ᠨᠠᠭᠠᠳᠤᠮ ᠠᠴᠠ ᠤᠬᠠᠮᠰᠠᠷᠯᠠᠬᠰᠡᠨ ᠤᠯᠠᠮᠵᠢᠯᠠᠯ
ᠨᠡᠶᠢᠲᠡᠯᠡᠭᠰᠡᠨ ᠴᠠᠭ᠄
2019-05-10
     5 ᠰᠡᠷ᠎ᠡ ᠶᠢᠨ 8 ᠤ ᠡᠳᠤᠷ᠂ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠮᠤᠩᠭᠤᠯ ᠰᠤᠷᠭᠠᠭᠤᠯᠢ  ᠶᠢᠨ ᠲᠦᠷᠪᠠᠳᠤᠭᠡᠷ ᠤᠨ ᠨᠢ ᠮᠤᠩᠭᠤᠯ ᠰᠤᠶᠤᠯ ᠢᠶᠠᠨ ᠪᠠᠳᠠᠷᠠᠭᠤᠯᠤᠨ ᠲᠡᠯᠭᠡᠷᠡᠭᠦᠯᠬᠦ᠂ ᠬᠡᠦᠭᠡᠳ ᠤᠨ ᠲᠤᠷ᠎ᠡ ᠰᠤᠨᠢᠷᠬᠠᠯ ᠢ ᠬᠦᠭᠵᠢᠭᠡᠬᠦ᠂ ᠤᠷ᠎ᠡ ᠠᠪᠢᠶᠠᠰ ᠢ ᠨᠢ ᠪᠠᠳᠠᠷᠠᠭᠤᠯᠬᠤ ᠵᠢᠴᠢ ᠪᠦᠯᠭᠦᠮᠲᠡᠯ ᠨᠦᠬᠦᠷᠯᠡᠯ ᠢ ᠴᠢᠩᠭᠠᠳᠬᠠᠬᠤ ᠵᠤᠷᠢᠯᠭ᠎ᠠ ᠠᠴᠠ ︽ᠨᠦᠬᠦᠷᠯᠡᠯ ᠤᠨ ᠬᠠᠳᠠᠭ︾ ᠡᠷ᠎ᠡ ᠶᠢᠨ ᠭᠤᠷᠪᠠᠨ ᠨᠠᠭᠠᠳᠤᠮ ᠢ ᠦᠷᠨᠢᠭᠦᠯᠵᠦ᠂ ᠬᠤᠶᠠᠷ ᠠᠩᠬᠢ ᠶᠢᠨ ᠪᠠᠭᠰᠢ ᠰᠤᠷᠤᠭᠴᠢᠳ ᠭᠡᠷ ᠤᠨ ᠠᠬᠠᠮᠠᠳ ᠢᠳᠡᠪᠬᠢᠯᠡᠨ ᠤᠷᠤᠯᠴᠠᠵᠦ᠂ ᠪᠠᠶᠠᠯᠢᠭ ᠠᠭᠤᠯᠭ᠎ᠠ ᠲᠠᠢ ᠲᠡᠯᠭᠡᠷ ᠰᠠᠶᠢᠬᠠᠨ ᠨᠠᠭᠠᠳᠤᠮ ᠪᠤᠯᠵᠠᠢ᠃      ᠬᠦᠲᠡᠯᠭᠡᠭᠡᠨ ᠳᠤ᠂ ᠰᠤᠷᠤᠭᠴᠢᠳ ᠮᠤᠩᠭᠤᠯ ᠪᠦᠭᠡ ᠶᠢᠨ ᠵᠤᠳᠤᠬᠯᠠᠬᠤ᠂ ᠲᠦᠷᠢᠮ ᠵᠤᠳᠠᠭ ᠶᠤᠰᠤᠭᠠᠷ ᠪᠠᠷᠢᠯᠳᠤᠬᠤ᠂ ᠨᠤᠮᠤ ᠰᠤᠮᠤ ᠲᠠᠢ ᠲᠠᠨᠢᠯᠴᠠᠬᠤ᠂ ᠱᠠᠭ᠎ᠠ ᠲᠠᠨᠢᠬᠤ᠂ ᠱᠠᠭ᠎ᠠ ᠤᠷᠬᠢᠵᠦ ᠤᠷᠤᠯᠳᠤᠬᠤ ᠵᠡᠷᠭᠡ ᠤᠯᠠᠮᠵᠢᠯᠠᠯᠲᠦ ᠨᠠᠭᠠᠳᠤᠮ ᠲᠤᠬᠯᠠᠭᠠᠮ ᠢ ᠲᠠᠨᠢᠯᠴᠠᠭᠤᠯᠤᠨ ᠤᠷᠤᠯᠳᠤᠭᠤᠯᠬᠤ ᠶᠢᠨ ᠲᠠᠭᠠᠦ ᠳᠤ ᠡᠮᠡᠭᠲᠠᠢ ᠰᠤᠷᠤᠭᠴᠢᠳ ᠤᠳᠠᠰᠦ ᠵᠡᠭᠦᠦ ᠰᠦᠪᠡᠯᠡᠨ ᠲᠤᠪᠴᠢ ᠬᠠᠳᠠᠬᠤ ᠵᠡᠷᠭᠡ ᠤᠷᠤᠯᠳᠤᠭᠠᠨ ᠨᠤᠭᠤᠳ ᠢ ᠶᠠᠪᠤᠭᠳᠠᠭᠤᠯᠤᠭᠰᠡᠨ ᠠᠴᠠ ᠰᠤᠷᠤᠭᠴᠢᠳ ᠮᠠᠰᠢ ᠰᠤᠨᠢᠷᠬᠠᠨ ᠤᠷᠤᠯᠴᠠᠵᠠᠭᠠᠵᠦ᠂ ᠮᠤᠩᠭᠤᠯ ᠦᠨᠳᠦᠰᠦᠲᠡᠨ ᠤ ᠤᠯᠠᠮᠵᠢᠯᠠᠯᠲᠦ ᠨᠠᠭᠠᠳᠤᠮ ᠲᠤᠬᠯᠠᠭᠠᠮ ᠳᠤ ᠤᠯᠠᠮ ᠨᠢᠭᠡ ᠠᠯᠬᠤᠮ ᠤᠨ ᠦᠵᠡᠯᠲᠡ ᠲᠠᠨᠢᠯᠲᠡ ᠲᠠᠢ ᠪᠤᠯᠵᠠᠭᠠᠭᠰᠡᠨ ᠪᠠᠶᠢᠨ᠎ᠡ᠃ ᠡᠶᠢᠮᠦᠷᠬᠦ ᠬᠦᠲᠡᠯᠭᠡᠭᠡᠨ ᠢᠶᠠᠷ ᠲᠠᠮᠵᠢᠨ ᠡᠮᠡᠭᠲᠠᠢ ᠰᠤᠷᠤᠭᠴᠢᠳ ᠤᠨ ᠦᠢᠯᠡ ᠤᠳᠠᠰᠦ ᠲᠠᠢ ᠤᠶᠢᠷᠠᠳᠴᠦ᠂ ᠤᠶᠤᠳᠠᠯ ᠰᠤᠷᠬᠤ ᠨᠢ ᠰᠤᠷᠤᠭᠴᠢ ᠭᠡᠷ ᠤᠨ ᠠᠬᠠᠮᠠᠳ ᠤᠨ ᠲᠠᠭᠠᠰᠢᠶᠠᠯ ᠪᠠᠭ᠋ᠠᠷᠬᠠᠯ ᠢ ᠤᠯᠤᠭᠰᠡᠨ ᠪᠠᠶᠢᠨ᠎ᠡ᠃ ᠮᠤᠩᠭᠤᠯ ᠬᠡᠦᠭᠡᠳ ᠤᠨ ᠤᠯᠠᠮᠵᠢᠯᠠᠯᠲᠦ ᠲᠤᠬᠯᠠᠭᠠᠮ ᠨᠠᠭᠠᠳᠤᠮ ᠪᠤᠯ ᠦᠨᠢ ᠡᠷᠲᠡᠨ ᠤ ᠦᠪᠡᠷᠮᠢᠴᠡ ᠤᠨᠴᠠᠯᠢᠭ ᠢᠶᠠᠨ ᠪᠦᠷᠢᠨ ᠬᠠᠳᠠᠭᠠᠯᠠᠭᠰᠡᠨ᠂ ᠬᠡᠦᠭᠡᠳ ᠪᠠᠭᠠᠴᠤᠳ ᠤᠨ ᠪᠡᠶ᠎ᠡ ᠰᠡᠳᠬᠢᠴᠡ ᠶᠢᠨ ᠬᠦᠭᠵᠢᠯᠲᠡ ᠳᠤ ᠤᠨᠴᠠᠭᠠᠢ ᠦᠢᠯᠡᠳᠤᠯ ᠲᠠᠢ ᠲᠤᠬᠯᠠᠭᠠᠮ ᠨᠠᠭᠠᠳᠤᠮ ᠶᠤᠮ᠃      ᠤᠶᠢᠯᠠᠭᠠᠭᠰᠡᠨ ᠢᠶᠠᠷ᠂ ᠲᠤᠰ ᠭᠠᠷᠠᠭ ᠪᠤᠯ ᠮᠤᠩᠭᠤᠯ ᠰᠤᠷᠭᠠᠭᠤᠯᠢ ᠶᠢᠨ ᠭᠡᠷ ᠤᠨ ᠠᠬᠠᠮᠠᠳ ᠲᠤ ᠵᠤᠷᠢᠭᠤᠯᠤᠭᠰᠡᠨ ᠬᠢᠴᠢᠶᠡᠯᠯᠡᠭᠡ ᠶᠢᠨ ᠭᠠᠷᠠᠭ ᠪᠤᠯᠤᠨ᠎ᠡ᠃ ᠡᠯ᠎ᠡ ᠠᠩᠭᠢ ᠨᠢᠭᠡᠴᠡ ᠶᠢᠨ ᠬᠢᠨᠢ ᠦᠪᠡᠷ ᠦᠪᠡᠷ ᠤᠨ ᠤᠨᠴᠠᠯᠢᠭ ᠢᠶᠠᠨ ᠪᠦᠷᠢᠨ ᠬᠠᠷᠠᠭᠤᠯᠤᠭᠰᠡᠨ ᠤᠨᠴᠠᠯᠢᠬᠲᠦ ᠬᠢᠴᠢᠶᠡᠯᠯᠡᠭᠡ ᠶᠢ ᠪᠡᠯᠡᠳᠭᠡᠵᠦ ᠰᠤᠷᠤᠭᠴᠢ ᠬᠡᠷ ᠤᠨ ᠠᠬᠠᠮᠠᠳ ᠲᠤ ᠦᠵᠡᠭᠦᠯᠬᠦ ᠪᠤᠯᠤᠨ᠎ᠡ᠃

                                                ᠨᠠᠶᠢᠷᠠᠭᠤᠯᠤᠭᠴᠢ᠄ ᠽᠠᠨᠳᠠᠨᠮᠦ᠋ᠴᠢᠷ

                                                ᠬᠦᠢᠴᠡᠳᠭᠡᠭᠴᠢ ᠬᠢᠨᠠᠬᠴᠢ᠄ ᠭᠠᠯᠪᠠᠳᠠᠷᠠᠬᠤ

                                                ᠶᠡᠷᠦᠩᠬᠡᠢ ᠬᠢᠨᠠᠭᠴᠢ᠄ ᠵᠠᠩ ᠬᠦᠢ ᠵᠧᠨ

                                  ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号