ᠡᠨᠡ ᠵᠢᠯ ᠮᠠᠨ ᠤ ᠤᠷᠤᠨ ᠰᠤᠷᠭᠠᠨ ᠬᠦᠮᠦᠵᠢᠯ ᠤᠨ ᠬᠦᠭᠵᠢᠯᠲᠡ ᠶᠢᠨ ᠲᠤᠳᠠᠭᠤᠳᠡᠯ ᠢ ᠢᠩᠭᠢᠵᠦ ᠨᠦᠬᠦᠪᠦᠷᠢᠯᠡᠨ᠎ᠡ
ᠨᠡᠶᠢᠲᠡᠯᠡᠭᠰᠡᠨ ᠴᠠᠭ᠄
2019-04-11
     ᠡᠮᠦᠨᠡᠭᠡᠨ ᠶᠠᠪᠤᠭᠳᠠᠭᠰᠡᠨ 2019 ᠤᠨ ᠤ ᠪᠦᠬᠦ ᠤᠷᠤᠨ ᠤ ᠰᠤᠷᠭᠠᠨ ᠬᠦᠮᠦᠵᠢᠯ ᠤᠨ ᠠᠵᠢᠯ ᠤᠨ ᠸᠢᠳᠢᠣ᠋ ᠬᠤᠷᠠᠯ ᠳᠤ᠂ ᠡᠨᠡ ᠵᠢᠯ᠂ ᠪᠦᠬᠦ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠬᠢᠨ ᠪᠦᠬᠦ ᠤᠯᠤᠰ ᠤᠨ ᠰᠤᠷᠭᠠᠨ ᠬᠦᠮᠦᠵᠢᠯ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠷᠭᠡ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠡᠬᠢ ᠪᠠᠶᠠᠯᠢᠭ ᠤᠨ ᠪᠠᠳᠤᠯᠠᠭ᠎ᠠ ᠶᠢ ᠴᠢᠩᠭᠠᠳᠬᠠᠨ᠂ ᠰᠤᠷᠭᠠᠨ ᠬᠦᠮᠦᠵᠢᠯ ᠤᠨ ᠬᠦᠭᠵᠢᠯᠲᠡ ᠶᠢᠨ ᠳᠤᠲᠠᠭᠤᠳᠠᠯ ᠢ ᠨᠦᠬᠦᠪᠦᠷᠢᠯᠡᠬᠦ ᠪᠤᠭᠤᠮᠳᠠ ᠰᠢᠪᠲᠤᠯᠬᠤ ᠲᠠᠶᠢᠯᠠᠯᠳᠤᠭᠠᠨ‌‍ᠤ ᠢᠯᠠᠯᠲᠠ ᠶᠢ ᠤᠯᠬᠤ ᠪᠠᠷ ᠡᠷᠡᠰ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠡ᠃ ᠪᠤᠳᠠᠲᠠᠢ ᠪᠠᠷ ᠬᠡᠯᠡᠪᠡᠯ᠄      — ᠤᠨᠢᠨ ᠲᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠦᠨ ᠰᠤᠷᠭᠠᠨ ᠬᠦᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠤᠨ᠎ᠡ᠃ ᠲᠠᠷᠢᠬᠢ ᠪᠠᠨ ᠬᠦᠳᠡᠯᠭᠡᠨ᠂ ᠬᠦᠴᠦᠨ ᠢᠶᠠᠨ ᠰᠢᠪᠬᠠᠵᠤ᠂ ︽ᠰᠤᠷᠤᠯᠭ᠎ᠠ ᠪᠠᠨ ᠲᠤᠷᠭᠤᠨ ᠵᠤᠭᠰᠤᠬᠤ ᠶᠢ ᠬᠤᠷᠢᠬᠯᠠᠨ ᠡᠵᠡᠮᠳᠡᠵᠦ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠠᠲᠤᠯᠠᠬᠤ︾ ᠶᠢ ᠴᠢᠩᠭ᠎ᠠ ᠠᠳᠬᠤᠵᠤ᠂ ᠰᠤᠷᠭᠠᠨ ᠬᠦᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ︽ᠰᠢᠷᠢᠰ ᠠᠵᠢᠯᠯᠠᠭ᠎ᠠ︾ ᠶᠢ ᠤᠨᠢᠨ ᠲᠡᠭᠡᠷ᠎ᠡ ᠨᠢ ᠬᠦᠴᠦᠯᠡᠨ᠎ᠡ᠃      — ᠲᠦᠭᠡᠮᠡᠯ ᠬᠠᠷᠠᠭᠠᠯᠵᠠᠯ ᠡᠷᠡᠭᠦᠯ ᠮᠡᠨᠳᠦ ᠶᠢ ᠠᠬᠢᠭᠤᠯᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠦᠭᠵᠢᠯᠲᠡ ᠶᠢ ᠠᠬᠢᠭᠤᠯᠤᠨ᠎ᠡ᠃ ︽ᠠᠮᠤᠷ ᠲᠦᠪᠰᠢᠨ ᠴᠢᠨᠠᠷ ᠰᠠᠶᠢᠲᠠᠢ ᠲᠦᠭᠡᠮᠡᠯ ᠬᠠᠷᠠᠭᠠᠯᠵᠠᠯ ᠢ ᠲᠦᠭᠡᠮᠡᠯᠵᠢᠭᠦᠯᠬᠦ︾ ᠬᠠᠷᠠᠯᠲᠠ ᠶᠢ ᠪᠠᠷᠢᠮᠳᠠᠯᠠᠨ᠂ ᠲᠦᠭᠡᠮᠡᠯ ᠬᠠᠷᠠᠭᠠᠯᠵᠠᠯ ᠤᠨ ᠳᠤᠲᠠᠭᠳᠠᠯ ᠪᠤᠯᠤᠨ ᠬᠢᠨᠠᠨ ᠬᠠᠮᠢᠶᠠᠷᠤᠯᠲᠠ ᠭᠦᠢᠴᠡᠳ ᠪᠤᠰᠤ ᠲᠤᠳᠠᠭᠤᠳᠠᠯ ᠢ ᠨᠦᠬᠦᠪᠦᠷᠢᠯᠡᠨ᠎ᠡ᠃      — ᠴᠢᠨᠠᠷ ᠰᠠᠶᠢᠳᠠᠢ ᠲᠡᠩᠴᠡᠭᠦᠷᠢᠲᠡᠢ ᠪᠠᠶᠢᠯᠭᠠᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠦᠭᠵᠢᠯᠲᠡ ᠶᠢ ᠠᠬᠢᠭᠤᠯᠤᠨ᠎ᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠰᠤᠷᠭᠠᠭᠤᠯᠢ ᠡᠷᠬᠢᠯᠡᠬᠦ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠰᠤᠷᠭᠠᠭᠤᠯᠢ ᠡᠷᠬᠢᠯᠡᠬᠦ ᠨᠦᠬᠦᠴᠡᠯ ᠢ ᠦᠷᠬᠦᠯᠵᠢᠯᠠᠨ ᠰᠠᠶᠢᠵᠢᠷᠠᠭᠤᠯᠵᠦ᠂ ᠰᠤᠷᠭᠠᠭᠤᠯᠢ ᠡᠷᠬᠢᠯᠡᠬᠦ ᠶᠢ ᠲᠦᠷᠢᠮᠵᠢᠭᠦᠯᠬᠦ ᠠᠵᠢᠯᠯᠠᠭ᠎ᠠ ᠶᠢ ᠦᠷᠬᠦᠯᠵᠢᠯᠠᠨ ᠴᠢᠩᠭ᠎ᠠ ᠠᠳᠬᠤᠨ᠎ᠡ᠃      — ᠴᠢᠨᠠᠷ ᠰᠠᠶᠢᠲᠠᠢ᠂ ᠦᠪᠡᠷᠮᠢᠴᠡ ᠤᠨᠴᠠᠯᠢᠭ ᠲᠠᠢ ᠪᠠᠶᠢᠬᠤ ᠶᠢ ᠠᠩᠬᠠᠷᠴᠤ᠂ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠢ ᠠᠬᠢᠭᠤᠯᠤᠨ᠎ᠡ᠃ ᠦᠨᠳᠦᠷ ᠵᠡᠷᠭᠡ ᠶᠢᠨ ᠲᠤᠮᠳᠠᠲᠦ ᠰᠤᠷᠭᠠᠭᠤᠯᠢ ᠶᠢᠨ ᠱᠠᠳᠤᠨ ᠤ ᠰᠤᠷᠭᠠᠨ ᠬᠦᠮᠦᠵᠢᠯ ᠢ ᠲᠦᠭᠡᠮᠡᠯᠵᠢᠭᠦᠯᠬᠦ ᠶᠢ ᠠᠬᠢᠭᠤᠯᠵᠤ᠂ ᠡᠩ ᠤᠨ ᠦᠨᠳᠦᠷ ᠵᠡᠷᠭᠡ ᠶᠢᠨ ᠲᠤᠮᠳᠠᠲᠦ ᠰᠤᠷᠭᠠᠭᠤᠯᠢ ᠶᠢᠨ ᠰᠢᠯᠢᠲᠡᠭ ᠰᠤᠷᠭᠠᠨ ᠬᠦᠮᠦᠵᠢᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠦᠷᠭᠡᠳᠬᠡᠨ᠂ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂ ᠦᠪᠡᠷᠮᠢᠴᠡ ᠤᠨᠴᠠᠯᠢᠭ ᠲᠠᠢ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠲᠦᠷᠭᠡᠳᠭᠡᠬᠦ ᠶᠢ ᠠᠬᠢᠭᠤᠯᠤᠨ᠎ᠡ᠃      — ᠲᠦᠷᠦᠯ ᠬᠡᠯᠪᠡᠷᠢ ᠶᠢᠨ ᠬᠦᠭᠵᠢᠯᠲᠡ ᠶᠢ ᠠᠩᠬᠠᠷᠴᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠠᠬᠢᠭᠤᠯᠤᠨ᠎ᠡ᠃ ᠠᠵᠤ ᠦᠢᠯᠡᠰ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠢᠢᠯᠠᠯ ᠬᠠᠮᠲᠤᠷᠠᠨ ᠠᠵᠢᠯᠯᠠᠬᠤ᠂ ᠬᠦᠮᠦᠵᠢᠭᠦᠯᠬᠦ ᠪᠤᠯᠪᠠᠰᠤᠷᠠᠭᠤᠯᠬᠤ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠦᠨ᠂ ︽ᠳᠤᠮᠳᠠᠳᠤ ᠤᠯᠤᠰ ᠤᠨ ᠤᠨᠴᠠᠯᠢᠭ ᠲᠠᠢ ᠦᠨᠳᠦᠷ ᠲᠦᠪᠰᠢᠨ ᠪᠦᠬᠦᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠤᠯᠤᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠲᠦᠯᠦᠪᠯᠡᠭᠡ︾ ᠶᠢ ᠰᠠᠶᠢᠲᠤᠷ ᠬᠡᠷᠡᠭᠵᠢᠭᠦᠯᠦᠨ᠂ ︽1+X︾ ᠤᠨ ᠦᠨᠡᠮᠯᠡᠯ ᠤᠨ ᠲᠦᠷᠢᠮ ᠤᠨ ᠲᠤᠷᠰᠢᠯᠲᠡ ᠶᠢᠨ ᠴᠢᠭ᠋ ᠢ ᠠᠬᠢᠭᠤᠯᠤᠨ᠎ᠡ᠃      — ᠦᠢᠯᠡᠴᠢᠯᠡᠭᠡᠨ ᠤ ᠴᠢᠳᠠᠪᠦᠷᠢ ᠪᠤᠯᠤᠨ ︽ᠬᠤᠤᠰ ᠲᠡᠷᠢᠭᠦᠨ︾ ᠤ ᠪᠠᠶᠢᠭᠤᠯᠤᠯᠲᠠ ᠶᠢ ᠠᠬᠢᠭᠤᠯᠤᠨ᠎ᠡ᠃ ᠵᠢᠩᠭᠢᠨᠢ ᠠᠩᠭᠢ ᠶᠢᠨ ᠰᠠᠭᠤᠷᠢ ᠶᠢ ᠪᠠᠲᠤᠵᠢᠭᠤᠯᠵᠤ᠂ ᠰᠢᠨ᠎ᠡ ᠶᠢ ᠡᠭᠦᠳᠬᠦ ᠴᠢᠳᠠᠪᠦᠷᠢ ᠶᠢ ᠳᠡᠭᠡᠭᠰᠢᠯᠡᠭᠦᠯᠦᠨ᠂ ᠳᠡᠭᠡᠳᠦ ᠳᠡᠰ ᠤᠨ ᠴᠢᠳᠠᠪᠦᠷᠢᠲᠡᠨ ᠢ ᠤᠷᠤᠭᠤᠯᠤᠨ ᠠᠪᠴᠢᠷᠠᠬᠤ ᠪᠤᠯᠤᠨ ᠪᠤᠯᠪᠠᠰᠤᠷᠠᠭᠤᠯᠬᠤ ᠶᠢ ᠴᠢᠩᠭᠠᠳᠬᠠᠵᠤ᠂ ᠦᠨᠡᠯᠡᠬᠦ ᠰᠢᠰᠲ᠋ᠧᠮ ᠤᠨ ᠦᠭᠡᠷᠡᠴᠢᠯᠡᠯᠲᠡ ᠶᠢ ᠠᠬᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠦᠮᠦᠵᠢᠯ ᠤᠨ ᠠᠵᠢᠯ ᠢ ᠰᠠᠶᠢᠳᠤᠷ ᠠᠳᠬᠤᠨ᠎ᠡ᠃      — ᠪᠠᠲᠤᠵᠢᠭᠤᠯᠤᠨ ᠳᠡᠭᠡᠭᠰᠢᠯᠡᠭᠦᠯᠬᠦ ᠶᠢ ᠠᠩᠬᠠᠷᠴᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠲᠡ ᠶᠢ ᠠᠬᠢᠭᠤᠯᠤᠨ᠎ᠡ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠭᠦᠨᠵᠡᠭᠡᠢ ᠦᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠬᠤᠪᠢ ᠵᠠᠶᠠᠭ᠎ᠠ ᠶᠢᠨ ᠴᠤᠭᠴᠠ ᠶᠢᠨ ᠦᠵᠡᠯ ᠰᠠᠨᠠᠭᠠᠨ  ᠤ ᠰᠠᠭᠤᠷᠢ ᠶᠢ ᠪᠠᠲᠤ ᠴᠤᠭᠴᠠᠯᠠᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠡ ᠶᠢᠨ ᠶᠠᠰᠦ ᠴᠢᠨᠠᠷ  ᠢ ᠦᠨᠡᠨ ᠬᠦ ᠲᠡᠭᠡᠭᠰᠢᠯᠡᠭᠦᠯᠦᠨ᠎ᠡ᠃      — ᠰᠤᠷᠭᠠᠭᠤᠯᠢ ᠡᠷᠬᠢᠯᠡᠬᠦ ᠶᠢ ᠳᠦᠷᠢᠮᠵᠢᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠬᠦᠭᠵᠢᠯᠲᠡ ᠶᠢ ᠠᠬᠢᠭᠤᠯᠤᠨ᠎ᠡ᠃ ᠲᠦᠷᠢᠮ ᠶᠤᠰᠤ ᠶᠢ ᠤᠯᠠᠮ ᠨᠢᠭᠡ ᠠᠯᠬᠤᠮ ᠴᠢᠩᠭᠠᠳᠬᠠᠨ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠴᠢᠩᠭ᠎ᠠ ᠲᠦᠷᠢᠮᠵᠢᠭᠦᠯᠦᠨ᠎ᠡ᠃      — ᠡᠬᠢ ᠪᠠᠶᠠᠯᠢᠭ ᠤᠨ ᠪᠠᠳᠤᠯᠠᠭ᠎ᠠ ᠶᠢ ᠴᠢᠩᠭᠠᠳᠬᠠᠨ ᠤᠨᠴᠠᠭᠠᠢ ᠰᠤᠷᠭᠠᠨ ᠬᠦᠮᠦᠵᠢᠯ ᠤᠨ ᠬᠦᠭᠵᠢᠯᠲᠡ ᠶᠢ ᠠᠬᠢᠭᠤᠯᠤᠨ᠎ᠡ᠃ ᠬᠤᠶᠠᠳᠤᠭᠠᠷ ᠬᠤᠭᠤᠴᠠᠭᠠᠨ ᠤ ᠤᠨᠴᠠᠭᠠᠢ ᠰᠤᠷᠭᠠᠨ ᠬᠦᠮᠦᠵᠢᠯ ᠢ ᠳᠡᠭᠡᠭᠰᠢᠯᠡᠭᠦᠯᠬᠦ ᠲᠦᠯᠦᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠳᠠᠭᠠᠨ ᠰᠤᠷᠤᠯᠴᠠᠬᠤ ᠲᠤᠭᠲᠠᠴᠠ ᠶᠢ ᠪᠦᠷᠢᠨᠰᠢᠭᠦᠯᠦᠨ᠎ᠡ᠃      — ᠰᠢᠨ᠎ᠡ ᠪᠠᠷ ᠪᠤᠢ ᠪᠤᠯᠤᠭᠰᠠᠨ ᠱᠠᠭᠠᠷᠳᠠᠯᠭ᠎ᠠ ᠶᠢ ᠠᠩᠬᠠᠷᠴᠤ᠂ ᠦᠷᠭᠦᠯᠵᠢᠯᠡᠭᠰᠡᠨ ᠰᠤᠷᠭᠠᠨ ᠬᠦᠮᠦᠵᠢᠯ  ᠤᠨ ᠬᠦᠭᠵᠢᠯᠲᠡ ᠶᠢ ᠠᠬᠢᠭᠤᠯᠤᠨ᠎ᠡ᠃ ᠠᠵᠢᠯ ᠮᠡᠷᠭᠡᠵᠢᠯ ᠤᠨ ᠰᠣᠷᠭᠠᠨ ᠬᠦᠮᠦᠵᠢᠯ ᠪᠤᠯᠤᠨ ᠡᠩ ᠤᠨ ᠰᠤᠷᠭᠠᠨ ᠬᠦᠮᠦᠵᠢᠯ᠂ ᠰᠤᠷᠤᠯᠭ᠎ᠠ ᠶᠢᠨ ᠨᠠᠮᠳᠠᠷ ᠤᠨ ᠰᠤᠷᠭᠠᠨ ᠬᠦᠮᠦᠵᠢᠯ ᠪᠤᠯᠤᠨ ᠰᠤᠷᠤᠯᠭ᠎ᠠ ᠶᠢᠨ ᠨᠠᠮᠳᠠᠷ ᠤᠨ ᠪᠤᠰᠤ ᠰᠤᠷᠭᠠᠨ ᠬᠦᠮᠦᠵᠢᠯ᠂ ᠠᠵᠢᠯᠯᠠᠬᠤ ᠠᠴᠠ ᠡᠮᠦᠨᠡᠬᠢ ᠰᠤᠷᠭᠠᠨ ᠬᠦᠮᠦᠵᠢᠯ ᠪᠤᠯᠤᠨ ᠠᠵᠢᠯᠯᠠᠭᠰᠡᠨ ᠤ ᠳᠠᠷᠠᠭᠠᠬᠢ ᠰᠤᠷᠭᠠᠨ ᠬᠦᠮᠦᠵᠢᠯ ᠢ ᠠᠭᠤᠰᠤᠯᠴᠠᠭᠤᠯᠤᠨ ᠵᠤᠯᠭᠠᠭᠤᠯᠬᠤ ᠶᠢ ᠠᠬᠢᠭᠤᠯᠵᠤ᠂ ᠨᠠᠰᠤᠨ ᠲᠤᠷᠰᠢ ᠳᠠᠭᠠᠨ ᠰᠤᠷᠤᠯᠴᠠᠬᠤ ᠵᠠᠮ ᠢ ᠨᠡᠪᠳᠠᠷᠠᠭᠦᠯᠦᠨ᠎ᠡ᠃      ᠬᠤᠷᠠᠯ ᠠᠴᠠ ᠪᠠᠰᠠ᠂ ᠰᠤᠷᠭᠠᠨ ᠬᠦᠮᠦᠵᠢᠯ ᠤᠨ ᠦᠭᠡᠷᠡᠴᠢᠯᠡᠯᠲᠡ ᠭᠡᠬᠦ ︽ᠵᠠᠩᠬᠢᠯᠭ᠎ᠠ ᠶᠢᠨ ᠠᠷᠭ᠎ᠠ︾ ᠶᠢ ᠦᠨᠡᠨ ᠬᠦ ᠰᠠᠶᠢᠳᠤᠷ ᠬᠡᠷᠡᠭᠯᠡᠨ᠂ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠦᠭᠡᠷᠡᠴᠢᠯᠡᠯᠲᠡ ᠶᠢ ᠪᠦᠬᠦ ᠲᠡᠯ᠎ᠡ ᠪᠠᠷ ᠭᠦᠨᠵᠡᠭᠡᠶᠢᠷᠡᠭᠦᠯᠵᠦ᠂ ᠨᠠᠮ ᠤᠨ ᠰᠤᠷᠭᠠᠨ ᠬᠦᠮᠦᠵᠢᠯ ᠤᠨ ᠠᠵᠢᠯ ᠳᠠᠬᠢ ᠪᠦᠬᠦ ᠲᠡᠯ᠎ᠡ ᠶᠢᠨ ᠤᠳᠤᠷᠢᠳᠤᠯᠭ᠎ᠠ ᠶᠢ ᠪᠠᠷᠢᠮᠳᠠᠯᠠᠬᠤ ᠪᠠ ᠴᠢᠩᠭᠠᠳᠬᠠᠨ᠂ ᠴᠢᠩᠭ᠎ᠠ ᠠᠳᠬᠤᠨ ᠨᠠᠶᠢᠳᠠᠪᠤᠷᠢᠵᠢᠭᠤᠯᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠪᠦᠬᠦ ᠤᠷᠤᠨ ᠤ ᠰᠤᠷᠭᠠᠨ ᠬᠦᠮᠦᠵᠢᠯ ᠤᠨ ᠦᠢᠯᠡᠰ ᠤᠨ ᠰᠢᠨ᠎ᠡ ᠴᠠᠭ ᠦᠶ᠎ᠡ  ᠶᠢᠨ ᠰᠢᠨ᠎ᠡ ᠠᠬᠢᠯᠲᠡ ᠶᠢ ᠪᠡᠶᠡᠯᠡᠭᠦᠯᠬᠦ ᠳᠤ ᠰᠢᠨ᠎ᠡ ᠪᠠᠶᠢᠳᠠᠯ ᠲᠠᠢ᠂ ᠰᠠᠶᠢᠨ ᠡᠬᠢᠯᠡᠯᠲᠡ ᠲᠠᠢ᠂ ᠪᠠᠲᠤ ᠰᠠᠭᠤᠷᠢ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠠᠢ ᠭᠡᠵᠦ ᠱᠠᠭᠠᠷᠳᠠᠵᠠᠢ᠃
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号