ᠳᠠᠷᠬᠠᠨ ᠮᠤᠤᠮᠢᠩᠭᠠᠨ ᠬᠤᠰᠢᠭᠤᠨ ᠤ ᠬᠤᠶᠠᠷ ᠰᠤᠷᠭᠠᠭᠤᠯᠢ ᠪᠤᠭᠤᠲᠤ ᠬᠤᠲᠠ ᠶᠢᠨ ᠳᠥᠷᠪᠡᠳᠦᠭᠡᠷ ᠬᠤᠭᠤᠴᠠᠭᠠᠨ ᠤ ᠬᠥᠳᠡᠭᠡ ᠲᠣᠰᠬᠤᠨ ︵ᠬᠤᠲᠠ︶ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠤ ᠲᠤᠭᠯᠠᠯᠲᠡ ᠶᠢᠨ ᠤᠷᠤᠯᠳᠤᠭᠠᠨ ᠳᠤ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2019-05-17
     ᠤᠶᠢᠷ᠎ᠡ ᠳᠤ᠂ ᠳᠠᠷᠬᠠᠨ ᠮᠤᠤᠮᠢᠩᠭᠠᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠤᠷᠭᠠᠨ ᠬᠥᠮᠦᠵᠢᠯ ᠤᠨ ᠲᠣᠪᠴᠢᠶ᠎ᠠ ᠪᠦᠯᠬᠦᠮ ᠳᠠᠭᠠᠭᠤᠯᠤᠨ ᠪᠤᠭᠤᠲᠤ ᠬᠤᠲᠠ ᠶᠢᠨ ᠳᠥᠷᠪᠡᠳᠦᠭᠡᠷ ᠬᠤᠭᠤᠴᠠᠭᠠᠨ ᠤ ᠬᠥᠳᠡᠭᠡ ᠲᠣᠰᠬᠤᠨ ︵ᠬᠤᠲᠠ︶ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠤ ᠲᠤᠭᠯᠠᠯᠲᠡ  ᠶᠢᠨ ᠰᠢᠶᠳᠪᠦᠷᠢᠲᠦ ᠤᠷᠤᠯᠳᠤᠭᠠᠨ ᠳᠤ ᠣᠷᠣᠯᠴᠠᠪᠠ᠃      ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠬᠥᠳᠡᠭᠡ ᠲᠣᠰᠬᠤᠨ ︵ᠬᠤᠲᠠ︶ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠤ 13 ᠲᠦᠯᠦᠭᠡᠯᠡᠭᠴᠢ ᠠᠩᠭᠢ ᠦᠵᠡᠭᠴᠢᠳ ᠲᠤ ᠰᠡᠳᠬᠢᠯ ᠲᠤᠭᠳᠤᠯᠤᠮ᠎ᠡ ᠦᠪᠡᠳᠡᠭᠰᠢ ᠶᠡᠭᠡ ᠲᠤᠭᠯᠠᠯᠲᠡ ᠲᠡᠪᠰᠢᠭᠦᠯᠵᠠᠢ᠃ ᠬᠤᠷᠴᠠ ᠰᠢᠷᠦᠭᠦᠨ ᠤᠷᠤᠯᠳᠤᠭᠠᠨ ᠢᠶᠠᠷ ᠳᠠᠮᠵᠢᠨ᠂ ᠳᠠᠷᠬᠠᠨ ᠮᠤᠤᠮᠢᠩᠭᠠᠨ ᠬᠤᠰᠢᠭᠤᠨ ᠤ ᠮᠣᠩᠭᠤᠯ ᠰᠤᠷᠭᠠᠭᠤᠯᠢ ᠶᠢᠨ ︽ᠡᠬᠡ ᠤᠯᠤᠰ᠂ ᠱᠠᠪᠠᠷᠳᠠᠩ︾ ᠪᠣᠯᠤᠨ ᠪᠠᠲᠤᠬᠠᠭᠠᠯᠭ᠎ᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ︽ᠣᠢ ᠰᠢᠭᠤᠶ ᠶᠢᠨ ᠪᠦᠵᠢᠭ︾ ᠭᠡᠭᠦ ᠬᠤᠶᠠᠷ ᠪᠦᠲᠦᠭᠡᠯ ᠨᠢ ᠲᠤᠰ ᠲᠤᠰ ᠬᠤᠶᠠᠳᠤᠭᠠᠷ ᠲᠡᠰ ᠪᠤᠯᠤᠨ ᠭᠤᠷᠪᠠᠳᠤᠭᠠᠷ ᠲᠡᠰ ᠤᠨ ᠱᠠᠩᠨᠠᠯ ᠬᠦᠷᠲᠡᠭᠰᠡᠨ ᠪᠠᠶᠢᠨ᠎ᠡ᠃      ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠤ ᠡᠨᠡ ᠬᠦ ᠲᠤᠮᠤ ᠬᠡᠯᠪᠡᠷᠢ ᠶᠢᠨ ᠲᠤᠭᠯᠠᠯᠲᠡ ᠶᠢᠨ ᠲᠠᠶᠢᠰᠠᠨ ᠳᠡᠭᠡᠷ᠎ᠡ᠂ ᠥᠷᠭᠡᠨ ᠤᠯᠠᠨ ᠪᠠᠭᠠᠴᠤᠳ ᠬᠡᠦᠬᠡᠳ ᠤᠷᠠᠯᠢᠭ ᠤᠨ ᠷᠢᠳᠢ ᠰᠢᠳᠢ᠂ ᠮᠡᠳᠡᠯᠭᠡ ᠶᠢᠨ ᠭᠤᠶᠢᠲᠡ ᠭᠠᠶᠢᠬᠠᠮᠰᠢᠭ ᠢ ᠪᠠᠭ᠋ᠠᠷᠬᠠᠬᠤ ᠶᠢᠨ ᠲᠠᠭᠠᠦ ᠬᠦᠰᠡᠯ ᠢᠶᠠᠨ ᠪᠡᠶᠡᠯᠡᠭᠦᠯᠵᠦ ᠪᠤᠢ᠃ ᠣᠳᠣᠬᠠᠨ ᠳᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠨᠢᠭᠡᠨᠲᠡ ᠪᠠᠭᠠᠴᠤᠳ ᠬᠡᠦᠬᠡᠳ ᠤᠨ ᠬᠡᠪ ᠴᠢᠨᠠᠷ ᠢ ᠰᠤᠷᠭᠠᠨ ᠬᠦᠮᠦᠵᠢᠭᠦᠯᠬᠦ ᠰᠠᠶᠢᠨ ᠠᠴᠢᠶᠠᠯᠠᠪᠤᠷᠢ᠂ ᠬᠠᠮᠲᠤ ᠰᠤᠷᠤᠯᠭᠠᠲᠠᠨ ᠤ ᠰᠤᠯᠢᠯᠴᠠᠭ᠎ᠠ ᠬᠢᠬᠦ ᠰᠠᠶᠢᠨ ᠲᠠᠪᠴᠠᠩ᠂ ᠪᠠᠭᠰᠢ ᠰᠤᠷᠤᠭᠴᠢ ᠶᠢᠨ ᠤᠯᠤᠯᠴᠠᠭ᠎ᠠ ᠬᠢᠬᠦ ᠰᠠᠶᠢᠨ ᠲᠠᠯᠠᠪᠦᠷ᠂ ᠭᠡᠷ ᠤᠨ ᠠᠬᠠᠮᠠᠳ ᠰᠠᠨᠠᠭ᠎ᠠ ᠠᠮᠤᠷ ᠪᠠᠶᠢᠬᠤ ᠰᠠᠶᠢᠨ ᠭᠠᠵᠠᠷ ᠪᠣᠯᠤᠭᠰᠠᠨ ᠪᠠᠶᠢᠨ᠎ᠠ᠃      

     

                   ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠤᠷᠴᠢᠭᠤᠯᠤᠨ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号