ᠵᠠᠰᠠᠮᠠᠯ ᠵᠠᠮ ᠤᠨ ᠲᠡᠮᠳᠡᠭ ᠫᠠᠶᠢᠰᠠ ᠶᠢ ᠰᠡᠯᠪᠢᠨ ᠵᠠᠰᠠᠵᠦ ᠭᠠᠳᠠᠭᠰᠢ ᠭᠠᠷᠬᠤ ᠶᠢᠨ ᠠᠶᠦᠯ ᠦᠭᠡᠢ ᠰᠠᠭᠠᠳ ᠦᠭᠡᠢ ᠶᠢ ᠪᠠᠳᠤᠯᠠᠪᠡ
ᠨᠡᠶᠢᠲᠡᠯᠡᠭᠰᠡᠨ ᠴᠠᠭ᠄
2019-12-26
     ᠡᠪᠦᠯ ᠤᠨ ᠤᠯᠠᠷᠢᠯ ᠤᠨ ᠵᠠᠰᠠᠮᠠᠯ ᠵᠠᠮ ᠤᠨ ᠠᠶᠤᠯᠭᠦᠶ ᠦᠢᠯᠡᠳᠪᠦᠷᠢᠯᠡᠯ ᠢ ᠦᠨᠡᠨ ᠬᠦ ᠰᠠᠶᠢᠲᠤᠷ ᠠᠳᠬᠤᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠠᠷᠢᠯᠭᠠᠬᠤ ᠶᠢᠨ ᠲᠦᠯᠦᠭᠡ᠂ ᠤᠶᠢᠷ᠎ᠡ ᠳᠤ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠢᠨ ᠬᠠᠷᠢᠶᠠᠨ ᠳᠠᠬᠢ ᠵᠠᠰᠠᠮᠠᠯ ᠵᠠᠮ ᠤᠨ ᠲᠡᠮᠳᠡᠭ ᠫᠠᠶᠢᠰᠠ ᠳᠤ ᠨᠠᠷᠢᠨ ᠪᠠᠶᠢᠴᠠᠭᠠᠯᠲᠡ ᠬᠢᠭᠰᠡᠨ ᠪᠥᠭᠡᠳ ᠡᠪᠲᠡᠭᠲᠡᠭᠰᠡᠨ᠂ ᠭᠡᠭᠡᠭᠳᠡᠭᠰᠡᠨ᠂ ᠬᠡᠯᠪᠡᠶᠢᠭᠰᠡᠨ᠂ ᠰᠤᠯᠠᠷᠠᠭᠰᠠᠨ ᠲᠡᠮᠳᠡᠭ ᠫᠠᠶᠢᠰᠠ ᠶᠢ ᠰᠡᠯᠪᠢᠬᠦ᠂ ᠰᠢᠨᠡᠳᠬᠡᠬᠦ᠂ ᠪᠠᠬᠢᠵᠢᠭᠦᠯᠬᠦ ᠠᠵᠢᠯ ᠢ ᠬᠢᠵᠦ᠂ ᠨᠡᠶᠢᠲᠡ 465 ᠬᠡᠰᠡᠭ ᠢ ᠪᠡᠶᠡᠯᠡᠭᠦᠯᠪᠡ᠃      ᠲᠣᠰ ᠤᠳᠠᠭ᠎ᠠ ᠥᠷᠨᠢᠭᠦᠯᠦᠭᠰᠡᠨ ᠡᠪᠦᠯ ᠤᠨ ᠤᠯᠠᠷᠢᠯ ᠤᠨ ᠠᠮᠤᠷ ᠲᠦᠪᠰᠢᠨ ᠤ ᠪᠠᠶᠢᠴᠠᠭᠠᠯᠲᠠ ᠪᠠ ᠵᠠᠰᠠᠮᠠᠯ ᠵᠠᠮ ᠤᠨ ᠲᠡᠮᠳᠡᠭ ᠫᠠᠶᠢᠰᠠ ᠶᠢ ᠰᠡᠯᠪᠢᠨ ᠵᠠᠰᠠᠬᠤ ᠠᠵᠢᠯ ᠨᠢ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠢᠯᠡᠴᠢᠯᠡᠭᠡ ᠶᠢᠨ ᠴᠢᠳᠠᠮᠵᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠦᠭᠰᠡᠨ ᠤ ᠬᠠᠮᠲᠤ ᠬᠠᠷᠢᠶᠠᠨ  ᠳᠠᠬᠢ ᠵᠠᠮ ᠤᠨ ᠬᠡᠰᠡᠭ ᠤᠨ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠠᠷᠢᠯᠭᠠᠵᠤ᠂ ᠨᠠᠭᠠᠰᠢ ᠴᠠᠭᠠᠰᠢ ᠶᠠᠪᠤᠬᠤ ᠬᠦᠮᠦᠨ ᠬᠠᠷ᠎ᠡ᠂ ᠲᠡᠷᠭᠡ ᠬᠥᠰᠬᠡ ᠶᠢᠨ ᠠᠶᠦᠯ ᠦᠭᠡᠢ ᠰᠠᠭᠠᠳ ᠦᠭᠡᠢ ᠪᠠᠶᠢᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠪᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号