ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠰᠤᠷ ᠬᠠᠷᠪᠤᠭᠠᠨ ᠤ ᠤᠨ ᠤ ᠮᠠᠩᠯᠠᠢ ᠲᠤᠳᠤᠷᠡᠪᠡ
ᠨᠡᠶᠢᠲᠡᠯᠡᠭᠰᠡᠨ ᠴᠠᠭ᠄
2019-12-25
                                        ᠰᠤᠷᠪᠤᠯᠵᠢᠯᠠᠬᠴᠢ᠄ ᠽᠠᠨᠳᠠᠨᠮᠦ᠋ᠴᠢᠷ      ᠤᠶᠢᠷ᠎ᠡ ᠳᠤ᠂ ᠬᠤᠰᠢᠭᠤᠨ ᠤ ᠤᠯᠠᠮᠵᠢᠯᠠᠯᠲᠦ ᠪᠡᠶ᠎ᠡ ᠲᠠᠮᠢᠷ ᠤᠨ ᠨᠡᠶᠢᠭᠡᠮᠯᠢᠭ ᠤᠨ ᠠᠵᠢᠯᠴᠢᠨ ᠤ ᠡᠪᠯᠡᠯ ᠠᠴᠠ ᠪᠦᠬᠦ ᠬᠤᠰᠢᠭᠤᠨ ᠤ ᠰᠤᠷ ᠬᠠᠷᠪᠤᠭᠠᠨ ᠤ ᠤᠨ ᠤ ᠮᠠᠩᠯᠠᠢ ᠶᠢ ᠰᠢᠯᠭᠠᠷᠠᠭᠤᠯᠬᠤ ᠤᠷᠤᠯᠳᠤᠭᠠᠨ ᠢ ᠡᠷᠬᠢᠯᠡᠨ ᠶᠠᠪᠤᠬᠳᠠᠭᠤᠯᠵᠠᠢ᠃      

     ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠤᠯᠠᠮᠵᠢᠯᠠᠯᠲᠦ ᠪᠡᠶ᠎ᠡ ᠲᠠᠮᠢᠷ ᠤᠨ ᠨᠡᠶᠢᠭᠡᠮᠯᠢᠭ ᠨᠢ ᠰᠤᠷ

ᠬᠠᠷᠪᠤᠭᠠᠨ ᠤ ᠦᠢᠯᠡᠰ ᠢ ᠤᠯᠠᠮ ᠨᠢᠭᠡ ᠦᠨᠳᠦᠷ ᠲᠦᠪᠰᠢᠨ ᠳᠤ ᠬᠦᠷᠭᠡᠵᠦ᠂ ᠬᠠᠷᠪᠤᠭᠠᠴᠢᠳ ᠤᠨ ᠮᠡᠷᠭᠡᠵᠢᠯ

ᠪᠤᠯᠪᠠᠰᠤᠷᠡᠯ ᠢ ᠲᠡᠭᠡᠭᠰᠢᠯᠡᠭᠦᠯᠬᠦ ᠵᠤᠷᠢᠯᠭ᠎ᠠ ᠠᠴᠠ 2019 ᠤᠨ ᠤ 1 ᠰᠡᠷ᠎ᠡ ᠠᠴᠠ ᠡᠬᠢᠯᠡᠨ ᠰᠡᠷ᠎ᠡ ᠶᠢᠨ

ᠰᠢᠯᠭᠠᠷᠠᠭᠤᠯᠬᠤ ᠵᠢᠴᠢ ᠤᠨ ᠤ ᠮᠠᠩᠯᠠᠢ ᠰᠢᠯᠭᠠᠷᠠᠭᠤᠯᠬᠤ ᠲᠤᠬᠳᠠᠭᠠᠯ ᠢ ᠬᠡᠷᠡᠭᠵᠢᠭᠦᠯᠦᠭᠰᠡᠨ ᠪᠠᠶᠢᠨ᠎ᠡ᠃

     2019 ᠤᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠮᠠᠨ ᠤ ᠬᠤᠰᠢᠭᠤᠨ ᠤ ᠬᠠᠷᠪᠤᠭᠠᠴᠢᠳ ᠠᠴᠠ

ᠭᠠᠳᠠᠨ᠎ᠡ ᠪᠠᠶᠠᠨᠨᠠᠭᠤᠷ ᠬᠤᠲᠡ ᠶᠢᠨ ᠬᠡᠰᠡᠭ ᠬᠠᠷᠪᠤᠭᠠᠴᠢᠳ ᠢᠷᠡᠵᠦ ᠤᠷᠤᠯᠴᠠᠵᠠᠢ᠃ ᠬᠤᠷᠴᠡ ᠰᠢᠷᠦᠭᠦᠨ

ᠤᠷᠤᠯᠳᠤᠭᠠᠨ ᠤ ᠡᠴᠤᠰ ᠲᠤ ᠮᠠᠨ ᠤ ᠬᠤᠰᠢᠭᠤᠨ ᠤ ᠪᠠᠶᠠᠨᠬᠤᠸᠠ ᠪᠠᠯᠭᠠᠰᠤᠨ ᠤ ᠪᠤᠯᠤᠳ 2019 ᠤᠨ ᠤ

ᠮᠠᠩᠯᠠᠢ ᠬᠠᠷᠪᠤᠭᠠᠴᠢᠨ ᠢᠶᠠᠷ ᠲᠤᠳᠤᠷᠡᠪᠡ᠃

     

     ᠤᠷᠴᠢᠮ ᠤᠨ ᠵᠢᠯ ᠳᠤ᠂ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤ ᠪᠡᠶ᠎ᠡ ᠲᠠᠮᠢᠷ ᠤᠨ ᠠᠵᠢᠯ ᠢ

ᠡᠷᠴᠢᠮᠵᠢᠭᠦᠯᠦᠨ ᠦᠨᠳᠦᠰᠦᠲᠡᠨ ᠤ ᠤᠯᠠᠮᠵᠢᠯᠠᠯᠲᠦ ᠪᠡᠶ᠎ᠡ ᠲᠠᠮᠢᠷ ᠢ ᠭᠤᠤᠯᠳᠠᠯᠭᠠᠲᠦ ᠲᠦᠷᠦᠯ ᠵᠦᠢᠯ ᠢᠶᠠᠷ ᠠᠳᠬᠤᠵᠦ᠂

ᠰᠢᠯᠢᠲᠡᠭ ᠴᠢᠳᠠᠪᠦᠷᠢᠲᠡᠨ ᠢ ᠬᠦᠮᠦᠵᠢᠭᠦᠯᠬᠦ ᠠᠵᠢᠯ ᠢ ᠴᠢᠬᠤᠯᠠᠴᠢᠯᠠᠨ ᠤᠯᠠᠨ ᠲᠡᠯ᠎ᠡ ᠶᠢᠨ ᠰᠤᠷᠢᠯᠲᠡ ᠪᠤᠯᠪᠠᠰᠤᠷᠡᠯ ᠢ

ᠴᠢᠩᠭᠠᠳᠬᠠᠭᠰᠡᠨ ᠠᠴᠠ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠬᠠᠷᠪᠤᠭᠠᠴᠢᠳ ᠬᠤᠰᠢᠭᠤ᠂ ᠠᠶᠢᠮᠠᠭ᠂

ᠴᠢᠨᠠᠬᠰᠢᠯᠠᠭᠠᠳ ᠪᠦᠬᠦ ᠤᠷᠤᠨ ᠤ ᠰᠤᠷ ᠬᠠᠷᠪᠤᠬᠤ ᠤᠷᠤᠯᠳᠤᠭᠠᠨ ᠳᠤ ᠰᠢᠯᠢᠲᠡᠭ ᠬᠢᠷᠢ ᠪᠦᠲᠦᠮᠵᠢ ᠶᠢ ᠡᠭᠦᠳᠦᠭᠰᠡᠭᠡᠷ

ᠢᠷᠡᠭᠰᠡᠨ ᠪᠠᠶᠢᠨ᠎ᠡ᠃

     

                                   ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号