ᠬᠤᠲᠡ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ︽ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠦᠢᠯᠡᠴᠢᠯᠡᠬᠦ︾ ᠠᠵᠢᠯᠯᠠᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ  ᠳᠤ ᠶᠠᠪᠤᠭᠳᠠᠪᠠ
ᠨᠡᠶᠢᠲᠡᠯᠡᠭᠰᠡᠨ ᠴᠠᠭ᠄
2019-12-27
     12 ᠰᠠᠷ᠎ᠠ ᠶᠢᠨ 24 ᠤ ᠡᠳᠦᠷ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ︽ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠦᠢᠯᠡᠴᠢᠯᠡᠬᠦ︾ ᠠᠵᠢᠯᠯᠠᠭ᠎ᠠ ᠨᠢ ᠮᠠᠨ  ᠤ ᠬᠤᠰᠢᠭᠤᠨ ᠳᠤ ᠶᠠᠪᠤᠬᠳᠠᠵᠦ᠂ ᠪᠠᠶ᠋ᠬᠠᠤᠪᠤᠭ᠎ᠠ ᠰᠤᠮᠤ ᠵᠢᠴᠢ ᠰᠢᠷᠠᠮᠥ᠋ᠷᠡᠨ ᠪᠠᠯᠭᠠᠰᠤᠨ ᠤ ᠬᠠᠷᠢᠶᠠᠨ ᠳᠠᠬᠢ ᠵᠢᠮᠢᠰᠲᠠᠢ᠂ ᠪᠠᠭ᠋ᠠᠷᠤᠯᠲᠦ ᠲᠠᠯ᠎ᠠ ᠨᠤᠲᠤᠭ ᠵᠡᠷᠭᠡ ᠵᠤᠭᠠᠴᠠᠯ ᠤᠨ ᠠᠵᠤ ᠠᠬᠤᠢᠯᠠᠯ ᠤᠨ ᠬᠢᠨ ᠵᠢᠴᠢ ᠰᠤᠮᠤᠨ ᠪᠠᠯᠭᠠᠰᠦᠨ ᠤ ᠺᠠᠳ᠋ᠷ ᠠᠵᠢᠯᠲᠡᠨ ᠳᠤ ᠬᠢᠴᠢᠶᠡᠯ ᠲᠠᠶᠢᠯᠦᠮᠵᠢ ᠬᠢᠪᠡ᠃      ᠲᠣᠰ ᠤᠳᠠᠭᠠᠨ ᠤ ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠵᠢᠭᠤᠯᠴᠢᠯᠠᠯ ᠤᠨ ᠤᠶᠤᠨ ᠤ ᠬᠦᠮᠦᠷᠭᠡ ᠶᠢᠨ ᠲᠦᠷᠦᠭᠦᠦ ᠪᠦᠯᠦᠭ ᠲᠤᠰᠬᠠᠶ ᠮᠡᠷᠭᠡᠵᠢᠯᠲᠡᠨ᠂ ᠪᠤᠭᠤᠲᠤ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠶᠢᠨ ᠫᠷᠣᠫᠧᠰᠰᠤᠷ ᠨᠠᠷ ᠬᠥᠳᠡᠭᠡ ᠲᠣᠰᠬᠤᠨ ᠤ ᠵᠢᠭᠤᠯᠴᠢᠯᠠᠯ ᠤᠨ ᠪᠠᠷᠢᠮᠵᠢᠶᠠᠲᠦ ᠪᠠᠶᠢᠭᠤᠯᠤᠯᠲᠠ ᠪᠣᠯᠤᠨ ᠣᠳᠣᠨ ᠲᠡᠰ ᠤᠨ ᠵᠤᠭᠠᠴᠡᠯ ᠤᠨ ᠡᠷᠦᠬᠡ ᠶᠢ ᠦᠨᠡᠯᠡᠨ ᠲᠣᠭᠲᠠᠭᠠᠬᠤ ᠪᠠᠷᠢᠮᠵᠢᠶ᠎ᠠ ᠳᠤ ᠴᠢᠭᠯᠡᠭᠦᠯᠦᠨ ᠨᠠᠷᠢᠨ ᠲᠠᠶᠢᠯᠤᠮᠵᠢ ᠬᠢᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠯ᠎ᠠ ᠠᠴᠠ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠳᠤ ᠠᠩᠬᠠᠷᠬᠤ ᠵᠦᠢᠯᠡᠰ ᠢ ᠭᠦᠨᠵᠡᠭᠡᠶ ᠵᠠᠳᠠᠯᠵᠦ᠂ ᠪᠠᠶ᠋ᠬᠠᠤᠪᠤᠭ᠎ᠠ ᠰᠤᠮᠤᠨ ᠤ ᠵᠢᠭᠤᠯᠴᠢᠯᠠᠯ ᠤᠨ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠳᠤ ᠨᠢᠭᠡ ᠤᠳᠠᠭᠠᠨ ᠤ ᠡᠷᠬᠢᠮ ᠨᠠᠨᠳᠢᠨ ᠰᠤᠷᠤᠯᠴᠠᠬᠤ ᠠᠵᠠ ᠲᠣᠬᠢᠶᠠᠯ ᠬᠠᠩᠭᠠᠪᠠ᠃      ᠲᠣᠰ ᠤᠳᠠᠭᠠᠨ ᠤ ︽ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠦᠢᠯᠡᠴᠢᠯᠡᠬᠦ︾ ᠠᠵᠢᠯᠯᠠᠭ᠎ᠠ ᠶᠢ ᠦᠷᠨᠢᠭᠦᠯᠦᠭᠰᠡᠨ ᠨᠢ᠂ ᠰᠤᠮᠤ ᠰᠢᠶᠠᠩ ᠪᠠᠯᠭᠠᠰᠦᠨ ᠤ ᠵᠢᠭᠤᠯᠴᠢᠯᠠᠯ ᠤᠨ ᠠᠵᠦ ᠠᠬᠤᠶᠢᠯᠠᠯᠲᠡᠳ ᠤᠨ ᠬᠠᠷᠠᠭᠠᠰᠦ ᠶᠢ ᠦᠷᠭᠡᠳᠭᠡᠵᠦ᠂ ᠺᠠᠳ᠋ᠷ ᠠᠵᠢᠯᠲᠡᠳ ᠤᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠤᠬᠠᠮᠰᠠᠷ ᠢ ᠳᠡᠭᠡᠭᠰᠢᠯᠡᠭᠦᠯᠵᠦ᠂ ᠪᠠᠶ᠋ᠬᠠᠤᠪᠤᠭ᠎ᠠ ᠰᠤᠮᠤ ᠵᠢᠴᠢ ᠰᠢᠷᠠᠮᠥ᠋ᠷᠡᠨ ᠪᠠᠯᠭᠠᠰᠤᠨ ᠤ ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠯᠲᠡ ᠳᠤ ᠮᠠᠰᠢ ᠢᠳᠡᠪᠬᠢ ᠨᠥᠯᠥᠭᠡ ᠦᠵᠡᠭᠦᠯᠪᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号