︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ︾ ᠨᠤᠲᠤᠭ ᠲᠠᠭᠠᠨ ᠪᠤᠴᠠᠵᠤ᠂ ᠮᠠᠯᠴᠢᠳ ᠲᠤ ᠪᠠᠨ ᠬᠠᠶᠢᠷ᠎ᠠ ᠬᠠᠯᠠᠮᠵᠢ ᠬᠦᠷᠭᠡᠪᠡ
ᠨᠡᠶᠢᠲᠡᠯᠡᠭᠰᠡᠨ ᠴᠠᠭ᠄
2019-12-24
     12 ᠰᠠᠷ᠎ᠠ ᠶᠢᠨ ᠳᠠᠷᠬᠠᠨ ᠮᠤᠤᠮᠢᠩᠭᠠᠨ ᠲᠠᠯ᠎ᠠ ᠨᠤᠲᠤᠭ ᠮᠥᠰᠥ ᠴᠠᠰᠤᠨ ᠳᠤ ᠬᠤᠴᠢᠬᠳᠠᠵᠦ᠂ ᠡᠨᠡ ᠬᠦ ᠴᠠᠰᠦ ᠮᠦᠰᠦᠲᠦ ᠬᠠᠬᠢᠷ ᠡᠪᠤᠯ ᠤᠨ ᠬᠦᠢᠲᠡᠨ ᠳᠤ᠂ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ — ᠯᠦᠩ ᠮᠧᠶ᠂ ᠢᠦᠶ ᠷᠦᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠠᠨᠳᠡ ᠠᠪᠤᠷᠠᠨ ᠲᠤᠰᠠᠯᠠᠬᠤ ᠠᠩᠭᠢ᠂ ᠤᠯᠠᠭᠠᠨᠮᠥ᠋ᠴᠢᠷ ᠤᠨ ᠪᠤᠭᠤᠲᠤ ᠶᠢᠨ ᠦᠶᠯᠡᠴᠢᠯᠡᠭᠡᠨ ᠤ ᠥᠷᠲᠡᠭᠡ ᠪᠣᠯᠤᠨ ᠪᠤᠭᠤᠲᠤ ᠬᠤᠲᠠ ᠶᠢᠨ ᠭᠦᠶᠶᠠᠩ ᠤᠨ ᠠᠨᠳᠠ ᠠᠪᠤᠷᠠᠨ ᠲᠤᠰᠠᠯᠠᠬᠤ ᠠᠩᠭᠢ ᠪᠠᠷ ᠪᠦᠷᠢᠯᠳᠦᠭᠰᠡᠨ ᠬᠠᠶᠢᠷ᠎ᠡ ᠬᠠᠯᠠᠮᠵᠢ ᠶᠢᠨ ᠪᠦᠯᠬᠦᠮ ᠤᠨ ᠬᠢᠨ ᠢ ᠲᠠᠭᠠᠭᠤᠯᠤᠨ ᠳᠠᠷᠬᠠᠨ ᠮᠤᠤᠮᠢᠩᠭᠠᠨ ᠬᠤᠰᠢᠭᠤᠨ ᠤ ᠮᠢᠩᠭᠠᠨ ᠪᠠᠯᠭᠠᠰᠤᠨ ᠤ ᠰᠢᠷᠡᠴᠢᠯᠠᠭᠤ ᠭᠠᠴᠠᠭ᠎ᠠ ᠳᠤ ᠬᠦᠷᠴᠦ ︽ᠬᠠᠯᠠᠭᠤᠨ ᠬᠠᠶᠢᠷ᠎ᠡ ᠪᠠᠨ ᠨᠤᠲᠤᠭ ᠤᠨ ᠬᠦᠮᠦᠰ ᠲᠤ ᠪᠠᠨ ᠲᠡᠪᠰᠢᠭᠦᠯᠵᠦ᠂ ᠰᠣᠶᠣᠯ ᠢ ᠭᠠᠴᠠᠭ᠎ᠠ ᠲᠣᠰᠬᠤᠨ ᠳᠤ ᠬᠦᠷᠭᠡᠬᠦ︾ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃ ᠮᠠᠯᠴᠢᠳ ᠲᠤ ᠬᠥᠪᠥᠩ ᠮᠠᠯᠠᠭᠠᠶ᠂ ᠠᠷᠠᠰᠤᠨ ᠪᠣᠭᠴᠣ᠂ ᠰᠣᠶᠣᠯ ᠤᠨ ᠨᠣᠮ ᠪᠢᠴᠢᠭ ᠵᠡᠷᠭᠡ 14.8 ᠲᠦᠮᠡᠨ ᠲᠥᠭᠦᠷᠢᠭ ᠤᠨ ᠥᠷᠲᠡᠭ ᠲᠠᠢ ᠡᠳ᠋ ᠪᠣᠳᠠᠰ ᠬᠠᠨᠳᠢᠪᠯᠠᠪᠠ᠃      

     ᠠᠵᠢᠯᠯᠠᠭ᠎ᠠ ᠶᠢᠨ ᠠᠬᠤᠢ ᠲᠠᠯᠠᠪᠠᠢ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠶᠢᠨ

ᠬᠤᠪᠢ ᠳᠤ ᠢᠦᠶ ᠷᠦᠩ᠂ ᠪᠦᠬᠦ ᠨᠠᠮ ᠪᠠᠷ ᠢᠶᠠᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ

ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠲᠠᠰᠢᠷᠠᠮ ᠢᠶᠠᠷ᠂

ᠳᠠᠷᠬᠠᠨ ᠮᠤᠤᠮᠢᠩᠭᠠᠨ ᠲᠠᠯ᠎ᠠ ᠨᠤᠲᠤᠭ ᠲᠤ ᠲᠦᠷᠦᠵᠦ ᠥᠰᠦᠭᠰᠡᠨ ᠪᠢᠲᠡ ᠨᠠᠷ ᠨᠠᠮ ᠪᠡ ᠠᠷᠠᠳ ᠲᠦᠮᠡᠨ ᠳᠡᠭᠡᠨ

ᠭᠦᠨ ᠲᠠᠯᠠᠷᠬᠠᠵᠤ᠂ ᠨᠤᠲᠤᠭ ᠤᠰᠤᠨ ᠤ ᠪᠠᠨ ᠠᠷᠠᠳ ᠲᠦᠮᠡᠨ ᠳᠤ ᠬᠠᠶᠢᠷ᠎ᠠ ᠬᠠᠯᠠᠮᠵᠢ ᠬᠦᠷᠭᠡᠵᠦ᠂ ᠪᠣᠳᠠᠲᠤ

ᠠᠵᠢᠯᠯᠠᠭ᠎ᠠ ᠪᠠᠷ ᠢᠶᠠᠨ ᠨᠤᠲᠤᠭ ᠤᠨ ᠤᠯᠠᠨ ᠲᠦᠮᠡᠨ ᠳᠤ ᠪᠠᠨ ᠨᠡᠩ ᠤᠯᠠᠨ ᠤᠳᠬ᠎ᠠ ᠠᠭᠤᠯᠭ᠎ᠠ ᠲᠠᠢ ᠶᠠᠪᠤᠳᠠᠯ

ᠬᠢᠪᠡᠯ ᠵᠤᠬᠢᠨ᠎ᠡ ᠭᠡᠵᠦ ᠢᠯᠡᠳᠭᠡᠪᠡ᠃

     ᠠᠵᠢᠯᠯᠠᠭ᠎ᠠ ᠶᠢᠨ ᠲᠤᠮᠲᠡ᠂ ᠢᠦᠶ ᠷᠦᠩ ᠣᠯᠠᠨ ᠢ ᠳᠠᠭᠠᠭᠤᠯᠤᠨ ᠲᠠᠯ᠎ᠠ ᠨᠤᠲᠤᠭ ᠤᠨ ᠪᠢᠴᠢᠬᠠᠨ ᠪᠠᠭᠠᠲᠤᠷ

ᠡᠭᠡᠴᠢ ᠥᠬᠢᠨ ᠳᠡᠭᠦᠤ ᠶᠢᠨ ᠬᠠᠭᠤᠴᠢᠨ ᠰᠠᠭᠤᠴᠠ ᠶᠢ ᠲᠣᠭᠤᠷᠢᠨ ᠦᠵᠡᠭᠰᠡᠨ ᠪᠥᠭᠡᠳ ᠶᠠᠳᠠᠭᠤ ᠬᠦᠴᠢᠷᠳᠡᠯᠲᠡᠶ

ᠡᠷᠦᠬᠡ ᠪᠣᠯᠤᠨ ᠨᠠᠮ ᠤᠨ ᠭᠡᠰᠢᠭᠦᠨ ᠡᠷᠦᠭᠡ ᠶᠢ ᠲᠤᠬᠤᠨᠢᠭᠤᠯᠪᠡ᠃

   

     ᠲᠤᠰ ᠤᠳᠠᠭ᠎ᠠ ᠶᠢᠨ ᠠᠵᠢᠯᠯᠠᠭ᠎ᠠ ᠨᠢ ᠨᠠᠮ ᠤᠨ ᠰᠢᠯᠢᠳᠡᠭ ᠤᠯᠠᠮᠵᠢᠯᠠᠯ ᠢ ᠭᠦᠨᠵᠡᠭᠡᠶ ᠰᠤᠷᠤᠯᠴᠠᠵᠤ᠂ ᠤᠭ

ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠦᠢᠯᠡ ᠠᠵᠢᠯᠯᠠᠭ᠎ᠠ ᠪᠣᠯᠤᠨ ᠣᠶᠤᠨ

ᠤᠬᠠᠭᠠᠨ ᠢᠶᠠᠷ ᠢᠶᠠᠨ ᠰᠢᠨ᠎ᠡ ᠴᠠᠭ ᠦᠶ᠎ᠡ ᠶᠢᠨ ᠨᠠᠮ ᠪᠡ ᠤᠯᠤᠰ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ

ᠰᠠᠶᠢᠳᠤᠷ ᠬᠦᠢᠴᠡᠳᠭᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠪᠠᠨ ᠰᠠᠶᠢᠨ ᠳᠤᠷ᠎ᠠ ᠠᠴᠠ ᠪᠠᠨ

ᠦᠢᠯᠡᠴᠢᠯᠡᠵᠦ᠂ ᠬᠠᠷᠢᠯᠴᠠᠨ ᠬᠠᠪᠰᠤᠷᠤᠯᠴᠠᠵᠤ᠂ ᠨᠡᠶᠢᠭᠡᠮ ᠤᠨ ᠪᠣᠯᠪᠠᠰᠤᠨ ᠤ ᠲᠠᠪᠰᠢᠯᠲᠡ ᠶᠢ ᠲᠠᠰᠤᠷᠠᠯᠲᠠ ᠦᠭᠡᠢ

ᠠᠬᠢᠭᠤᠯᠬᠤ ᠶᠢ ᠵᠤᠷᠢᠬᠰᠡᠨ ᠶᠤᠮ᠃

       

                       ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠤᠷᠴᠢᠭᠤᠯᠤᠨ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号