2019 ᠣᠨ ᠤ 1 — 4 ᠰᠠᠷ᠎ᠠ ᠪᠤᠯᠳᠠᠯᠠᠬᠢ ᠪᠥᠬᠦ ᠬᠤᠰᠢᠭᠤᠨ ᠤ ᠭᠤᠤᠯ ᠪᠣᠯᠬᠤ ᠠᠵᠤ ᠠᠬᠤᠢ ᠶᠢᠨ ᠭᠦᠶᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2019-05-22
     ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠨᠠᠨ ᠬᠠᠷᠭᠤᠭᠤᠯᠤᠭᠰᠡᠨ ᠬᠠᠷᠢᠭᠤ ᠲᠤᠰᠬᠠᠯ ᠢ ᠦᠨᠳᠦᠰᠦᠯᠡᠪᠡᠯ᠂ ᠮᠠᠨ ᠤ ᠬᠤᠰᠢᠭᠤᠨ ᠤ ᠡᠨᠡ ᠵᠢᠯ ᠤᠨ 1 - 4 ᠰᠠᠷ᠎ᠠ ᠶᠢᠨ ᠬᠡᠰᠡᠭ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠨᠢ ᠳᠣᠣᠷᠠᠬᠢ ᠮᠡᠲᠦ᠄      ᠨᠢᠭᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠶᠡᠷᠦᠩᠬᠡᠶ ᠬᠡᠮᠵᠢᠶ᠎ᠡ ᠨᠢ 5.03 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1 — 3 ᠰᠠᠷ᠎ᠠ ᠶᠢᠨ ᠬᠢᠨ ︵0.8%︶ ᠠᠴᠠ 0.5 ᠵᠠᠭᠤᠨ ᠤ ᠨᠢᠭᠡᠴᠢ ᠲᠦᠷᠭᠡᠳᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ︵-22.71%︶ ᠠᠴᠠ 24 ᠵᠠᠭᠤᠨ ᠤ ᠨᠢᠭᠡᠴᠢ ᠲᠦᠷᠭᠡᠨ ᠪᠣᠯᠪᠠ᠃ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠶᠢᠨ ᠳᠣᠲᠣᠷ᠎ᠠ᠄ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠤᠨ ᠪᠠᠯᠠ ᠣᠷᠣᠭᠤᠯᠤᠯᠲᠠ ᠨᠢ 2.66 ᠳ᠋ᠦᠩᠰᠢᠭᠤᠷ ᠲᠥᠭᠦᠷᠢᠭ᠂ 500 — 5000 ᠲᠦᠮᠡᠨ ᠲᠥᠭᠦᠷᠢᠭ ᠤᠨ ᠲᠥᠷᠥᠯ ᠵᠦᠶᠯ ᠤᠨ ᠪᠠᠯᠠ ᠣᠷᠣᠭᠤᠯᠤᠯᠲᠠ ᠨᠢ 0.51 ᠳ᠋ᠦᠩᠰᠢᠭᠤᠷ ᠲᠥᠭᠦᠷᠢᠭ᠂ ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠶᠯ ᠤᠨ ᠪᠠᠯᠠ ᠣᠷᠣᠭᠤᠯᠤᠯᠲᠠ ᠨᠢ 1.86 ᠳ᠋ᠦᠩᠰᠢᠭᠤᠷ ᠲᠥᠭᠦᠷᠢᠭ ᠪᠣᠯᠤᠨ᠎ᠠ᠃      ᠬᠤᠶᠠᠷ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠡᠨ ᠶᠡᠷᠦᠩᠭᠡᠢ ᠬᠡᠮᠵᠢᠶ᠎ᠡ      ᠶᠡᠷᠦᠩᠬᠡᠶ ᠬᠡᠮᠵᠢᠶ᠎ᠡ ᠨᠢ 7.64 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1 — 3 ᠰᠠᠷ᠎ᠠ ᠶᠢᠨ ᠬᠢᠨ ︵6.1%︶ ᠠᠴᠠ 0.8 ᠵᠠᠭᠤᠨ ᠤ ᠨᠢᠭᠡᠴᠢ ᠪᠠᠭᠤᠷᠠᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ︵6.2%︶ ᠠᠴᠠ 0.9 ᠵᠠᠭᠤᠨ ᠤ ᠨᠢᠭᠡᠴᠢ ᠪᠠᠭᠤᠷᠠᠪᠠ᠃      ᠭᠤᠷᠪᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ      ᠠᠳᠠᠯᠢ ᠬᠤᠭᠤᠴᠠᠭᠠᠨ ᠤ ᠬᠢ ᠠᠴᠠ 15.6% ᠪᠠᠷ ᠨᠡᠮᠡᠭᠳᠡᠵᠦ᠂ 1 — 3 ᠰᠠᠷ᠎ᠠ ᠶᠢᠨ ᠬᠢᠨ ︵9.9%︶  ᠠᠴᠠ 5.7 ᠵᠠᠭᠤᠨ ᠤ ᠨᠢᠭᠡᠴᠢ ᠲᠦᠷᠭᠡᠳᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ︵3.0%︶ ᠠᠴᠠ 12.6 ᠵᠠᠭᠤᠨ ᠤ ᠨᠢᠭᠡᠴᠢ ᠲᠦᠷᠭᠡᠳᠪᠡ᠃ 1 — 4 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠶᠡᠷᠦᠩᠬᠡᠶ ᠥᠷᠲᠡᠭ ᠨᠢ 23.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠪᠡ︔ 45 ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ᠂ 31 ᠠᠵᠤ ᠠᠬᠤᠶᠢᠯᠠᠯ ᠤᠨ ᠦᠶᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ 13 ᠠᠵᠤ ᠠᠬᠤᠶᠢᠯᠠᠯ ᠤᠨ ᠦᠶᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠪᠠᠭᠠᠰᠴᠤ᠂ 1 ᠠᠵᠤ ᠠᠬᠤᠶᠢᠯᠠᠯ ᠦᠶᠯᠡᠳᠪᠦᠷᠢᠯᠡᠯ ᠢᠶᠠᠨ ᠵᠣᠭᠰᠣᠭᠠᠪᠠ ︵ᠪᠤᠰᠤᠳ 3 ᠠᠵᠤ ᠠᠬᠤᠶᠢᠯᠠᠯ ᠨᠢ 3 ᠳ᠋ᠤᠭᠠᠷ ᠰᠠᠷ᠎ᠠ ᠳᠤ ᠳᠠᠬᠢᠨ ᠦᠶᠯᠡᠳᠪᠦᠷᠢᠯᠡᠯ ᠢᠶᠠᠨ ᠰᠡᠷᠭᠦᠭᠡᠪᠡ︶᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号