| ᠰᠤᠷᠭᠠᠨ ᠬᠦᠮᠦᠵᠢᠯ ᠤᠨ ᠶᠠᠮᠤᠨ ᠠᠴᠠ ᠮᠡᠳᠡᠭᠳᠡᠯ ᠪᠠᠭᠤᠯᠭᠠᠵᠤ᠂ 2019 ᠤᠨ ᠳᠤ ᠰᠤᠷᠭᠠᠨ ᠬᠦᠮᠦᠵᠢᠯ ᠤᠨ | ᠶᠠᠮᠤᠨ ᠤ ᠰᠢᠭᠤᠳ ᠬᠠᠷᠢᠶ᠎ᠡ ᠪᠠᠭᠰᠢ ᠶᠢᠨ ᠶᠡᠭᠡ ᠰᠤᠷᠭᠠᠭᠤᠯᠢ ᠠᠴᠠ ᠳᠡᠬᠦᠰᠬᠦ ᠠᠯᠪᠠᠨ ᠵᠠᠷᠤᠳᠠᠯ ᠢᠶᠠᠷ | ᠰᠤᠷᠤᠯᠴᠠᠭᠰᠠᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠤᠭᠴᠢ ᠶᠢ ᠪᠦᠬᠦᠨ ᠢ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠠᠯᠪᠠᠨ ᠳᠤ ᠲᠤᠬᠢᠷᠠᠭᠤᠯᠬᠤ ᠬᠡᠷᠡᠭᠲᠠᠢ ᠭᠡᠵᠦ ᠡᠯ᠎ᠡ ᠭᠠᠵᠠᠷ ᠤᠨ ᠬᠢᠨ ᠢ | ᠱᠠᠭᠠᠷᠳᠠᠭᠰᠡᠨ ᠪᠠᠶᠢᠨ᠎ᠡ᠃ | ︽ᠮᠡᠳᠡᠭᠳᠡᠯ︾ ᠳᠤ᠂ ᠡᠯ᠎ᠡ ᠮᠤᠵᠢ ᠶᠢᠨ ᠳᠡᠰ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠤᠨ ᠬᠢᠨ ᠤᠷᠢᠳᠠᠪᠡᠷ ᠬᠤᠭᠤᠰᠤᠨ ᠤᠷᠤᠨ ᠲᠤᠭ᠎ᠠ ᠶᠢ ᠠᠰᠢᠬᠯᠠᠵᠤ᠂ ᠤᠶᠤᠳᠠᠨ ᠢ ᠬᠦᠯᠢᠶᠡᠨ ᠠᠪᠬᠤ ᠵᠡᠷᠭᠡ | ᠠᠷᠭ᠎ᠠ ᠪᠠᠷᠢᠯ ᠢᠶᠠᠷ᠂ ᠠᠵᠢᠯ ᠤᠯᠭᠤᠬᠤ ᠨᠦᠬᠦᠴᠡᠯ ᠳᠤ ᠨᠡᠶᠢᠴᠡᠬᠦ ᠠᠯᠪᠠᠨ ᠵᠠᠷᠤᠲᠡᠯ ᠢᠶᠠᠷ ᠰᠤᠷᠤᠯᠴᠠᠭᠰᠡᠨ ᠪᠠᠭᠰᠢ | ᠶᠢᠨ ᠶᠡᠭᠡ ᠰᠤᠷᠭᠠᠭᠤᠯᠢ ᠶᠢᠨ ᠤᠶᠤᠳᠠᠨ ᠢ ᠪᠦᠬᠦᠨ ᠢ ᠪᠠᠭᠰᠢᠯᠠᠬᠤ ᠰᠤᠷᠭᠠᠭᠤᠯᠢ ᠳᠤ ᠨᠠᠶᠢᠳᠠᠪᠤᠷᠢᠵᠢᠭᠤᠯᠤᠨ᠂ ᠤᠷᠤᠨ | ᠲᠤᠭ᠎ᠠ ᠤᠷᠤᠨ ᠪᠠᠶᠢᠷᠢ ᠤᠯᠭᠤᠵᠤ᠂ ︽ᠤᠷᠤᠨ ᠲᠤᠭ᠎ᠠ ᠪᠠᠶᠢᠭᠠᠳ ᠨᠦᠬᠦᠪᠦᠷᠢᠯᠡᠬᠦ ᠦᠬᠡᠢ︾ ᠪᠠᠶᠢᠳᠠᠯ ᠢ ᠡᠷᠡᠰ | ᠴᠠᠭᠠᠵᠠᠯᠠᠨ᠎ᠡ ᠬᠡᠵᠡᠢ᠃ | ︽ᠮᠡᠳᠡᠭᠳᠡᠯ︾ ᠳᠤ ᠪᠠᠰᠠ᠂ 2019 ᠤᠨ ᠤ 5 ᠰᠡᠷ᠎ᠡ ᠠᠴᠠ ᠡᠮᠦᠨ᠎ᠡ᠂ ᠬᠤᠶᠠᠷ ᠲᠡᠯ᠎ᠡ ᠪᠠᠷ ᠢᠶᠠᠨ | ᠰᠤᠩᠭᠤᠯᠲᠡ ᠬᠢᠬᠦ ᠠᠷᠭ᠎ᠠ ᠪᠠᠷᠢᠯ ᠢᠶᠠᠷ ᠲᠠᠮᠵᠢᠨ 90% ᠶᠢᠨ ᠠᠯᠪᠠᠨ ᠵᠠᠷᠤᠲᠡᠯ ᠢᠶᠠᠷ ᠰᠤᠷᠤᠯᠴᠠᠭᠰᠡᠨ ᠪᠠᠭᠰᠢ ᠶᠢᠨ | ᠶᠡᠭᠡ ᠰᠤᠷᠭᠠᠭᠤᠯᠢ ᠶᠢᠨ ᠰᠤᠷᠤᠭᠴᠢ ᠶᠢ ᠪᠠᠭᠰᠢᠯᠠᠬᠤ ᠰᠤᠷᠭᠠᠭᠤᠯᠢ ᠳᠤ ᠨᠠᠶᠢᠳᠠᠪᠦᠷᠢᠵᠢᠭᠤᠯᠬᠤ ᠬᠡᠷᠡᠭᠲᠠᠢ ᠬᠡᠪᠡ᠃ | 2019 ᠤᠨ ᠤ 6 ᠰᠡᠷ᠎ᠡ ᠶᠢᠨ ᠰᠡᠬᠦᠯᠴᠢ ᠪᠤᠯᠳᠠᠯ᠎ᠡ᠂ ᠪᠠᠰᠠ ᠬᠡᠷ᠎ᠡ ᠲᠤᠭᠳᠠᠭ᠎ᠠ ᠦᠬᠡᠢ ᠠᠯᠪᠠᠨ ᠵᠠᠷᠤᠳᠠᠯ ᠢᠶᠠᠷ | ᠰᠤᠷᠤᠯᠴᠠᠭᠰᠠᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠤᠭᠴᠢ ᠶᠢᠨ ᠳᠠᠩᠰᠠ ᠡᠪᠬᠡᠮᠡᠯ᠂ ᠡᠷᠦᠬᠡ ᠠᠮᠠ ᠵᠡᠷᠬᠡ ᠶᠢ | ᠰᠤᠷᠤᠭᠴᠢ ᠶᠢᠨ ᠢᠷᠡᠯᠳᠡ ᠶᠢᠨ ᠤᠷᠤᠨ ᠤ ᠮᠤᠵᠢ ᠶᠢᠨ ᠳᠡᠰ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠲᠤ ᠰᠢᠯᠵᠢᠭᠦᠯᠦᠨ᠎ᠡ᠃ ᠡᠯ᠎ᠡ ᠮᠤᠵᠢ ᠶᠢᠨ ᠳᠡᠰ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠬᠠᠮᠢᠶ᠎ᠡ ᠪᠦᠬᠦᠢ ᠪᠠᠶᠢᠭᠤᠯᠭ᠎ᠠ ᠨᠢᠬᠡᠴᠢ ᠲᠠᠢ ᠬᠠᠮᠳᠤᠷᠠᠨ ᠪᠠᠭᠰᠢ ᠶᠢᠨ ᠡᠬᠢ ᠪᠠᠶᠠᠯᠢᠭ ᠳᠤᠳᠠᠭᠳᠠᠵᠤ | ᠪᠠᠶᠢᠭ᠎ᠠ ᠭᠠᠵᠠᠷ ᠤᠷᠤᠨ ᠤ ᠳᠤᠮᠳᠠᠳᠤ ᠪᠠᠭ᠎ᠠ ᠰᠤᠷᠭᠠᠭᠤᠯᠢ ᠳᠤ ᠳᠤᠰ ᠤᠶᠤᠳᠠᠨ ᠤ ᠠᠵᠢᠯ ᠢ ᠲᠤᠬᠢᠷᠠᠭᠤᠯᠤᠨ᠎ᠡ᠃ | ᠠᠯᠪᠠᠨ ᠵᠠᠷᠤᠳᠠᠯ ᠢᠶᠠᠷ ᠰᠤᠷᠤᠯᠴᠠᠭᠰᠠᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠤᠭᠴᠢ ᠶᠢ ᠰᠤᠷᠭᠠᠭᠤᠯᠢ | ᠳᠡᠬᠦᠰᠬᠦ ᠠᠴᠠ ᠨᠢ ᠡᠮᠦᠨ᠎ᠡ ᠪᠠᠭᠰᠢᠯᠠᠬᠤ ᠰᠤᠷᠭᠠᠭᠤᠯᠢ ᠶᠢ ᠨᠢ ᠡᠷᠭᠡᠪᠰᠢ ᠨᠠᠶᠢᠳᠠᠪᠦᠷᠢᠵᠢᠭᠤᠯᠬᠤ ᠬᠡᠷᠡᠭᠲᠠᠢ ᠬᠡᠵᠡᠢ᠃ | ᠡᠬᠦᠨ ᠳᠤ᠂ ᠤᠨᠴᠠᠭᠠᠢ ᠰᠢᠯᠳᠠᠭᠠᠨ ᠦᠬᠡᠢ ᠪᠤᠯ ᠠᠯᠪᠠᠨ ᠵᠠᠷᠤᠳᠠᠯ ᠢᠶᠠᠷ ᠰᠤᠷᠤᠯᠴᠠᠭᠰᠠᠨ ᠪᠠᠭᠰᠢ ᠶᠢᠨ ᠶᠡᠭᠡ | ᠰᠤᠷᠭᠠᠭᠤᠯᠢ ᠶᠢᠨ ᠰᠤᠷᠤᠭᠴᠢ ᠰᠤᠷᠭᠠᠭᠤᠯᠢ ᠲᠡᠭᠦᠰᠭᠦ ᠠᠴᠠ ᠪᠠᠨ ᠡᠮᠦᠨ᠎ᠡ ᠬᠡᠷ᠎ᠡ ᠪᠠᠨ ᠬᠦᠴᠦᠨ ᠦᠬᠡᠢ ᠪᠤᠯᠭᠠᠵᠤ | ᠪᠤᠯᠬᠤ ᠦᠭᠡᠢ ᠭᠡᠵᠦ ᠴᠢᠩᠭ᠎ᠠ ᠱᠠᠭᠠᠷᠳᠠᠪᠡ᠃ | 2018 ᠤᠨ ᠤ 8 ᠰᠡᠷ᠎ᠡ ᠳᠤ᠂ ︽ᠰᠤᠷᠭᠠᠨ ᠬᠦᠮᠦᠵᠢᠯ ᠤᠨ ᠶᠠᠮᠤᠨ ᠤ ᠰᠢᠭᠤᠳ ᠬᠠᠷᠢᠶ᠎ᠡ ᠪᠠᠭᠰᠢ ᠶᠢᠨ | ᠶᠡᠭᠡ ᠰᠤᠷᠭᠠᠭᠤᠯᠢ ᠶᠢᠨ ᠠᠯᠪᠠᠨ ᠵᠠᠷᠤᠳᠠᠯ ᠢᠶᠠᠷ ᠰᠤᠷᠤᠯᠴᠠᠭᠰᠠᠨ ᠰᠤᠷᠤᠭᠴᠢᠳ ᠤᠨ ᠰᠤᠷᠭᠠᠨ ᠬᠦᠮᠦᠵᠢᠯ ᠢ | ᠬᠡᠷᠡᠭᠵᠢᠬᠦᠯᠬᠦ ᠠᠷᠭ᠎ᠠ︾ ᠶᠢ ᠳᠠᠷᠤᠮᠠᠯᠯᠠᠨ ᠳᠠᠷᠬᠠᠭᠠᠵᠠᠢ᠃ ᠡᠨᠡ ᠨᠢ ᠮᠠᠨ ᠤ ᠤᠯᠤᠰ ᠤᠨ ᠪᠠᠭᠰᠢ ᠶᠢᠨ ᠶᠡᠭᠡ | ᠰᠤᠷᠭᠠᠭᠤᠯᠢ ᠶᠢᠨ ᠰᠤᠷᠤᠭᠴᠢᠳ ᠤᠨ ︽ᠵᠠᠷᠤᠳᠠᠯ ᠬᠤᠷᠢᠶᠠᠬᠤ ᠦᠬᠡᠢ ᠰᠤᠷᠭᠠᠨ ᠬᠦᠮᠦᠵᠢᠯ︾ ᠨᠢ ᠰᠢᠨ᠎ᠡ ᠴᠠᠭ | ᠦᠶ᠎ᠡ ᠶᠢᠨ ︽ᠠᠯᠪᠠᠨ ᠵᠠᠷᠤᠳᠠᠯ ᠢᠶᠠᠷ ᠰᠤᠷᠤᠯᠴᠠᠬᠤ ᠰᠤᠷᠭᠠᠨ ᠬᠦᠮᠦᠵᠢᠯ︾ ᠪᠤᠯᠵᠤ ᠲᠤᠬᠢᠷᠠᠭᠤᠯᠤᠭᠳᠠᠭᠰᠡᠨ ᠢ | ᠬᠠᠷᠠᠭᠤᠯᠵᠤ ᠪᠠᠶᠢᠭ᠎ᠠ ᠶᠤᠮ᠃ | ᠭᠡᠷ᠎ᠡ ᠬᠦᠢᠴᠡᠳᠬᠡᠬᠦ ᠪᠠᠭᠰᠢ ᠶᠢᠨ ᠠᠵᠢᠯ ᠤᠨ ᠦᠢᠯᠡᠴᠢᠯᠡᠭᠡᠨ ᠤ ᠵᠢᠯ ᠤᠨ ᠬᠤᠭᠤᠴᠠᠭ᠎ᠠ ᠶᠢ ᠤᠤᠯ ᠤᠨ 10 | ᠵᠢᠯ ᠠᠴᠠ 6 ᠵᠢᠯ ᠪᠤᠯᠭᠠᠵᠦ ᠲᠤᠬᠢᠷᠠᠭᠤᠯᠪᠡ᠃ ᠬᠠᠮᠢᠶ᠎ᠡ ᠪᠦᠬᠦᠢ ᠬᠦᠮᠦᠰ ᠤᠨ ᠲᠠᠨᠢᠯᠴᠠᠭᠤᠯᠤᠭᠰᠡᠨ ᠢᠶᠠᠷ᠂ 6 ᠵᠢᠯ | ᠪᠠᠭᠰᠢᠯᠠᠪᠠᠯ ᠪᠠᠭ᠎ᠠ ᠰᠤᠷᠭᠠᠭᠤᠯᠢ ᠶᠢᠨ 6 ᠵᠢᠯ᠂ ᠠᠩᠬ᠎ᠠ ᠳᠤᠮᠳᠠᠳᠤ ᠪᠤᠶᠦ ᠦᠨᠳᠦᠷ ᠲᠤᠮᠳᠠᠲᠦ ᠶᠢᠨ 3 ᠵᠢᠯ ᠤᠨ | ᠵᠢᠭᠠᠨ ᠰᠤᠷᠭᠠᠯᠲᠡ ᠶᠢᠨ ᠪᠦᠷᠢᠨ ᠪᠦᠳᠦᠨ ᠬᠤᠭᠤᠴᠠᠭ᠎ᠠ ᠶᠢ ᠳᠠᠭᠤᠰᠬᠠᠵᠤ ᠳᠡᠶᠢᠯᠬᠦ ᠪᠦᠬᠡᠳ ᠠᠯᠪᠠᠨ ᠵᠠᠷᠤᠳᠠᠯ ᠢᠶᠠᠷ | ᠰᠤᠷᠤᠯᠴᠠᠭᠰᠠᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠤᠭᠴᠢᠳ ᠲᠤ ᠨᠡᠩ ᠶᠡᠭᠡ ᠬᠦᠭᠵᠢᠯᠳᠡ ᠶᠢᠨ ᠤᠷᠤᠨ ᠵᠠᠢ | ᠬᠠᠩᠭᠠᠵᠤ ᠴᠢᠳᠠᠨ᠎ᠡ᠃ ᠡᠭᠦᠨ ᠤ ᠵᠡᠷᠬᠡᠪᠡᠷ᠂ ︽ᠠᠷᠭ᠎ᠠ︾ ᠳᠤ ᠬᠤᠲᠡ ᠶᠢᠨ ᠰᠤᠷᠭᠠᠭᠤᠯᠢ ᠳᠤ ᠤᠴᠢᠵᠤ ᠪᠠᠭᠰᠢᠯᠠᠭᠰᠠᠨ | ᠠᠯᠪᠠᠨ ᠵᠠᠷᠤᠲᠡᠯ ᠢᠶᠠᠷ ᠰᠤᠷᠤᠯᠴᠠᠭᠰᠡᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠤᠭᠴᠢᠳ ᠨᠢ ᠬᠦᠲᠡᠭᠡ | ᠲᠤᠰᠬᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠳᠤ ᠬᠦᠷᠴᠦ ᠨᠠᠭᠠᠳᠤ ᠵᠠᠬ᠎ᠠ ᠳᠠᠭᠠᠨ ᠨᠢᠬᠡ | ᠵᠢᠯ ᠦᠢᠯᠡᠴᠢᠯᠡᠬᠦ ᠬᠡᠷᠡᠭᠲᠢ ᠬᠡᠵᠦ ᠲᠤᠭᠳᠠᠭᠠᠵᠠᠢ᠃ | | |