ᠮᠠᠨ ᠤ ᠬᠤᠰᠢᠭᠤᠨ ᠤ ᠲᠦᠷᠦᠭᠦᠤ ᠭᠤᠷᠪᠠᠨ ᠤᠯᠠᠷᠢᠯ ᠤᠨ ᠠᠵᠤ ᠦᠶᠯᠡᠳᠪᠦᠷᠢ ᠶᠢᠨ ᠠᠵᠤ ᠠᠬᠤᠶ ᠨᠡᠯᠢᠶᠡᠳ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2019-12-03
     ᠲᠦᠷᠦᠭᠦᠤ ᠭᠤᠷᠪᠠᠨ ᠤᠯᠠᠷᠢᠯ ᠳᠤ᠂ ᠮᠠᠨ ᠤ ᠬᠤᠰᠢᠭᠤᠨ ᠤ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 17.1% ᠪᠠᠷ ᠨᠡᠮᠡᠭᠳᠡᠪᠡ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 19.5%᠂ ᠬᠡᠪᠴᠢᠶᠡᠵᠢᠯ ᠠᠴᠠ ᠳᠣᠷᠣᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 7.5% ᠪᠠᠷ ᠨᠡᠮᠡᠭᠳᠡᠪᠡ᠃ 45 ᠡᠷᠦᠭᠡ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ  ᠶᠢᠨ ᠠᠵᠤ ᠠᠬᠤᠶᠢᠯᠠᠯ ᠨᠢ ᠦᠶᠯᠡᠳᠬᠦᠨ ᠤ ᠶᠡᠷᠦᠩᠬᠡᠶ ᠥᠷᠲᠡᠭ ᠢᠶᠠᠨ ᠨᠡᠶᠢᠲᠡ 59.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 29.9% ᠪᠠᠷ ᠨᠡᠮᠡᠭᠳᠡᠪᠡ᠂ ᠡᠭᠦᠨ ᠳᠤ 29 ᠠᠵᠤ ᠠᠬᠤᠶᠢᠯᠠᠯ  ᠤᠨ ᠦᠶᠯᠡᠳᠬᠦᠨ ᠤ ᠥᠷᠲᠡᠭ ᠤᠨ ᠲᠤᠭ᠎ᠠ ᠪᠠᠷᠢᠮᠲᠠ ᠨᠢ ᠨᠡᠮᠡᠭᠳᠡᠬᠦ ᠬᠠᠨᠳᠤᠰᠢ ᠲᠠᠢ ᠪᠣᠯᠵᠤ᠂ 64.4% ᠶᠢ ᠡᠵᠡᠯᠡᠪᠡ︔ 24 ᠡᠷᠦᠭᠡ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠠᠵᠤ ᠠᠬᠤᠶᠢᠯᠠᠯ ᠨᠢ ᠠᠵᠤ ᠦᠶᠯᠡᠳᠪᠦᠷᠢ ᠶᠢᠨ ᠦᠶᠯᠡᠳᠬᠦᠨ ᠤ ᠥᠷᠲᠡᠭ ᠢᠶᠠᠨ 19.1 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠪᠡ︔ 33 ᠡᠷᠦᠭᠡ ᠨᠡᠶᠢᠲᠡ ᠶᠢᠨ ᠥᠮᠴᠢᠯᠡᠯ ᠤᠨ ᠪᠤᠰᠤ ᠠᠵᠤ ᠦᠶᠯᠡᠳᠪᠦᠷᠢ ᠶᠢᠨ ᠠᠵᠤ ᠠᠬᠤᠶᠢᠯᠠᠯ ᠨᠡᠯᠢᠶᠡᠳ ᠲᠦᠷᠭᠡᠨ ᠬᠥᠭᠵᠢᠵᠦ᠂ ᠦᠶᠯᠡᠳᠬᠦᠨ ᠤ ᠥᠷᠲᠡᠭ ᠨᠢ ᠨᠡᠶᠢᠲᠡ 30 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.9%  ᠪᠠᠷ ᠨᠡᠮᠡᠭᠳᠡᠪᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号