| ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 23 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠬᠤ᠋ ᠬᠤᠤ︶ ᠲᠦᠷᠦᠭᠦᠬᠡᠨ ᠬᠤᠷᠠᠯᠳᠤᠭᠤᠯᠤᠭᠰᠠᠨ ᠶᠢᠰᠦᠳᠦᠭᠡᠷ ᠬᠤᠭᠤᠴᠠᠭᠠᠨ ᠤ ᠪᠥᠬᠦ ᠤᠯᠤᠰ ᠤᠨ | ᠪᠣᠯᠪᠠᠰᠤᠷᠠᠭᠤᠯᠤᠯ ᠬᠦᠮᠦᠵᠢᠭᠦᠯᠦᠯ ᠤᠨ ᠬᠥᠭᠵᠢᠯᠲᠡ ᠶᠢᠨ ᠶᠡᠭᠡ ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ | ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠰᠤᠷᠭᠠᠭᠤᠯᠢ ᠶᠢᠨ ᠭᠠᠳᠠᠨᠠᠭᠢ ᠰᠤᠷᠭᠠᠨ ᠬᠥᠮᠦᠵᠢᠯ ᠬᠢᠭᠡᠳ | ᠪᠣᠯᠪᠠᠰᠤᠷᠠᠭᠤᠯᠤᠯ ᠳᠤ ᠬᠢᠨᠠᠯᠲᠠ ᠲᠠᠯᠪᠢᠵᠤ ᠬᠠᠮᠢᠶᠠᠷᠬᠤ ᠭᠠᠵᠠᠷ ᠤᠨ ᠳᠠᠷᠤᠭ᠎ᠠ ᠰᠢᠤᠢ ᠫᠠᠨ ᠬᠡᠯᠡᠬᠦ ᠳᠡᠭᠡᠨ᠂ | ᠰᠤᠷᠭᠠᠭᠤᠯᠢ ᠶᠢᠨ ᠭᠠᠳᠠᠨᠠᠭᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ᠄ | ᠨᠢᠭᠡ ᠳᠤ ᠰᠢᠯᠭᠠᠯᠲᠠ ᠶᠢ ᠠᠷᠭᠠᠴᠠᠬᠤ ᠤᠳᠤᠷᠢᠳᠤᠮᠵᠢ ᠪᠠᠨ ᠡᠷᠡᠰ ᠬᠤᠪᠢᠷᠠᠭᠤᠯᠵᠤ᠂ ︽ᠤᠷᠢᠳᠴᠢᠯᠠᠨ | ᠪᠣᠯᠪᠠᠰᠤᠷᠠᠭᠤᠯᠬᠤ ᠪᠠᠷᠢᠮᠵᠢᠶ᠎ᠠ ᠠᠴᠠ ᠲᠠᠪᠠᠭᠤᠯᠤᠨ ᠪᠤᠯᠪᠠᠰᠤᠷᠠᠭᠤᠯᠬᠤ ᠪᠠ ᠰᠢᠯᠭᠠᠯᠲᠠ ᠶᠢ ᠠᠷᠭᠠᠴᠠᠬᠤ ᠵᠢᠭᠠᠨ | ᠰᠤᠷᠭᠠᠯᠲᠠ ᠶᠢᠨ ᠬᠠᠭᠤᠴᠢᠨ ᠠᠷᠭ᠎ᠠ ᠶᠢ ᠳᠠᠬᠢᠵᠤ ᠠᠪᠬᠤ ᠪᠠᠨ ᠪᠤᠯᠢᠵᠤ᠂ ᠰᠤᠷᠤᠭᠴᠢᠳ ᠤᠨ ᠬᠢᠴᠢᠶᠡᠯ ᠤᠨ | ᠭᠠᠳᠠᠨᠠᠬᠢ ᠳᠠᠷᠤᠭᠠᠰᠤ ᠶᠢ ᠬᠦᠨᠳᠦᠷᠡᠭᠦᠯᠵᠦ ᠪᠤᠯᠬᠤ ᠦᠭᠡᠢ︾᠃ ᠣᠳᠣᠬᠠᠨ ᠳᠤ᠂ ᠰᠤᠷᠭᠠᠭᠤᠯᠢ ᠶᠢᠨ ᠭᠠᠳᠠᠨᠠᠭᠢ | ᠪᠤᠯᠪᠠᠰᠤᠷᠠᠭᠤᠯᠤᠯ ᠨᠢ ᠠᠭᠠᠵᠢᠮ ᠢᠶᠠᠷ ᠴᠢᠩᠭ᠎ᠠ ᠬᠠᠮᠢᠶᠠᠷᠴᠤ ᠵᠢᠷᠤᠮᠵᠢᠭᠤᠯᠤᠨ ᠬᠦᠭᠵᠢᠭᠦᠯᠭᠦ ᠵᠠᠮ ᠲᠡᠶᠢᠰᠢ ᠶᠠᠪᠤᠵᠤ | ᠪᠤᠢ᠃ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠬᠡᠪ ᠴᠢᠨᠠᠷ ᠤᠨ ᠰᠤᠷᠭᠠᠨ ᠬᠥᠮᠦᠵᠢᠯ ᠪᠣᠯᠤᠨ ᠲᠠᠪᠤᠨ | ᠬᠥᠮᠦᠵᠢᠯ ᠢ ᠵᠡᠷᠭᠡ ᠳᠤᠨᠢ ᠴᠢᠬᠤᠯᠠᠴᠢᠯᠠᠬᠤ ᠱᠠᠭᠠᠷᠳᠠᠯᠭ᠎ᠠ ᠶᠢᠨ ᠲᠣᠭᠤᠷᠢᠨ ᠳᠤ᠂ ᠭᠤᠤᠯᠳᠠᠯᠭ᠎ᠠ ᠪᠠᠨ ᠵᠢᠭᠠᠨ | ᠰᠤᠷᠭᠠᠬᠤ ᠠᠷᠭ᠎ᠠ ᠶᠢ ᠰᠢᠯᠢᠳᠡᠭᠵᠢᠭᠦᠯᠬᠦ᠂ ᠥᠪᠡᠷᠮᠢᠴᠡᠵᠢᠭᠦᠯᠦᠭᠰᠡᠨ᠂ ᠣᠯᠠᠨ ᠶᠠᠩᠵᠤᠴᠢᠯᠠᠬᠰᠠᠨ᠂ ᠴᠢᠨᠠᠷ ᠰᠠᠶᠢᠲᠠᠶ | ᠦᠢᠯᠡᠴᠢᠯᠡᠭᠡ ᠬᠠᠩᠭᠠᠬᠤ ᠳᠡᠭᠡᠷ᠎ᠡ ᠲᠠᠯᠪᠢᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠩᠭᠤᠯᠳᠠ | ᠶᠢᠨ ᠴᠢᠨᠠᠷᠲᠠᠢ ᠰᠤᠷᠤᠯᠴᠠᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ | ᠬᠤᠶᠠᠷ ᠲᠤ ᠰᠦᠢᠳᠬᠡᠯ ᠬᠤᠷᠢᠶᠠᠵᠤ ᠰᠦᠢᠳᠬᠡᠯ ᠪᠤᠴᠠᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ | ᠬᠡᠷᠡᠭᠲᠡᠶ᠃ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ | 3 ᠰᠠᠷ᠎ᠠ ᠠᠴᠠ ᠬᠡᠲᠦᠷᠡᠭᠰᠡᠨ ᠵᠠᠷᠤᠳᠠᠯ ᠢ ᠨᠢᠭᠡ ᠤᠳᠠᠭ᠎ᠠ ᠶᠢᠨ ᠴᠢᠨᠠᠷᠲᠠᠶ ᠪᠠᠷ ᠬᠤᠷᠢᠶᠠᠵᠤ ᠪᠣᠯᠬᠤ ᠦᠭᠡᠢ᠃ | ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠠᠵᠤ ᠠᠬᠤᠢ ᠶᠢᠨ ᠠᠰᠢᠭ ᠲᠤᠰᠠ ᠶᠢᠨ ᠲᠠᠳᠠᠯᠳᠠ ᠳᠤ ᠨᠥᠯᠥᠭᠡᠯᠡᠭᠳᠡᠬᠦ | ᠦᠭᠡᠢ ᠪᠠᠶᠢᠵᠤ᠂ ᠦᠨ᠎ᠡ ᠪᠠᠭᠤᠷᠠᠭᠤᠯᠬᠤ᠂ ᠪᠡᠯᠡᠨ ᠵᠣᠭᠤᠰ ᠪᠤᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠭᠡᠷ | ᠤᠨ ᠠᠬᠠᠮᠠᠳ ᠢ ᠦᠲᠦᠭᠡᠨ ᠲᠠᠳᠠᠵᠤ ᠬᠤᠭᠤᠴᠠᠭ᠎ᠠ ᠠᠴᠠ ᠬᠡᠲᠦᠷᠡᠭᠦᠯᠦᠨ ᠰᠦᠢᠳᠬᠡᠯ ᠲᠤᠰᠢᠶᠠᠯᠭᠠᠵᠤ ᠪᠤᠯᠬᠤ ᠦᠭᠡᠢ | ᠪᠥᠭᠡᠳ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠥᠷᠢᠴᠡᠨ᠂ ᠥᠪᠡᠷ ᠤᠨ ᠬᠥᠭᠵᠢᠯᠲᠡ ᠶᠢᠨ ᠪᠠᠶᠢᠳᠠᠯ ᠢᠶᠠᠨ | ᠬᠠᠶᠢᠬᠤᠷᠤᠯ ᠦᠭᠡᠢ ᠪᠠᠷ ᠰᠣᠬᠤᠷ ᠪᠠᠯᠠᠶ ᠪᠠᠷ ᠥᠷᠭᠡᠳᠬᠡᠬᠦ ᠦᠭᠡᠢ ᠪᠠᠶᠢᠬᠤ ᠶᠢ ᠬᠦᠰᠡᠵᠦ ᠪᠠᠶᠢᠨ᠎ᠠ ᠬᠡᠪᠡ᠃ | ᠭᠤᠷᠪᠠ ᠳᠤ ᠰᠤᠷᠭᠠᠭᠤᠯᠢ ᠶᠢᠨ ᠭᠠᠳᠠᠨᠠᠭᠢ ᠪᠣᠯᠪᠠᠰᠤᠷᠠᠭᠤᠯᠤᠯ ᠢ ᠰᠤᠷᠤᠭᠴᠢ ᠡᠯᠰᠡᠬᠦ ᠪᠠ ᠰᠤᠷᠭᠠᠭᠤᠯᠢ ᠳᠤ | ᠣᠷᠣᠬᠤ ᠲᠠᠢ ᠬᠤᠯᠪᠣᠭᠳᠠᠭᠤᠯᠬᠤ ᠶᠢ ᠴᠢᠩᠭ᠎ᠠ ᠴᠠᠭᠠᠵᠠᠯᠠᠨ᠎ᠠ᠂ ︽ᠡᠨᠡ ᠪᠣᠯ ᠨᠢᠭᠡᠨ ᠤᠯᠠᠭᠠᠨ ᠱᠤᠭᠤᠮ ᠮᠥᠨ᠂ ᠪᠠᠰᠠ | ᠴᠤ ᠨᠢᠭᠡᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠮᠥᠨ︾᠃ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ | ᠰᠤᠷᠤᠭᠴᠢ ᠡᠯᠰᠡᠬᠦ ᠪᠠ ᠰᠤᠷᠭᠠᠭᠤᠯᠢ ᠳᠤ ᠣᠷᠣᠬᠤ ᠲᠠᠢ ᠬᠤᠯᠪᠣᠭᠳᠠᠭᠤᠯᠤᠭᠰᠠᠨ ᠡᠯ᠎ᠡ ᠵᠦᠢᠯ ᠤᠨ ᠤᠷᠤᠯᠳᠤᠭᠠᠨ᠂ | ᠵᠤᠰᠠᠭᠠᠯ᠂ ᠰᠤᠳᠤᠯᠤᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠤᠶᠤ ᠲᠤᠮᠳᠠᠳᠤ ᠪᠠᠭ᠎ᠠ ᠰᠤᠷᠭᠠᠭᠤᠯᠢ | ᠲᠠᠢ ᠬᠠᠮᠲᠤᠷᠠᠨ ᠵᠣᠬᠢᠶᠠᠨ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ᠣᠯᠵᠤ ᠮᠡᠳᠡᠮᠡᠭᠴᠡ ᠯᠠᠪᠲᠠᠶ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠬᠤᠯᠪᠣᠭᠳᠠᠯ ᠪᠦᠬᠦᠢ ᠰᠤᠷᠭᠠᠭᠤᠯᠢ ᠪᠣᠯᠤᠨ ᠬᠠᠮᠢᠶ᠎ᠠ ᠪᠦᠬᠦᠢ | ᠬᠥᠮᠦᠰ ᠤᠨ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠨᠡᠭᠡᠮᠵᠢᠯᠡᠨ᠎ᠠ᠃ ᠵᠦᠢ ᠵᠣᠬᠢᠰᠲᠠᠶ ᠪᠠᠷ ᠤᠬᠠᠭᠤᠯᠵᠤ᠂ | ᠪᠣᠯᠪᠠᠰᠤᠷᠠᠭᠤᠯᠤᠯ ᠤᠨ ᠦᠢᠯᠡᠳᠦᠯ ᠢ ᠶᠡᠬᠡᠰᠬᠡᠵᠦ ᠪᠣᠯᠬᠤ ᠦᠭᠡᠢ ᠪᠦᠭᠡᠳ ᠥᠰᠬᠡᠭᠡᠨ ᠲᠥᠰᠬᠡᠭᠡᠨ ᠲᠠᠢ ᠶᠠᠷᠢᠵᠤ | ᠪᠠᠴᠢᠮᠳᠠᠨ ᠵᠤᠪᠠᠨᠢᠬᠤ ᠤᠷᠮᠠᠰ ᠲᠠᠢ ᠪᠤᠯᠭᠠᠵᠤ ᠪᠣᠯᠬᠤ ᠦᠭᠡᠢ᠃ | ᠳᠥᠷᠪᠡ ᠳᠤ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠲᠠᠩᠰᠠᠨ ᠳᠤ | ᠲᠡᠮᠳᠡᠭᠯᠡᠭᠦᠯᠭᠦ ᠠᠵᠢᠯ ᠢ ᠱᠠᠯᠠᠪᠳᠠᠨ ᠰᠠᠶᠢᠲᠤᠷ ᠬᠢᠬᠦ ᠬᠡᠷᠡᠭᠲᠡᠶ᠃ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠲᠠᠩᠰᠠᠨ ᠳᠤ ᠲᠡᠮᠳᠡᠭᠯᠡᠭᠦᠯᠭᠦ ᠠᠵᠢᠯ ᠪᠣᠯ ᠲᠤᠯᠭᠠᠮ᠎ᠠ ᠡᠭᠦᠷᠭᠡ ᠪᠤᠯᠬᠤ ᠶᠤᠮ᠂ ᠰᠦᠯᠵᠢᠶᠡᠨ | ᠳᠡᠭᠡᠷᠡᠬᠢ ᠪᠣᠯᠪᠠᠰᠤᠷᠠᠭᠤᠯᠤᠯ ᠡᠷᠬᠢᠯᠡᠵᠦ ᠪᠠᠶᠢᠭ᠎ᠠ ᠪᠠᠶᠢᠭᠤᠯᠤᠮᠵᠢ ᠨᠤᠭᠤᠳ ᠢᠳᠡᠪᠬᠢᠲᠡᠢ ᠰᠠᠨᠠᠭᠠᠴᠢᠯᠠᠭ᠎ᠠ ᠠᠴᠠ ᠪᠠᠨ | ᠲᠠᠩᠰᠠᠨ ᠳᠤ ᠲᠡᠮᠳᠡᠭᠯᠡᠭᠦᠯᠭᠦ ᠪᠠᠷ ᠭᠤᠶᠤᠴᠢᠯᠠᠯ ᠭᠠᠷᠭᠠᠵᠤ᠂ ᠱᠠᠭᠠᠷᠳᠠᠯᠭ᠎ᠠ ᠶᠣᠰᠣᠭᠠᠷ ᠲᠠᠩᠰᠠᠨ ᠳᠤ ᠲᠡᠮᠳᠡᠭᠯᠡᠭᠦᠯᠭᠦ | ᠮᠠᠲ᠋ᠧᠷᠢᠶᠡᠯ ᠬᠠᠩᠭᠠᠵᠤ᠂ ᠬᠢᠨᠠᠯᠲᠠ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ ᠬᠡᠪᠡ᠃ | | |