| ᠪᠦᠬᠦ ᠬᠤᠰᠢᠭᠤᠨ ᠤ ᠦᠷᠭᠡᠨ ᠤᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ᠄ | | ᠨᠢᠭᠡ ᠵᠢᠯ ᠳᠤ ᠨᠢᠭᠡ ᠤᠳᠠᠭ᠎ᠠ ᠶᠠᠪᠤᠭᠳᠠᠬᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ | ᠶᠢᠨ ᠲᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠨᠢᠭᠡᠨᠲᠡ ᠡᠬᠢᠯᠡᠪᠡ᠂ ᠲᠠᠨ ᠤᠯᠠᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠪᠠᠲᠤᠯᠠᠬᠤ ᠶᠢᠨ ᠲᠥᠯᠥᠭᠡ᠂ ᠲᠠ ᠨᠠᠷ ᠲᠣᠭᠲᠠᠭᠰᠠᠨ ᠬᠤᠭᠤᠴᠠᠭᠠᠨ | ᠳᠤ ᠳᠠᠭᠠᠳᠬᠠᠯ ᠳᠤ ᠤᠷᠤᠯᠴᠠᠭᠰᠡᠨ ᠰᠦᠢᠳᠭᠡᠯ ᠢᠶᠠᠨ ᠲᠤᠰᠢᠶᠠᠭᠠᠷᠠᠶ᠂ ᠤᠳᠤ ᠬᠤᠯᠪᠣᠭᠳᠠᠯ ᠪᠦᠬᠦᠢ ᠤᠴᠢᠷ ᠢ | ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠳᠠᠭᠠᠳᠬᠠᠯ ᠳᠤ ᠣᠷᠣᠯᠴᠠᠬᠤ ᠡᠲᠡᠭᠡᠳ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ | ᠨᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠣᠰᠣᠲᠠᠶ ᠬᠥᠮᠦᠰ ᠠᠴᠠ ᠪᠤᠰᠤᠳ | ᠪᠤᠢ ᠪᠦᠬᠦᠢ ᠬᠤᠲᠠ ᠬᠥᠳᠡᠭᠡ ᠶᠢᠨ ᠰᠠᠭᠤᠭᠠᠯᠢ ᠠᠷᠠᠳ ᠢ ᠪᠠᠭᠳᠠᠭᠠᠨ᠎ᠡ᠂ ᠡᠭᠦᠨ ᠳᠤ ᠰᠤᠷᠭᠠᠭᠤᠯᠢ ᠳᠤ ᠪᠠᠶᠢᠭ᠎ᠠ | ᠰᠤᠷᠤᠭᠴᠢ᠂ ᠰᠠᠶ᠋ᠢ ᠲᠥᠷᠥᠭᠰᠡᠨ ᠬᠡᠤᠬᠡᠳ᠂ ᠲᠤᠰ ᠭᠠᠵᠠᠷ ᠤᠷᠤᠨ ᠤ ᠡᠷᠦᠬᠡ ᠠᠮᠠ ᠦᠭᠡᠢ ᠥᠪᠡᠷᠲᠡᠭᠡᠨ ᠵᠠᠰᠠᠬᠤ | ᠣᠷᠣᠨ ᠤ ᠡᠷᠦᠬᠡ ᠠᠮᠠ ᠶᠢᠨ ᠲᠠᠩᠰᠡ ᠳᠤ ᠬᠠᠷᠢᠶᠠᠯᠠᠬᠳᠠᠬᠤ ᠬᠥᠮᠦᠨ ᠠᠮᠠ ᠪᠠᠭᠲᠠᠨ᠎ᠠ᠂ ᠲᠠᠭᠠᠳᠬᠠᠯ ᠳᠤ | ᠤᠷᠤᠯᠴᠠᠪᠠᠰᠦ ᠵᠣᠬᠢᠬᠤ ᠬᠦᠮᠦᠨ ᠪᠦᠬᠦᠨ ᠢ ᠪᠠᠳᠤᠯᠡᠨ᠎ᠡ᠃ | ᠬᠤᠶᠠᠷ᠂ ᠰᠦᠶᠳᠬᠡᠯ ᠲᠤᠰᠢᠶᠠᠬᠤ ᠬᠤᠭᠤᠴᠠᠭ᠎ᠠ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠤᠨ ᠬᠤᠪᠢ | ᠬᠥᠮᠦᠨ ᠤ ᠲᠤᠰᠢᠶᠠᠬᠤ ᠬᠡᠰᠡᠭ ᠢ 2019 ᠤᠨ ᠤ 10 ᠰᠠᠷ᠎ᠠ ᠶᠢᠨ 10 ᠤ ᠡᠳᠦᠷ ᠠᠴᠠ 2020 ᠤᠨ ᠤ 2 | ᠰᠠᠷ᠎ᠠ ᠶᠢᠨ 25 ᠤ ᠡᠳᠦᠷ ᠪᠣᠯᠲᠠᠯ᠎ᠠ ᠲᠥᠪᠯᠡᠷᠡᠭᠦᠯᠦᠨ ᠲᠤᠰᠢᠶᠠᠨ᠎ᠡ᠃ | ᠭᠤᠷᠪᠡ᠂ ᠰᠦᠢᠳᠭᠡᠯ ᠲᠤᠰᠢᠶᠠᠬᠤ ᠪᠠᠷᠢᠮᠵᠢᠶ᠎ᠠ | 1. ᠬᠤᠲᠠ ᠪᠠᠯᠭᠠᠰᠤᠨ ᠤ ᠰᠠᠭᠤᠭᠠᠯᠢ ᠠᠷᠠᠳ᠂ ᠮᠠᠯᠴᠢᠨ ᠲᠠᠷᠢᠶᠠᠴᠢᠨ ᠤ ᠬᠤᠪᠢ ᠬᠥᠮᠦᠨ ᠤ ᠲᠤᠰᠢᠶᠠᠬᠤ | ᠰᠦᠢᠳᠬᠡᠯ ᠤᠨ ᠪᠦᠬᠦ ᠬᠤᠲᠠ ᠶᠢᠨ ᠨᠢᠭᠡᠳᠦᠯᠲᠡᠢ ᠪᠠᠷᠢᠮᠵᠢᠶ᠎ᠠ ᠨᠢ 320 ᠲᠥᠭᠦᠷᠢᠭ ᠪᠤᠯᠤᠨ᠎ᠡ᠃ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ ᠪᠣᠯ | ᠳᠠᠭᠠᠳᠬᠠᠯ ᠳᠤ ᠣᠷᠣᠯᠴᠠᠵᠤ ᠪᠣᠯᠤᠨ᠎ᠠ᠃ ᠡᠷᠦᠬᠡ ᠠᠮᠠ ᠶᠢᠨ ᠲᠠᠩᠰᠡ ᠨᠢ ᠪᠤᠭᠤᠲᠤ ᠬᠤᠲᠠ ᠳᠤ ᠪᠠᠭᠳᠠᠬᠤ | ᠰᠠᠭᠤᠭᠠᠯᠢ ᠠᠷᠡᠳ ᠤᠨ ᠰᠦᠶᠳᠬᠡᠯ ᠲᠤᠰᠢᠶᠠᠬᠤ ᠪᠠᠷᠢᠮᠵᠢᠶ᠎ᠡ ᠨᠢ 320 ᠲᠥᠭᠦᠷᠢᠭ᠂ ᠡᠷᠦᠬᠡ ᠠᠮᠠ ᠶᠢᠨ ᠲᠠᠩᠰᠡ | ᠨᠢ ᠪᠤᠭᠤᠲᠤ ᠬᠤᠲᠠ ᠶᠢᠨ ᠭᠠᠳᠠᠨᠠᠬᠢ ︵ᠥᠪᠡᠷᠲᠡᠭᠡᠨ ᠵᠠᠰᠠᠬᠤ ᠣᠷᠣᠨ ᠤ ᠳᠣᠲᠣᠷᠠᠬᠢ︶ ᠰᠠᠭᠤᠭᠠᠯᠢ ᠠᠷᠡᠳ ᠤᠨ | ᠰᠦᠶᠳᠬᠡᠯ ᠲᠤᠰᠢᠶᠠᠬᠤ ᠪᠠᠷᠢᠮᠵᠢᠶ᠎ᠡ ᠨᠢ 340 ᠲᠥᠭᠦᠷᠢᠭ ᠪᠣᠯᠤᠨ᠎ᠠ᠃ | 3. ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠡᠷᠦᠬᠡ ᠠᠮᠠ ᠶᠢᠨ ᠳᠠᠩᠰᠠ ᠲᠠᠢ ᠬᠥᠮᠦᠰ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠵᠤ ᠪᠣᠯᠬᠤ ᠦᠭᠡᠢ᠃ | | 4. ᠰᠠᠶ᠋ᠢ ᠲᠦᠷᠦᠭᠰᠡᠨ ᠬᠡᠤᠬᠡᠳ᠂ ᠰᠤᠷᠤᠭᠴᠢ᠂ ᠰᠤᠷᠬᠤ ᠨᠠᠰᠤᠨ ᠠᠴᠠ ᠡᠮᠦᠨᠡᠬᠢ ᠬᠡᠤᠬᠡᠳ ︵2013 ᠤᠨ | ᠤ 1 ᠰᠠᠷ᠎ᠠ ᠶᠢᠨ 1 ᠤ ᠡᠳᠦᠷ ᠠᠴᠠ ᠰᠡᠭᠦᠯᠡᠷ ᠲᠥᠷᠥᠭᠰᠡᠨ ᠬᠡᠤᠬᠡᠳ︶ ᠤᠨ ᠰᠦᠶᠳᠬᠡᠯ ᠲᠤᠰᠢᠶᠠᠬᠤ ᠪᠠᠷᠢᠮᠵᠢᠶ᠎ᠠ ᠨᠢ | 200 ᠲᠥᠭᠦᠷᠢᠭ ᠪᠣᠯᠤᠨ᠎ᠠ᠃ | ᠲᠦᠷᠪᠡ᠂ ᠱᠠᠭᠠᠷᠳᠠᠬᠳᠠᠬᠤ ᠮᠠᠲ᠋ᠧᠷᠢᠶᠠᠯ | 1. ᠲᠣᠰ ᠬᠥᠮᠦᠨ ᠤ ᠪᠡᠶ᠎ᠡ ᠶᠢᠨ ᠦᠨᠡᠮᠯᠡᠯ ᠪᠤᠶᠤ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠳᠤᠯᠠᠭ᠎ᠠ ᠶᠢᠨ | ᠺᠠᠷᠲ︔ | 2. ᠪᠠᠩᠬᠢ ᠶᠢᠨ ᠺᠠᠷᠲ ︵ᠡᠷᠬᠡᠪᠰᠢ ᠺᠠᠷᠲ ᠪᠠᠷ ᠰᠦᠶᠳᠬᠡᠯ ᠲᠤᠰᠢᠶᠠᠨ᠎ᠡ︶︔ | 3. ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠡᠳ᠋ᠯᠡᠵᠦ ᠪᠠᠶᠢᠭ᠎ᠠ ᠬᠦᠮᠦᠰ᠂ ᠲᠠᠪᠤᠨ ᠪᠠᠲᠤᠯᠠᠭᠠᠲᠤ | ᠡᠷᠦᠬᠡ᠂ ︽ᠭᠤᠷᠪᠠᠨ ᠦᠭᠡᠢ︾ ᠬᠥᠮᠦᠰ᠂ ᠥᠨᠥᠴᠢᠨ ᠬᠡᠤᠬᠡᠳ᠂ ᠪᠡᠯᠴᠢᠭᠡᠷᠯᠡᠭᠦᠯᠬᠦ ᠶᠢ ᠨᠢ ᠵᠤᠬᠰᠤᠭᠠᠬᠰᠡᠨ ᠮᠠᠯᠴᠢᠳ᠂ | ᠤᠯᠤᠰ ᠪᠠᠶᠢᠭᠤᠯᠤᠭᠳᠠᠬᠤ ᠠᠴᠠ ᠡᠮᠦᠨᠡᠬᠢ ᠠᠬᠠᠮᠠᠳ ᠨᠠᠮ ᠤᠨ ᠭᠡᠰᠢᠭᠦᠨ ᠪᠣᠯᠤᠨ ᠪᠤᠰᠤᠳ ᠤᠷᠤᠯᠠᠨ ᠲᠤᠰᠢᠶᠠᠯᠭᠠᠬᠤ | ᠴᠢᠬᠤᠯᠠ ᠲᠠᠢ ᠬᠦᠮᠦᠰ ᠢ ᠬᠤᠰᠢᠭᠤ ᠵᠠᠰᠠᠭ ᠤᠨ ᠣᠷᠳᠣᠨ ᠠᠴᠠ ᠤᠷᠤᠯᠠᠨ ᠲᠤᠰᠢᠶᠠᠨ᠎ᠡ᠃ | ᠲᠡᠪᠤ᠂ ᠰᠦᠶᠳᠬᠡᠯ ᠲᠤᠰᠢᠶᠠᠬᠤ ᠬᠡᠯᠪᠡᠷᠢ | ᠰᠦᠶᠳᠬᠡᠯ ᠲᠤᠰᠢᠶᠠᠬᠴᠢ ᠲᠣᠭᠲᠠᠭᠰᠠᠨ ᠬᠤᠭᠤᠴᠠᠭᠠᠨ ᠳᠣᠲᠣᠷ᠎ᠠ ᠪᠡᠶ᠎ᠡ ᠶᠢᠨ ᠦᠨᠡᠮᠯᠡᠯ ᠪᠠ ᠪᠠᠩᠬᠢ ᠶᠢᠨ | ᠺᠠᠷᠲ ᠪᠠᠨ ᠠᠪᠴᠤ᠂ ᠰᠤᠮᠤ ᠰᠢᠶᠠᠩ ᠪᠠᠯᠭᠠᠰᠤ ᠶᠢᠨ ᠬᠥᠳᠡᠯᠮᠦᠷᠢ ᠬᠦᠴᠦᠨ ᠤ ᠪᠠᠲᠤᠯᠠᠭ᠎ᠠ ᠶᠢᠨ ᠬᠡᠷᠡᠭ ᠡᠷᠬᠢᠯᠡᠬᠦ | ᠭᠠᠵᠠᠷ ᠪᠤᠶᠤ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠶᠡᠭᠡ ᠲᠢᠩᠬᠢᠮ᠂ ᠬᠤᠰᠢᠭᠤᠨ ᠤ ᠬᠤᠲᠠ ᠶᠢᠨ | ᠠᠷᠠᠳ ᠤᠨ ᠶᠡᠭᠡ ᠲᠢᠩᠬᠢᠮ ᠳᠤ ᠬᠦᠷᠴᠦ ᠪᠦᠷᠢᠳᠭᠡᠯᠭᠡᠨ ᠰᠦᠶᠳᠬᠡᠯ ᠲᠤᠰᠢᠶᠠᠵᠤ ᠪᠦᠷ ᠪᠣᠯᠤᠨ᠎ᠠ᠃ ᠨᠠᠰᠤ | ᠠᠬᠢᠭᠰᠡᠳ᠂ ᠶᠠᠪᠤᠵᠦ ᠰᠠᠭᠤᠬᠤ ᠳᠤ ᠳᠥᠭᠦᠮ ᠦᠭᠡᠢ ᠬᠥᠮᠦᠰ ᠪᠤᠰᠤᠳ ᠬᠦᠮᠦᠨ ᠢ ᠨᠠᠶᠢᠳᠠᠵᠤ ᠬᠦᠴᠦᠨ ᠪᠦᠬᠦᠢ | ᠦᠨᠡᠮᠯᠡᠯ ᠢᠶᠠᠨ ᠠᠪᠴᠤ ᠲᠤᠰᠢᠶᠠᠯᠭᠠᠵᠦ ᠪᠤᠯᠤᠨ᠎ᠡ᠃ | ᠵᠢᠷᠭᠤᠭ᠎ᠠ᠂ ᠡᠮᠴᠢᠯᠡᠭᠡᠨ ᠤ ᠬᠠᠷᠠᠭᠠᠯᠵᠠᠯ ᠢ ᠳᠡᠭᠡᠭᠰᠢᠯᠡᠭᠦᠯᠬᠦ ᠲᠠᠯ᠎ᠠ ᠪᠠᠷ | ︵ᠨᠢᠭᠡ︶ ᠡᠩ ᠤᠨ ᠡᠭᠦᠳᠡᠨ ᠡᠮᠨᠡᠯᠭᠡ | ᠰᠤᠮᠤ ᠰᠢᠶᠠᠩ ᠪᠠᠯᠭᠠᠰᠤ ᠳᠤ ᠰᠦᠶᠳᠬᠡᠯ ᠲᠤᠰᠢᠶᠠᠭᠰᠠᠨ ᠮᠠᠯᠴᠢᠨ ᠲᠠᠷᠢᠶᠠᠴᠢᠨ ᠤ ᠡᠷᠦᠬᠡ ᠠᠮᠠ ᠲᠠᠢ | ᠬᠦᠮᠦᠨ ᠪᠦᠬᠦᠨ 150 ᠲᠥᠭᠦᠷᠢᠭ ᠤᠨ ᠡᠭᠦᠳᠡᠨ ᠡᠮᠨᠡᠯᠭᠡ ᠶᠢᠨ ᠨᠥᠬᠦᠪᠥᠷᠢ ᠬᠦᠷᠲᠡᠵᠦ ᠪᠣᠯᠤᠨ᠎ᠠ᠃ | ︵ᠬᠤᠶᠠᠷ︶ ᠡᠮᠨᠡᠯᠭᠡ ᠳᠤ ᠰᠠᠭᠤᠭᠰᠠᠨ ᠵᠠᠷᠤᠳᠠᠯ ᠢ ᠳᠠᠩᠰᠠᠨ ᠠᠴᠠ ᠲᠠᠶᠢᠯᠬᠤ | 1. ᠡᠮᠨᠡᠯᠭᠡ ᠳᠤ ᠰᠠᠭᠤᠵᠤ ᠳᠠᠩᠰᠠ ᠲᠠᠶᠢᠯᠬᠤ ᠰᠢᠨ᠎ᠡ ᠲᠥᠷᠥ ᠶᠢᠨ ᠪᠣᠳᠣᠯᠭ᠎ᠠ | ᠬᠤᠲᠠ ᠪᠠᠯᠭᠠᠰᠤ ᠶᠢᠨ ᠰᠠᠭᠤᠭᠠᠯᠢ ᠠᠷᠠᠳ᠂ ᠮᠠᠯᠴᠢᠨ ᠲᠠᠷᠢᠶᠠᠴᠢᠳ ᠤᠷᠲᠤ ᠬᠤᠭᠤᠴᠠᠭ᠎ᠠ ᠪᠠᠷ ᠣᠨᠳᠣᠤ | ᠭᠠᠵᠠᠷ ᠲᠤ ᠣᠷᠣᠰᠢᠨ ᠰᠠᠭᠤᠪᠠᠯ᠂ ᠰᠠᠭᠤᠭ᠎ᠠ ᠭᠠᠵᠠᠷ ᠲᠠᠭᠠᠨ ᠡᠮᠴᠢᠯᠡᠭᠡᠨ ᠤ ᠰᠢᠭᠤᠳ ᠲᠠᠩᠰᠡ ᠲᠠᠶᠢᠯᠬᠤ | ᠬᠠᠷᠠᠭᠠᠯᠵᠠᠯ ᠢ ᠬᠦᠷᠲᠡᠵᠦ ᠪᠣᠯᠤᠨ᠎ᠠ᠃ ᠠᠰᠠᠭᠤᠨ ᠯᠠᠪᠯᠠᠬᠤ ᠤᠲᠠᠰᠤ 0472 — 8427887 | ᠬᠤᠲᠠ ᠪᠠᠯᠭᠠᠰᠤᠨ ᠤ ᠰᠠᠭᠤᠭᠠᠯᠢ ᠠᠷᠠᠳ᠂ ᠮᠠᠯᠴᠢᠨ ᠲᠠᠷᠢᠶᠠᠴᠢᠳ ᠤᠨ ᠣᠷᠣᠨ ᠤ ᠳᠣᠲᠣᠷᠠᠬᠢ ᠬᠤᠲᠠ ᠶᠢᠨ | ᠭᠠᠳᠠᠨᠠᠬᠢ ᠡᠮᠨᠡᠯᠭᠡ ᠳᠤ ᠰᠠᠭᠤᠵᠤ ᠪᠠᠶᠢᠭ᠎ᠠ ᠡᠪᠡᠳᠴᠢᠲᠡᠨ ᠪᠤᠶᠤ ᠭᠡᠷ ᠪᠦᠯᠢ ᠶᠢᠨ ᠬᠢᠨ 0472 — | 8427887 ᠳᠤ ᠤᠲᠠᠰᠤᠳᠠᠵᠤ ᠣᠨᠳᠣᠤ ᠭᠠᠵᠠᠷ ᠲᠤ ᠲᠠᠰᠤᠯᠤᠨ ᠪᠤᠳᠤᠬᠤ ᠭᠠᠷ ᠭᠦᠶᠴᠡᠳᠬᠡᠯ ᠬᠢᠪᠡᠯ | ᠡᠮᠨᠡᠯᠭᠡ ᠠᠴᠠ ᠭᠠᠷᠬᠤ ᠲᠠᠷᠤᠢ ᠳᠤᠨᠢ ᠳᠠᠩᠰᠠ ᠪᠠᠨ ᠲᠠᠶᠢᠯᠵᠦ ᠪᠣᠯᠤᠨ᠎ᠠ᠃ | ᠣᠷᠣᠨ ᠤ ᠭᠠᠳᠠᠨ᠎ᠠ ᠡᠮᠨᠡᠯᠭᠡ ᠳᠤ ᠰᠠᠭᠤᠭᠰᠠᠨ ᠡᠪᠡᠳᠴᠢᠲᠡᠨ ᠪᠡᠭᠡᠵᠢᠩ᠂ ᠲᠢᠶᠠᠨᠵᠢᠨ᠂ ᠱᠠᠩᠬᠠᠶ᠂ ᠰᠢ ᠠᠨ | ᠵᠡᠷᠭᠡ ᠳᠥᠷᠪᠡᠨ ᠬᠤᠲᠠ ᠶᠢᠨ ᠳᠣᠲᠣᠷᠠᠬᠢ ᠲᠣᠭᠲᠠᠭᠰᠠᠨ ᠭᠤᠷᠪᠠᠳᠤᠭᠠᠷ ᠲᠡᠰ ᠤᠨ ᠡᠮᠴᠢᠯᠡᠭᠡᠨ ᠤ ᠪᠠᠶᠢᠭᠤᠯᠤᠮᠵᠢ | ᠪᠤᠶᠤ ᠲᠤᠰᠬᠠᠶ ᠮᠡᠷᠭᠡᠵᠢᠯ ᠤᠨ ᠭᠤᠷᠪᠠᠳᠤᠭᠠᠷ ᠲᠡᠰ ᠤᠨ ᠡᠮᠴᠢᠯᠡᠭᠡᠨ ᠤ ᠪᠠᠶᠢᠭᠤᠯᠤᠮᠵᠢ ᠳᠤ ᠲᠦᠷ ᠭᠦᠶᠴᠡᠳᠬᠡᠵᠦ | ᠪᠣᠯᠤᠨ᠎ᠠ᠂ ᠭᠡᠬᠦ ᠳᠡᠭᠡᠨ ᠡᠷᠬᠡᠪᠰᠢ ᠪᠤᠭᠤᠲᠤ ᠬᠤᠲᠠ ᠶᠢᠨ ᠭᠤᠷᠪᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ | ᠪᠠᠶᠢᠭᠤᠯᠤᠮᠵᠢ ᠳᠤ ᠳᠠᠩᠰᠠᠯᠠᠭᠤᠯᠬᠤ ᠬᠡᠷᠡᠭᠲᠡᠶ ︵ᠡᠮᠨᠡᠯᠭᠡ ᠰᠢᠯᠵᠢᠭᠦᠯᠬᠦ ᠭᠠᠷᠳᠠᠮ ᠢ ᠭᠦᠶᠴᠡᠳᠬᠡᠬᠦ ᠬᠡᠷᠡᠭᠲᠡᠶ︶᠃ | ︵ᠭᠤᠷᠪᠡ︶ ᠬᠡᠨᠡᠳᠲᠡ ᠶᠢᠨ ᠭᠡᠮᠲᠦᠯ ᠤᠨ ᠲᠤᠬᠠᠢ ᠲᠥᠷᠥ ᠶᠢᠨ ᠪᠣᠳᠣᠯᠭ᠎ᠠ | ᠡᠮ ᠡᠮᠨᠡᠯᠭᠡ ᠶᠢᠨ ᠳᠠᠭᠠᠳᠬᠠᠯ ᠲᠤᠰᠢᠶᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠭᠤᠷᠪᠠᠳᠠᠬᠢ | ᠡᠲᠡᠭᠡᠳ ᠤᠨ ᠬᠠᠷᠢᠭᠤᠴᠠᠯᠭ᠎ᠠ ᠥᠬᠡᠶ ᠬᠡᠨᠡᠳᠲᠡ ᠶᠢᠨ ᠭᠡᠮᠲᠦᠯ ᠭᠠᠷᠴᠤ ᠣᠨᠳᠣᠤ ᠭᠠᠵᠠᠷ ᠲᠤ ᠡᠮᠨᠡᠯᠭᠡ ᠳᠤ | ᠰᠠᠭᠤᠵᠤ ᠡᠮᠨᠡᠭᠦᠯᠵᠦ᠂ ᠡᠮᠨᠡᠯᠭᠡ ᠳᠤ ᠰᠠᠭᠤᠭᠰᠠᠨ 7 ᠠᠵᠢᠯᠯᠠᠬᠤ ᠡᠳᠦᠷ ᠤᠨ ᠳᠣᠲᠣᠷ᠎ᠠ 0472 — | 6169515 ᠪᠣᠯᠤᠨ 0472 — 8427887 ᠳᠤ ᠤᠲᠠᠰᠤᠳᠠᠵᠤ ᠪᠦᠷᠢᠳᠬᠡᠨ ᠲᠠᠩᠰᠠᠯᠠᠭᠤᠯᠤᠨᠡ᠂ | ᠳᠠᠭᠠᠳᠬᠠᠯ ᠤᠨ ᠺᠣᠮᠫᠠᠨᠢ ᠪᠠᠷ ᠬᠠᠷᠭᠤᠭᠤᠯᠤᠨ ᠪᠠᠶᠢᠴᠠᠭᠠᠯᠭᠠᠭᠰᠡᠨ ᠬᠥᠮᠦᠰ ᠤᠨ ᠬᠠᠷᠠᠭᠠᠯᠵᠠᠯ ᠤᠯᠭᠤᠮᠵᠢ ᠶᠢᠨ | ᠪᠠᠷᠢᠮᠵᠢᠶ᠎ᠠ ᠶᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ | ᠬᠡᠷᠡᠭᠵᠢᠭᠦᠯᠦᠨ᠎ᠡ᠃ ᠤᠳᠠᠰᠦ ᠠᠪᠴᠦ ᠳᠠᠩᠰᠠᠯᠠᠭᠤᠯᠤᠭᠰᠠᠨ ᠦᠭᠡᠢ ᠬᠥᠮᠦᠰ ᠤᠳᠠᠰᠦᠳᠠᠵᠦ ᠳᠠᠩᠰᠠᠯᠠᠭᠤᠯᠬᠤ ᠭᠠᠷᠳᠠᠮ | ᠢ ᠨᠦᠬᠦᠨ ᠬᠦᠢᠴᠡᠳᠭᠡᠵᠦ᠂ ᠳᠠᠭᠠᠳᠬᠠᠯ ᠤᠨ ᠺᠣᠮᠫᠠᠨᠢ ᠪᠠᠷ ᠬᠢᠨᠠᠨ ᠪᠠᠶᠢᠴᠠᠭᠠᠯᠭᠠᠭᠰᠠᠨ ᠤ ᠳᠠᠷᠠᠭ᠎ᠠ᠂ ᠲᠡᠭᠦᠨ ᠤ | ᠬᠠᠷᠠᠭᠠᠯᠵᠡᠯ ᠣᠯᠭᠤᠮᠵᠢ ᠶᠢᠨ ᠪᠠᠷᠢᠮᠵᠢᠶ᠎ᠠ ᠶᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢᠨ ᠶᠣᠰᠣᠭᠠᠷ 20% ᠪᠠᠷ ᠳᠠᠩᠰᠠᠨ ᠠᠴᠠ ᠲᠠᠶᠢᠯᠦᠨ᠎ᠡ᠃ | ︵ᠲᠦᠷᠪᠡ︶ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ | ᠬᠤᠲᠡ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠣᠳᠠᠭᠠᠨ ᠴᠢᠨᠠᠷᠲᠠᠢ ᠡᠪᠡᠳᠴᠢᠨ ᠢ | ᠭᠤᠷᠪᠠᠨ ᠶᠡᠭᠡ ᠲᠦᠷᠦᠯ 26 ᠵᠦᠢᠯ ᠬᠤᠪᠢᠶᠡᠨᠡ᠃ ᠦᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠬᠤᠶᠠᠷ | ᠵᠦᠶᠯ ᠤᠨ A ᠲᠥᠷᠥᠯ ᠤᠨ ᠡᠪᠡᠳᠴᠢᠨ ᠨᠡᠮᠡᠭᠳᠡᠪᠡ᠄ ᠠᠭᠤᠰᠬᠢᠨ ᠤ ᠯᠤᠭᠰᠢᠭᠤᠨ ᠰᠤᠳᠠᠯ ᠤᠨ ᠥᠨᠳᠥᠷ ᠳᠠᠷᠤᠯᠲᠠ᠂ | ᠴᠢᠰᠤ ᠭᠤᠭᠤᠵᠢᠮᠠᠲᠠᠭᠠᠢ ᠡᠪᠡᠳᠴᠢᠨ᠃ | | | | | | | | | | ᠲᠠᠷᠬᠠᠨ ᠮᠤᠤᠮᠢᠩᠭᠠᠨ ᠬᠤᠰᠢᠭᠤᠨ ᠤ ᠡᠮ ᠡᠮᠨᠡᠯᠭᠡ ᠶᠢᠨ ᠲᠠᠭᠠᠳᠬᠠᠯ ᠤᠨ ᠲᠤᠪᠴᠢᠶ᠎ᠡ |