ᠬᠤᠰᠢᠭᠤᠨ ᠤ ᠦᠨᠳᠦᠰᠦᠲᠡᠨ ᠤ ᠬᠡᠦᠭᠡᠳ ᠤᠨ ᠴᠡᠴᠡᠷᠯᠢᠭ ᠵᠢᠷᠦᠭᠡᠨ ᠤ ᠤᠶᠠᠩᠭ᠎ᠠ ᠪᠠᠨ ᠨᠠᠮ ᠳᠠᠭᠠᠨ ᠡᠷᠭᠦᠵᠦ ᠤᠯᠤᠰ ᠢᠶᠠᠨ ᠬᠠᠶᠢᠷᠠᠯᠠᠬᠤ ᠬᠦᠲᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2019-04-29
     ᠰᠢᠨ᠎ᠡ ᠲᠤᠮᠳᠠᠲᠦ ᠤᠯᠤᠰ ᠪᠠᠶᠢᠭᠤᠯᠤᠭᠳᠠᠭᠰᠡᠨ 70 ᠵᠢᠯ ᠤᠨ ᠤᠢ ᠶᠢ ᠲᠠᠮᠳᠡᠭᠯᠡᠨ᠂ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠲᠡᠨ ᠤ ᠬᠡᠦᠭᠡᠳ ᠤᠨ ᠴᠡᠴᠡᠷᠯᠢᠭ ᠨᠢ ︽ᠵᠢᠷᠦᠭᠡᠨ ᠤ ᠤᠶᠠᠩᠭ᠎ᠠ ᠪᠠᠨ ᠨᠠᠮ  ᠳᠠᠭᠠᠨ ᠡᠷᠭᠦᠵᠦ᠂ ᠰᠢᠨ᠎ᠡ ᠲᠤᠮᠳᠠᠲᠦ ᠤᠯᠤᠰ ᠢᠶᠠᠨ ᠮᠠᠬᠳᠠᠨ ᠲᠠᠭᠤᠯᠠᠨᠠᠮ︾ ᠭᠡᠭᠦ ᠭᠤᠤᠯ ᠰᠡᠳᠤᠪᠲᠦ ᠬᠦᠲᠡᠯᠭᠡᠭᠡᠨ ᠦᠷᠨᠢᠭᠦᠯᠵᠦ᠂ ᠴᠡᠴᠡᠷᠯᠢᠭ ᠤᠨ ᠪᠠᠭᠰᠢ ᠠᠵᠢᠯᠲᠡᠳ ᠰᠤᠷᠤᠭᠴᠢᠳ ᠲᠠᠢ ᠪᠠᠨ ᠬᠠᠮᠲᠦ ᠪᠠᠷ ᠡᠭᠡ ᠤᠯᠤᠰ ᠢᠶᠠᠨ ᠮᠠᠬᠳᠠᠨ ᠲᠠᠭᠤᠯᠠᠭᠰᠡᠨ ᠪᠠᠶᠢᠨ᠎ᠡ᠃      ᠬᠦᠲᠡᠯᠭᠡᠭᠡᠨ ᠨᠢ ︽ᠪᠢ ᠡᠭᠡ ᠤᠯᠤᠰ ᠲᠠᠢ ᠪᠠᠨ︾ ᠬᠡᠭᠦ ᠬᠠᠮᠲᠦ ᠶᠢᠨ ᠲᠠᠭᠤᠨ ᠳᠤ ᠬᠦᠰᠢᠭᠡ ᠪᠠᠨ ᠰᠡᠭᠦᠵᠦ᠂ ᠪᠠᠭᠰᠢ ᠰᠤᠷᠤᠬᠴᠢᠳ ᠲᠠᠪᠤᠨ ᠤᠳᠤᠳᠦ ᠤᠯᠠᠭᠠᠨ ᠲᠤᠭ ᠢᠶᠠᠨ ᠪᠠᠷᠢᠨ ᠰᠡᠳᠬᠢᠯ ᠵᠢᠷᠦᠭᠡᠨ ᠠᠴᠠ ᠪᠠᠨ ᠠᠶ᠎ᠠ ᠳᠠᠭᠤᠤ  ᠪᠠᠨ ᠡᠷᠭᠦᠵᠦ᠂ ᠤᠯᠤᠰ ᠤᠷᠤᠨ ᠳᠠᠭᠠᠨ ᠴᠢᠩ ᠦᠨᠡᠨᠴᠢ ᠬᠠᠶᠢᠷ᠎ᠡ ᠰᠡᠳᠬᠢᠯᠭᠡ ᠪᠠᠨ ᠢᠯᠡᠳᠭᠡᠭᠰᠡᠨ ᠪᠠᠶᠢᠨ᠎ᠡ᠃ ᠬᠦᠲᠡᠯᠭᠡᠭᠡᠨ ᠲᠤᠮᠳᠠ ᠪᠠᠰᠡ ᠪᠠᠭᠰᠢ ᠰᠤᠷᠤᠭᠴᠢᠳ ᠰᠢᠨ᠎ᠡ ᠲᠤᠮᠳᠠᠲᠦ ᠤᠯᠤᠰ᠂ ᠡᠪ ᠬᠠᠮᠲᠦ ᠨᠠᠮ ᠢᠶᠠᠨ ᠮᠠᠬᠲᠡᠨ ᠲᠠᠭᠤᠯᠠᠭᠰᠡᠨ ᠭᠤᠴᠦ ᠰᠠᠶᠢᠬᠠᠨ ᠲᠤᠬᠯᠠᠯᠲᠡ ᠭᠠᠷᠭᠠᠬᠤ ᠶᠢᠨ ᠲᠠᠭᠠᠦ ᠰᠢᠯᠢᠲᠡᠭ ᠨᠠᠮ ᠤᠨ ᠭᠡᠰᠢᠭᠦᠨ᠂ ᠪᠤᠯᠪᠠᠰᠤᠨ ᠬᠤᠪᠢ ᠬᠦᠮᠦᠨ᠂ ᠵᠢᠱᠢᠶᠡᠴᠢ ᠡᠮᠡᠭᠳᠠᠶᠢᠴᠤᠳ ᠢ ᠱᠠᠩᠨᠠᠨ ᠬᠦᠬᠢᠭᠦᠯᠦᠭᠰᠡᠨ ᠪᠠᠶᠢᠨ᠎ᠡ᠃      ᠪᠤᠭᠤᠲᠦ ᠬᠤᠲᠡ ᠶᠢᠨ ᠡᠮᠡᠭᠳᠠᠶᠢᠴᠤᠳ ᠤᠨ ᠬᠤᠯᠪᠤᠭᠠᠨ ᠤ ᠲᠡᠷᠢᠭᠦᠯᠡᠭᠴᠢ ᠤᠶᠤᠠᠬᠡᠷᠡᠯ ᠵᠢᠴᠢ ᠬᠤᠰᠢᠭᠤᠨ ᠤ ᠬᠠᠮᠢᠶ᠎ᠡ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠡᠨ ᠠᠬᠤᠢ ᠲᠠᠯᠠᠪᠠᠢ ᠳᠤ ᠮᠤᠷᠢᠯᠠᠨ ᠰᠠᠭᠠᠳᠠᠭᠰᠡᠨ ᠪᠠᠶᠢᠨ᠎ᠡ᠃      

                             

                                     ᠨᠠᠶᠢᠷᠠᠭᠤᠯᠤᠭᠴᠢ᠄ ᠽᠠᠨᠳᠠᠨᠮᠦ᠋ᠴᠢᠷ

                                    ᠬᠦᠢᠴᠡᠳᠭᠡᠭᠴᠢ ᠬᠢᠨᠠᠬᠴᠢ᠄ ᠸᠠᠩ ᠸᠧᠨ ᠶᠢᠩ

                                     ᠶᠡᠷᠦᠩᠬᠡᠢ ᠬᠢᠨᠠᠭᠴᠢ ︽ᠵᠠᠩ ᠬᠦᠢ ᠵᠧᠨ

                                 ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号