| 1952 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠪᠠᠶᠢᠭᠤᠯᠤᠭᠳᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠦᠢᠯᠡᠰ ᠤᠨ ᠬᠥᠭᠵᠢᠯᠲᠡ ᠶᠢᠨ ᠲᠡᠤᠬᠡᠨ | ᠶᠠᠪᠤᠴᠠ ᠶᠢ ᠡᠷᠭᠢᠴᠡᠭᠦᠯᠪᠡᠯ᠂ ᠤᠷᠲᠦ ᠦᠷᠭᠦᠯᠵᠢᠯᠡᠭᠰᠡᠨ ᠤᠮᠠᠷᠠᠲᠤ ᠬᠢᠯᠢ ᠶᠢᠨ ᠳᠣᠲᠣᠭᠠᠳᠤ ᠶᠢ ᠬᠠᠮᠠᠭᠠᠯᠠᠬᠤ ᠡᠮᠦᠨ᠎ᠡ | ᠹᠷᠣᠨᠲ ᠳᠡᠭᠡᠷ᠎ᠡ᠂ ᠮᠠᠰᠢ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠴᠡᠴᠡᠭ ᠮᠡᠲᠦ ᠥᠩᠭᠡ | ᠢᠯᠭᠠᠷᠠᠮ᠎ᠠ ᠵᠠᠯᠠᠭᠤ ᠨᠠᠰᠤ ᠪᠠᠨ ᠦᠯᠡᠳᠡᠭᠡᠭᠰᠡᠨ ᠪᠠᠶᠢᠨ᠎ᠠ᠃ ᠡᠭᠦᠨ ᠤ ᠳᠣᠲᠣᠷ᠎ᠠ ᠲᠤᠷᠠᠳᠤᠭᠤᠰᠢᠳᠠᠢ ᠨᠢᠭᠡ ᠬᠥᠮᠦᠨ | ᠪᠣᠯ ᠲᠠᠷᠤᠢ ᠠᠯᠳ᠋ᠬᠠᠭᠤᠯᠠ ᠪᠣᠯᠤᠨ᠎ᠠ᠃ | | | | ᠠᠯᠳ᠋ᠬᠠᠭᠤᠯᠠ᠂ 1989 ᠣᠨ ᠳᠤ ᠠᠵᠢᠯ ᠳᠤ ᠣᠷᠣᠵᠤ᠂ ᠣᠳᠣ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠥᠷᠥ ᠶᠢᠨ ᠠᠵᠢᠯ ᠤᠨ ᠬᠢᠨᠠᠯᠲᠠ ᠲᠠᠯᠪᠢᠬᠤ | ᠲᠠᠰᠤᠭ ᠤᠨ ᠡᠷᠬᠢᠯᠡᠭᠴᠢ ᠶᠢᠨ ᠲᠤᠰᠢᠶᠠᠯ ᠲᠠᠢ᠂ ᠬᠤᠶᠠᠳᠤᠭᠠᠷ ᠲᠡᠰ ᠤᠨ ᠴᠠᠭᠳᠠᠭᠠᠨ ᠪᠠᠶᠢᠴᠠᠭᠠᠭᠴᠢ᠃ 1991 | ᠣᠨ ᠳᠤ᠂ ᠠᠯᠳ᠋ᠬᠠᠭᠤᠯᠠ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠺᠠᠳ᠋ᠷ ᠤᠨ ᠬᠤᠪᠢ ᠪᠠᠷ ᠪᠠᠲᠤᠬᠠᠭᠠᠯᠭ᠎ᠠ | ᠪᠠᠯᠭᠠᠰᠦᠨ ᠤ ᠲᠣᠮᠢᠯᠠᠭᠰᠠᠨ ᠰᠠᠯᠪᠤᠷᠢ ᠳᠤ ᠲᠤᠮᠢᠯᠠᠬᠳᠠᠵᠦ᠂ 2003 ᠣᠨ ᠳᠤ ᠪᠠᠲᠤᠬᠠᠭᠠᠯᠭ᠎ᠠ ᠪᠠᠯᠭᠠᠰᠦᠨ ᠤ | ᠲᠣᠮᠢᠯᠠᠭᠰᠠᠨ ᠰᠠᠯᠪᠤᠷᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ 2013 ᠣᠨ ᠠᠴᠠ ᠣᠳᠣ ᠪᠣᠯᠲᠠᠯ᠎ᠠ | ᠲᠤᠳᠤᠭᠠᠲᠦ ᠶᠢ ᠬᠠᠮᠠᠭᠠᠯᠠᠬᠤ ᠲᠤᠪᠴᠢᠶ᠎ᠡ ᠶᠢᠨ ᠤᠯᠤᠰ ᠲᠥᠷᠦ ᠶᠢᠨ ᠠᠵᠢᠯ ᠤᠨ ᠬᠢᠨᠠᠯᠲᠠ ᠲᠠᠯᠪᠢᠬᠤ ᠲᠠᠰᠤᠭ ᠤᠨ | ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠦ ᠪᠤᠢ᠃ 2007 ᠣᠨ ᠳᠤ ︽ᠪᠦᠬᠦ ᠤᠯᠤᠰ ᠤᠨ ᠣᠨᠴᠠ ᠲᠡᠰ ᠤᠨ | ᠰᠢᠯᠢᠲᠡᠭ ᠠᠷᠠᠳ ᠤᠨ ᠴᠠᠭᠳᠠᠭ᠎ᠠ︾ ᠪᠠᠷ ᠦᠨᠡᠯᠡᠭᠳᠡᠵᠦ᠂ ᠤᠷᠢᠳ ᠬᠤᠵᠢᠳ 20 ᠭᠠᠷᠤᠶ ᠤᠳᠠᠭ᠎ᠠ ᠣᠷᠣᠨ᠂ | ᠬᠤᠲᠠ ᠶᠢᠨ ᠲᠡᠰ ᠤᠨ ᠲᠡᠷᠢᠭᠦᠨ ᠤ ᠨᠡᠶᠢᠳᠡᠯᠢᠭ ᠵᠢᠱᠢᠶ᠎ᠡ ᠪᠤᠯᠪᠡ᠃ ᠲᠡᠷᠡ ᠪᠠᠲᠤᠬᠠᠭᠠᠯᠭ᠎ᠠ ᠪᠠᠯᠭᠠᠰᠦᠨ ᠤ | ᠲᠣᠮᠢᠯᠠᠭᠰᠠᠨ ᠰᠠᠯᠪᠤᠷᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠬᠤ ᠬᠤᠭᠤᠴᠠᠭᠠᠨ ᠳᠤ ᠲᠣᠮᠢᠯᠠᠭᠰᠠᠨ | ᠰᠠᠯᠪᠤᠷᠢ ᠨᠢ 9 ᠵᠢᠯ ᠳᠠᠷᠠᠭᠠᠯᠠᠨ ︽ᠲᠡᠷᠢᠭᠦᠨ ᠤ ᠨᠢᠭᠡᠴᠡ︾ ᠪᠠᠷ ᠦᠨᠡᠯᠡᠭᠳᠡᠵᠦ᠂ 2011 ᠣᠨ ᠳᠤ ︽ᠪᠦᠬᠦ ᠤᠯᠤᠰ | ᠤᠨ ᠨᠢᠭᠡᠳᠦᠭᠡᠷ ᠲᠡᠰ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ︾ ᠪᠠᠷ ᠦᠨᠡᠯᠡᠭᠲᠡᠪᠡ᠃ | ᠠᠷᠢᠭᠤᠨ ᠴᠢᠰᠤ ᠪᠠᠷ ᠢᠶᠠᠨ ᠠᠷᠡᠳ ᠤᠨ ᠴᠠᠭᠳᠠᠭ᠎ᠠ ᠶᠢᠨ ᠠᠮᠢᠨ ᠰᠦᠨᠡᠰᠦ ᠶᠢ ᠴᠣᠭᠴᠠᠯᠠᠨ᠎ᠠ | 1991 ᠣᠨ ᠳᠤ ᠠᠯᠳ᠋ᠬᠠᠭᠤᠯᠠ ᠪᠠᠲᠤᠬᠠᠭᠠᠯᠭ᠎ᠠ ᠪᠠᠯᠭᠠᠰᠦᠨ ᠤ ᠲᠣᠮᠢᠯᠠᠭᠰᠠᠨ ᠰᠠᠯᠪᠤᠷᠢ ᠳᠤ ᠲᠣᠮᠢᠯᠠᠭᠳᠠᠨ᠂ | ᠨᠢᠭᠡᠨ ᠠᠷᠠᠳ ᠤᠨ ᠴᠠᠭᠳᠠᠭ᠎ᠠ ᠪᠤᠯᠵᠦ᠂ 22 ᠵᠢᠯ ᠤᠨ ᠬᠤᠭᠤᠴᠠᠭ᠎ᠠ ᠶᠢ ᠦᠩᠭᠡᠷᠡᠭᠦᠯᠪᠡ᠃ ᠡᠨᠡ ᠬᠦ ᠬᠤᠭᠤᠴᠠᠭᠠᠨ | ᠳᠤ᠂ ᠠᠯᠳ᠋ᠬᠠᠭᠤᠯᠠ ᠢᠮᠠᠭᠲᠠ ᠡᠪ ᠬᠠᠮᠲᠤ ᠨᠠᠮ ᠤᠨ ᠭᠡᠰᠢᠭᠦᠨ ᠤ ᠵᠣᠷᠢᠯᠲᠠ ᠶᠢ ᠪᠠᠲᠤ ᠴᠡᠭᠡᠵᠢᠯᠡᠵᠦ᠂ ᠡᠷᠡᠭᠦᠤ ᠶᠢᠨ | ᠬᠡᠷᠡᠭ᠂ ᠠᠮᠦᠷ ᠢ ᠬᠠᠮᠠᠭᠠᠯᠠᠬᠤ ᠬᠡᠷᠡᠭ ᠢ 1000 ᠭᠠᠷᠤᠶ ᠰᠢᠶᠳᠪᠦᠷᠢᠯᠡᠵᠦ᠂ ᠠᠮᠤᠷ ᠲᠦᠪᠰᠢᠨ ᠢ ᠬᠠᠮᠠᠭᠠᠯᠠᠬᠤ | ᠠᠵᠢᠯᠯᠠᠭ᠎ᠠ ᠳᠤ 200 ᠭᠠᠷᠤᠶ ᠤᠳᠠᠭ᠎ᠠ ᠣᠷᠣᠯᠴᠠᠵᠤ᠂ ᠠᠷᠡᠳ ᠤᠨ ᠶᠠᠪᠤᠳᠡᠯ ᠤᠨ ᠵᠦᠷᠢᠴᠡᠯ ᠵᠢᠭᠤᠷᠠᠯᠳᠤᠭᠠᠨ ᠢ | 500 ᠭᠠᠷᠤᠶ ᠤᠳᠠᠭ᠎ᠠ ᠡᠶᠡᠳᠡᠭᠦᠯᠦᠨ ᠰᠢᠢᠳᠪᠦᠷᠢᠯᠡᠵᠦ᠂ ᠬᠠᠷᠢᠶᠠᠨ ᠳᠠᠬᠢ 20 ᠭᠠᠷᠤᠶ ᠬᠦᠴᠢᠷᠳᠡᠯᠲᠡᠶ ᠡᠷᠦᠭᠡ ᠶᠢ | ᠬᠠᠪᠰᠤᠷᠤᠨ ᠲᠡᠳᠬᠦᠵᠦ᠂ ᠵᠠᠭᠤ ᠭᠠᠷᠤᠶ ᠮᠠᠯᠵᠢᠬᠤ ᠲᠠᠷᠢᠶᠠᠯᠠᠬᠤ ᠡᠷᠦᠬᠡ ᠳᠤ ᠬᠤᠪᠴᠠᠰᠤ ᠬᠤᠨᠠᠷ ᠡᠳ᠋ ᠪᠣᠳᠠᠰ | ᠬᠦᠷᠭᠡᠵᠦ᠂ ᠮᠠᠯᠴᠢᠨ ᠲᠠᠷᠢᠶᠠᠴᠢᠨ ᠢ ᠬᠠᠪᠰᠤᠷᠤᠨ ᠡᠷᠦᠬᠡ ᠠᠮᠠ ᠶᠢᠨ ᠳᠠᠩᠰᠠ ᠶᠢᠨ ᠠᠵᠢᠯ ᠢ ᠬᠦᠢᠴᠡᠳᠭᠡᠵᠦ᠂ ᠣᠯᠠᠨ | ᠲᠦᠮᠡᠨ ᠤ ᠮᠠᠰᠢ ᠣᠯᠠᠨ ᠪᠣᠳᠠᠳᠠᠢ ᠬᠦᠴᠢᠷᠲᠡᠯ ᠢ ᠨᠢ ᠰᠢᠶᠳᠪᠦᠷᠢᠯᠡᠵᠦ ᠦᠭᠭᠦᠭᠰᠡᠨ ᠪᠠᠶᠢᠨ᠎ᠡ᠃ | ᠬᠠᠤᠯᠢ ᠴᠠᠭᠠᠵᠠ ᠶᠢᠨ ᠮᠡᠳᠡᠯᠭᠡ ᠶᠢ ᠨᠠᠩ ᠰᠠᠶᠢᠨ ᠲᠦᠭᠡᠮᠡᠯᠵᠢᠭᠦᠯᠬᠦ ᠶᠢᠨ ᠲᠥᠯᠥᠭᠡ ᠠᠯᠳ᠋ᠬᠠᠭᠤᠯᠠ | ᠦᠷᠭᠦᠯᠵᠢ ᠣᠯᠠᠨ ᠲᠦᠮᠡᠨ ᠳᠤ ᠬᠠᠤᠯᠢ ᠴᠠᠭᠠᠵᠠ᠂ ᠠᠮᠤᠷ ᠲᠦᠪᠰᠢᠨ ᠤ ᠶᠡᠷᠦ ᠶᠢᠨ ᠮᠡᠳᠡᠯᠭᠡ᠂ ᠭᠤᠷᠪᠠ ᠶᠢ | ᠰᠡᠷᠭᠡᠶᠢᠯᠡᠬᠦ ᠶᠡᠷᠦ ᠶᠢᠨ ᠮᠡᠳᠡᠯᠭᠡ ᠵᠡᠷᠭᠡ ᠶᠢ ᠤᠬᠠᠭᠤᠯᠳᠠᠭ᠃ ᠡᠭᠦᠨ ᠤ ᠬᠠᠮᠲᠤ᠂ ᠲᠤᠰᠢᠶᠠᠯ ᠳᠤ ᠪᠠᠶᠢᠬᠤ | ᠬᠤᠭᠤᠴᠠᠭᠠᠨ ᠳᠠᠭᠠᠨ ᠤᠷᠢᠳ ᠬᠤᠵᠢᠳ 10 ᠭᠠᠷᠤᠶ ᠤᠳᠠᠭ᠎ᠠ ᠬᠠᠷᠢᠶᠠᠨ ᠳᠠᠬᠢ ᠬᠡᠳᠤᠨ ᠰᠤᠷᠭᠠᠭᠤᠯᠢ ᠶᠢᠨ ᠬᠠᠤᠯᠢ | ᠳᠦᠷᠢᠮ ᠤᠨ ᠠᠵᠢᠯ ᠢ ᠬᠠᠷᠢᠭᠤᠴᠠᠵᠤ᠂ ᠥᠷᠭᠡᠨ ᠣᠯᠠᠨ ᠪᠠᠭᠰᠢ ᠰᠤᠷᠤᠭᠴᠢᠳ ᠲᠤ 50 ᠭᠠᠷᠤᠶ ᠤᠳᠠᠭ᠎ᠠ ᠶᠢᠨ | ᠬᠠᠤᠯᠢ ᠴᠠᠭᠠᠵᠠ ᠶᠢᠨ ᠬᠢᠴᠢᠶᠡᠯ ᠬᠦᠮᠦᠵᠢᠯ ᠬᠢᠪᠡ᠃ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠣᠯᠤᠭᠰᠠᠨ ᠤ ᠬᠤᠪᠢ ᠳᠤ᠂ ᠠᠯᠳ᠋ᠬᠠᠭᠤᠯᠠ ᠪᠣᠯ | ᠠᠷᠠᠳ ᠤᠨ ᠴᠠᠭᠳᠠᠭ᠎ᠠ ᠶᠢᠨ ᠬᠤᠷᠢᠶᠠᠩᠭᠤᠶ ᠳᠦᠷᠰᠦ ᠮᠦᠨ᠂ ᠨᠠᠩ ᠴᠤ ᠤᠮᠠᠷᠠᠲᠤ ᠬᠢᠯᠢ ᠶᠢᠨ ᠳᠣᠲᠣᠭᠠᠳᠤ ᠶᠢ | ᠬᠠᠮᠠᠭᠠᠯᠠᠬᠤ ᠡᠮᠦᠨ᠎ᠡ ᠹᠷᠣᠨᠲ ᠤᠨ ᠨᠢᠭᠡᠨ ᠲᠤᠭ ᠲᠡᠮᠳᠡᠭ ᠪᠣᠯᠤᠨ᠎ᠠ᠃ | ᠠᠷᠡᠳ ᠤᠨ ᠲᠦᠯᠦᠭᠡ ᠬᠠᠷᠠᠮ ᠦᠭᠡᠢ ᠤᠷᠤᠭᠰᠢ ᠵᠢᠳᠬᠦᠨ᠎ᠡ | ᠠᠯᠳ᠋ᠬᠠᠭᠤᠯᠠ ᠶᠢᠨ ᠦᠰᠦᠨ ᠪᠤᠶᠢᠵᠢᠭᠰᠠᠨ ᠥᠩᠭᠡᠷᠡᠯᠲᠡ ᠪᠣᠯᠤᠨ ᠲᠡᠭᠦᠨ ᠤ ᠴᠡᠪᠡᠷᠴᠢ ᠪᠣᠷᠣᠭᠵᠢᠭᠤᠨ᠂ ᠡᠷᠡᠰ | ᠬᠠᠲᠠᠭᠤ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠨᠢ ︽ᠠᠷᠠᠳ ᠤᠨ ᠴᠠᠭᠳᠠᠭ᠎ᠠ ᠠᠷᠡᠳ ᠤᠨ ᠲᠥᠯᠥᠭᠡ ᠵᠢᠳᠭᠦᠭᠦ︾ | ᠵᠣᠷᠢᠭ ᠰᠠᠨᠠᠭᠠᠨ ᠤ ᠦᠶᠯᠡᠳᠦᠯᠭᠡ ᠶᠢᠨ ᠬᠠᠮᠤᠭ ᠤᠨ ᠥᠷᠭᠡᠨ ᠳᠡᠯᠭᠡᠷ ᠢᠯᠡᠷᠡᠯ ᠪᠣᠯᠤᠨ᠎ᠠ᠃ | ᠲᠡᠷᠡ᠂ ᠡᠮᠦᠨ᠎ᠡ ᠹᠷᠣᠨᠲ ᠤᠨ ᠨᠠᠮ ᠤᠨ ᠶᠠᠪᠤᠳᠡᠯ ᠤᠨ ᠠᠵᠢᠯᠲᠠᠨ᠂ ᠬᠢᠯᠢ ᠬᠢᠵᠠᠭᠠᠷ ᠤᠨ ᠨᠠᠮ ᠤᠨ ᠭᠡᠰᠢᠭᠦᠨ | ᠪᠣᠯᠤᠭᠰᠠᠨ ᠤ ᠬᠤᠪᠢ ᠳᠤ᠂ ᠨᠠᠮ ᠤᠨ ᠲᠣᠰ ᠪᠡᠶ᠎ᠡ ᠶᠢᠨ ᠪᠠᠶᠢᠭᠤᠯᠤᠯᠲᠠ ᠠᠴᠠ ᠬᠦᠴᠦᠨ ᠴᠢᠳᠠᠯ ᠤᠯᠭᠤᠵᠦ᠂ ᠨᠠᠮ | ᠤᠨ ᠲᠡᠦᠭᠡ ᠶᠢ ᠰᠤᠷᠤᠯᠴᠠᠵᠦ᠂ ᠨᠠᠮ ᠤᠨ ᠦᠭᠡ ᠶᠢ ᠰᠤᠨᠤᠰᠴᠦ᠂ ᠬᠦᠴᠦᠷᠬᠡᠭ ᠶᠡᠭᠡ ᠤᠯᠤᠰ ᠲᠥᠷᠦ ᠶᠢᠨ | ᠣᠨᠣᠯ ᠢᠶᠠᠷ ᠥᠪᠡᠷ ᠢ ᠪᠠᠨ ᠵᠡᠪᠰᠡᠭᠯᠡᠵᠦ᠂ ᠮᠠᠨ ᠤ ᠬᠤᠰᠢᠭᠤᠨ ᠤ ᠬᠢᠯᠢ ᠬᠢᠵᠠᠭᠠᠷ ᠤᠨ ᠪᠣᠳᠠᠲᠤ ᠪᠠᠶᠢᠳᠠᠯ ᠳᠤ | ᠰᠠᠭᠤᠷᠢᠯᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠲᠠᠭᠠᠭᠤᠯᠤᠭᠴᠢ ᠶᠢᠨ | ᠦᠢᠯᠡᠳᠤᠯ ᠢ ᠢᠳᠡᠪᠬᠢᠲᠠᠢ ᠪᠠᠳᠠᠷᠠᠭᠤᠯᠤᠨ᠂ ᠨᠠᠮ ᠤᠨ ᠦᠢᠯᠡᠰ ᠤᠨ ᠲᠥᠯᠥᠭᠡ ᠨᠠᠩ ᠣᠯᠠᠨ ᠬᠦᠴᠢᠷ ᠠᠰᠠᠭᠤᠳᠠᠯ ᠢ | ᠰᠢᠶᠳᠪᠦᠷᠢᠯᠡᠨ ᠥᠭᠴᠦ᠂ ︽ᠬᠤᠤᠰ ᠬᠡᠯᠡᠨ ᠤ ᠦᠶᠯᠡᠴᠢᠯᠡᠭᠡ︾ ︽ᠲᠠᠯ᠎ᠠ ᠨᠤᠲᠤᠭ ᠤᠨ 110︾ ︽ᠬᠤᠯᠪᠤᠭᠠᠯᠠᠵᠦ | ᠬᠠᠪᠰᠤᠷᠤᠨ ᠲᠡᠳᠬᠦᠬᠦ︾ ︽ᠰᠤᠷᠤᠯᠭ᠎ᠠ ᠶᠢ ᠲᠡᠳᠭᠦᠵᠦ ᠬᠠᠷᠠᠭᠠᠯᠵᠠᠯ ᠦᠵᠡᠭᠦᠯᠬᠦ︾ ᠵᠡᠷᠭᠡ ᠣᠯᠠᠨ ᠠᠷᠪᠢᠨ ᠪᠤᠳᠠᠳᠦ | ᠠᠵᠢᠯ ᠬᠢᠵᠦ᠂ ︽ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠪᠠᠨ ᠦᠶᠯᠡᠴᠢᠯᠡᠬᠦ᠂ ᠲᠦᠪ ᠭᠤᠤᠯᠴᠢ ᠪᠠᠷ | ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠴᠢᠩᠳᠠᠯᠠᠬᠤ︾ ᠪᠠᠷ ᠬᠦᠲᠦᠯᠦᠨ ᠵᠢᠯᠤᠭᠤᠳᠤᠭᠤᠯᠵᠦ᠂ ᠤᠯᠤᠰ ᠲᠥᠷᠥ᠂ | ᠲᠤᠬᠠᠶᠢᠯᠠᠭᠰᠠᠨ ᠠᠵᠢᠯ᠂ ᠡᠭᠦᠷᠭᠡ ᠬᠠᠷᠢᠭᠤᠴᠠᠯᠭ᠎ᠠ᠂ ᠰᠠᠬᠢᠯᠭ᠎ᠠ ᠪᠠᠲᠦ᠂ ᠣᠪᠣᠷ ᠰᠤᠷᠲᠠᠯ ᠤᠨ ᠲᠡᠯ᠎ᠡ ᠪᠠᠷ ᠪᠦᠷ | ᠴᠠᠭᠠᠷᠠᠭᠰᠡᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠬᠳᠠᠭ᠎ᠠ ᠪᠤᠯᠤᠨ᠎ᠡ ᠭᠡᠵᠦ | ᠦᠷᠭᠦᠯᠵᠢ ᠬᠡᠯᠡᠲᠡᠭ ᠪᠦᠭᠡᠳ ᠴᠢᠷᠮᠠᠶᠢᠨ ᠬᠢᠵᠦ ᠪᠠᠶᠢᠨ᠎ᠡ᠃ | | | | ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠤᠷᠴᠢᠭᠤᠯᠤᠨ ᠪᠠᠭᠤᠯᠭᠠᠪᠡ | |