢᠯᠡᠵᠦ᠂ ᠰᠤᠳᠤᠨ ︽ᠬᠡᠰᠢᠭᠦᠨ︾

ᠰᠢᠯᠢᠳᠡᠭ ᠵᠠᠬᠢᠷᠤᠯ ᠤᠨ ᠢᠷᠠᠭᠤ ᠠᠯᠳᠠᠷ ᠢᠶᠠᠨ ᠪᠡᠶᠡᠯᠡᠭᠦᠯᠵᠦ ᠶᠠᠪᠤᠨ᠎ᠡ᠃

             

                                  ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号