ᠰᠤᠷᠭᠠᠨ ᠬᠥᠮᠦᠵᠢᠯ  ᠤᠨ ᠶᠠᠮᠤᠨ᠄ ︽ᠤᠤᠷ ᠰᠤᠶᠤᠯ︾ ᠰᠤᠷᠤᠯᠴᠠᠭᠤᠯᠬᠤ ᠨᠡᠷ᠎ᠡ ᠪᠠᠷ ︽ᠭᠤᠷᠪᠠᠨ ᠳᠠᠭᠠᠯᠲᠠ ᠳᠥᠷᠪᠡᠨ ᠡᠷᠲᠡᠮ︾ ᠬᠡᠳᠡᠭ ᠢ ᠤᠯᠠᠮᠵᠢᠯᠠᠵᠤ ᠪᠣᠯᠬᠤ ᠥᠬᠡᠶ
ᠨᠡᠶᠢᠲᠡᠯᠡᠭᠰᠡᠨ ᠴᠠᠭ᠄
2019-04-16
     ᠰᠤᠷᠭᠠᠨ ᠬᠥᠮᠦᠵᠢᠯ ᠤᠨ ᠶᠠᠮᠤᠨ 11 ᠤ ᠡᠳᠦᠷ ︽ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠠᠷᠰᠢᠯᠠᠬᠤ ᠶᠠᠪᠤᠳᠠᠯ ᠢ ᠴᠠᠭᠠᠵᠠᠯᠠᠬᠤ ᠲᠤᠬᠠᠢ ᠲᠣᠭᠲᠠᠭᠠᠯ ᠤᠳ︾ ᠢ ᠨᠡᠶᠢᠲᠡᠯᠡᠵᠦ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠯᠳᠠ ᠪᠠᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠠᠵᠢᠯ ᠢ ᠴᠢᠨᠠᠬᠰᠢᠳᠠ ᠴᠢᠩᠭᠠᠳᠬᠠᠵᠤ᠂ 2019 ᠣᠨ ᠤ ᠲᠦᠷᠦᠭᠦᠤ ᠬᠠᠭᠠᠰ ᠵᠢᠯ ᠳᠤ ᠨᠢᠭᠡ ᠤᠳᠠᠭᠠᠨ ᠤ ᠪᠥᠬᠦ ᠲᠠᠯ᠎ᠠ ᠶᠢᠨ ᠪᠠᠶᠢᠴᠠᠭᠠᠯᠲᠠ ᠬᠢᠬᠦ ᠠᠵᠢᠯ ᠢ ᠲᠦᠷᠭᠡᠨ ᠪᠠᠶᠢᠷᠢᠯᠠᠭᠤᠯᠤᠨ ᠥᠷᠨᠢᠭᠦᠯᠵᠦ᠂ ᠪᠠᠶᠢᠭᠤᠯᠤᠮᠵᠢ ᠪᠤᠶᠤ ᠬᠤᠪᠢ ᠬᠥᠮᠦᠨ ᠤ ᠬᠠᠤᠯᠢ ᠴᠠᠭᠠᠵᠠ ᠲᠦᠷᠢᠮ ᠲᠣᠭᠲᠠᠭᠠᠯ ᠢ ᠵᠥᠷᠢᠴᠡᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭᠠᠴᠤᠳ ᠢ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠥᠬᠡᠶ ᠪᠤᠯᠭᠠᠬᠰᠠᠨ ᠦᠢᠯᠡ ᠠᠵᠢᠯᠯᠠᠭ᠎ᠠ ᠶᠢ ᠡᠷᠡᠰ ᠵᠠᠯᠠᠷᠠᠭᠤᠯᠵᠤ᠂ ᠬᠠᠤᠯᠢ ᠴᠠᠭᠠᠵᠠ ᠲᠦᠷᠢᠮ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ ᠬᠠᠷᠢᠭᠤᠴᠠᠯᠭ᠎ᠠ ᠨᠡᠬᠡᠮᠵᠢᠯᠡᠨ᠂ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠲᠣᠭᠲᠠᠭᠠᠯ ᠳᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠨᠢ ᠡᠷᠬᠡᠪᠰᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠬᠦᠯᠦᠭᠰᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠲᠤᠳᠤᠷ᠎ᠠ ᠪᠠᠨ ᠪᠣᠯᠪᠠᠰᠤᠷᠠᠯ ᠤᠨ ᠲᠤᠬᠠᠶᠢᠯᠠᠭᠰᠠᠨ ᠠᠵᠢᠯ ᠡᠷᠬᠢᠯᠡᠬᠦ ᠬᠡᠷᠡᠭᠲᠡᠶ᠂ ᠬᠠᠤᠯᠢ ᠲᠤᠬᠳᠠᠭᠠᠯ ᠢ ᠵᠦᠷᠢᠴᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭᠠᠴᠤᠳ ᠢ ᠡᠯᠰᠡᠨ ᠪᠦᠬᠦᠯᠢ ᠡᠳᠦᠷ ᠤᠨ ᠳᠦᠷᠢᠮᠲᠦ ᠪᠣᠯᠪᠠᠰᠤᠷᠠᠯ ᠬᠢᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠣᠷᠣᠯᠠᠭᠤᠯᠵᠦ ᠪᠣᠯᠬᠤ ᠥᠬᠡᠶ᠃      ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠨᠢ ᠰᠤᠷᠤᠭᠴᠢ ᠡᠯᠰᠡᠬᠦ ᠬᠤᠳᠠᠯ ᠬᠠᠭᠤᠷᠮᠠᠭ ᠲᠣᠪᠴᠢ ᠳᠦᠷᠢᠮ ᠪᠤᠶᠤ ᠵᠠᠷ ᠮᠡᠳᠡᠭᠡ ᠨᠡᠶᠢᠲᠡᠯᠡᠵᠦ ᠪᠣᠯᠬᠤ ᠥᠬᠡᠶ᠂ ᠭᠡᠷ ᠤᠨ ᠠᠬᠠᠮᠠᠳ ᠢ ᠥᠳᠥᠭᠡᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭᠠᠴᠤᠳ ᠢ ᠪᠣᠯᠪᠠᠰᠤᠷᠠᠯ ᠤᠨ ᠪᠠᠶᠢᠭᠤᠯᠤᠮᠵᠢ ᠳᠤ ᠤᠷᠤᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠳᠡᠬᠦ ᠶᠢ ᠤᠷᠤᠯᠠᠭᠤᠯᠵᠤ ᠪᠣᠯᠬᠤ ᠥᠬᠡᠶ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠠ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠠᠴᠠ ᠵᠥᠷᠢᠴᠡᠭᠰᠡᠨ ᠪᠣᠯᠪᠠᠰᠤᠷᠠᠯ ᠤᠨ ᠠᠭᠤᠯᠭ᠎ᠠ ᠶᠢ ᠤᠷᠤᠭᠤᠯᠵᠤ ᠪᠣᠯᠬᠤ ᠥᠬᠡᠶ᠂ ︽ᠤᠤᠷ ᠰᠤᠶᠤᠯ︾ ᠰᠤᠷᠤᠯᠴᠠᠭᠤᠯᠬᠤ ᠨᠡᠷ᠎ᠡ ᠪᠠᠷ ︽ᠭᠤᠷᠪᠡᠨ ᠳᠠᠭᠠᠯᠲᠠ ᠪᠠ ᠳᠥᠷᠪᠡᠨ ᠡᠷᠲᠡᠮ︾᠂ ᠲᠥᠯᠭᠡ ᠦᠵᠡᠬᠦ᠂ ᠨᠤᠲᠤᠭ ᠤᠰᠦ ᠰᠢᠨᠵᠢᠬᠦ᠂ ᠵᠠᠶᠠᠭ᠎ᠠ ᠪᠣᠳᠣᠬᠤ ᠵᠡᠷᠭᠡ ᠹᠧᠤᠳᠠᠯ ᠤᠨ ᠰᠢᠭᠠᠷᠤ ᠶᠠᠭᠤᠮᠠᠰ ᠢ ᠤᠯᠠᠮᠵᠢᠯᠠᠵᠤ ᠪᠣᠯᠬᠤ ᠥᠬᠡᠶ᠂ ᠱᠠᠰᠢᠨ‌‍ᠰᠤᠷᠲᠠᠬᠤᠨ ᠢ ᠠᠰᠢᠭᠯᠠᠨ ᠤᠯᠤᠰ ᠤᠨ ᠰᠤᠷᠭᠠᠨ ᠬᠥᠮᠦᠵᠢᠯ ᠤᠨ ᠳᠦᠷᠢᠮ ᠢ ᠬᠠᠷᠰᠢᠯᠠᠬᠤ ᠠᠵᠢᠯᠯᠠᠭ᠎ᠠ ᠬᠢᠵᠦ ᠪᠣᠯᠬᠤ ᠥᠬᠡᠶ ᠬᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号