ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠠᠷᠪᠠᠨ ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-12-27
     12 ᠰᠠᠷ᠎ᠠ ᠶᠢᠨ 20 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠠᠷᠪᠠᠨ ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠲᠦ ᠬᠤᠷᠡᠯ ᠤᠨ ᠳᠡᠳ᠋ ᠲᠡᠷᠢᠭᠦᠯᠡᠭᠴᠢ ᠯᠢ ᠶᠠᠩ ᠬᠤᠷᠠᠯ ᠢ ᠡᠷᠭᠢᠯᠡᠪᠡ᠃ ᠪᠤᠭᠤᠲᠤ ᠬᠤᠲᠠ ᠶᠢᠨ ᠡᠮᠡᠭᠲᠡᠶᠢᠴᠦᠳ ᠤᠨ ᠬᠤᠯᠪᠤᠭᠠᠲᠦ ᠬᠤᠷᠡᠯ ᠤᠨ ᠳᠡᠳ᠋ ᠪᠠᠶᠢᠴᠠᠭᠠᠨ ᠰᠤᠳᠤᠯᠤᠭᠴᠢ ᠯᠢ ᠵᠢᠶᠦ᠋ᠨ᠂ ᠬᠤᠰᠢᠭᠤᠨ ᠤ ᠤᠳᠤᠷᠢᠳᠤᠯᠭ᠎ᠠ ᠮᠠ ᠴᠢᠤᠸᠠᠨ ᠸᠠᠩ᠂ ᠵᠦ ᠵᠠᠨ ᠭᠦᠸᠧ᠂ ᠵᠠᠩ ᠪᠠᠭᠠᠨ᠎ᠠ᠂ ᠶᠠᠩ ᠪᠠᠶ ᠵᠢᠶᠦ᠋ᠨ᠂ ᠵᠠᠩ ᠾᠦᠢ᠂ ᠭᠡᠷᠡᠯ᠂ ᠾᠧ ᠵᠢᠶᠠᠨ ᠵᠢᠶᠦ᠋ᠨ᠂ ᠰᠠᠷᠠᠩᠭᠤᠸ᠎ᠠ᠂ ᠶᠢᠨ ᠬᠦᠶ ᠵᠢᠶᠦ᠋ᠨ ᠬᠤᠷᠠᠯ ᠳᠤ ᠣᠷᠣᠯᠴᠠᠵᠠᠶ᠃ 91 ᠨᠠᠷᠡᠰ ᠡᠮᠡᠭᠲᠠᠢ ᠲᠦᠯᠦᠭᠡᠯᠡᠭᠴᠢᠳ ᠬᠤᠷᠠᠯ ᠳᠤ ᠣᠷᠣᠯᠴᠠᠪᠠ᠃      

     ᠲᠥᠪ ᠶᠡᠬᠡᠮᠰᠦᠭ ︽ᠤᠯᠤᠰ ᠤᠨ ᠰᠦᠯᠲᠡ ᠲᠠᠭᠤᠤ︾ ᠶᠢᠨ ᠲᠠᠭᠤᠨ ᠤ ᠲᠤᠮᠲᠡ ᠶᠡᠭᠡ ᠬᠤᠷᠠᠯ ᠦᠪᠡᠳᠡᠭᠰᠢ

ᠶᠡᠭᠡ ᠪᠠᠷ ᠡᠬᠢᠯᠡᠵᠦ᠂ ᠡᠪᠯᠡᠯ ᠤᠨ ᠬᠤᠷᠢᠶ᠎ᠡ ᠶᠢᠨ ᠱᠦᠵᠢ ᠰᠢᠵᠢᠷ ᠲᠦᠯᠦᠭᠡᠯᠡᠭᠴᠢᠳ ᠣᠯᠠᠨ ᠢ ᠲᠥᠯᠥᠭᠡᠯᠡᠨ

ᠪᠠᠶᠠᠷ ᠤᠨ ᠦᠭᠡ ᠲᠡᠪᠰᠢᠭᠦᠯᠪᠡ᠃

     

     ᠪᠤᠭᠤᠲᠤ ᠬᠤᠲᠠ ᠶᠢᠨ ᠡᠮᠡᠭᠲᠡᠶᠢᠴᠦᠳ ᠤᠨ ᠬᠤᠯᠪᠤᠭᠠᠲᠦ ᠬᠤᠷᠡᠯ ᠤᠨ ᠳᠡᠳ᠋ ᠪᠠᠶᠢᠴᠠᠭᠠᠨ ᠰᠤᠳᠤᠯᠤᠭᠴᠢ ᠯᠢ

ᠵᠢᠶᠦ᠋ᠨ ᠶᠡᠭᠡ ᠬᠤᠷᠠᠯ ᠳᠤ ᠪᠠᠶᠠᠷ ᠬᠦᠷᠭᠡᠵᠦ᠂ ᠮᠠᠨ ᠤ ᠬᠤᠰᠢᠭᠤᠨ ᠤ 5 ᠵᠢᠯ ᠤᠨ ᠲᠤᠷᠰᠢᠬᠢ ᠡᠮᠡᠭᠲᠡᠶᠢᠴᠦᠳ ᠤᠨ

ᠬᠤᠯᠪᠤᠭᠠᠲᠦ ᠬᠤᠷᠡᠯ ᠤᠨ ᠠᠵᠢᠯ ᠪᠣᠯᠤᠨ ᠡᠮᠡᠭᠲᠡᠶᠢᠴᠦᠳ ᠤᠨ ᠦᠢᠯᠡᠰ ᠤᠨ ᠣᠯᠤᠭᠰᠠᠨ ᠠᠮᠵᠢᠯᠲᠠ ᠶᠢ ᠭᠦᠶᠴᠡᠳ

ᠨᠤᠲᠠᠯᠠᠬᠤ ᠶᠢᠨ ᠬᠠᠮᠲᠤ᠂ ᠥᠷᠭᠡᠨ ᠣᠯᠠᠨ ᠡᠮᠡᠭᠲᠡᠶᠢᠴᠦᠳ ᠢ ᠦᠷᠭᠦᠯᠵᠢᠯᠡᠨ ᠰᠠᠶᠢᠳᠣᠷ ᠪᠦᠯᠬᠦᠮᠳᠡᠭᠦᠯᠦᠨ

ᠳᠠᠭᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠶᠢ ᠦᠨᠡᠨᠴᠢ ᠰᠢᠳᠤᠷᠭᠤ ᠪᠠᠷ ᠦᠢᠯᠡᠳᠤᠯᠭᠡᠵᠢᠭᠦᠯᠵᠦ᠂ ᠡᠮᠡᠭᠲᠡᠶᠢᠴᠦᠳ ᠤᠨ ᠨᠡᠶᠢᠭᠡᠮ ᠤᠨ

ᠠᠮᠢᠳᠤᠷᠠᠯ ᠪᠠ ᠭᠡᠷ ᠪᠦᠯᠢ ᠶᠢᠨ ᠠᠮᠢᠳᠤᠷᠠᠯ ᠳᠠᠬᠢ ᠥᠪᠡᠷᠮᠢᠴᠡ ᠦᠶᠯᠡᠳᠦᠯ ᠢ ᠭᠦᠶᠴᠡᠳ ᠪᠠᠳᠠᠷᠠᠭᠤᠯᠵᠤ᠂ ᠠᠵᠤ

ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢ ᠬᠤᠪᠢ ᠨᠡᠮᠡᠷᠢ ᠦᠵᠡᠭᠦᠯᠬᠦ ᠬᠡᠷᠡᠭᠲᠠᠢ ᠭᠡᠵᠦ

ᠵᠢᠭᠠᠵᠦ ᠭᠠᠷᠭᠠᠪᠡ᠃

     

     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠮᠠ ᠴᠢᠤᠸᠠᠨ ᠸᠠᠩ᠂ ᠲᠤᠰ ᠤᠳᠠᠭᠠᠨ ᠤ ᠬᠤᠷᠠᠯ ᠪᠣᠯ

ᠪᠥᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠤᠨ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ

ᠶᠠᠪᠤᠳᠠᠯ ᠪᠤᠯᠤᠨ᠎ᠡ᠂ ᠮᠥᠨ ᠴᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ

 ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ

ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ

ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠰᠢᠨ᠎ᠡ ᠭᠠᠷᠳᠡᠴᠡ ᠠᠴᠠ

ᠮᠠᠨ ᠤ ᠬᠤᠰᠢᠭᠤᠨ ᠤ ᠡᠮᠡᠭᠲᠡᠶᠢᠴᠦᠳ ᠤᠨ ᠠᠵᠢᠯ ᠦᠶᠯᠡᠰ ᠤᠨ ᠰᠢᠨ᠎ᠡ ᠪᠠᠶᠢᠳᠠᠯ ᠢ ᠡᠭᠦᠳᠬᠦ‍ ᠨᠢᠭᠡ ᠤᠳᠠᠭᠠᠨ ᠤ

ᠦᠪᠡᠲᠡᠭᠰᠢ ᠬᠤᠷᠡᠯ ᠮᠥᠨ᠃ ᠪᠦᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠢᠲᠡᠭᠡᠯ ᠬᠦᠰᠡᠯ ᠢᠶᠠᠨ

ᠪᠠᠲᠤᠳᠬᠠᠵᠤ᠂ ᠰᠢᠨ᠎ᠡ ᠦᠵᠡᠯ ᠰᠠᠨᠠᠭ᠎ᠠ ᠶᠢ ᠦᠶᠯᠡᠳᠦᠯᠭᠡᠵᠢᠭᠦᠯᠬᠦ ᠲᠤᠮᠳᠠ ᠡᠮᠡᠭᠲᠡᠶᠢᠴᠦᠳ ᠤᠨ ᠡᠷᠴᠢ ᠵᠣᠷᠢᠭ ᠢ

ᠪᠠᠳᠠᠷᠠᠭᠤᠯᠬᠤ ᠬᠡᠷᠡᠭᠲᠡᠶ︔ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠰᠢᠨ᠎ᠡ ᠠᠮᠵᠢᠯᠲᠠ ᠪᠦᠲᠦᠮᠵᠢ ᠭᠠᠷᠭᠠᠬᠤ

ᠳᠤᠮᠳᠠ ᠡᠮᠡᠭᠲᠡᠶᠢᠴᠦᠳ ᠤᠨ ᠭᠠᠪᠢᠶ᠎ᠠ ᠵᠢᠳᠭᠦᠯ ᠢ ᠦᠵᠡᠭᠦᠯᠬᠦ ᠬᠡᠷᠡᠭᠲᠡᠶ︔ ᠡᠷᠬᠢᠮ ᠰᠤᠷᠲᠠᠯ ᠢ ᠬᠥᠮᠦᠵᠢᠭᠦᠯᠵᠦ᠂

ᠰᠢᠨ᠎ᠡ ᠬᠡᠪ ᠰᠤᠷᠲᠠᠯ ᠢ ᠪᠠᠳᠠᠷᠠᠭᠤᠯᠬᠤ ᠳᠤᠮᠳᠠ ᠡᠮᠡᠭᠲᠡᠶᠢᠴᠦᠳ ᠤᠨ ᠬᠦᠴᠦᠨ ᠴᠢᠲᠡᠯ ᠢ ᠡᠷᠭᠦᠬᠦ ᠬᠡᠷᠡᠭᠲᠡᠶ︔

ᠲᠠᠰᠤᠷᠠᠯᠲᠠ ᠦᠭᠡᠢ ᠰᠤᠷᠤᠯᠴᠠᠨ ᠳᠠᠪᠰᠢᠵᠤ᠂ ᠰᠢᠨ᠎ᠡ ᠳᠦᠷᠢ ᠲᠥᠷᠬᠦ ᠶᠢ ᠱᠤᠭᠤᠬᠤ ᠳᠤᠮᠳᠠ ᠡᠮᠡᠭᠳᠡᠶᠢᠴᠤᠳ ᠤᠨ

ᠭᠤᠸ᠎ᠠ ᠰᠠᠶᠢᠬᠠᠨ ᠢ ᠢᠯᠡᠷᠡᠭᠦᠯᠬᠦ ᠬᠡᠷᠡᠭᠲᠡᠶ ᠭᠡᠵᠦ ᠵᠢᠭᠠᠵᠦ ᠭᠠᠷᠭᠠᠪᠡ᠃

   

     ᠬᠤᠷᠠᠯ ᠳᠡᠭᠡᠷ᠎ᠡ᠂ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠲᠦ ᠬᠤᠷᠡᠯ ᠤᠨ ᠲᠡᠷᠢᠭᠦᠯᠡᠭᠴᠢ

ᠴᠠᠭᠠᠨᠴᠢᠯᠠᠭᠤ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠲᠦ ᠬᠤᠷᠡᠯ ᠤᠨ ᠠᠷᠪᠠᠨ ᠨᠢᠭᠡᠳᠦᠭᠡᠷ ᠬᠤᠭᠤᠴᠠᠭᠠᠨ ᠤ

ᠭᠦᠶᠴᠡᠳᠬᠡᠬᠦ ᠺᠤᠮᠢᠰ ᠤᠨ ᠡᠮᠦᠨ᠎ᠡ ᠠᠴᠠ ︽ᠠᠵᠢᠯ ᠤᠨ ᠢᠯᠡᠳᠬᠡᠯ︾ ᠬᠢᠵᠦ᠂ ᠥᠩᠭᠡᠷᠡᠭᠰᠡᠨ ᠲᠠᠪᠤᠨ ᠵᠢᠯ ᠤᠨ

ᠲᠤᠷᠰᠢᠬᠢ ᠮᠠᠨ ᠤ ᠬᠤᠰᠢᠭᠤᠨ ᠤ ᠡᠮᠡᠭᠲᠡᠶᠢᠴᠦᠳ ᠤᠨ ᠠᠵᠢᠯ ᠤᠨ ᠠᠮᠵᠢᠯᠲᠠ ᠶᠢ ᠡᠷᠭᠢᠴᠡᠭᠦᠯᠵᠦ᠂ ᠬᠤᠶᠢᠰᠢᠳᠠ ᠶᠢᠨ

ᠲᠠᠪᠤᠨ ᠵᠢᠯ ᠤᠨ ᠡᠮᠡᠭᠲᠡᠶᠢᠴᠦᠳ ᠤᠨ ᠠᠵᠢᠯ ᠤᠨ ᠠᠤᠭ᠎ᠠ ᠲᠦᠯᠦᠪᠯᠡᠭᠡ ᠶᠢ ᠵᠢᠷᠤᠭᠯᠠᠵᠠᠶ᠃

     

     ᠶᠡᠭᠡ ᠬᠤᠷᠠᠯ ᠠᠴᠠ ᠪᠠᠰᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ

ᠬᠤᠯᠪᠤᠭᠠᠲᠦ ᠬᠤᠷᠡᠯ ᠤᠨ ᠠᠷᠪᠠᠨ ᠨᠢᠭᠡᠳᠦᠭᠡᠷ ᠬᠤᠭᠤᠴᠠᠭᠠᠨ ᠤ ᠭᠦᠶᠴᠡᠳᠬᠡᠬᠦ ᠺᠤᠮᠢᠰ ᠤᠨ ᠠᠵᠢᠯ ᠤᠨ ᠢᠯᠡᠳᠭᠡᠯ

 ᠤᠨ ᠰᠢᠶᠳᠪᠦᠷᠢ︾ ᠶᠢ ᠬᠢᠨᠠᠨ ᠵᠥᠪᠯᠡᠵᠦ ᠪᠠᠲᠤᠯᠠᠪᠠ᠃

     

     ᠬᠤᠷᠡᠯ ᠲᠡᠭᠡᠷ᠎ᠡ᠂ ᠭᠦᠶᠴᠡᠳᠬᠡᠬᠦ ᠺᠣᠮᠢᠰ ᠤᠨ ᠭᠡᠰᠢᠭᠦᠨ 33 ᠬᠥᠮᠦᠨ᠂ ᠪᠠᠶᠢᠩᠭᠤ ᠶᠢᠨ ᠭᠡᠰᠢᠭᠦᠨ 11

ᠬᠥᠮᠦᠨ ᠢ ᠰᠣᠩᠭᠤᠵᠤ ᠭᠠᠷᠭᠠᠪᠠ᠂ ᠡᠭᠦᠨ ᠤ ᠳᠣᠲᠣᠷ᠎ᠠ ᠲᠡᠷᠢᠭᠦᠯᠡᠭᠴᠢ 1 ᠬᠥᠮᠦᠨ᠂ ᠳᠡᠳ᠋ ᠲᠡᠷᠢᠭᠦᠯᠡᠭᠴᠢ 1 ᠬᠥᠮᠦᠨ᠂

ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ 3 ᠬᠥᠮᠦᠨ ᠪᠠᠶᠢᠨ᠎ᠡ᠃

                 

                       ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠤᠷᠴᠢᠭᠤᠯᠤᠨ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号