ᠰᠤᠷᠤᠭᠴᠢᠳ ᠤᠨ ᠰᠢᠨ᠎ᠡ ᠶᠢ ᠡᠭᠦᠳᠬᠦ ᠴᠢᠳᠠᠪᠦᠷᠢ ᠶᠢ ᠬᠦᠮᠦᠵᠢᠭᠦᠯᠬᠦ ᠳᠤ
ᠨᠡᠶᠢᠲᠡᠯᠡᠭᠰᠡᠨ ᠴᠠᠭ᠄
2019-05-29
                                           ᠪᠡ᠊᠂ ᠤᠳᠽᠠᠷ      ᠶᠡᠷᠦᠩᠬᠡᠢ ᠱᠦᠵᠢ ᠰᠢ ᠶᠢᠨ ᠫᠢᠩ ︽ᠰᠢᠨ᠎ᠡ ᠶᠢ ᠡᠭᠦᠳᠭᠦ ᠪᠤᠯ ᠨᠢᠭᠡ ᠦᠨᠳᠦᠰᠦᠲᠡᠨ ᠤ ᠮᠠᠨᠳᠤᠨ ᠬᠦᠭᠵᠢᠬᠦ  ᠶᠢᠨ ᠠᠮᠢᠨ ᠰᠦᠨᠡᠰᠦ ᠪᠦᠭᠡᠳ ᠤᠯᠤᠰ ᠤᠷᠤᠨ ᠤ ᠦᠭᠡᠷᠡᠴᠢᠯᠡᠯᠲᠡ ᠨᠡᠭᠡᠭᠡᠯᠲᠡ ᠶᠢᠨ ᠬᠦᠲᠡᠯᠭᠡᠬᠦ ᠬᠦᠴᠦᠨ ᠮᠦᠨ︾ ᠭᠡᠵᠦ ᠵᠢᠭᠠᠵᠦ ᠭᠠᠷᠭᠠᠭᠰᠡᠨ ᠪᠢᠯᠡ᠃ ᠰᠤᠷᠤᠭᠴᠢᠳ ᠤᠨ ᠰᠢᠨ᠎ᠡ ᠶᠢ ᠡᠭᠦᠳᠭᠦ ᠴᠢᠳᠠᠪᠦᠷᠢ ᠶᠢ ᠬᠦᠮᠦᠵᠢᠭᠦᠯᠬᠦ ᠨᠢ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠦᠨᠳᠦᠰᠦᠨ ᠡᠭᠦᠷᠭᠡ ᠪᠤᠯᠬᠤ ᠪᠦᠭᠡᠳ ᠰᠤᠷᠤᠭᠴᠢᠳ ᠤᠨ ᠰᠢᠨ᠎ᠡ  ᠶᠢ ᠡᠭᠦᠳᠬᠦ ᠵᠤᠷᠢᠭ ᠰᠠᠨᠠᠭ᠎ᠠ ᠪᠡ ᠦᠢᠯᠡᠳᠤᠯᠭᠡ ᠳᠤ ᠤᠷᠤᠯᠴᠠᠬᠤ ᠴᠢᠳᠠᠪᠦᠷᠢ ᠲᠠᠢ ᠪᠤᠯᠭᠠᠨ ᠬᠦᠮᠦᠵᠢᠭᠦᠯᠬᠦ ᠪᠠᠷ ᠭᠤᠤᠯᠳᠠᠯᠭ᠎ᠠ ᠪᠤᠯᠭᠠᠭᠰᠡᠨ ᠬᠡᠪ ᠴᠢᠨᠠᠷ ᠤᠨ ᠰᠤᠷᠭᠠᠨ ᠬᠦᠮᠦᠵᠢᠯ ᠤᠨ ᠭᠤᠤᠯᠳᠠᠯᠭ᠎ᠠ ᠪᠤᠯᠤᠨ᠎ᠡ᠃      ᠰᠤᠷᠤᠬᠴᠢᠳ ᠤᠨ ᠪᠦᠲᠦᠭᠡᠯᠴᠢ ᠴᠢᠨᠠᠷ ᠢ ᠬᠦᠮᠦᠵᠢᠭᠦᠯᠬᠦ ᠳᠤ ᠡᠩ ᠲᠡᠷᠢᠭᠦᠨ ᠳᠤ᠂ ᠪᠠᠭᠰᠢ ᠪᠤᠯᠤᠭᠰᠠᠳ ᠤᠷᠢᠳᠠᠪᠡᠷ ᠪᠦᠲᠦᠭᠡᠯᠴᠢ ᠴᠢᠨᠠᠷᠲᠠᠢ ᠬᠦᠮᠦᠵᠢᠯ ᠤᠨ ᠦᠵᠡᠯᠲᠡ ᠲᠠᠢ ᠪᠠᠶᠢᠬᠤ ᠬᠡᠷᠡᠭᠲᠠᠢ᠃ ᠮᠡᠲᠡᠯᠭᠡ ᠪᠠᠷ ᠦᠪᠡᠷ ᠤᠨ ᠤᠶᠤᠨ ᠲᠠᠷᠢᠬᠢ ᠪᠠᠨ ᠵᠠᠪᠰᠡᠭᠯᠡᠵᠦ᠂ ᠰᠤᠷᠭᠠᠨ ᠬᠦᠮᠦᠵᠢᠯ ᠤᠨ ᠲᠡᠯ᠎ᠡ ᠪᠠᠷ ᠲᠠᠰᠤᠷᠠᠯᠲᠡ ᠦᠭᠡᠢ ᠰᠢᠨ᠎ᠡ ᠶᠢ ᠡᠭᠦᠳᠪᠡᠯ ᠰᠠᠶ᠋ᠢ ᠪᠦᠲᠦᠭᠡᠯᠴᠢ ᠴᠢᠨᠠᠷᠲᠠᠢ ᠴᠢᠳᠠᠪᠦᠷᠢᠲᠡᠨ ᠢ ᠬᠦᠮᠦᠵᠢᠭᠦᠯᠵᠦ ᠴᠢᠳᠠᠨ᠎ᠡ᠃ ᠡᠭᠦᠨ ᠤ ᠬᠠᠮᠲᠦ᠂ ᠪᠠᠭᠰᠢ ᠪᠤᠯᠤᠭᠰᠠᠳ ᠮᠡᠲᠡᠯᠭᠡ ᠤᠯᠠᠮᠵᠢᠯᠠᠬᠤ᠂ ᠤᠶᠤᠨ ᠤ ᠴᠢᠳᠠᠪᠦᠷᠢ ᠶᠢ ᠨᠢ ᠬᠦᠭᠵᠢᠭᠦᠯᠬᠦ ᠶᠠᠪᠤᠴᠡ ᠶᠢ ᠪᠦᠲᠦᠭᠡᠯᠴᠢ ᠴᠢᠨᠠᠷᠲᠠᠢ ᠬᠦᠮᠦᠵᠢᠯ  ᠯᠦᠭᠡ ᠤᠷᠭᠠᠨᠢᠭ ᠢᠶᠠᠷ ᠤᠶᠠᠯᠳᠤᠭᠤᠯᠬᠤ ᠨᠢ ᠰᠤᠷᠤᠭᠴᠢᠳ ᠢ ᠪᠦᠲᠦᠭᠡᠯᠴᠢ ᠴᠢᠨᠠᠷᠲᠠᠢ ᠪᠤᠯᠭᠠᠨ ᠬᠦᠮᠦᠵᠢᠭᠦᠯᠬᠦ ᠳᠤ ᠠᠰᠢᠬᠲᠠᠢ ᠶᠤᠮ᠃      ᠲᠠᠷᠠᠭ᠎ᠠ ᠨᠢ᠂ ᠰᠢᠨ᠎ᠡ ᠶᠢ ᠡᠭᠦᠳᠭᠦ ᠰᠢᠯᠢᠳᠡᠭ ᠰᠠᠶᠢᠨ ᠠᠭᠤᠷ ᠠᠮᠢᠰᠬᠤᠯ ᠢ ᠪᠤᠢ ᠪᠤᠯᠭᠠᠬᠤ ᠨᠢ ᠴᠢᠬᠤᠯᠡ ᠪᠠᠶᠢᠳᠠᠭ᠃ ᠰᠡᠳᠬᠢᠴᠡ ᠵᠦᠢ ᠶᠢᠨ ᠰᠤᠳᠤᠯᠤᠯ ᠠᠴᠠ ᠦᠵᠡᠪᠡᠯ ᠠᠯᠢᠪᠡ ᠰᠤᠨᠢᠷᠬᠠᠨ ᠰᠤᠷᠴᠦ ᠬᠦᠭᠡᠭᠡᠴᠡᠯᠳᠦᠭᠰᠡᠨ  ᠠᠴᠠ ᠪᠤᠯᠵᠦ ᠱᠠᠩᠨᠠᠯ ᠵᠤᠷᠢᠬᠵᠢᠭᠤᠯᠤᠯ ᠤᠯᠤᠭᠰᠡᠨ ᠰᠤᠷᠤᠭᠴᠢ ᠬᠡᠵᠢᠶᠡᠲᠡ ᠦᠷᠭᠦᠯᠵᠢᠯᠠᠨ ᠲᠤᠷᠰᠢᠬᠤ ᠪᠡ ᠰᠦᠪᠡᠭᠴᠢᠯᠡᠬᠦ ᠲᠤᠷᠠᠳᠠᠢ ᠪᠠᠶᠢᠳᠠᠭ ᠠᠴᠠ ᠤᠢ ᠪᠢᠯᠢᠭ ᠨᠢ ᠤᠯᠠᠮ ᠬᠦᠭᠵᠢᠵᠦ᠂ ᠰᠢᠨ᠎ᠡ ᠶᠢ ᠡᠭᠦᠳᠬᠦ ᠦᠵᠡᠯ ᠰᠠᠨᠠᠭ᠎ᠠ ᠪᠤᠢ ᠪᠤᠯᠳᠠᠭ᠃ ᠲᠡᠶᠢᠮᠦ ᠠᠴᠠ ᠪᠠᠭᠰᠢ ᠨᠠᠷ ᠰᠤᠷᠤᠭᠴᠢᠳ ᠤᠨ ᠰᠤᠨᠢᠷᠬᠠᠯᠲᠦ ᠰᠡᠳᠬᠢᠯᠭᠡ ᠪᠡ ᠰᠤᠷᠴᠦ ᠬᠦᠭᠡᠭᠡᠴᠡᠯᠳᠦᠬᠦ ᠦᠵᠡᠯ ᠰᠠᠨᠠᠭ᠎ᠠ ᠶᠢ ᠬᠠᠮᠠᠭᠠᠯᠠᠨ ᠬᠦᠭᠵᠢᠭᠦᠯᠵᠦ ᠰᠤᠷᠤᠭᠴᠢᠳ ᠤᠨ ᠬᠠᠶᠢᠨ ᠰᠦᠪᠡᠭᠴᠢᠯᠡᠬᠦ ᠵᠤᠷᠢᠭ ᠰᠠᠨᠠᠭ᠎ᠠ ᠪᠡ ᠰᠢᠨ᠎ᠡ ᠶᠢ ᠡᠭᠦᠳᠬᠦ ᠰᠡᠳᠬᠢᠴᠡ ᠶᠢ ᠬᠠᠮᠠᠭᠠᠯᠠᠵᠦ᠂ ᠦᠨᠡᠨ ᠮᠡᠲᠡᠵᠦ ᠦᠨᠡᠨ ᠶᠤᠰᠤ ᠶᠢ ᠬᠦᠭᠡᠭᠡᠴᠡᠯᠳᠦᠭᠦ  ᠶᠢ ᠡᠷᠬᠢᠮᠯᠡᠬᠦ ᠠᠭᠤᠷ ᠠᠮᠢᠰᠬᠤᠯ ᠢ ᠪᠤᠢ ᠪᠤᠯᠭᠠᠵᠦ᠂ ᠰᠤᠷᠤᠭᠴᠢᠳ ᠤᠨ ᠲᠠᠯᠲᠡ ᠴᠢᠳᠠᠪᠦᠷᠢ ᠪᠠᠨ ᠬᠦᠢᠴᠡᠳ ᠪᠠᠳᠠᠷᠠᠭᠤᠯᠬᠤ ᠳᠤ ᠨᠢ ᠦᠷᠭᠡᠨ ᠠᠭᠤᠳᠠᠮ ᠰᠠᠶᠢᠨ ᠰᠠᠶᠢᠬᠠᠨ ᠤᠷᠴᠢᠨ ᠲᠤᠭᠤᠷᠢᠨ ᠬᠠᠩᠭᠠᠵᠦ᠂ ᠰᠢᠨ᠎ᠡ ᠶᠢ ᠡᠭᠦᠳᠬᠦ ᠦᠢᠯᠡᠳᠦᠯᠭᠡ ᠶᠢᠨ ᠲᠠᠪᠴᠠᠩ ᠢ ᠪᠤᠢ ᠪᠤᠯᠭᠠᠵᠦ ᠦᠭᠪᠡᠯ ᠵᠤᠬᠢᠨ᠎ᠡ᠃ ᠡᠨᠡ ᠨᠢ ᠰᠤᠷᠤᠭᠴᠢᠳ ᠲᠤ ᠰᠡᠴᠡᠨ ᠰᠡᠷᠭᠦᠯᠡᠩ ᠤᠶᠤᠨ ᠤᠬᠠᠭᠠᠨ ᠠᠪᠢᠶᠠᠰ ᠴᠢᠳᠠᠪᠦᠷᠢ ᠪᠠᠨ ᠪᠠᠳᠠᠷᠠᠭᠤᠯᠬᠤ ᠵᠠᠪᠰᠢᠶᠠᠨ ᠢ ᠤᠯᠭᠤᠵᠦ ᠴᠢᠳᠠᠨ᠎ᠡ᠃      ᠭᠤᠷᠪᠠ ᠳᠤ᠂ ᠰᠤᠷᠤᠭᠴᠢᠳ ᠲᠤ ︽ᠠᠰᠠᠭᠤᠳᠡᠯ ᠢ ᠰᠢᠢᠳᠪᠦᠷᠢᠯᠡᠬᠦ︾ ᠴᠢᠳᠠᠪᠦᠷᠢ ᠶᠢᠨ ᠬᠦᠮᠦᠵᠢᠯ ᠬᠢᠬᠦ ᠶᠢ ᠴᠢᠬᠤᠯᠠᠴᠢᠯᠠᠬᠤ ᠬᠡᠷᠡᠭᠲᠠᠢ᠃ ᠤᠳᠤᠬᠢ ᠵᠢᠭᠠᠨ ᠰᠤᠷᠭᠠᠯᠲᠡ ᠳᠤ᠂ ︽ᠪᠠᠭᠰᠢ ᠪᠤᠯ ᠤᠳᠤᠷᠢᠳᠤᠭᠠᠴᠢ᠂ ᠰᠤᠷᠤᠬᠴᠢ ᠪᠤᠯ ᠲᠤᠬᠯᠠᠬᠴᠢ︾ ᠪᠤᠯᠬᠤ ᠶᠢ ᠴᠢᠬᠤᠯᠠᠴᠢᠯᠠᠵᠦ᠂ ᠦᠪᠡᠷ ᠤᠨ ᠶᠠᠮᠠᠷ ᠨᠢᠭᠡ ᠠᠰᠠᠭᠤᠳᠡᠯ ᠢ ᠰᠢᠢᠳᠪᠦᠷᠢᠯᠡᠬᠦ ᠴᠢᠳᠠᠪᠦᠷᠢ ᠶᠢ ᠬᠦᠮᠦᠵᠢᠭᠦᠯᠬᠦ ᠳᠤ ᠬᠠᠨᠳᠤᠭᠤᠯᠵᠦ ᠪᠤᠢ᠃ ᠡᠨᠡ ᠲᠡᠯ᠎ᠡ ᠶᠢᠨ ᠬᠦᠮᠦᠵᠢᠯ ᠢ ᠬᠢᠬᠦ ᠳᠤ ᠪᠠᠭᠰᠢ ᠪᠤᠯᠤᠭᠰᠠᠳ ᠰᠤᠷᠤᠭᠴᠢᠳ ᠲᠤ ᠡᠭᠦᠳᠦᠨ ᠪᠦᠲᠦᠭᠡᠬᠦ ᠰᠡᠷᠡᠯᠲᠡ ᠳᠤ ᠬᠤᠯᠪᠤᠬᠳᠠᠬᠤ ᠪᠤᠳᠠᠳᠦ ᠵᠢᠱᠢᠶ᠎ᠡ ᠪᠠᠷ ᠬᠦᠮᠦᠵᠢᠭᠦᠯᠵᠦ ᠪᠤᠯᠤᠨ᠎ᠡ᠃ ᠵᠢᠱᠢᠶᠡᠯᠠᠪᠡᠯ᠄ ᠯᠧᠲ᠋ᠧ ᠠᠬ᠎ᠠ ᠲᠡᠭᠦᠦ ᠬᠤᠶᠠᠭᠤᠯᠠ ᠠᠭᠠᠷ ᠲᠤ ᠨᠢᠰᠲᠡᠭ ᠠᠮᠢᠲᠡᠨ ᠠᠴᠠ ᠰᠡᠳᠤᠯᠲᠡ ᠤᠯᠵᠦ ᠲᠡᠯᠡᠭᠡᠢ ᠶᠢᠨ ᠬᠠᠮᠤᠭ ᠤᠨ ᠠᠩᠬᠠᠨ ᠤ ᠨᠢᠰᠭᠡᠯ ᠢ ᠡᠭᠦᠳᠦᠭᠰᠡᠨ᠂ ᠸᠠᠲ ᠪᠠᠭ᠎ᠠ ᠳᠠᠭᠠᠨ ᠤᠰᠤ ᠪᠤᠴᠠᠯᠬᠤ ᠳᠤ ᠲᠡᠪᠦᠷ᠎ᠡ ᠶᠢᠨ ᠬᠠᠪᠬᠠᠭ ᠶᠠᠭᠠᠬᠢᠭᠠᠳ ᠬᠦᠲᠡᠯᠲᠡᠭ ᠤᠴᠢᠷ ᠢ ᠠᠵᠢᠬᠯᠠᠨ ᠰᠤᠨᠢᠷᠬᠠᠨ ᠰᠤᠳᠤᠯᠤᠬᠰᠠᠭᠠᠷ ᠪᠠᠶᠢᠵᠦ ᠬᠤᠵᠢᠮ ᠨᠢ ᠠᠭᠤᠷ ᠤᠨ ᠮᠠᠰᠢᠨ ᠢ ᠡᠭᠦᠲᠦᠭᠰᠡᠨ ᠮᠡᠲᠦ ᠶᠢᠨ ᠵᠢᠱᠢᠶ᠎ᠡ ᠶᠢ ᠢᠯᠡᠭᠦᠭᠡᠨ ᠶᠠᠷᠢᠵᠦ᠂ ᠡᠭᠦᠳᠦᠨ ᠪᠦᠲᠦᠭᠡᠬᠦ ᠴᠢᠳᠠᠪᠦᠷᠢ ᠶᠢ ᠨᠢ ᠬᠦᠮᠦᠵᠢᠭᠦᠯᠬᠦ ᠳᠤ ᠰᠠᠭᠤᠷᠢ ᠲᠠᠯᠪᠢᠵᠦ᠂ ᠰᠤᠷᠤᠭᠴᠢᠳ ᠤᠨ ᠪᠡᠶ᠎ᠡ ᠪᠠᠨ ᠲᠠᠭᠠᠭᠠᠵᠦ ᠰᠦᠪᠡᠭᠴᠢᠯᠡᠯᠲᠡ ᠬᠢᠬᠦ᠂ ᠠᠰᠠᠭᠤᠳᠡᠯ ᠢ ᠰᠢᠢᠳᠪᠦᠷᠢᠯᠡᠬᠦ ᠳᠤ ᠵᠤᠷᠢᠬᠵᠢᠭᠤᠯᠵᠦ᠂ ᠰᠤᠷᠤᠭᠴᠢᠳ ᠤᠨ ᠵᠤᠬᠢᠬᠤ ᠬᠡᠮᠵᠢᠶᠡᠨ  ᠤ ᠴᠢᠨᠠᠷᠲᠠᠢ ᠠᠰᠠᠭᠤᠳᠡᠯ ᠲᠤᠷᠠᠳᠴᠦ ᠭᠠᠷᠭᠠᠵᠦ ᠴᠢᠳᠠᠬᠤ ᠳᠤ ᠵᠢᠯᠤᠭᠤᠳᠤᠵᠦ ᠪᠤᠯᠤᠨ᠎ᠡ᠃ ᠤᠴᠢᠷ ᠨᠢ ᠠᠰᠠᠭᠤᠳᠡᠯ ᠢ ᠲᠤᠷᠠᠳᠬᠤ ᠨᠢ ᠰᠢᠨᠵᠢᠯᠡᠬᠦ ᠤᠬᠠᠭᠠᠨᠴᠢ ᠰᠡᠳᠬᠢᠭᠦᠢ ᠶᠢᠨ ᠡᠬᠢᠯᠡᠯᠲᠡ ᠶᠢᠨ ᠴᠡᠭ ᠮᠦᠷᠲᠡᠭᠡᠨ ᠡᠭᠦᠳᠦᠨ ᠪᠦᠲᠦᠭᠡᠬᠦ  ᠶᠢᠨ ᠤᠷᠢᠲᠡᠯ ᠨᠦᠬᠦᠴᠡᠯ ᠪᠤᠯᠬᠤᠷ ᠪᠠᠭᠰᠢ ᠪᠤᠯᠤᠭᠰᠠᠳ ᠦᠷᠭᠦᠯᠵᠢ ᠰᠤᠷᠤᠭᠴᠢᠳ ᠢᠶᠠᠷ ᠠᠰᠠᠭᠤᠯᠲᠡ ᠲᠤᠷᠠᠳᠤᠭᠤᠯᠵᠦ᠂ ᠰᠤᠷᠤᠭᠴᠢᠳ ᠢᠶᠠᠷ ᠠᠰᠠᠭᠤᠯᠲᠡ ᠳᠤ ᠵᠠᠳᠠᠯᠤᠯᠲᠡ ᠬᠢᠯᠭᠡᠵᠦ᠂ ᠠᠰᠠᠭᠤᠳᠡᠯ ᠢ ᠰᠢᠢᠳᠪᠦᠷᠢᠯᠡᠬᠦ ᠳᠤ ᠬᠦᠴᠦ ᠲᠠᠯᠪᠢᠬᠤ ᠰᠤᠷᠤᠭᠴᠢᠳ ᠤᠨ ᠰᠡᠳᠬᠢᠭᠦᠢ ᠶᠢᠨ ᠴᠢᠳᠠᠪᠦᠷᠢ ᠶᠢ ᠨᠢ ᠬᠦᠭᠵᠢᠭᠦᠯᠬᠦ ᠳᠤ ᠠᠰᠢᠬᠲᠠᠢ ᠪᠠᠶᠢᠵᠦ᠂ ᠰᠢᠨ᠎ᠡ ᠶᠢ ᠡᠭᠦᠳᠬᠦ ᠳᠤᠨᠢ ᠲᠦᠯᠬᠢᠴᠡ ᠦᠢᠯᠡᠳᠤᠯ ᠦᠵᠡᠭᠦᠯᠲᠡᠭ ᠶᠤᠮ᠃      ᠰᠢᠨ᠎ᠡ ᠴᠠᠭ ᠦᠶ᠎ᠡ ᠶᠢᠨ ᠮᠡᠲᠡᠯᠭᠡ ᠶᠢᠨ ᠠᠵᠦ ᠠᠬᠤᠢ ᠬᠦᠮᠦᠰ ᠤᠨ ᠰᠢᠨ᠎ᠡ ᠶᠢ ᠡᠭᠦᠳᠭᠦ ᠶᠢ ᠤᠷᠢᠶᠠᠯᠠᠵᠦ ᠪᠠᠶᠢᠬᠤ ᠶᠤᠮ᠃ ᠤᠯᠤᠰ ᠤᠷᠤᠨ ᠤ ᠬᠦᠭᠵᠢᠯ ᠮᠠᠨᠳᠤᠯ ᠴᠢᠳᠠᠪᠦᠷᠢᠲᠡᠨ ᠳᠤ ᠲᠦᠰᠢᠭᠯᠡᠲᠡᠭ᠃ ᠪᠦᠲᠦᠭᠡᠯᠴᠢ ᠴᠢᠳᠠᠪᠦᠷᠢᠲᠡᠨ ᠢ ᠬᠦᠮᠦᠵᠢᠭᠦᠯᠬᠦ ᠳᠤ ᠪᠠᠭᠰᠢ ᠶᠢᠨ ᠵᠢᠯᠤᠭᠤᠳᠤᠯᠭ᠎ᠠ ᠬᠦᠮᠦᠵᠢᠯ ᠴᠦ ᠮᠠᠰᠢ ᠴᠢᠬᠤᠯᠡ ᠪᠤᠯᠬᠤᠷ ᠡᠨᠡ ᠲᠡᠯ᠎ᠡ ᠶᠢᠨ ᠬᠦᠮᠦᠵᠢᠯ ᠢ ᠬᠦᠨᠳᠦᠳᠭᠡᠬᠦ ᠴᠢᠬᠤᠯᠡ ᠲᠠᠢ ᠶᠤᠮ᠃
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号