| | ᠰᠣᠷᠪᠤᠯᠵᠢᠯᠠᠭ᠎ᠠ ᠶᠢᠨ ᠬᠦᠨᠲᠦᠲᠦ ᠵᠤᠴᠢᠨ᠄ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠡᠷᠬᠢᠯᠡᠭᠴᠢ ᠡᠷᠳᠡᠨᠢᠰᠠᠩ | ᠰᠤᠷᠪᠤᠯᠵᠢᠯᠠᠭ᠎ᠠ ᠶᠢᠨ ᠴᠠᠭ ᠬᠤᠭᠤᠴᠠᠭ᠎ᠠ᠄ 2019 ᠤᠨ ᠤ 12 ᠰᠠᠷ᠎ᠠ ᠶᠢᠨ 20 ᠤ ᠡᠳᠦᠷ | ᠬᠥᠲᠥᠯᠥᠭᠴᠢ᠄ ᠮᠠᠨ ᠤ ᠬᠤᠰᠢᠭᠤᠨ ᠤ 2019 ᠤᠨ ᠤ ᠦᠨᠳᠦᠰᠦᠲᠡᠨ᠂ ᠮᠣᠩᠭᠤᠯ ᠬᠡᠯᠡ ᠪᠢᠴᠢᠭ ᠤᠨ | ᠠᠵᠢᠯ ᠢ ᠦᠷᠨᠢᠭᠦᠯᠦᠭᠰᠡᠨ ᠪᠠᠶᠢᠳᠠᠯ ᠢ ᠶᠡᠷᠦᠩᠬᠡᠶ ᠳᠤᠨᠢ ᠲᠠᠨᠢᠯᠴᠠᠭᠤᠯᠤᠭᠠᠳ ᠥᠭᠭᠦᠨ᠎ᠡ ᠤᠤ︖ | ᠡᠷᠳᠡᠨᠢᠰᠠᠩ᠄ 2019 ᠣᠨ ᠳᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠲᠡᠭᠡᠲᠦ ᠱᠠᠲᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠦᠴᠦᠲᠡᠶ ᠳᠡᠮᠵᠢᠯᠭᠡ ᠳᠣᠤᠷ᠎ᠠ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ | ᠴᠢᠬᠤᠯᠠ ᠵᠢᠭᠠᠪᠤᠷᠢ ᠪᠣᠯᠤᠨ ᠮᠣᠩᠭᠤᠯ ᠬᠡᠯᠡᠨ ᠤ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠦᠨᠳᠦᠰᠦᠲᠡᠨ ᠤ ᠲᠤᠬᠠᠢ ᠨᠠᠮ ᠤᠨ ᠲᠥᠷᠦ ᠶᠢᠨ ᠪᠣᠳᠣᠯᠭ᠎ᠠ ᠪᠠ ᠬᠠᠤᠯᠢ ᠴᠠᠭᠠᠵᠠ | ᠬᠠᠤᠯᠢ ᠲᠦᠷᠢᠮ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠭᠤᠣᠯ ᠠᠵᠢᠯ ᠤᠨ ᠲᠤᠭᠤᠷᠢᠨ ᠳᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠲᠡᠯᠭᠡᠭᠴᠢ ᠬᠦᠴᠦᠨ | ᠢ ᠨᠢᠭᠲᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠢ ᠥᠷᠨᠢᠭᠦᠯᠦᠨ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ | ᠵᠠᠰᠠᠵᠤ᠂ ᠪᠦᠬᠦ ᠬᠤᠰᠢᠭᠤᠨ ᠳᠤ ᠦᠨᠳᠦᠰᠦᠲᠡᠨ ᠨᠦᠭᠦᠳ ᠪᠦᠯᠭᠦᠮᠲᠡᠯ ᠲᠠᠢ᠂ ᠨᠡᠶᠢᠭᠡᠮ ᠲᠠᠶᠠᠭᠠᠷ ᠡᠶ᠎ᠡ ᠵᠣᠬᠢᠴᠠᠯ ᠲᠠᠢ | ᠪᠠᠶᠢᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠪᠡ᠃ | ᠬᠥᠲᠥᠯᠥᠭᠴᠢ᠄ 2019 ᠣᠨ ᠳᠤ ᠮᠠᠨ ᠤ ᠬᠤᠰᠢᠭᠤ ᠦᠨᠳᠦᠰᠦᠲᠡᠨ ᠤ ᠪᠠ ᠮᠣᠩᠭᠤᠯ ᠬᠡᠯᠡ ᠪᠢᠴᠢᠭ ᠤᠨ | ᠲᠠᠯ᠎ᠠ ᠪᠠᠷ ᠪᠣᠳᠠᠳᠠᠢ ᠶᠠᠮᠠᠷ ᠠᠵᠢᠯ ᠤᠳ ᠢ ᠥᠷᠨᠢᠭᠦᠯᠦᠭᠰᠡᠨ ᠪᠣᠶ︖ | ᠡᠷᠳᠡᠨᠢᠰᠠᠩ᠄ ︵ᠨᠢᠭᠡ︶ ᠦᠨᠳᠦᠰᠦᠲᠡᠨ ᠤ ᠠᠵᠤ ᠠᠬᠤᠢ ᠶᠢᠨ ᠠᠵᠢᠯ ᠢ ᠶᠡᠬᠡᠪᠡᠷ ᠲᠦᠯᠬᠢᠨ ᠠᠬᠢᠭᠤᠯᠵᠤ᠂ | ᠮᠠᠯᠴᠢᠨ ᠲᠠᠷᠢᠶᠠᠴᠢᠳ ᠤᠨ ᠦᠶᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠬᠦᠴᠦᠯᠡᠨ ᠰᠠᠶᠢᠵᠢᠷᠠᠭᠤᠯᠪᠡ᠃ ᠨᠢᠭᠡ ᠳᠤ | ᠮᠡᠳᠡᠭᠦᠯᠦᠨ ᠳᠠᠩᠰᠠᠯᠠᠭᠤᠯᠬᠤ ᠲᠦᠷᠦᠯ ᠵᠦᠢᠯ ᠢ ᠨᠠᠷᠢᠨ ᠨᠢᠮᠪᠠᠶ ᠰᠢᠯᠢᠨ ᠰᠤᠩᠭᠤᠪᠡ᠃ ᠶᠡᠭᠡ ᠪᠠᠶᠢᠲᠡᠯ ᠳᠤ | ᠦᠢᠯᠡᠴᠢᠯᠡᠵᠦ᠂ ᠣᠨᠢᠨ ᠳᠡᠭᠡᠷ᠎ᠡ ᠨᠢ ᠲᠡᠳᠭᠦᠨ ᠲᠡᠮᠵᠢᠬᠦ ᠵᠠᠷᠴᠢᠮ ᠶᠣᠰᠣᠭᠠᠷ᠂ ᠲᠣᠰ ᠵᠢᠯ ᠤᠨ ᠴᠥᠭᠡᠨ ᠲᠣᠭᠠᠲᠤ | ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠥᠷᠥᠯ ᠵᠦᠶᠯ ᠤᠨ ᠬᠥᠮᠥᠷᠭᠡ ᠶᠢ ᠪᠠᠶᠢᠭᠤᠯᠪᠡ᠃ ᠡᠭᠦᠨ ᠤ | ᠬᠠᠮᠲᠤ᠂ ᠬᠤᠪᠢᠳᠠᠨ ᠬᠠᠮᠢᠶᠠᠷᠬᠤ ᠬᠤᠰᠢᠭᠤᠨ ᠳᠠᠷᠤᠭ᠎ᠠ ᠠᠴᠠ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠡᠯ᠎ᠡ | ᠪᠠᠶᠢᠭᠤᠯᠭ᠎ᠠ ᠨᠢᠭᠡᠴᠡ ᠶᠢ ᠬᠤᠷᠠᠯᠳᠤᠭᠤᠯᠤᠨ ᠬᠠᠮᠲᠤᠪᠠᠷ ᠰᠤᠳᠤᠯᠤᠨ ᠶᠠᠷᠢᠯᠴᠠᠭᠰᠠᠨ ᠤ ᠳᠠᠷᠠᠭ᠎ᠠ᠂ ︽ᠳᠠᠷᠬᠠᠨ | ᠮᠤᠤᠮᠢᠩᠭᠠᠨ ᠬᠤᠰᠢᠭᠤᠨ ᠤ ᠪᠠᠭ᠎ᠠ ᠤᠩᠭᠤᠨ ᠰᠢᠶᠠᠩ ᠤᠨ ᠰᠠᠶᠢᠷ ᠤᠨ ᠲᠣᠰᠬᠤᠨ ᠤ ᠬᠠᠮᠲᠤ ᠶᠢᠨ ᠠᠵᠤ | ᠠᠬᠤᠢ ᠶᠢᠨ ᠨᠣᠭᠤᠭᠠᠨ ᠲᠣᠯᠣᠭᠠᠶᠢᠲᠤ ᠰᠠᠷᠢᠮᠰᠠᠭ ᠢ ᠦᠷᠡᠵᠢᠭᠦᠯᠦᠨ ᠪᠤᠶᠢᠵᠢᠭᠤᠯᠬᠤ ᠲᠦᠷᠦᠯ ᠵᠦᠢᠯ︾᠂ ︽ᠳᠠᠷᠬᠠᠨ | ᠮᠤᠤᠮᠢᠩᠭᠠᠨ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠬᠤᠩᠭᠤᠷᠳᠡᠯᠡ ᠲᠣᠰᠬᠤᠨ ᠤ ᠬᠦᠵᠡᠭᠡᠯᠵᠡᠭᠡᠨᠡ ᠶᠢᠨ | ᠬᠦᠯᠡᠮᠵᠢ ᠶᠢᠨ ᠪᠠᠶᠢᠭᠤᠯᠤᠯᠲᠠ ᠶᠢᠨ ᠲᠥᠷᠥᠯ ᠵᠦᠶᠯ︾᠂ ︽ᠳᠠᠷᠬᠠᠨ ᠮᠤᠤᠮᠢᠩᠭᠠᠨ ᠬᠤᠰᠢᠭᠤᠨ ᠤ ᠪᠠᠶᠠᠨᠬᠤᠸᠠ | ᠪᠠᠯᠭᠠᠰᠤᠨ ᠤ ᠬᠢᠯᠢ ᠶᠢᠨ ᠱᠤᠭᠤᠮ ᠤᠨ ᠦᠷᠭᠦᠯᠵᠢᠯᠠᠯ ᠭᠡᠰᠡᠭ ᠤᠨ ᠬᠢᠯᠢ ᠰᠠᠬᠢᠬᠰᠡᠨ ᠡᠷᠦᠬᠡ ᠶᠢᠨ ᠨᠤᠷᠠᠬᠤ | ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠲᠥᠷᠥᠯ ᠵᠦᠶᠯ︾ ᠵᠡᠷᠭᠡ 18 ᠲᠥᠷᠥᠯ ᠵᠦᠶᠯ ᠢ ᠢᠯᠡ ᠪᠠᠷ | ᠵᠠᠷᠯᠠᠨ ᠨᠡᠶᠢᠲᠡᠯᠡᠭᠰᠡᠨ ᠤ ᠳᠠᠷᠠᠭ᠎ᠠ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠮᠡᠳᠡᠭᠦᠯᠦᠨ ᠬᠢᠨᠠᠨ | ᠵᠥᠪᠰᠢᠶᠡᠷᠡᠭᠦᠯᠵᠦ ᠪᠦᠷᠢᠳᠬᠡᠨ ᠲᠠᠩᠰᠠᠯᠠᠭᠤᠯᠵᠦ᠂ ᠨᠡᠶᠢᠲᠡ 1605 ᠲᠦᠮᠡᠨ ᠲᠥᠭᠦᠷᠢᠭ ᠤᠨ ᠪᠠᠯᠠ ᠤᠷᠤᠭᠤᠯᠪᠡ᠃ | ᠬᠤᠶᠠᠷ ᠲᠤ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠪᠡ᠃ ᠲᠥᠷᠥᠯ | ᠵᠦᠢᠯ ᠤᠨ ᠬᠡᠷᠡᠭᠵᠢᠭᠦᠯᠦᠯᠲᠡ ᠳᠤ ᠪᠤᠳᠠᠳᠠᠢ ᠰᠢᠮᠳᠠᠭᠤᠯᠤᠨ ᠪᠠᠶᠢᠴᠠᠭᠠᠯᠲᠡ ᠬᠢᠵᠦ᠂ ᠨᠢᠭᠡᠨᠲᠡ ᠪᠠᠶᠢᠭᠤᠯᠵᠤ | ᠳᠠᠭᠤᠰᠤᠭᠰᠠᠨ᠂ ᠶᠠᠭ ᠪᠠᠶᠢᠭᠤᠯᠵᠤ ᠪᠠᠶᠢᠭ᠎ᠠ ᠪᠠ ᠠᠵᠢᠯ ᠡᠬᠢᠯᠡᠭᠦᠯᠬᠦ ᠪᠠᠷ ᠪᠡᠯᠡᠳᠬᠡᠵᠦ ᠪᠠᠶᠢᠭ᠎ᠠ ᠲᠥᠷᠥᠯ ᠵᠦᠢᠯ ᠢ | ᠴᠥᠮ ᠰᠢᠮᠳᠠᠭᠤᠯᠤᠨ ᠪᠠᠶᠢᠴᠠᠭᠠᠵᠤ ᠳᠠᠩᠰᠠᠯᠠᠭᠤᠯᠤᠭᠠᠳ᠂ ᠲᠥᠷᠥᠯ ᠵᠦᠢᠯ ᠤᠨ ᠠᠬᠢᠴᠠ ᠶᠢ ᠪᠦᠲᠦᠮᠵᠢᠲᠡᠢ | ᠲᠦᠷᠭᠡᠳᠬᠡᠪᠡ᠃ ᠲᠥᠷᠥᠯ ᠵᠦᠶᠯ ᠤᠨ ᠬᠥᠮᠥᠷᠭᠡ ᠶᠢ ᠨᠥᠭᠡᠴᠡᠯᠡᠬᠦ᠂ ᠭᠤᠶᠤᠴᠢᠯᠠᠨ ᠮᠡᠳᠡᠭᠦᠯᠬᠦ᠂ ᠬᠡᠷᠡᠭᠵᠢᠭᠦᠯᠬᠦ ᠪᠠ | ᠬᠢᠨᠠᠨ ᠬᠠᠮᠢᠶᠠᠷᠬᠤ ᠵᠡᠷᠭᠡ ᠶᠠᠪᠤᠴᠡ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠳᠠᠩᠰᠠ ᠡᠪᠬᠡᠮᠡᠯ ᠤᠨ ᠮᠠᠲ᠋ᠧᠷᠢᠶᠠᠯ | ᠢ ᠪᠦᠷᠢᠨᠰᠢᠭᠦᠯᠵᠦ᠂ ᠲᠥᠷᠥᠯ ᠵᠦᠶᠯ ᠤᠨ ᠬᠠᠮᠢᠶᠠᠷᠤᠯᠲᠠ ᠶᠢ ᠲᠦᠷᠢᠮᠵᠢᠯ ᠤᠨ ᠵᠠᠮ ᠳᠤ ᠣᠷᠣᠭᠤᠯᠪᠠ᠃ | ︵ᠬᠤᠶᠠᠷ︶ ᠭᠠᠷ ᠤᠷᠠᠯᠠᠯ ᠤᠨ ᠪᠤᠯᠪᠠᠰᠤᠷᠡᠯ ᠢ ᠵᠣᠬᠢᠶᠠᠨ ᠪᠠᠶᠢᠭᠤᠯᠤᠨ ᠡᠷᠬᠢᠯᠡᠵᠦ᠂ ᠦᠨᠳᠦᠰᠦᠲᠡᠨ ᠤ ᠭᠠᠷ | ᠤᠷᠠᠯᠠᠯ ᠤᠨ ᠪᠦᠲᠦᠭᠡᠯ ᠤᠨ ᠶᠠᠰᠤ ᠴᠢᠨᠠᠷ ᠢ ᠲᠡᠭᠡᠭᠰᠢᠯᠡᠭᠦᠯᠪᠡ᠃ ᠡᠨᠡ ᠵᠢᠯ ᠤᠨ 3 ᠰᠠᠷ᠎ᠠ ᠠᠴᠠ 8 ᠰᠠᠷ᠎ᠠ ᠪᠣᠯᠲᠠᠯ᠎ᠠ᠂ | ︽ᠲᠠᠪᠤᠨ ᠲᠥᠷᠥᠯ ᠤᠨ ᠦᠨᠳᠦᠰᠦᠲᠡᠨ ᠤ ᠭᠠᠷ ᠤᠷᠠᠯᠠᠯ ᠤᠨ ᠪᠣᠯᠪᠠᠰᠤᠷᠠᠯ︾ ᠢ ᠥᠷᠨᠢᠭᠦᠯᠵᠦ᠂ ᠠᠷᠠᠰᠤᠨ ᠰᠡᠶᠢᠯᠦᠮᠡᠯ᠂ | ᠮᠣᠳᠣᠨ ᠰᠡᠶᠢᠯᠦᠮᠡᠯ᠂ ᠮᠥᠩᠭᠦᠨ ᠤᠷᠠᠯᠠᠯ᠂ ᠬᠠᠳᠬᠤᠮᠠᠯ᠂ ᠮᠣᠩᠭᠤᠯ ᠬᠤᠪᠴᠠᠰᠤ ᠵᠠᠰᠠᠯ ᠵᠡᠷᠭᠡ ᠭᠠᠷ ᠤᠷᠠᠯᠠᠯ ᠤᠨ | ᠤᠷ᠎ᠡ ᠮᠡᠷᠭᠡᠵᠢᠯ ᠤᠨ ᠪᠣᠯᠪᠠᠰᠤᠷᠠᠯ ᠬᠢᠵᠡᠶ᠃ ᠪᠦᠬᠦ ᠬᠤᠰᠢᠭᠤᠨ ᠤ ᠭᠠᠷ ᠤᠷᠠᠯᠬᠠᠴᠢᠳ᠂ ᠭᠠᠷ ᠤᠷᠠᠯᠠᠯ ᠳᠤ ᠲᠤᠷ᠎ᠡ | ᠪᠠᠭ᠋ᠠᠳᠠᠳ ᠵᠢᠴᠢ ᠬᠡᠰᠡᠭ ᠴᠥᠭᠡᠨ ᠲᠣᠭᠠᠲᠤ ᠦᠨᠳᠦᠰᠦᠲᠡᠨ ᠤ ᠶᠠᠳᠠᠭᠤ ᠬᠦᠴᠢᠷᠳᠡᠯᠲᠡᠶ ᠬᠥᠮᠦᠰ ᠨᠡᠶᠢᠲᠡ 135 | ᠬᠥᠮᠦᠨ ᠪᠣᠯᠪᠠᠰᠤᠷᠠᠯ ᠳᠤ ᠣᠷᠣᠯᠴᠠᠵᠠᠶ᠃ ᠬᠡᠰᠡᠭ ᠭᠠᠷ ᠤᠷᠠᠯᠠᠯ ᠤᠨ ᠪᠤᠯᠪᠠᠰᠤᠷᠡᠯ ᠤᠨ ᠪᠦᠲᠦᠭᠡᠯ ᠢ ᠰᠣᠩᠭᠤᠨ | ᠪᠤᠭᠤᠲᠤ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠠ ᠬᠤᠰᠢᠭᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ ᠤᠨ ᠬᠠᠮᠲᠤᠷᠠᠨ ᠡᠷᠬᠢᠯᠡᠭᠰᠡᠨ ︽ᠪᠤᠭᠤᠲᠤ ᠬᠤᠲᠠ ᠶᠢᠨ ᠰᠣᠶᠣᠯ ᠤᠷᠠᠯᠢᠭ ᠤᠨ ᠦᠵᠡᠰᠬᠦᠯᠡᠩ︾ | ᠳᠤ ᠤᠷᠤᠯᠴᠠᠭᠤᠯᠵᠦ᠂ ᠤᠯᠠᠨ ᠤ ᠮᠠᠭᠲᠠᠭᠠᠯ ᠰᠠᠶᠢᠰᠢᠶᠠᠯ ᠢ ᠤᠯᠤᠭᠰᠡᠨ ᠪᠠᠶᠢᠨ᠎ᠡ᠃ ᠭᠤᠴᠢᠨ ᠵᠢᠷᠭᠤᠳᠡᠬᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ︽ᠦᠨᠳᠦᠰᠦᠲᠡᠨ | ᠨᠦᠭᠦᠳ ᠪᠦᠯᠭᠦᠮᠲᠡᠵᠦ᠂ ᠬᠠᠮᠲᠤᠪᠠᠷ ᠪᠠᠶᠠᠵᠢᠨ ᠴᠢᠨᠡᠭᠡᠯᠢᠭᠵᠢᠬᠦ︾ ᠪᠠᠷ ᠭᠤᠤᠯ ᠰᠡᠳᠦᠪ ᠪᠣᠯᠭᠠᠭᠰᠠᠨ ᠦᠨᠳᠦᠰᠦᠲᠡᠨ ᠤ | ᠭᠠᠷ ᠤᠷᠠᠯᠠᠯ ᠤᠨ ᠦᠶᠯᠡᠰ ᠪᠣᠰᠬᠠᠬᠤ ᠪᠣᠯᠪᠠᠰᠤᠷᠠᠯ ᠤᠨ ᠪᠦᠲᠦᠭᠡᠯ ᠤᠨ ᠦᠵᠡᠭᠦᠯᠦᠯᠭᠡ ᠶᠢ ᠡᠷᠬᠢᠯᠡᠵᠦ᠂ ᠨᠡᠶᠢᠲᠡ | 435 ᠬᠤᠪᠢ ᠭᠠᠷ ᠤᠷᠠᠯᠠᠯ ᠤᠨ ᠪᠦᠲᠦᠭᠡᠯ ᠲᠡᠯᠭᠡᠭᠲᠡᠵᠦ᠂ ᠪᠣᠯᠪᠠᠰᠤᠷᠠᠯ ᠳᠤ ᠤᠷᠤᠯᠴᠠᠬᠰᠡᠳ ᠤᠨ ᠰᠣᠳᠣᠨ | ᠮᠡᠷᠭᠡᠵᠢᠯ ᠢ ᠭᠦᠶᠴᠡᠳ ᠲᠡᠯᠭᠡᠨ ᠦᠵᠡᠭᠦᠯᠦᠭᠰᠡᠨ ᠪᠦᠭᠡᠳ ᠮᠠᠨ ᠤ ᠬᠤᠰᠢᠭᠤᠨ ᠤ ᠭᠦᠨ ᠵᠤᠵᠠᠭᠠᠨ ᠦᠨᠳᠦᠰᠦᠲᠡᠨ | ᠤ ᠰᠣᠶᠣᠯ ᠤᠨ ᠠᠬᠤᠯᠤᠭᠤᠮᠵᠢ ᠶᠢ ᠢᠯᠡᠷᠡᠭᠦᠯᠪᠡ᠃ | ︵ᠭᠤᠷᠪᠠ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠦᠬᠦ ᠬᠤᠰᠢᠭᠤᠨ ᠤ ᠡᠯ᠎ᠡ ᠲᠥᠷᠥᠯ ᠤᠨ ᠠᠵᠢᠯ ᠤᠨ ᠤᠷᠤᠭᠰᠢᠲᠠᠢ | ᠶᠠᠪᠤᠭᠳᠠᠬᠤ ᠳᠤ ᠰᠠᠭᠤᠷᠢ ᠲᠠᠯᠪᠢᠪᠡ᠃ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ᠂ ᠰᠤᠮᠤ ᠰᠢᠶᠠᠩ ᠪᠠᠯᠭᠠᠰᠤ ᠶᠢ | ᠵᠣᠬᠢᠶᠠᠨ ᠪᠠᠶᠢᠭᠤᠯᠤᠨ ᠮᠠᠨ ᠤ ᠬᠤᠰᠢᠭᠤᠨ ᠤ ᠠᠷᠪᠠᠨ ᠨᠢᠭᠡᠲᠡᠬᠢ ᠦᠨᠳᠦᠰᠦᠲᠡᠨ ᠤ ᠲᠥᠷᠦ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠬᠡᠯᠡ ᠪᠢᠴᠢᠭ ᠤᠨ | ᠬᠠᠤᠯᠢ ᠳᠦᠷᠢᠮ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠ ᠭᠤᠴᠢᠨ ᠵᠢᠷᠭᠤᠳᠡᠬᠢ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠶᠢ ᠲᠤᠰ ᠲᠤᠰ ᠥᠷᠨᠢᠭᠦᠯᠪᠡ᠃ ᠪᠦᠬᠦ ᠬᠤᠰᠢᠭᠤᠨ ᠤ ᠡᠯ᠎ᠡ | ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ᠂ ᠰᠤᠮᠤ ᠰᠢᠶᠠᠩ ᠪᠠᠯᠭᠠᠰᠤ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ | ᠭᠠᠴᠠᠭ᠎ᠠ ᠲᠣᠰᠬᠤᠨ ᠵᠢᠴᠢ ᠰᠤᠷᠭᠠᠭᠤᠯᠢ ᠨᠤᠭᠤᠳ ᠥᠪᠡᠷ ᠥᠪᠡᠷ ᠤᠨ ᠣᠨᠴᠠᠯᠢᠭ ᠢᠶᠠᠨ ᠦᠨᠳᠦᠰᠦᠯᠡᠵᠦ᠂ | ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠦ ᠪᠠ ᠨᠣᠮ ᠪᠢᠴᠢᠭ ᠲᠠᠷᠬᠠᠭᠠᠬᠤ᠂ | ᠲᠠᠶᠢᠯᠤᠮᠵᠢ ᠡᠷᠬᠢᠯᠡᠬᠦ᠂ ᠰᠡᠳᠦᠪ ᠬᠠᠷᠢᠭᠤᠯᠬᠤ ᠳᠤ ᠤᠷᠤᠯᠴᠠᠬᠤ᠂ ᠨᠠᠭᠠᠳᠤᠮ ᠤᠨ ᠬᠤᠷᠡᠯ ᠡᠷᠬᠢᠯᠡᠬᠦ᠂ | ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ︾ ᠢ ᠲᠣᠭᠤᠷᠢᠨ ᠦᠵᠡᠬᠦ᠂ ᠭᠠᠷ ᠤᠷᠠᠯᠠᠯ | ᠤᠨ ᠪᠣᠯᠪᠠᠰᠤᠷᠠᠯ ᠡᠷᠬᠢᠯᠡᠬᠦ ᠪᠠ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ | ᠰᠢᠷᠢᠰ ᠠᠵᠢᠯᠯᠠᠭ᠎ᠠ ᠶᠢ ᠥᠷᠨᠢᠭᠦᠯᠬᠦ ᠵᠡᠷᠭᠡ ᠣᠯᠠᠨ ᠠᠷᠭ᠎ᠠ ᠬᠡᠯᠪᠡᠷᠢ ᠶᠢ ᠠᠰᠢᠬᠯᠠᠨ᠂ ᠨᠠᠮ ᠪᠣᠯᠤᠨ ᠤᠯᠤᠰ ᠤᠨ | ᠦᠨᠳᠦᠰᠦᠲᠡᠨ ᠤ ᠲᠤᠬᠠᠢ ᠲᠥᠷᠦ ᠶᠢᠨ ᠪᠣᠳᠣᠯᠭ᠎ᠠ ᠶᠢ ᠰᠤᠷᠤᠯᠴᠠᠵᠦ ᠤᠬᠠᠭᠤᠯᠬᠤ ᠬᠥᠮᠦᠵᠢᠯ ᠤᠨ ᠠᠵᠢᠯᠯᠠᠭ᠎ᠠ | ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ | ᠦᠷᠨᠢᠭᠦᠯᠵᠦ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ | ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠂ ︽ᠬᠤᠶᠠᠷ ᠬᠠᠮᠳᠤᠪᠡᠷ︾᠂ ︽ᠭᠤᠷᠪᠠᠨ ᠰᠠᠯᠵᠤ ᠴᠢᠳᠠᠬᠤ ᠥᠬᠡᠶ︾᠂ | ︽ᠲᠠᠪᠤ ᠶᠢ ᠵᠦᠪᠰᠢᠶᠡᠷᠡᠬᠦ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠨᠡᠶᠢᠭᠡᠮ ᠵᠢᠷᠤᠮ ᠤᠨ | ᠭᠤᠤᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ | ᠲᠦᠮᠡᠨ ᠢ ᠠᠨᠠᠷ ᠤᠨ ᠦᠷ᠎ᠡ ᠰᠢᠭ ᠪᠦᠯᠭᠦᠮᠲᠡᠨ ᠨᠢᠬᠳᠠᠷᠠᠭᠤᠯᠪᠡ᠃ ᠮᠠᠨᠳᠤᠯ ᠪᠠᠯᠭᠠᠰᠤᠨ ᠤ ᠪᠠᠶᠠᠨᠬᠠᠷ᠎ᠠ ᠭᠠᠴᠠᠭ᠎ᠠ ᠶᠢᠨ | ᠬᠢᠯᠢ ᠰᠠᠬᠢᠬᠰᠡᠨ ᠮᠠᠯᠴᠢᠨ ᠠᠳᠢᠶᠡ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ | ᠬᠤᠪᠢ ᠬᠥᠮᠦᠨ ᠢᠶᠠᠷ ᠦᠨᠡᠯᠡᠭᠲᠡᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ | ᠰᠤᠷᠤᠯᠴᠠᠬᠤ ᠳᠠᠭᠤᠷᠢᠶᠠᠯ᠂ ᠠᠵᠢᠯᠯᠠᠭᠠᠨ ᠤ ᠵᠦᠭᠯᠡᠭᠦᠷ ᠪᠣᠯᠵᠤ᠂ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠶᠯᠡᠰ ᠢ ᠠᠬᠢᠭᠤᠯᠬᠤ ᠦᠶᠯᠡᠳᠦᠯᠭᠡ ᠳᠤ ᠣᠷᠣᠯᠴᠠᠵᠤ᠂ ᠡᠬᠡ ᠤᠯᠤᠰ ᠤᠨ ᠤᠮᠠᠷᠠᠲᠤ ᠬᠢᠯᠢ ᠶᠢᠨ | ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ | ︵ᠲᠦᠷᠪᠡ︶ ᠵᠠᠯᠭᠠᠮᠵᠢ ᠤᠯᠠᠮᠵᠢᠯᠠᠯ ᠢ ᠬᠠᠮᠠᠭᠠᠯᠠᠵᠦ᠂ ᠰᠢᠨ᠎ᠡ ᠶᠢ ᠡᠭᠦᠳᠬᠦ ᠶᠢ ᠪᠠᠳᠠᠷᠠᠭᠤᠯᠵᠦ᠂ ᠭᠡᠷᠡᠯ | ᠰᠠᠴᠤᠷᠠᠩᠭᠤᠶ ᠦᠨᠳᠦᠰᠦᠲᠡᠨ ᠤ ᠰᠣᠶᠣᠯ ᠢ ᠡᠭᠦᠳᠦᠨ ᠪᠦᠲᠦᠭᠡᠬᠦ ᠡᠭᠦᠲᠡᠨ ᠠᠴᠠ᠂ ︽ᠬᠦᠭᠡᠭᠡ ᠰᠠᠷ᠎ᠠ ᠶᠢᠨ ᠬᠤᠷᠢᠨ | ᠭᠤᠷᠪᠠᠨ ᠤ ᠵᠠᠩ ᠦᠢᠯᠡ ᠶᠢᠨ ᠠᠵᠢᠯᠯᠠᠭ᠎ᠠ︾᠂ ᠤᠪᠤᠭᠠᠨ ᠲᠠᠬᠢᠯᠭ᠎ᠠ ᠵᠢᠴᠢ ᠳᠣᠯᠣᠳᠤᠭᠠᠷ ᠬᠤᠭᠤᠴᠠᠭᠠᠨ ᠤ ᠨᠡᠭᠦᠳᠡᠯ | ᠰᠣᠶᠣᠯ ᠤᠨ ᠵᠤᠭᠠᠴᠠᠯ ᠤᠨ ᠪᠠᠶᠠᠷ ᠤᠨ ᠬᠤᠭᠤᠴᠠᠭᠠᠨ ᠳᠠᠬᠢ ᠭᠠᠯ ᠲᠠᠬᠢᠯᠭ᠎ᠠ᠂ ᠰᠦᠯᠳᠡ ᠶᠢᠨ ᠲᠠᠬᠢᠯᠭ᠎ᠠ ᠶᠢᠨ | ᠶᠣᠰᠣᠯᠠᠯ ᠢ ᠶᠠᠪᠤᠬᠳᠠᠭᠤᠯᠵᠦ᠂ ᠡᠯ᠎ᠡ ᠵᠦᠶᠯ ᠤᠨ ᠵᠠᠩ ᠦᠢᠯᠡ ᠶᠢᠨ ᠠᠵᠢᠯᠯᠠᠭ᠎ᠠ ᠶᠢ ᠡᠷᠬᠢᠯᠡᠬᠦ ᠪᠠᠷ ᠳᠠᠮᠵᠢᠨ᠂ ᠣᠯᠠᠨ | ᠲᠦᠮᠡᠨ ᠤ ᠣᠶᠤᠨ ᠰᠠᠨᠠᠭ᠎ᠠ ᠪᠡ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠡᠯ᠎ᠡ ᠦᠨᠳᠦᠰᠦᠲᠡᠨ ᠤ ᠣᠯᠠᠨ | ᠲᠦᠮᠡᠨ ᠤ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠭ᠎ᠠ ᠶᠢ ᠠᠬᠢᠭᠤᠯᠪᠠ᠃ | ︵ᠲᠠᠪᠤ︶ ᠮᠣᠩᠭᠤᠯ ᠬᠡᠯᠡ ᠪᠢᠴᠢᠭ ᠤᠨ ᠠᠵᠢᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ | ᠦᠨᠳᠦᠰᠦᠲᠡᠨ ᠤ ᠦᠭᠡ ᠬᠡᠯᠡᠨ ᠤ ᠰᠣᠶᠣᠯ ᠤᠨ ᠤᠬᠢ ᠶᠢ ᠪᠠᠳᠠᠷᠠᠭᠤᠯᠤᠨ ᠤᠯᠠᠮᠵᠢᠯᠠᠪᠡ᠃ ᠨᠢᠭᠡ ᠳᠤ᠂ ᠮᠠᠨ ᠤ | ᠬᠤᠰᠢᠭᠤᠨ ᠤ ᠨᠡᠶᠢᠭᠡᠮ ᠤᠨ ᠥᠩᠭᠡᠨ ᠬᠡᠷᠡᠭᠯᠡᠭᠡᠨ ᠳᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ | ᠵᠡᠷᠭᠡ ᠪᠠᠷ ᠬᠡᠷᠡᠭᠯᠡᠬᠦ ᠠᠵᠢᠯ ᠢ ᠬᠢᠨᠠᠨ ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ | ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ | ᠪᠠᠶᠢᠳᠠᠯ ᠢ ᠵᠢᠷᠤᠮᠵᠢᠬᠰᠡᠨ᠂ ᠪᠠᠷᠢᠮᠵᠢᠶᠠᠵᠢᠬᠰᠡᠨ ᠬᠠᠷᠠᠯᠲᠠ ᠳᠤ ᠬᠦᠷᠭᠡᠬᠦ ᠶᠢᠨ ᠲᠥᠯᠥᠭᠡ᠂ ᠲᠤᠰ ᠵᠢᠯ ᠤᠨ 1 ᠳ᠋ᠤᠭᠡᠷ | ᠰᠠᠷ᠎ᠠ ᠠᠴᠠ ᠨᠠᠭᠠᠰᠢ᠂ ᠪᠠᠲᠤᠬᠠᠭᠠᠯᠭ᠎ᠠ ᠪᠠᠯᠭᠠᠰᠤᠨ ᠤ ᠨᠡᠶᠢᠭᠡᠮ ᠤᠨ ᠥᠩᠭᠡᠨ ᠬᠡᠷᠡᠭᠯᠡᠭᠡᠨ ᠤ ᠫᠠᠶᠢᠰᠠ ᠢᠯᠡᠷᠬᠡᠶᠢᠯᠡᠯ | ᠤᠨ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠵᠦ ᠪᠠᠶᠢᠭ᠎ᠠ ᠪᠠᠶᠢᠳᠠᠯ ᠳᠤ 6 ᠤᠳᠠᠭ᠎ᠠ ᠶᠢᠨ ᠶᠡᠭᠡ | ᠪᠠᠶᠢᠴᠠᠭᠠᠯᠲᠡ ᠬᠢᠵᠦ᠂ 200 ᠭᠠᠷᠤᠶ ᠠᠰᠠᠭᠤᠳᠠᠯ ᠲᠠᠢ ᠫᠠᠶᠢᠰᠠ ᠢᠯᠡᠷᠬᠡᠶᠢᠯᠡᠯ ᠢ ᠵᠠᠰᠠᠨ ᠥᠭᠡᠷᠡᠴᠢᠯᠡᠪᠡ᠃ 16 | ᠫᠠᠶᠢᠰᠠ ᠢᠯᠡᠷᠬᠡᠶᠢᠯᠡᠯ ᠦᠶᠯᠡᠳᠬᠦ ᠠᠵᠤ ᠠᠬᠤᠶᠢᠯᠠᠯ ᠲᠠᠢ ᠵᠣᠯᠭᠠᠭᠤᠯᠵᠤ᠂ 13 ᠬᠤᠳᠠᠯᠳᠤᠭᠠᠴᠢᠨ ᠡᠷᠦᠭᠡ ᠳᠤ | ᠲᠤᠬᠳᠠᠭᠰᠡᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠪᠠ᠃ ᠴᠡᠭᠴᠡᠯᠡᠨ ᠵᠠᠰᠠᠬᠤ | ᠠᠵᠢᠯᠯᠠᠭ᠎ᠠ ᠳᠤᠮᠳᠠ᠂ ᠬᠤᠳᠠᠯᠳᠤᠭᠠᠴᠢᠨ ᠡᠷᠦᠬᠡ ᠳᠤ ︽ᠪᠤᠭᠤᠲᠤ ᠬᠤᠲᠠ ᠶᠢᠨ ᠨᠡᠶᠢᠭᠡᠮ ᠤᠨ ᠥᠩᠭᠡᠨ ᠬᠡᠷᠡᠭᠯᠡᠭᠡᠨ | ᠳᠤ ᠮᠣᠩᠭᠤᠯ ᠬᠢᠲᠠᠳ ᠬᠤᠶᠠᠷ ᠵᠦᠶᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠳᠦᠷᠢᠮ︾ | ᠢ ᠤᠬᠠᠭᠤᠯᠵᠦ᠂ ᠬᠤᠳᠠᠯᠳᠤᠭᠠᠴᠢᠨ ᠡᠷᠦᠬᠡ ᠶᠢᠨ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ | ᠵᠡᠷᠭᠡ ᠪᠠᠷ ᠬᠡᠷᠡᠭᠯᠡᠬᠦ ᠤᠬᠠᠮᠰᠠᠷ ᠢ ᠲᠡᠭᠡᠭᠰᠢᠯᠡᠭᠦᠯᠪᠡ᠃ ᠬᠤᠶᠠᠷ ᠲᠤ᠂ ︽ᠬᠤᠶᠠᠷ ᠬᠤᠷᠠᠯ︾ ᠤᠨ ᠣᠷᠴᠢᠭᠤᠯᠭ᠎ᠠ ᠶᠢᠨ | ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠤᠭᠤᠲᠤ ᠬᠤᠲᠠ ᠶᠢᠨ ︽ᠬᠤᠶᠠᠷ ᠬᠤᠷᠠᠯ︾ ᠤᠨ | ᠬᠤᠭᠤᠴᠠᠭᠠᠨ ᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ ᠪᠠ | ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠣᠷᠴᠢᠭᠤᠯᠬᠤ ᠠᠵᠢᠯ ᠢ ᠬᠠᠮᠵᠢᠨ ᠪᠡᠶᠡᠯᠡᠭᠦᠯᠪᠡ᠃ | ᠬᠤᠰᠢᠭᠤᠨ ᠤ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠲᠡᠭᠦᠯᠦᠯᠲᠡ᠂ ᠤᠯᠤᠰ ᠲᠥᠷᠥ ᠶᠢᠨ | ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠲᠡᠭᠦᠯᠦᠯᠲᠡ ᠵᠡᠷᠭᠡ ᠪᠢᠴᠢᠭ ᠮᠠᠲ᠋ᠧᠷᠢᠶᠠᠯ ᠤᠨ | ᠣᠷᠴᠢᠭᠤᠯᠭ᠎ᠠ ᠶᠢ ᠪᠡᠶᠡᠯᠡᠭᠦᠯᠵᠦ᠂ ᠶᠡᠭᠡ ᠬᠤᠷᠠᠯ ᠤᠨ ᠬᠤᠭᠤᠴᠠᠭᠠᠨ ᠳᠠᠬᠢ ᠬᠡᠯᠡᠮᠦᠷᠴᠢᠯᠡᠨ ᠣᠷᠴᠢᠭᠤᠯᠬᠤ ᠵᠢᠴᠢ | ᠲᠤᠭᠤᠶᠢᠯᠠᠩ ᠬᠤᠪᠢᠶᠠᠨ ᠶᠠᠷᠢᠯᠴᠠᠬᠤ ᠬᠤᠭᠤᠴᠠᠭᠠᠨ ᠳᠠᠬᠢ ᠠᠬᠤᠢ ᠲᠠᠯᠠᠪᠠᠢ ᠶᠢᠨ ᠣᠷᠴᠢᠭᠤᠯᠭ᠎ᠠ ᠵᠡᠷᠭᠡ ᠠᠵᠢᠯ ᠢ | ᠠᠮᠵᠢᠯᠲᠡ ᠲᠠᠢ ᠪᠡᠶᠡᠯᠡᠭᠦᠯᠪᠡ᠃ ᠭᠤᠷᠪᠠ ᠳᠤ᠂ ᠪᠥᠬᠦ ᠬᠤᠰᠢᠭᠤᠨ ᠤ 50 ᠰᠢᠬᠠᠮ ᠮᠣᠩᠭᠤᠯ ᠬᠢᠲᠠᠳ | ᠣᠷᠴᠢᠭᠤᠯᠭ᠎ᠠ ᠶᠢᠨ ᠠᠵᠢᠯ ᠤᠨ ᠲᠤᠰᠢᠶᠠᠯ ᠬᠠᠪᠰᠤᠷᠭᠠᠭᠰᠠᠨ ᠠᠵᠢᠯᠲᠠᠨ ᠢ ᠵᠣᠬᠢᠶᠠᠨ ᠪᠠᠶᠢᠭᠤᠯᠤᠨ 2019 ᠤᠨ ᠤ | ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ ᠮᠣᠩᠭᠤᠯ ᠬᠡᠯᠡᠨ ᠤ ᠣᠷᠴᠢᠭᠤᠯᠭ᠎ᠠ ᠶᠢᠨ | ᠪᠣᠯᠪᠠᠰᠤᠷᠠᠯ ᠳᠤ ᠣᠷᠣᠯᠴᠠᠭᠤᠯᠪᠠ᠃ ᠳᠥᠷᠪᠡ ᠳᠤ᠂ ᠠᠷᠪᠠᠨ ᠬᠤᠶᠠᠳᠤᠭᠠᠷ ᠬᠤᠭᠤᠴᠠᠭᠠᠨ ᠤ ︽ᠠᠶᠢᠪᠠᠭ᠎ᠠ ᠶᠢᠨ | ᠮᠠᠭᠲᠠᠭᠠᠯ︾ ᠰᠢᠵᠢᠷ ᠨᠠᠮᠤᠷ ᠤᠨ ᠮᠣᠩᠭᠤᠯ ᠬᠡᠯᠡᠨ ᠤ ᠢᠷᠠᠭᠤ ᠨᠠᠶᠢᠷᠠᠭ ᠤᠨ ᠤᠷᠤᠯᠳᠤᠭᠠᠨ ᠢ ᠥᠷᠨᠢᠭᠦᠯᠪᠡ᠃ | ︽ᠠᠶᠢᠪᠠᠭ᠎ᠠ ᠶᠢᠨ ᠮᠠᠬᠳᠠᠭᠠᠯ︾ ᠰᠢᠵᠢᠷ ᠨᠠᠮᠤᠷ ᠤᠨ ᠮᠣᠩᠭᠤᠯ ᠬᠡᠯᠡᠨ ᠤ ᠢᠷᠠᠭᠤ ᠨᠠᠶᠢᠷᠠᠭ ᠤᠨ ᠴᠤᠭᠯᠠᠭᠠᠨ ᠤ | ᠬᠡᠯᠪᠡᠷᠢ ᠨᠢ ᠰᠢᠨ᠎ᠡ ᠰᠡᠪᠡᠭᠦᠨ᠂ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠪᠦᠬᠦ ᠬᠤᠲᠠ ᠶᠢᠨ ᠮᠣᠩᠭᠤᠯ ᠬᠡᠯᠡ | ᠪᠢᠴᠢᠭ ᠤᠨ ᠢᠷᠠᠭᠤ ᠨᠠᠶᠢᠷᠠᠭ ᠤᠨ ᠵᠣᠬᠢᠶᠠᠨ ᠪᠦᠲᠦᠭᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ | ᠦᠢᠯᠡᠳᠦᠯ ᠦᠵᠡᠭᠦᠯᠦᠭᠰᠡᠨ ᠪᠥᠭᠡᠳ ᠮᠣᠩᠭᠤᠯ ᠬᠡᠯᠡᠨ ᠤ ᠢᠷᠠᠭᠤ ᠨᠠᠶᠢᠷᠠᠭ ᠤᠨ ᠵᠣᠬᠢᠶᠠᠨ ᠪᠦᠲᠦᠭᠡᠯᠭᠡ ᠳᠤ ᠴᠠᠭ | ᠦᠶ᠎ᠡ ᠶᠢᠨ ᠰᠢᠨ᠎ᠡ ᠠᠭᠤᠯᠬᠤᠨ ᠢ ᠨᠡᠮᠡᠷᠢᠯᠡᠵᠦ᠂ ᠥᠷᠭᠡᠨ ᠣᠯᠠᠨ ᠵᠠᠯᠠᠭᠤ ᠢᠷᠠᠭᠤ ᠨᠠᠶᠢᠷᠠᠬᠴᠢᠳ ᠤᠨ ᠵᠣᠬᠢᠶᠠᠨ | ᠪᠦᠲᠦᠭᠡᠬᠦ ᠤᠷᠮ᠎ᠠ ᠵᠣᠷᠢᠭ ᠢ ᠬᠥᠭᠵᠢᠭᠡᠵᠦ᠂ ᠮᠣᠩᠭᠤᠯ ᠬᠡᠯᠡᠨ ᠤ ᠢᠷᠠᠭᠤ ᠨᠠᠶᠢᠷᠠᠭ ᠤᠨ ᠬᠥᠭᠵᠢᠯᠲᠡ ᠶᠢ ᠬᠦᠴᠦᠲᠡᠶ | ᠠᠬᠢᠭᠤᠯᠪᠡ᠃ ᠲᠠᠪᠤ ᠳᠤ᠂ ᠡᠯ᠎ᠡ ᠲᠥᠷᠥᠯ ᠤᠨ ᠠᠵᠢᠯᠯᠠᠭ᠎ᠠ ᠳᠤ ᠢᠳᠡᠪᠬᠢᠲᠡᠢ ᠤᠷᠤᠯᠴᠠᠨ ᠮᠣᠩᠭᠤᠯ ᠬᠡᠯᠡ ᠪᠢᠴᠢᠭ | ᠰᠤᠷᠴᠤ ᠬᠡᠷᠡᠭᠯᠡᠬᠦ ᠶᠢ ᠠᠬᠢᠭᠤᠯᠪᠠ᠃ ᠮᠣᠩᠭᠤᠯ ᠰᠤᠷᠭᠠᠭᠤᠯᠢ ᠶᠢᠨ 5 ᠪᠠᠭᠰᠢ ᠶᠢ ᠵᠣᠬᠢᠶᠠᠨ ᠪᠠᠶᠢᠭᠤᠯᠤᠨ ︽ᠪᠤᠭᠤᠲᠤ | ᠬᠤᠲᠠ ᠶᠢᠨ ᠲᠠᠪᠤᠳᠤᠭᠠᠷ ᠬᠤᠭᠤᠴᠠᠭᠠᠨ ᠤ ᠪᠠᠭᠰᠢ ᠶᠢᠨ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠵᠢᠴᠢ ᠤᠷ᠎ᠠ | ᠴᠢᠳᠠᠪᠤᠷᠢ ᠶᠢᠨ ᠤᠷᠤᠯᠳᠤᠭᠠᠨ︾ ᠳᠤ ᠣᠷᠣᠯᠴᠠᠭᠤᠯᠵᠤ᠂ ᠰᠢᠯᠢᠲᠡᠭ ᠠᠮᠵᠢᠯᠲᠡ ᠣᠯᠵᠤ᠂ ᠬᠤᠰᠢᠭᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠰᠢᠯᠢᠲᠡᠭ ᠵᠤᠬᠢᠶᠠᠨ ᠪᠠᠶᠢᠭᠤᠯᠤᠯᠲᠡ ᠶᠢᠨ ᠬᠦᠬᠢᠭᠦᠯᠦᠯ ᠬᠦᠷᠲᠡᠭᠰᠡᠨ | ᠪᠠᠶᠢᠨ᠎ᠡ᠃ | ᠬᠥᠲᠥᠯᠥᠭᠴᠢ᠄ 2020 ᠣᠨ ᠳᠤ ᠮᠠᠨ ᠤ ᠬᠤᠰᠢᠭᠤ ᠦᠨᠳᠦᠰᠦᠲᠡᠨ ᠤ ᠪᠠ ᠮᠣᠩᠭᠤᠯ ᠬᠡᠯᠡ ᠪᠢᠴᠢᠭ ᠤᠨ | ᠠᠵᠢᠯ ᠢ ᠬᠡᠷᠬᠢᠨ ᠥᠷᠨᠢᠭᠦᠯᠬᠦ ᠪᠠᠷ ᠪᠣᠶ︖ | ᠡᠷᠳᠡᠨᠢᠰᠠᠩ᠄ 2020 ᠤᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ | ᠴᠢᠬᠤᠯᠠ ᠨᠢᠭᠡ ᠵᠢᠯ ᠮᠥᠨ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠭᠦᠷᠭᠡ ᠬᠠᠷᠢᠭᠤᠴᠠᠯᠭ᠎ᠠ ᠬᠦᠨᠲᠦ | ᠴᠢᠬᠤᠯᠠ ᠮᠦᠷᠲᠡᠭᠡᠨ ᠥᠩᠭᠡ ᠭᠡᠷᠡᠯᠲᠡᠢ᠃ ᠪᠢᠳᠡ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ | ᠠᠵᠢᠯ ᠤᠨ ᠲᠣᠭᠤᠷᠢᠨ ᠳᠤ᠂ ᠪᠦᠬᠦ ᠬᠤᠰᠢᠭᠤᠨ ᠤ ᠦᠨᠳᠦᠰᠦᠲᠡᠨ ᠤ ᠪᠠ ᠮᠣᠩᠭᠤᠯ ᠬᠡᠯᠡ ᠪᠢᠴᠢᠭ ᠤᠨ ᠠᠵᠢᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ | ᠲᠡᠷᠢᠭᠦᠨ ᠤ ᠬᠢ ᠶᠢ ᠡᠭᠦᠲᠦᠨ ᠰᠢᠯᠢᠳᠡᠭ ᠪᠣᠯᠬᠤ ᠪᠠᠷ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠦᠨᠳᠦᠰᠦᠨ ᠴᠢᠭᠯᠡᠯ ᠪᠣᠯᠭᠠᠵᠤ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠶᠢ ᠴᠢᠩᠭᠠᠳᠬᠠᠬᠤ ᠪᠠᠷ ᠦᠨᠳᠦᠰᠦᠨ ᠠᠷᠭ᠎ᠠ ᠵᠠᠮ ᠪᠣᠯᠭᠠᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠶ ᠳᠠᠭᠠᠭᠠᠮᠠᠭᠠᠶ ᠥᠷᠨᠢᠭᠦᠯᠵᠦ᠂ | ᠨᠡᠶᠢᠭᠡᠮ ᠤᠨ ᠲᠣᠭᠲᠠᠭᠤᠨ ᠢ ᠦᠨᠡᠨ ᠬᠦ ᠬᠠᠮᠠᠭᠠᠯᠠᠵᠦ᠂ ᠠᠷᠠᠳ ᠲᠦᠮᠡᠨ ᠤ ᠠᠮᠤᠷ ᠲᠠᠶᠢᠪᠦᠩ ᠢ ᠪᠠᠲᠤᠯᠠᠵᠤ᠂ | ᠦᠨᠳᠦᠰᠦᠲᠡᠨ ᠤ ᠪᠦᠯᠬᠦᠮᠳᠡᠯ ᠲᠡᠪᠰᠢᠯᠲᠡ ᠶᠢᠨ ᠴᠡᠴᠡᠭ ᠢ ᠳᠠᠷᠬᠠᠨ ᠮᠤᠤᠮᠢᠩᠭᠠᠨ ᠤ ᠲᠠᠯ᠎ᠠ ᠨᠤᠲᠤᠭ ᠲᠤ ᠪᠠᠶᠢᠩᠭᠤ | ᠲᠡᠯᠭᠡᠷᠡᠭᠦᠯᠦᠨ᠎ᠡ᠃ | ︵ᠨᠢᠭᠡ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ | ᠲᠦᠯᠬᠢᠨ ᠠᠬᠢᠭᠤᠯᠤᠨ᠎ᠠ | ︽ᠨᠢᠭᠡ ᠭᠠᠷᠠᠭ ᠬᠤᠶᠠᠷ ᠰᠠᠷ᠎ᠠ︾ ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠨᠠᠮ ᠤᠨ ᠴᠢᠭᠯᠡᠯᠲᠡ | ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃ ᠭᠤᠤᠯᠳᠠᠯᠭ᠎ᠠ ᠪᠠᠨ | ᠳᠣᠪᠤᠶᠢᠯᠭᠠᠨ᠂ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠪᠢᠴᠢᠯ ᠪᠦᠷᠭᠡ᠂ ᠵᠢᠷᠬᠢᠶ᠎ᠡ ᠵᠡᠷᠭᠡ ᠰᠢᠨ᠎ᠡ ᠵᠠᠭᠤᠴᠢᠯᠠᠭᠤᠷ | ᠰᠢᠨ᠎ᠡ ᠮᠡᠷᠭᠡᠵᠢᠯ ᠤᠨ ᠤᠬᠠᠭᠤᠯᠭ᠎ᠠ ᠬᠥᠮᠦᠵᠢᠯ ᠳᠠᠬᠢ ᠬᠡᠷᠡᠭᠯᠡᠯᠲᠡ ᠶᠢ ᠴᠢᠩᠭᠠᠳᠬᠠᠵᠤ᠂ ᠭᠦᠨ ᠵᠤᠵᠠᠭᠠᠨ ᠤᠷᠴᠢᠨ | ᠠᠬᠤᠢ ᠶᠢ ᠪᠤᠢ ᠪᠣᠯᠭᠠᠵᠤ᠂ ᠦᠨᠳᠦᠰᠦᠲᠡᠨ ᠤ ᠲᠤᠬᠠᠢ ᠨᠠᠮ ᠤᠨ ᠲᠥᠷᠦ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ | ᠲᠦᠷᠢᠮ ᠤᠨ ᠤᠬᠠᠭᠤᠯᠭ᠎ᠠ ᠬᠥᠮᠦᠵᠢᠯ ᠢ ᠬᠢᠨᠠᠮᠠᠭᠠᠶ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ | ᠶᠢᠨ ᠣᠶᠢᠯᠠᠭᠠᠭᠳᠠᠬᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠨ ᠤ | ᠰᠡᠳᠬᠢᠯ ᠳᠤ ᠬᠠᠳᠠᠩᠰᠢᠯᠠᠭᠤᠯᠤᠨᠡ᠃ ︽ᠨᠠᠢᠮᠠ ᠶᠢ ᠠᠬᠢᠭᠤᠯᠬᠤ︾ ᠠᠴᠠ ᠭᠠᠷᠲᠠᠨ᠂ ᠲᠡᠷᠢᠭᠦᠨ ᠤ ᠬᠤᠪᠢ ᠬᠥᠮᠦᠨ ᠪᠠ | ᠲᠡᠷᠢᠭᠦᠨ ᠤ ᠬᠠᠮᠲᠤ ᠨᠡᠶᠢᠲᠡ ᠶᠢ ᠰᠣᠩᠭᠤᠨ ᠭᠠᠷᠭᠠᠨ᠎ᠡ᠃ ᠴᠥᠭᠡᠨ ᠲᠣᠭᠠᠲᠤ ᠦᠨᠳᠦᠰᠦᠲᠡᠨ ᠤ ᠰᠢᠯᠢᠳᠡᠭ | ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠦ᠂ ᠡᠯ᠎ᠡ ᠦᠨᠳᠦᠰᠦᠲᠡᠨ ᠤ ᠣᠯᠠᠨ ᠲᠦᠮᠡᠨ ᠤ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠣᠷᠣᠨ ᠤ ᠳᠣᠲᠣᠨ᠎ᠠ ᠭᠠᠳᠠᠨᠠᠬᠢ ᠭᠤᠤᠯ ᠪᠤᠯᠬᠤ ᠵᠠᠭᠤᠴᠢᠯᠠᠭᠤᠷ | ᠲᠠᠢ ᠢᠳᠡᠪᠬᠢᠲᠡᠢ ᠬᠠᠷᠢᠯᠴᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ | ᠬᠤᠪᠢ ᠬᠥᠮᠦᠨ ᠠᠳᠢᠶᠡ ᠨᠦᠬᠦᠷ ᠢ ᠶᠡᠬᠡᠪᠡᠷ ᠤᠬᠠᠭᠤᠯᠵᠤ᠂ ᠠᠳᠢᠶᠡ ᠶᠢᠨ ᠬᠦᠴᠢᠷ ᠪᠡᠷᠬᠡᠰᠢᠶᠡᠯ ᠠᠴᠠ ᠠᠶᠤᠬᠤ | ᠥᠬᠡᠶ᠂ 36 ᠵᠢᠯ ᠤᠨ ᠲᠤᠷᠰᠢ ᠬᠢᠯᠢ ᠬᠢᠵᠠᠭᠠᠷ ᠢ ᠪᠠᠲᠤ ᠰᠠᠬᠢᠵᠤ᠂ ᠬᠢᠯᠢ ᠶᠢᠨ ᠲᠣᠮᠢᠯᠠᠭᠰᠠᠨ ᠰᠠᠯᠪᠤᠷᠢ ᠶᠢ ᠬᠠᠮᠵᠢᠨ | ᠬᠢᠯᠢ ᠬᠢᠵᠠᠭᠠᠷ ᠲᠤ ᠬᠤᠯᠪᠣᠭᠳᠠᠭᠰᠠᠨ ᠬᠡᠷᠡᠭ ᠢ ᠢᠯᠡᠷᠡᠭᠦᠯᠦᠭᠰᠡᠨ ᠲᠡᠷᠢᠭᠦᠨ ᠤ ᠦᠢᠯᠡ ᠠᠵᠢᠯᠯᠠᠭ᠎ᠠ ᠶᠢ ᠲᠤᠭᠤᠷᠢᠨ | ᠤᠬᠠᠭᠤᠯᠵᠦ ᠲᠠᠷᠢᠭᠦᠨ ᠤ ᠨᠡᠶᠢᠳᠡᠯᠢᠭ ᠵᠢᠱᠢᠶ᠎ᠡ ᠶᠢᠨ ᠳᠠᠶᠢᠴᠢᠯᠠᠨ ᠳᠠᠭᠠᠭᠤᠯᠬᠤ ᠦᠶᠯᠡᠳᠦᠯ ᠢ ᠭᠦᠶᠴᠡᠳ | ᠪᠠᠳᠠᠷᠠᠭᠤᠯᠤᠨ᠎ᠡ᠃ | ︵ᠬᠤᠶᠠᠷ︶ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ | ᠬᠡᠷᠡᠭᠯᠡᠯᠲᠡ ᠶᠢ ᠵᠢᠷᠤᠮᠵᠢᠭᠤᠯᠤᠨ᠎ᠠ | ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠦᠷᠦᠯ ᠵᠦᠢᠯ ᠢ ᠰᠢᠯᠢᠨ | ᠰᠣᠩᠭᠤᠬᠤ᠂ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ ᠪᠠ ᠨᠤᠲᠠᠯᠠᠬᠤ ᠠᠵᠢᠯ ᠢ ᠴᠢᠩᠭᠠᠳᠬᠠᠵᠤ᠂ ᠲᠦᠷᠦᠯ | ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢ ᠪᠦᠷᠢᠨᠰᠢᠭᠦᠯᠵᠦ᠂ ᠲᠦᠷᠦᠯ ᠵᠦᠢᠯ ᠤᠨ ᠳᠠᠩᠰᠠ ᠡᠪᠬᠡᠮᠡᠯ ᠢ | ᠲᠡᠭᠦᠯᠳᠡᠷᠵᠢᠭᠦᠯᠦᠨ᠎ᠡ︔ ᠲᠥᠷᠥᠯ ᠵᠦᠶᠯ ᠢ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠢ ᠪᠠᠶᠢᠭᠤᠯᠵᠤ᠂ ᠲᠥᠷᠥᠯ | ᠵᠦᠶᠯ ᠤᠨ ᠬᠡᠷᠡᠭᠵᠢᠭᠦᠯᠬᠦ ᠶᠢᠨ ᠡᠮᠦᠨᠡᠬᠢ ᠬᠤᠭᠤᠴᠠᠭ᠎ᠠ᠂ ᠲᠤᠮᠲᠡ ᠬᠤᠭᠤᠴᠠᠭ᠎ᠠ᠂ ᠰᠡᠭᠦᠯᠴᠢ ᠶᠢᠨ ᠬᠤᠭᠤᠴᠠᠭᠠᠨ ᠤ | ᠮᠥᠷᠳᠡᠨ ᠪᠠᠶᠢᠴᠠᠭᠠᠵᠦ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠲᠤᠷᠰᠢᠯᠭ᠎ᠠ ᠪᠠᠨ ᠲᠠᠰᠤᠷᠠᠯᠲᠠ ᠦᠭᠡᠢ | ᠳ᠋ᠦᠩᠨᠠᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠡ︔ ᠪᠥᠬᠦ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ | ᠬᠥᠭᠵᠢᠯᠲᠡ ᠶᠢᠨ ᠪᠠᠯᠠ ᠮᠥᠩᠭᠦ ᠶᠢᠨ ᠲᠥᠷᠥᠯ ᠵᠦᠶᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠲᠥᠷᠥᠯ ᠵᠦᠶᠯ ᠢ ᠬᠡᠷᠡᠭᠵᠢᠭᠦᠯᠬᠦ ᠨᠢᠭᠡᠴᠡ ᠲᠠᠢ ᠵᠣᠯᠭᠠᠭᠤᠯᠵᠤ᠂ ᠲᠥᠷᠥᠯ ᠵᠦᠶᠯ ᠢ ᠬᠡᠷᠡᠭᠵᠢᠭᠦᠯᠬᠦ | ᠠᠬᠢᠴᠠ ᠶᠢ ᠲᠦᠷᠭᠡᠳᠭᠡᠨ᠎ᠡ︔ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠲᠠᠢ ᠤᠶᠠᠯᠳᠤᠭᠤᠯᠵᠤ᠂ ᠴᠥᠭᠡᠨ ᠲᠣᠭᠠᠲᠤ | ᠦᠨᠳᠦᠰᠦᠲᠡᠨ ᠤ ᠭᠠᠵᠠᠷ ᠣᠷᠣᠨ ᠤ ᠶᠠᠳᠠᠭᠤ ᠬᠦᠴᠢᠷᠳᠡᠯᠲᠡᠶ ᠣᠯᠠᠨ ᠲᠦᠮᠡᠨ ᠢ ᠦᠨᠡᠨ ᠬᠦ ᠬᠠᠪᠰᠤᠷᠤᠨ | ᠶᠠᠳᠠᠭᠤ ᠠᠴᠠ ᠠᠩᠭᠢᠵᠢᠷᠠᠭᠤᠯᠵᠤ ᠴᠢᠨᠡᠭᠡᠯᠢᠭᠵᠢᠭᠦᠯᠦᠨ᠎ᠡ᠃ | ︵ᠭᠤᠷᠪᠠ︶ ᠬᠤᠲᠠ ᠶᠢᠨ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠤᠨ᠎ᠠ | ᠦᠨᠳᠦᠰᠦᠲᠡᠨ ᠤ ᠪᠦᠯᠬᠦᠮᠳᠡᠯ ᠢ ᠲᠠᠰᠤᠷᠠᠯᠲᠠ ᠦᠭᠡᠢ ᠴᠢᠩᠭᠠᠳᠬᠠᠬᠤ ᠪᠠᠷ ᠬᠠᠷᠠᠯᠲᠠ ᠪᠣᠯᠭᠠᠵᠤ᠂ | ᠬᠤᠲᠠ ᠶᠢᠨ ᠦᠨᠳᠦᠰᠦᠲᠡᠨ ᠤ ᠠᠵᠢᠯ ᠢ ᠳᠦᠷᠢᠮᠵᠢᠭᠦᠯᠬᠦ᠂ ᠵᠢᠷᠤᠮᠵᠢᠭᠤᠯᠬᠤ᠂ ᠨᠠᠷᠢᠯᠢᠭᠵᠢᠭᠤᠯᠬᠤ ᠲᠠᠯ᠎ᠠ ᠪᠠᠷ ᠰᠢᠨ᠎ᠡ | ᠰᠢᠪᠲᠤᠯᠤᠯᠲᠠ ᠶᠢ ᠲᠡᠮᠡᠴᠡᠨ ᠠᠪᠴᠢᠷᠡᠨ᠎ᠡ᠃ ᠬᠤᠲᠠ ᠶᠢᠨ ᠦᠨᠳᠦᠰᠦᠲᠡᠨ ᠤ ᠠᠵᠢᠯ ᠤᠨ ᠦᠢᠯᠡᠴᠢᠯᠡᠭᠡ | ᠬᠠᠮᠢᠶᠠᠷᠤᠯᠲᠠ ᠶᠢᠨ ᠰᠢᠨ᠎ᠡ ᠠᠷᠭ᠎ᠠ ᠵᠠᠮ ᠢ ᠠᠭᠤᠳᠠᠯᠵᠤ᠂ ᠬᠤᠲᠠ ᠶᠢᠨ ᠦᠨᠳᠦᠰᠦᠲᠡᠨ ᠤ ᠠᠵᠢᠯ ᠤᠨ | ᠨᠡᠶᠢᠭᠡᠮᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠨᠡᠶᠢᠭᠡᠮ ᠲᠣᠭᠤᠷᠢᠭ ᠤᠨ ᠴᠥᠭᠡᠨ ᠲᠣᠭᠠᠲᠤ | ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠦᠶᠯᠡᠴᠢᠯᠡᠭᠡ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ | ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠳᠤ ᠠᠳᠠᠯᠢ ᠲᠡᠭᠰᠢ ᠦᠶᠯᠡᠴᠢᠯᠡᠭᠡ ᠬᠠᠩᠭᠠᠨ᠎ᠠ᠃ ᠭᠠᠷ | ᠤᠷᠠᠯᠠᠯ ᠤᠨ ᠠᠵᠢᠯ ᠲᠥᠷᠥᠯ ᠢ ᠬᠥᠭᠵᠢᠭᠦᠯᠬᠦ ᠶᠢ ᠬᠤᠲᠠ ᠶᠢᠨ ᠦᠨᠳᠦᠰᠦᠲᠡᠨ ᠤ ᠠᠵᠢᠯ ᠢ ᠠᠬᠢᠭᠤᠯᠬᠤ ᠰᠢᠨ᠎ᠡ | ᠭᠢᠯᠠᠰ ᠴᠡᠭ ᠪᠣᠯᠭᠠᠨ᠎ᠠ᠃ ᠪᠡᠯᠴᠢᠭᠡᠷᠯᠡᠭᠦᠯᠬᠦ ᠶᠢ ᠨᠢ ᠵᠤᠬᠰᠤᠭᠠᠭᠰᠡᠨ ᠮᠠᠯᠴᠢᠳ ᠤᠨ ᠠᠳᠠᠯ ᠦᠶᠯᠡᠰ ᠪᠣᠰᠬᠠᠬᠤ | ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠡᠯ ᠢ ᠡᠷᠬᠢᠯᠡᠬᠦ ᠪᠠ ᠨᠡᠭᠦᠲᠡᠯ ᠰᠣᠶᠣᠯ ᠤᠨ ᠵᠤᠭᠠᠴᠠᠯ ᠤᠨ ᠨᠠᠶᠢᠷ ᠤᠨ | ᠬᠤᠭᠤᠴᠠᠭᠠᠨ ᠳᠠᠬᠢ ᠴᠦᠭᠡᠨ ᠲᠤᠭᠠᠲᠦ ᠦᠨᠳᠦᠰᠦᠲᠡᠨ ᠤ ᠲᠠᠸᠠᠷ ᠤᠨ ᠴᠤᠬᠯᠠᠭᠠᠨ ᠢ ᠵᠣᠬᠢᠶᠠᠨ ᠪᠠᠶᠢᠭᠤᠯᠤᠨ | ᠥᠷᠨᠢᠭᠦᠯᠬᠦ ᠵᠡᠷᠭᠡ ᠬᠡᠯᠪᠡᠷᠢ ᠪᠠᠷ ᠲᠠᠮᠵᠢᠨ᠂ ᠪᠤᠰᠤᠳ ᠭᠠᠷ ᠤᠷᠠᠯᠠᠯ ᠤᠨ ᠠᠵᠢᠯ ᠡᠷᠬᠢᠯᠡᠭᠰᠡᠳ ᠢ ᠳᠠᠶᠢᠴᠢᠯᠠᠨ | ᠪᠣᠷᠣᠯᠠᠭᠤᠯᠭ᠎ᠠ ᠶᠢᠨ ᠠᠷᠭ᠎ᠠ ᠵᠠᠮ ᠢ ᠨᠢ ᠥᠷᠭᠡᠵᠢᠭᠦᠯᠦᠨ᠂ ᠣᠷᠣᠯᠭ᠎ᠠ ᠶᠢ ᠨᠢ ᠨᠡᠮᠡᠭᠳᠡᠭᠦᠯᠵᠦ᠂ ᠴᠥᠭᠡᠨ ᠲᠣᠭᠠᠲᠤ | ᠦᠨᠳᠦᠰᠦᠲᠡᠨ ᠤ ᠣᠯᠠᠨ ᠲᠦᠮᠡᠨ ᠤ ᠦᠶᠯᠡᠰ ᠪᠣᠰᠬᠠᠬᠤ᠂ ᠠᠵᠢᠯ ᠤᠯᠭᠤᠬᠤ ᠶᠢ ᠪᠦᠬᠦ ᠲᠠᠯ᠎ᠠ ᠪᠠᠷ ᠠᠬᠢᠭᠤᠯᠤᠨ᠎ᠡ᠃ | ︵ᠲᠦᠷᠪᠡ︶ ᠮᠣᠩᠭᠤᠯ ᠬᠡᠯᠡ ᠪᠢᠴᠢᠭ ᠤᠨ ᠦᠢᠯᠡᠰ ᠤᠨ ᠴᠡᠴᠡᠭᠯᠡᠨ ᠬᠥᠭᠵᠢᠬᠦ ᠶᠢ ᠦᠷᠭᠦᠯᠵᠢᠯᠡᠨ | ᠠᠬᠢᠭᠤᠯᠤᠨ᠎ᠠ | ᠮᠣᠩᠭᠤᠯ ᠬᠢᠲᠠᠳ ᠬᠤᠤᠰ ᠬᠡᠯᠡᠨ ᠤ ᠣᠷᠴᠢᠭᠤᠯᠭ᠎ᠠ ᠶᠢᠨ ᠴᠢᠳᠠᠪᠤᠷᠢᠲᠠᠨ ᠤ ᠬᠦᠮᠦᠵᠢᠯ ᠪᠤᠯᠪᠠᠰᠤᠷᠡᠯ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠮᠣᠩᠭᠤᠯ ᠬᠡᠯᠡ ᠪᠢᠴᠢᠭ ᠤᠨ ᠣᠷᠴᠢᠭᠤᠯᠭ᠎ᠠ ᠶᠢᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠵᠦ᠂ ᠮᠣᠩᠭᠤᠯ ᠬᠡᠯᠡ ᠪᠢᠴᠢᠭ ᠤᠨ ᠠᠵᠢᠯᠲᠠᠨ ᠤ ᠪᠦᠬᠦᠯᠢ ᠴᠤᠬᠴᠠᠲᠦ | ᠬᠡᠪ ᠴᠢᠨᠠᠷ ᠢ ᠳᠡᠭᠡᠭᠰᠢᠯᠡᠭᠦᠯᠦᠨ᠎ᠡ᠃ ᠤᠬᠠᠭᠤᠯᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠡ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠲᠠᠢ | ᠬᠠᠮᠲᠤᠷᠠᠨ ᠲᠤᠰᠬᠠᠢ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠪᠠᠶᠢᠭᠤᠯᠵᠤ᠂ ᠪᠠᠶᠢᠴᠠᠭᠠᠨ ᠴᠡᠭᠴᠡᠯᠡᠬᠦ ᠡᠷᠴᠢᠮ ᠢᠶᠠᠨ | ᠴᠢᠩᠭᠠᠷᠠᠭᠤᠯᠤᠨ᠂ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ | ᠵᠡᠷᠭᠡᠪᠡᠷ ᠬᠡᠷᠡᠭᠯᠡᠬᠦ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠮᠣᠩᠭᠤᠯ ᠬᠡᠯᠡ ᠪᠢᠴᠢᠭ ᠤᠨ ᠮᠡᠳᠡᠭᠡ ᠵᠠᠩᠬᠢᠴᠢᠯᠠᠯᠲᠡ ᠶᠢᠨ ᠰᠢᠨ᠎ᠡ ᠮᠡᠷᠭᠡᠵᠢᠯ ᠢ ᠳᠡᠯᠭᠡᠷᠡᠭᠦᠯᠬᠦ ᠠᠵᠢᠯ ᠢ ᠰᠠᠶᠢᠲᠤᠷ | ᠬᠢᠵᠦ᠂ ᠴᠠᠬᠢᠯᠭᠠᠨ ᠬᠤᠯᠪᠣᠭ᠎ᠠ᠂ ᠴᠠᠭ ᠠᠭᠤᠷ᠂ ᠪᠠᠩᠬᠢ ᠵᠡᠷᠭᠡ ᠴᠤᠩᠬᠤᠪᠴᠢ ᠨᠢᠭᠡᠴᠡ ᠪᠣᠯᠤᠨ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠲᠤᠪᠠᠷ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠴᠢᠯᠠᠯᠲᠡ ᠶᠢᠨ ᠮᠡᠷᠭᠡᠵᠢᠯ ᠢ | ᠳᠡᠯᠭᠡᠷᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠲᠤ ᠦᠢᠯᠡᠴᠢᠯᠡᠬᠦ ᠶᠠᠰᠤ ᠴᠢᠨᠠᠷ ᠢ | ᠳᠡᠭᠡᠭᠰᠢᠯᠡᠭᠦᠯᠦᠨ᠎ᠡ᠃ | |