| ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠪᠠᠷᠠᠭᠤᠨ ᠠᠵᠤ ᠦᠶᠯᠡᠳᠪᠦᠷᠢ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ᠂ | ᠪᠠᠶᠢᠭᠤᠯᠭ᠎ᠠ ᠨᠢᠭᠡᠴᠡ ᠳᠤ᠄ | ᠬᠤᠰᠢᠭᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ | ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ | ᠵᠢᠭᠡᠯᠡᠯᠭᠡ ᠶᠢᠨ ᠠᠵᠢᠯ ᠢ ᠲᠦᠷᠭᠡᠳᠬᠡᠨ ᠴᠡᠭᠴᠡᠯᠡᠨ ᠵᠠᠰᠠᠬᠤ ᠬᠡᠷᠡᠭᠲᠠᠢ᠃ ᠬᠤᠰᠢᠭᠤᠨ ᠤ ᠬᠠᠮᠢᠶ᠎ᠡ ᠪᠦᠬᠦᠢ | ᠤᠳᠤᠷᠢᠳᠤᠯᠭ᠎ᠠ ᠠᠴᠠ ᠰᠤᠳᠤᠯᠤᠨ ᠵᠦᠪᠰᠢᠶᠡᠷᠡᠭᠡᠳ᠂ ︽ᠲᠠᠷᠬᠠᠨ ᠮᠤᠤᠮᠢᠩᠭᠠᠨ ᠬᠤᠰᠢᠭᠤᠨ ᠤ ᠮᠠᠯᠵᠢᠬᠤ ᠲᠠᠷᠢᠶᠠᠯᠠᠬᠤ | ᠣᠷᠣᠨ ᠤ ᠠᠷᠠᠳ ᠤᠨ ᠲᠤᠮᠳᠠᠬᠢ ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯ ᠤᠨ | ᠬᠡᠷᠡᠭᠵᠢᠭᠦᠯᠬᠦ ᠲᠥᠰᠦᠯ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠡ᠂ ᠠᠵᠢᠯ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ | ᠣᠨᠴᠠᠭᠠᠶᠢᠯᠠᠨ ᠮᠡᠳᠡᠭᠳᠡᠪᠡ | | 2019 ᠤᠨ ᠤ 4 ᠰᠡᠷ᠎ᠡ ᠶᠢᠨ 10 ᠤ ᠡᠳᠤᠷ | | | | ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠳᠤᠮᠳᠠᠬᠢ | ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯ ᠢ ᠬᠡᠷᠡᠭᠵᠢᠭᠦᠯᠬᠦ ᠲᠥᠰᠦᠯ | | ᠬᠤᠰᠢᠭᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ | ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ ᠵᠢᠭᠡᠯᠡᠯᠭᠡ ᠶᠢ | ᠪᠦᠲᠦᠮᠵᠢᠲᠡᠶ ᠵᠠᠰᠠᠵᠤ᠂ ᠠᠷᠠᠳ ᠤᠨ ᠳᠤᠮᠳᠠᠬᠢ ᠵᠢᠭᠡᠯᠡᠯᠭᠡ ᠶᠢᠨ ᠡᠷᠡᠭᠦᠯ ᠢᠶᠠᠷ ᠡᠮᠬᠢ ᠵᠢᠷᠤᠮ ᠲᠠᠢ ᠬᠥᠭᠵᠢᠬᠦ ᠶᠢ | ᠬᠥᠲᠥᠯᠥᠨ ᠵᠢᠯᠣᠭᠤᠳᠴᠤ᠂ ᠮᠠᠨ ᠤ ᠬᠤᠰᠢᠭᠤᠨ ᠤ ᠬᠥᠳᠡᠭᠡ ᠲᠣᠰᠬᠤᠨ ᠤ ᠮᠥᠩᠭᠦᠨ ᠭᠦᠶᠯᠭᠡᠭᠡᠨ ᠤ ᠡᠮᠬᠢ ᠳᠢᠭᠯᠢᠮ | ᠪᠠ ᠨᠡᠶᠢᠭᠡᠮ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠪᠥᠬᠦ ᠬᠤᠰᠢᠭᠤᠨ ᠤ ᠬᠡᠪᠴᠢᠶᠡᠨ ᠳᠤ | ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ | ᠥᠷᠨᠢᠭᠦᠯᠬᠦ ᠪᠠᠷ ᠲᠣᠭᠲᠠᠵᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ | ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠤᠨ ᠳᠤᠮᠳᠠᠬᠢ ᠥᠨᠳᠥᠷ ᠬᠦᠤ ᠲᠠᠢ ᠵᠢᠭᠡᠯᠡᠯᠭᠡ ᠶᠢ | ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠲᠦᠷᠦᠭᠲᠡᠯ ᠢ | ᠦᠨᠡᠨ ᠬᠦ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ | ᠵᠠᠰᠠᠬᠤ ᠠᠵᠢᠯ ᠢ ᠮᠠᠨ ᠤ ᠬᠤᠰᠢᠭᠤᠨ ᠤ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠡ ᠰᠢᠪᠳᠤᠯᠬᠤ | ᠡᠭᠦᠷᠭᠡ ᠶᠢ ᠪᠡᠶᠡᠯᠡᠭᠦᠯᠬᠦ ᠶᠢᠨ ᠭᠤᠤᠯᠳᠠᠯᠭ᠎ᠠ ᠲᠠᠢ ᠠᠵᠢᠯ ᠪᠣᠯᠭᠠᠵᠤ᠂ ᠪᠠᠶᠢᠴᠠᠭᠠᠵᠦ ᠤᠶᠢᠯᠠᠭᠠᠬᠤ᠂ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠬᠢᠬᠦ ᠪᠠ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠪᠠᠷ ᠳᠠᠮᠵᠢᠭᠤᠯᠤᠨ᠂ ᠬᠢᠨᠠᠨ | ᠬᠡᠮᠵᠢᠬᠦ ᠪᠠ ᠠᠶᠦᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠎ᠠ︔ ᠬᠠᠤᠯᠢ ᠪᠤᠰᠤ | ᠵᠢᠭᠡᠯᠡᠯᠭᠡ ᠳᠤ ᠴᠣᠬᠢᠯᠲᠠ ᠥᠭᠬᠦ᠂ ᠲᠠᠷᠢᠶᠠᠯᠠᠬᠤ ᠮᠠᠯᠵᠢᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠣᠷᠴᠢᠨ ᠲᠤᠭᠤᠷᠢᠨ ᠢ ᠰᠢᠯᠢᠳᠡᠭᠵᠢᠭᠦᠯᠬᠦ ᠪᠠᠷ ᠲᠠᠮᠵᠢᠨ ᠮᠠᠯᠴᠢᠨ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠡᠳ᠋ | ᠬᠦᠷᠦᠩᠭᠡ ᠪᠠᠨ ᠬᠠᠮᠢᠶᠠᠷᠬᠤ᠂ ᠣᠶᠤᠨᠴᠢ ᠪᠠᠷ ᠬᠡᠷᠡᠭᠯᠡᠭᠡ ᠬᠢᠬᠦ ᠬᠠᠷᠠᠯᠲᠡ ᠶᠢ ᠪᠡᠶᠡᠯᠡᠭᠦᠯᠬᠦ ᠬᠡᠷᠡᠭᠲᠡᠢ᠃ | ᠬᠤᠶᠠᠷ᠂ ᠦᠨᠳᠦᠰᠦᠨ ᠵᠠᠷᠴᠢᠮ | ︵ᠨᠢᠭᠡ︶ ᠰᠢᠯᠤᠭᠤᠳᠬᠠᠬᠤ ᠲᠠᠢ ᠤᠶᠠᠯᠳᠤᠭᠤᠯᠵᠦ᠂ ᠬᠠᠤᠯᠢ ᠶᠣᠰᠣᠭᠠᠷ ᠵᠠᠰᠠᠯᠲᠡ ᠬᠢᠨ᠎ᠡ᠃ ᠮᠠᠯᠵᠢᠬᠤ | ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠮᠠᠯᠵᠢᠬᠤ | ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠵᠢᠭᠡᠯᠡᠯᠭᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠠᠷᠠᠳ ᠤᠨ ᠲᠤᠮᠳᠠᠬᠢ ᠵᠢᠭᠡᠯᠡᠯᠭᠡ ᠶᠢᠨ | ᠦᠢᠯᠡ ᠠᠵᠢᠯᠯᠠᠭ᠎ᠠ ᠶᠢ ᠵᠥᠪ ᠢᠶᠠᠷ ᠬᠥᠲᠥᠯᠥᠨ ᠵᠢᠯᠣᠭᠤᠳᠬᠤ ᠪᠠ ᠵᠢᠷᠤᠮᠵᠢᠭᠤᠯᠵᠤ᠂ ᠬᠠᠤᠯᠢ ᠪᠤᠰᠤ ᠪᠠᠷ ᠥᠷᠢ | ᠨᠡᠭᠡᠬᠦ ᠪᠠ ᠮᠠᠭᠤ ᠰᠠᠨᠠᠭ᠎ᠠ ᠡᠪᠦᠷᠯᠡᠨ ᠥᠷᠢ ᠠᠴᠠ ᠲᠤᠳᠠᠭᠠᠬᠤ ᠪᠤᠶᠦ ᠦᠷᠢ ᠦᠭᠴᠡᠭᠡ ᠶᠢ ᠬᠦᠴᠦᠨ ᠦᠭᠡᠢ | ᠪᠣᠯᠭᠠᠬᠤ ᠶᠢ ᠴᠢᠩᠭ᠎ᠠ ᠰᠢᠢᠳᠪᠦᠷᠢᠯᠡᠵᠦ᠂ ᠮᠥᠩᠭᠦᠨ ᠬᠦᠢᠯᠭᠡᠭᠡ ᠪᠡ ᠨᠡᠶᠢᠭᠡᠮ ᠤᠨ ᠰᠠᠶᠢᠨ ᠰᠠᠶᠢᠬᠠᠨ ᠡᠮᠬᠢ ᠳᠢᠭᠯᠢᠮ ᠢ | ᠬᠠᠮᠠᠭᠠᠯᠠᠨ᠎ᠠ᠃ | ︵ᠬᠤᠶᠠᠷ︶ ᠬᠠᠷᠢᠶᠠᠲᠦ ᠣᠷᠣᠨ ᠳᠤᠨᠢ ᠬᠠᠮᠢᠶᠠᠷᠤᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ | ᠭᠦᠢᠴᠡᠳᠬᠡᠨ᠎ᠡ᠃ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ ᠵᠢᠭᠡᠯᠡᠯᠭᠡ ᠶᠢ | ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠯ᠎ᠡ ᠰᠤᠮᠤ ᠰᠢᠶᠠᠩ ᠪᠠᠯᠭᠠᠰᠤ ᠲᠤᠰ | ᠭᠠᠵᠠᠷ ᠤᠷᠤᠨ ᠳᠠᠬᠢ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ | ᠠᠵᠢᠯ ᠢ ᠬᠠᠷᠢᠭᠤᠴᠠᠵᠤ᠂ ᠡᠯ᠎ᠡ ᠴᠢᠳᠠᠮᠵᠢᠲᠦ ᠰᠠᠯᠠᠭ᠎ᠠ ᠮᠥᠴᠢᠷ ᠪᠥᠬᠦ ᠬᠤᠰᠢᠭᠤᠨ ᠤ ᠥᠨᠳᠥᠷ ᠬᠦᠤ ᠲᠠᠢ | ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯ ᠤᠨ ᠡᠭᠦᠷᠭᠡ ᠬᠤᠪᠢᠶᠠᠷᠢᠯᠠᠯ ᠶᠣᠰᠣᠭᠠᠷ᠂ ᠲᠤᠰ ᠲᠤᠰ ᠤᠨ ᠡᠭᠦᠷᠭᠡᠯᠡᠵᠦ | ᠪᠠᠶᠢᠭ᠎ᠠ ᠠᠵᠢᠯ ᠢᠶᠠᠨ ᠰᠠᠶᠢᠲᠤᠷ ᠬᠢᠨ᠎ᠡ᠃ | ︵ᠭᠤᠷᠪᠠ︶ ᠤᠬᠠᠭᠤᠯᠭ᠎ᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃ ᠮᠠᠯᠴᠢᠨ | ᠲᠠᠷᠢᠶᠠᠴᠢᠨ ᠤ ᠮᠥᠩᠭᠦᠨ ᠭᠦᠶᠯᠭᠡᠭᠡᠨ ᠤ ᠶᠡᠷᠦ ᠶᠢᠨ ᠮᠡᠳᠡᠯᠭᠡ ᠶᠢᠨ ᠲᠤᠬᠠᠢ ᠪᠤᠯᠪᠠᠰᠤᠷᠡᠯ ᠢ ᠴᠢᠩᠭᠠᠳᠬᠠᠵᠤ᠂ | ᠲᠡᠳᠡᠨ ᠤ ᠰᠢᠨᠵᠢᠯᠡᠬᠦ ᠤᠬᠠᠭᠠᠨᠴᠢ ᠪᠠᠷ ᠡᠳ᠋ ᠬᠦᠷᠦᠩᠭᠡ ᠪᠠᠨ ᠬᠠᠮᠢᠶᠠᠷᠬᠤ᠂ ᠲᠤᠬᠢᠷᠠᠮᠵᠢᠲᠠᠢ ᠵᠢᠭᠡᠯᠡᠯᠭᠡ ᠵᠢᠭᠡᠯᠡᠬᠦ ᠪᠠ | ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠬᠠᠭᠤᠯᠬᠤ ᠪᠠ ᠰᠡᠷᠡᠮᠵᠢᠯᠡᠭᠦᠯᠬᠦ ᠬᠥᠮᠦᠵᠢᠯ | ᠤᠨ ᠠᠵᠢᠯᠯᠠᠭ᠎ᠠ ᠶᠢ ᠬᠦᠴᠦᠯᠡᠨ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠤᠷᠤᠨ ᠤ ᠣᠨᠴᠠᠯᠢᠭ ᠲᠠᠢ᠂ | ᠠᠮᠢᠳᠤ ᠳᠦᠷᠰᠦᠯᠢᠭ᠂ ᠴᠡᠭᠡᠵᠢᠯᠡᠬᠦ ᠳᠤ ᠬᠢᠯᠪᠠᠷ ᠮᠦᠷᠲᠡᠭᠡᠨ ᠣᠶᠢᠯᠠᠭᠠᠮᠵᠢ ᠲᠠᠢ ᠵᠠᠷ ᠮᠡᠳᠡᠭᠡ ᠶᠢ ᠠᠰᠢᠬᠯᠠᠨ᠂ ᠮᠠᠯᠴᠢᠨ | ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠦᠢᠯᠡᠳᠪᠦᠷᠢᠯᠡᠬᠦ᠂ ᠵᠦᠢ ᠵᠣᠬᠢᠰᠲᠠᠢ ᠬᠡᠷᠡᠭᠯᠡᠬᠦ᠂ ᠥᠨᠳᠥᠷ ᠬᠦᠦ ᠲᠠᠢ | ᠵᠢᠭᠡᠯᠡᠯᠭᠡ ᠠᠴᠠ ᠬᠤᠯᠠᠳᠠᠬᠤ ᠶᠢ ᠵᠥᠪ ᠢᠶᠠᠷ ᠬᠥᠲᠥᠯᠥᠨ ᠵᠢᠯᠤᠭᠤᠳᠤᠨ᠎ᠡ᠃ | ᠭᠤᠷᠪᠠ᠂ ᠠᠵᠢᠯ ᠤᠨ ᠬᠠᠷᠠᠯᠲᠠ | ᠬᠤᠰᠢᠭᠤ᠂ ᠰᠤᠮᠤ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠭᠤᠷᠪᠠᠨ ᠱᠠᠲᠤᠨ ᠤ ᠮᠥᠩᠭᠦᠨ | ᠭᠦᠢᠯᠭᠡᠭᠡᠨ ᠤ ᠠᠶᠦᠯ ᠲᠦᠭᠰᠢᠭᠦᠷᠢ ᠶᠢ ᠬᠢᠨᠠᠨ ᠬᠠᠮᠢᠶᠠᠷᠴᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ | ᠠᠷᠠᠳ ᠤᠨ ᠲᠤᠮᠳᠠᠬᠢ ᠥᠨᠳᠥᠷ ᠬᠦᠦ ᠲᠠᠢ ᠵᠢᠭᠡᠯᠡᠯᠭᠡ ᠪᠣᠯᠤᠨ ᠡᠯ᠎ᠡ ᠲᠥᠷᠥᠯ ᠤᠨ ᠬᠠᠤᠯᠢ ᠪᠤᠰᠤ ᠮᠥᠩᠭᠦᠨ | ᠭᠦᠢᠯᠭᠡᠭᠡᠨ ᠤ ᠠᠵᠢᠯᠯᠠᠭ᠎ᠠ ᠶᠢᠨ ᠲᠤᠬᠠᠢ ᠮᠡᠳᠡᠯᠭᠡ ᠶᠢᠨ ᠤᠬᠠᠭᠤᠯᠭ᠎ᠠ ᠶᠢ ᠮᠠᠯᠵᠢᠬᠤ ᠲᠠᠷᠢᠶᠠᠯᠠᠬᠤ ᠡᠷᠦᠬᠡ ᠳᠤ | ᠬᠦᠷᠭᠡᠵᠦ᠂ ᠬᠤᠰᠢᠭᠤᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠮᠥᠩᠭᠦᠨ ᠭᠦᠢᠯᠭᠡᠭᠡᠨ ᠤ ᠬᠠᠮᠤᠷᠬᠤ | ᠬᠡᠪᠴᠢᠶ᠎ᠡ ᠪᠠᠨ ᠥᠷᠭᠡᠳᠬᠡᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ | ᠮᠥᠩᠭᠦᠨ ᠭᠦᠢᠯᠭᠡᠭᠡᠨ ᠤ ᠰᠢᠨ᠎ᠡ ᠦᠢᠯᠡᠳᠭᠦᠨ ᠢ ᠡᠭᠦᠳᠭᠦ ᠶᠢ ᠲᠦᠷᠭᠡᠳᠬᠡᠨ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠠᠵᠢᠯ ᠢ ᠭᠠᠴᠠᠭ᠎ᠠ ᠲᠣᠰᠬᠤᠨ᠂ ᠮᠠᠯᠵᠢᠬᠤ ᠲᠠᠷᠢᠶᠠᠯᠠᠬᠤ ᠡᠷᠦᠬᠡ ᠳᠤ ᠬᠦᠷᠲᠡᠯ᠎ᠡ ᠬᠦᠢᠴᠡᠳᠭᠡᠬᠦ | ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠲᠤᠮᠳᠠᠬᠢ ᠵᠢᠭᠡᠯᠡᠯᠭᠡ ᠶᠢᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠵᠢᠷᠤᠮᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠦᠭᠴᠦ᠂ ᠬᠤᠰᠢᠭᠤᠨ ᠤ ᠠᠷᠠᠳ ᠤᠨ ᠲᠤᠮᠳᠠᠬᠢ ᠵᠢᠭᠡᠯᠡᠯᠭᠡ ᠶᠢᠨ ᠲᠦᠭᠰᠢᠭᠦᠷᠢ ᠶᠢ ᠬᠠᠮᠤᠭ ᠤᠨ ᠳᠣᠤᠷ᠎ᠠ ᠪᠠᠶᠢᠯᠭᠠᠵᠦ᠂ | ᠮᠥᠩᠭᠦᠨ ᠭᠦᠢᠯᠭᠡᠭᠡ ᠪᠠ ᠨᠡᠶᠢᠭᠡᠮ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠳᠤᠯᠠᠨ᠎ᠡ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ ᠵᠢᠭᠡᠯᠡᠯᠭᠡ ᠶᠢ ᠵᠠᠰᠠᠬᠤ ᠠᠵᠢᠯ ᠢ | ᠡᠮᠬᠢ ᠵᠢᠷᠤᠮ ᠲᠠᠢ ᠥᠨᠳᠥᠷ ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠷᠠᠳ ᠤᠨ ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠤᠳᠤᠷᠢᠳᠬᠤ ᠳᠤᠭᠤᠶᠢᠯᠠᠩ | ᠢ ᠪᠠᠶᠢᠭᠤᠯᠬᠤ ᠪᠠᠷ ᠲᠣᠭᠲᠠᠪᠠ᠂ ᠪᠦᠷᠢᠯᠳᠦᠬᠦᠨ ᠬᠡᠰᠢᠭᠦᠨ ᠨᠢ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠶᠠᠩ ᠶᠠᠩ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ | ᠲᠣᠪᠴᠢᠶᠠᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠯᠢᠦ ᠶᠢᠨ ᠯᠢᠶᠠᠩ ᠬᠤᠰᠢᠭᠤᠨ ᠤ ᠵᠠᠰᠠᠭ ᠤ ᠣᠷᠳᠣᠨ ᠤ ᠠᠯᠪᠠᠨ | ᠭᠡᠷ ᠤᠨ ᠳᠡᠳ᠋ ᠡᠷᠬᠢᠯᠡᠭᠴᠢ | ᠸᠠᠩ ᠰᠢ ᠬᠤᠰᠢᠭᠤᠨ ᠤ ᠮᠥᠩᠭᠦᠨ ᠭᠦᠶᠯᠭᠡᠭᠡ ᠶᠢ ᠠᠬᠢᠭᠤᠯᠬᠤ ᠦᠶᠯᠡᠴᠢᠯᠡᠭᠡᠨ ᠤ ᠲᠥᠪ ᠤᠨ ᠡᠷᠬᠢᠯᠡᠭᠴᠢ | | ᠰᠦᠩ ᠫᠧᠢ ᠬᠤᠰᠢᠭᠤᠨ ᠤ ᠠᠷᠠᠳ ᠤᠨ ᠪᠠᠩᠬᠢ ᠶᠢᠨ ᠳᠠᠷᠤᠭ᠎ᠠ | ᠭᠡᠰᠢᠭᠦᠨ᠄ ᠴᠢᠨ ᠸᠧᠨ ᠰᠢᠤ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ | | ᠬᠤᠤ ᠸᠧᠨ ᠵᠢᠶᠦ᠋ᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠡᠳ᠋ ᠳᠠᠷᠤᠭ᠎ᠠ | ᠪᠠᠶ ᠰᠠᠨ ᠬᠤ᠋ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠳᠠᠷᠤᠭ᠎ᠠ | ᠵᠠᠩ ᠪᠥᠸᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠨᠢᠤ ᠵᠢᠶ ᠮᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠵᠠᠩ ᠮᠠᠨ ᠼᠠᠩ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ | ᠯᠢᠦ ᠶᠢᠩ ᠮᠧᠶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ | ᠤᠷᠤᠨ ᠤ ᠲᠣᠪᠴᠢᠶᠠᠨ ᠤ ᠳᠡᠳ᠋ ᠳᠠᠷᠤᠭ᠎ᠠ | ᠪᠠᠶᠠᠯᠢᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ | ᠲᠣᠪᠴᠢᠶᠠᠨ ᠤ ᠳᠡᠳ᠋ ᠳᠠᠷᠤᠭ᠎ᠠ | ᠭᠦᠸᠧ ᠬᠤᠸᠠ ᠪᠠᠲᠤᠬᠠᠭᠠᠯᠭ᠎ᠠ ᠪᠠᠯᠭᠠᠰᠤᠨ ᠤ ᠳᠠᠷᠤᠭ᠎ᠠ | ᠱᠢ ᠭᠠᠩ ᠰᠢᠪᠡᠷᠭᠦ᠋ᠷᠢᠶᠡ ᠪᠠᠯᠭᠠᠰᠤᠨ ᠤ ᠳᠠᠷᠤᠭ᠎ᠠ | ᠯᠢ ᠴᠢᠶᠠᠩ ᠦᠬᠡᠷᠬᠤᠳᠳᠤᠭ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠲᠤᠯᠭᠠᠭᠤᠷᠢ ᠰᠢᠷᠠᠮᠥ᠋ᠷᠡᠨ ᠪᠠᠯᠭᠠᠰᠤᠨ ᠤ ᠳᠠᠷᠤᠭ᠎ᠠ | ᠸᠠᠩ ᠶᠦᠩ ᠳ᠋ᠦᠩ ᠮᠢᠩᠭᠠᠨ ᠪᠠᠯᠭᠠᠰᠤᠨ ᠤ ᠳᠠᠷᠤᠭ᠎ᠠ | ᠪᠠᠳᠤᠴᠢᠯᠠᠭᠤ ᠪᠠᠶᠠᠨᠬᠤᠸᠠ ᠪᠠᠯᠭᠠᠰᠤᠨ ᠤ ᠳᠠᠷᠤᠭ᠎ᠠ | ᠶᠠᠩ ᠴᠠᠩ ᠴᠦᠨ ᠮᠠᠨᠳᠤᠯ ᠪᠠᠯᠭᠠᠰᠤᠨ ᠤ ᠳᠠᠷᠤᠭ᠎ᠠ | ᠨᠢᠤ ᠵᠢᠶᠧ ᠰᠢ ᠾᠧ ᠰᠢᠶᠠᠩ ᠤᠨ ᠳᠠᠷᠤᠭ᠎ᠠ | ᠶᠠᠩ ᠴᠧᠩ ᠱᠧᠩ ᠪᠠᠭ᠎ᠠ ᠤᠩᠭᠤᠨ ᠰᠢᠶᠠᠩ ᠤᠨ ᠳᠠᠷᠤᠭ᠎ᠠ | ᠰᠡᠴᠡᠨᠲᠤᠶᠠᠭ᠎ᠠ ᠳᠠᠷᠬᠠᠨ ᠰᠣᠮᠤᠨ ᠤ ᠲᠠᠷᠤᠭ᠎ᠠ | ᠬᠤᠩ ᠬᠠᠢ ᠴᠠᠭᠠᠨᠬᠠᠲᠡ ᠰᠤᠮᠤ ᠶᠢᠨ ᠨᠠᠮ ᠤᠨ ᠬᠤᠷᠢᠶᠠᠨ ᠤ ᠱᠦᠵᠢ | ᠯᠢᠦ ᠸᠧᠨ ᠵᠢᠶᠦ᠋ᠨ ᠪᠠᠶ᠋ᠬᠠᠤᠪᠤᠭ᠎ᠠ ᠰᠤᠮᠤᠨ ᠤ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠲᠤᠬᠢᠷᠠᠭᠤᠯᠵᠦ᠂ ᠡᠳᠦᠷ ᠲᠣᠲᠤᠮ ᠤᠨ ᠵᠣᠬᠢᠶᠠᠨ | ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠵᠦ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠰᠢ | ᠨᠥᠬᠦᠷ ᠬᠠᠪᠰᠤᠷᠭᠠᠨ ᠬᠠᠷᠢᠭᠤᠴᠠᠨ᠎ᠠ᠃ | ᠲᠠᠪᠤ᠂ ᠠᠵᠢᠯ ᠤᠨ ᠡᠭᠦᠷᠭᠡ | ︵ᠨᠢᠭᠡ︶ ᠣᠶᠢᠯᠠᠭᠠᠵᠦ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠬᠠᠮᠢᠶᠠᠷᠤᠯᠲᠠ | ᠡᠵᠡᠮᠳᠡᠯ ᠢ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ ᠲᠤᠰ ᠲᠤᠰ ᠤᠨ ᠬᠠᠷᠢᠶᠠᠨ ᠳᠠᠬᠢ ᠠᠷᠠᠳ ᠤᠨ | ᠲᠤᠮᠳᠠᠬᠢ ᠵᠢᠭᠡᠯᠡᠯᠭᠡ ᠶᠢᠨ ᠠᠵᠢᠯᠯᠠᠭ᠎ᠠ ᠳᠤ ᠨᠠᠷᠢᠨ ᠪᠠᠶᠢᠴᠠᠭᠠᠯᠲᠠ ᠬᠢᠵᠦ᠂ ᠰᠤᠮᠤ ᠰᠢᠶᠠᠩ ᠪᠠᠯᠭᠠᠰᠤ ᠠᠴᠠ | ᠨᠢᠭᠡᠳᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠵᠥᠪᠯᠡᠯ ᠤᠨ ᠭᠡᠰᠢᠭᠦᠨ᠂ ᠲᠤᠰᠬᠤᠨ | ᠳᠠᠷᠤᠭ᠎ᠠ᠂ ᠢᠲᠡᠭᠡᠮᠵᠢ ᠶᠢᠨ ᠬᠤᠷᠰᠢᠶ᠎ᠠ ᠪᠣᠯᠤᠨ ᠲᠣᠰᠬᠤᠨ ᠪᠠᠯᠭᠠᠰᠤ ᠶᠢᠨ ᠪᠠᠩᠬᠢ ᠶᠢᠨ ᠳᠠᠭᠠᠭᠠᠴᠢᠯᠠᠭᠰᠠᠨ | ᠢᠲᠡᠭᠡᠮᠵᠢᠲᠦ ᠵᠢᠭᠡᠯᠡᠯᠭᠡ ᠲᠠᠯᠪᠢᠭᠴᠢ᠂ ᠲᠠᠷᠢᠶᠠᠯᠠᠩ ᠤᠨ ᠠᠵᠤ ᠠᠬᠤᠢ ᠶᠢᠨ ᠥᠷᠲᠡᠭᠡ ᠶᠢᠨ ᠠᠵᠢᠯᠲᠠᠨ ᠵᠡᠷᠭᠡ | ᠮᠠᠯᠴᠢᠨ ᠲᠠᠷᠢᠶᠠᠴᠢᠨ ᠲᠠᠢ ᠢᠯᠡᠭᠦᠦ ᠬᠠᠷᠢᠯᠴᠠᠬᠤ ᠬᠦᠮᠦᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠠᠶᠢᠯ | ᠲᠣᠰᠬᠤᠨ ᠪᠣᠯᠤᠨ ᠨᠡᠶᠢᠭᠡᠮ ᠲᠣᠭᠤᠷᠢᠭ ᠢᠶᠠᠷ ᠦᠨᠳᠦᠰᠦᠨ ᠨᠢᠭᠡᠴᠢ ᠪᠣᠯᠭᠠᠭᠰᠠᠨ ᠠᠷᠠᠳ ᠤᠨ ᠵᠢᠭᠡᠯᠡᠯᠭᠡ ᠶᠢᠨ | ᠬᠠᠮᠢᠶᠠᠷᠤᠯᠲᠠ ᠶᠢᠨ ᠳᠠᠩᠰᠠ ᠪᠠᠶᠢᠭᠤᠯᠵᠤ᠂ ᠭᠤᠣᠯᠳᠠᠯᠭ᠎ᠠ ᠲᠠᠢ ᠠᠪᠴᠠᠭᠠᠲᠠᠨ᠂ ᠥᠭᠴᠡᠭᠡᠲᠡᠨ ᠪᠣᠯᠤᠨ ᠠᠷᠠᠳ ᠤᠨ | ᠲᠤᠮᠳᠠᠬᠢ ᠵᠢᠭᠡᠯᠡᠯᠭᠡ ᠶᠢᠨ ᠠᠵᠢᠯᠯᠠᠭ᠎ᠠ ᠬᠢᠵᠦ ᠪᠠᠶᠢᠭ᠎ᠠ ᠮᠦᠩᠭᠦᠨ ᠭᠦᠢᠯᠭᠡᠭᠡᠨ ᠤ ᠪᠠᠶᠢᠭᠤᠯᠤᠮᠵᠢ᠂ ᠠᠵᠢᠯᠲᠡᠨ ᠢ | ᠪᠦᠷᠢᠳᠭᠡᠨ ᠲᠠᠩᠰᠠᠯᠠᠨᠡ᠃︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠰᠤᠮᠤ ᠰᠢᠶᠠᠩ ᠪᠠᠯᠭᠠᠰᠤ︶ | ᠬᠤᠰᠢᠭᠤᠨ ᠤ ᠰᠣᠨᠢᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠭᠠᠷ ᠤᠲᠠᠰᠤᠨ ᠤ ᠣᠯᠠᠨ ᠨᠡᠶᠢᠲᠡ ᠶᠢᠨ | ᠲᠠᠪᠴᠠᠩ ᠪᠠ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢ ᠭᠦᠶᠴᠡᠳ ᠠᠰᠢᠭᠯᠠᠵᠤ᠂ ᠮᠥᠩᠭᠦᠨ ᠭᠦᠶᠯᠭᠡᠭᠡᠨ ᠤ | ᠬᠠᠤᠯᠢ ᠴᠠᠭᠠᠵᠠ ᠬᠠᠤᠯᠢ ᠲᠣᠭᠲᠠᠭᠠᠯ᠂ ᠠᠷᠠᠳ ᠤᠨ ᠳᠤᠮᠳᠠᠬᠢ ᠵᠢᠭᠡᠯᠡᠯᠭᠡ ᠶᠢᠨ ᠠᠵᠢᠯᠯᠠᠭ᠎ᠠ ᠶᠢᠨ ᠬᠠᠮᠢᠶ᠎ᠠ ᠪᠦᠬᠦᠢ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠪᠠ ᠬᠠᠤᠯᠢ ᠪᠤᠰᠤ ᠮᠥᠩᠭᠦᠨ ᠭᠦᠶᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ | ᠮᠡᠳᠡᠯᠭᠡ ᠵᠡᠷᠭᠡ ᠠᠭᠤᠯᠭ᠎ᠠ ᠶᠢ ᠤᠬᠠᠭᠤᠯᠤᠨ ᠮᠡᠳᠡᠭᠡᠯᠡᠨ᠎ᠡ᠃ ᠵᠥᠪ ᠲᠠᠯ᠎ᠠ ᠶᠢᠨ ᠤᠬᠠᠭᠤᠯᠭ᠎ᠠ ᠪᠠᠷ ᠬᠥᠲᠥᠯᠥᠨ | ᠲᠠᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠭᠤᠴᠢᠯᠠᠭᠤᠷ ᠢᠶᠠᠷ ᠤᠬᠠᠭᠤᠯᠬᠤ᠂ ᠮᠠᠲ᠋ᠧᠷᠢᠶᠠᠯ ᠲᠠᠷᠬᠠᠭᠠᠬᠤ᠂ | ᠲᠠᠶᠢᠯᠤᠮᠵᠢ ᠡᠷᠬᠢᠯᠡᠬᠦ ᠵᠡᠷᠭᠡ ᠣᠯᠠᠨ ᠵᠦᠶᠯ ᠤᠨ ᠬᠡᠯᠪᠡᠷᠢ ᠪᠠᠷ ᠲᠠᠮᠵᠢᠨ ᠬᠠᠤᠯᠢ ᠴᠠᠭᠠᠵᠠ ᠬᠠᠤᠯᠢ ᠲᠣᠭᠲᠠᠭᠠᠯ ᠪᠠ | ᠮᠥᠩᠭᠦᠨ ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠮᠠᠯᠵᠢᠬᠤ | ᠲᠠᠷᠢᠶᠠᠯᠠᠬᠤ ᠣᠷᠣᠨ ᠤ ᠠᠷᠠᠳ ᠲᠦᠮᠡᠨ ᠳᠤ ᠠᠷᠠᠳ ᠤᠨ ᠳᠤᠮᠳᠠᠬᠢ ᠥᠨᠳᠥᠷ ᠬᠦᠤ ᠲᠠᠢ ᠵᠢᠭᠡᠯᠡᠯᠭᠡ ᠵᠡᠷᠭᠡ ᠬᠠᠤᠯᠢ | ᠪᠤᠰᠤ ᠮᠥᠩᠭᠦᠨ ᠭᠦᠶᠯᠭᠡᠭᠡᠨ ᠤ ᠠᠵᠢᠯᠯᠠᠭ᠎ᠠ ᠳᠤ ᠢᠯᠡᠷᠡᠭᠰᠡᠨ ᠰᠢᠨ᠎ᠡ ᠬᠡᠯᠪᠡᠷᠢ ᠪᠠ ᠰᠢᠨ᠎ᠡ ᠣᠨᠴᠠᠯᠢᠭ ᠢ ᠴᠠᠭ | ᠲᠤᠬᠠᠶ ᠳᠤᠨᠢ ᠣᠶᠢᠯᠠᠭᠠᠭᠤᠯᠵᠤ᠂ ᠮᠠᠯᠴᠢᠨ ᠲᠠᠷᠢᠶᠠᠴᠢᠨ ᠤ ᠲᠦᠭᠰᠢᠭᠦᠷᠢ ᠶᠢᠨ ᠤᠬᠠᠮᠰᠠᠷ ᠪᠠ ᠢᠯᠭᠠᠨ ᠲᠠᠨᠢᠬᠤ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠮᠠᠯᠴᠢᠨ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠦᠶᠯᠡᠳᠪᠦᠷᠢᠯᠡᠯ | ᠢᠶᠠᠨ ᠬᠥᠭᠵᠢᠭᠦᠯᠬᠦ ᠶᠢᠨ ᠬᠠᠮᠲᠤ ᠭᠡᠷ ᠪᠦᠯᠢ ᠶᠢᠨ ᠡᠳ᠋ ᠬᠥᠷᠥᠩᠭᠡ ᠪᠠ ᠥᠷᠢ ᠰᠢᠷᠢ ᠪᠠᠨ ᠣᠶᠤᠨᠴᠢ ᠪᠠᠷ ᠵᠠᠳᠠᠯᠤᠨ | ᠰᠢᠨᠵᠢᠯᠡᠵᠦ᠂ ᠡᠯ᠎ᠡ ᠵᠦᠶᠯ ᠤᠨ ᠬᠡᠷᠡᠭᠯᠡᠭᠡᠨ ᠤ ᠠᠵᠢᠯᠯᠠᠭ᠎ᠠ ᠪᠠᠨ ᠵᠦᠶ ᠵᠣᠬᠢᠰᠲᠠᠶ ᠲᠣᠬᠢᠷᠠᠭᠤᠯᠵᠤ᠂ ᠰᠣᠬᠤᠷ ᠪᠠᠯᠠᠶ ᠪᠠᠷ | ᠠᠲᠠᠭᠠᠷᠬᠠᠨ ᠠᠳᠠᠯᠢᠳᠬᠠᠬᠤ ᠠᠴᠠ ᠪᠤᠯᠵᠦ ᠲᠠᠭᠠᠭᠠᠬᠤ ᠴᠢᠳᠠᠪᠤᠷᠢ ᠠᠴᠠ ᠪᠠᠨ ᠬᠡᠲᠦᠷᠡᠭᠰᠡᠨ ᠥᠨᠳᠥᠷ ᠬᠡᠷᠡᠭᠯᠡᠭᠡᠨ ᠤ | ᠦᠢᠯᠡ ᠠᠵᠢᠯᠯᠠᠭ᠎ᠠ ᠡᠭᠦᠰᠬᠦ ᠠᠴᠠ ᠵᠠᠶᠢᠯᠠᠰᠬᠢᠵᠦ᠂ ᠵᠥᠪ ᠣᠨᠣᠪᠴᠢᠲᠠᠶ ᠪᠥᠭᠡᠳ ᠣᠶᠤᠨᠴᠢ ᠬᠡᠷᠡᠭᠯᠡᠭᠡᠨ ᠤ ᠦᠵᠡᠯᠲᠡ | ᠪᠤᠢ ᠪᠣᠯᠭᠠᠬᠤ ᠶᠢ ᠬᠦᠲᠦᠯᠦᠨ ᠵᠢᠯᠤᠭᠤᠳᠬᠤ ᠬᠡᠷᠡᠭᠲᠠᠢ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ︶ | ︵ᠬᠤᠶᠠᠷ︶ ᠬᠠᠦᠯᠢ ᠲᠣᠭᠲᠠᠭᠠᠯ ᠶᠣᠰᠣᠭᠠᠷ ᠠᠰᠠᠭᠤᠳᠠᠯ ᠢ ᠰᠢᠶᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮ ᠤᠨ ᠠᠮᠦᠷ ᠲᠣᠭᠲᠠᠭᠤᠨ ᠢ ᠬᠠᠮᠠᠭᠠᠯᠠᠨ᠎ᠠ᠃ ᠪᠠᠶᠢᠴᠠᠭᠠᠨ ᠢᠯᠡᠷᠡᠭᠦᠯᠦᠭᠰᠡᠨ ᠥᠨᠳᠥᠷ ᠬᠦᠤ ᠲᠠᠢ | ᠵᠢᠭᠡᠯᠡᠯᠭᠡ ᠶᠢᠨ ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠨ ᠵᠠᠳᠠᠯᠵᠤ᠂ ᠠᠳᠠᠯᠢ ᠪᠤᠰᠤ ᠪᠠᠶᠢᠳᠠᠯ ᠳᠤ ᠴᠢᠭᠯᠡᠭᠦᠯᠦᠨ | ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠢᠲᠡᠭᠡᠮᠵᠢ ᠣᠯᠭᠤᠬᠤ ᠨᠥᠬᠦᠴᠡᠯ ᠳᠤ ᠨᠡᠶᠢᠴᠡᠬᠦ ᠥᠨᠳᠥᠷ ᠬᠦᠤ ᠲᠠᠢ ᠵᠢᠭᠡᠯᠡᠯᠭᠡ ᠵᠢᠭᠡᠯᠡᠭᠴᠢ ᠶᠢ ᠰᠤᠷᠭᠠᠨ | ᠬᠥᠮᠦᠵᠢᠭᠦᠯᠵᠦ ᠬᠥᠲᠥᠯᠥᠨ ᠵᠢᠯᠣᠭᠤᠳᠬᠤ ᠪᠠᠷ ᠳᠠᠮᠵᠢᠨ᠂ ᠪᠤᠷᠤᠭᠤ ᠲᠠᠨᠢᠯᠲᠠ ᠶᠢ ᠨᠢ ᠵᠠᠯᠠᠷᠠᠭᠤᠯᠵᠤ᠂ ᠵᠢᠩᠭᠢᠨᠢ | ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠪᠠᠷ ᠲᠠᠮᠵᠢᠨ ᠠᠯᠭᠤᠷ ᠢᠶᠠᠷ ᠤᠷᠤᠯᠠᠬᠤ ᠬᠡᠷᠡᠭᠲᠡᠶ᠃ | ︵ᠬᠠᠷᠢᠭᠤᠴᠠᠯᠭᠠᠲᠤ ᠨᠢᠭᠡᠴᠡ᠄ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠰᠠᠭᠤᠭᠠᠯᠢ ᠠᠷᠡᠳ ᠤᠨ | ᠵᠥᠪᠯᠡᠯ᠂ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ︶ | ᠠᠶᠤᠯ ᠲᠦᠭᠰᠢᠭᠦᠷᠢ ᠶᠢᠨ ᠳᠠᠯᠳᠠ ᠬᠡᠮ ᠣᠷᠣᠰᠢᠵᠤ ᠪᠠᠶᠢᠭ᠎ᠠ ᠠᠷᠠᠳ ᠤᠨ ᠲᠤᠮᠳᠠᠬᠢ ᠥᠨᠳᠥᠷ ᠬᠦᠦ ᠲᠠᠢ | ᠵᠢᠭᠡᠯᠡᠯᠭᠡ ᠶᠢᠨ ᠵᠢᠭᠡᠯᠡᠯᠭᠡ ᠲᠠᠯᠪᠢᠭᠴᠢ᠂ ᠵᠢᠭᠡᠯᠡᠯᠭᠡ ᠲᠠᠯᠪᠢᠬᠤ ᠵᠣᠬᠢᠶᠠᠨ ᠪᠠᠶᠢᠭᠤᠯᠤᠯᠲᠠ ᠶᠢ ᠬᠦᠮᠦᠵᠢᠭᠦᠯᠦᠨ | ᠡᠶᠡᠳᠠᠭᠦᠯᠵᠦ ᠪᠠᠶᠢᠭᠠᠳ ᠬᠦᠦ ᠮᠦᠩᠭᠦ ᠶᠢ ᠨᠢ ᠪᠠᠭᠤᠷᠠᠭᠤᠯᠬᠤ ᠪᠡ ᠵᠢᠭᠡᠯᠡᠯᠭᠡ ᠶᠢ ᠨᠢ ᠬᠤᠶᠢᠰᠢᠯᠠᠭᠤᠯᠤᠨᠡ᠂ | ᠬᠥᠮᠦᠵᠢᠭᠦᠯᠵᠦ ᠢᠳᠬᠠᠭᠠᠳ ᠰᠤᠨᠤᠰᠬᠤ ᠦᠭᠡᠢ ᠵᠢᠭᠡᠯᠡᠯᠭᠡ ᠲᠠᠯᠪᠢᠭᠴᠢ᠂ ᠵᠢᠭᠡᠯᠡᠯᠭᠡ ᠲᠠᠯᠪᠢᠬᠤ ᠵᠣᠬᠢᠶᠠᠨ | ᠪᠠᠶᠢᠭᠤᠯᠤᠯᠲᠠ ᠶᠢ ︽ᠬᠠᠤᠯᠢ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠬᠠᠤᠯᠢ ᠪᠤᠰᠤ ᠮᠥᠩᠭᠦᠨ | ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠴᠠᠭᠠᠵᠠᠯᠠᠬᠤ ᠠᠷᠭ᠎ᠠ︾ ︵ᠲᠥᠷᠥ ᠶᠢᠨ ᠶᠠᠪᠤᠳᠠᠯ ᠤᠨ | ᠬᠤᠷᠢᠶᠠᠨ ᠤ 247 ᠳ᠋ᠤᠭᠠᠷ ᠲᠣᠭᠠᠲᠤ︶ ᠶᠢᠨ ᠲᠤᠬᠳᠠᠭᠠᠯ ᠢ ᠦᠨᠳᠦᠰᠦᠯᠡᠨ ᠬᠠᠦᠯᠢ ᠶᠤᠰᠤᠭᠠᠷ ᠴᠢᠩᠭ᠎ᠠ | ᠰᠢᠢᠳᠪᠦᠷᠢᠯᠡᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ︶ | ᠬᠠᠤᠯᠢ ᠪᠤᠰᠤ ᠪᠠᠷ ᠥᠷᠢ ᠨᠡᠭᠡᠬᠦ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ ᠮᠠᠯᠴᠢᠨ ᠲᠠᠷᠢᠶᠠᠴᠢᠳ ᠤᠨ | ᠠᠮᠤᠷ ᠲᠦᠪᠰᠢᠨ ᠢ ᠰᠦᠷᠳᠡᠭᠦᠯᠬᠦ᠂ ᠮᠠᠯᠴᠢᠨ ᠲᠠᠷᠢᠶᠠᠴᠢᠳ ᠤᠨ ᠬᠡᠪ ᠤᠨ ᠠᠮᠢᠳᠤᠷᠠᠯ ᠢ ᠬᠠᠷᠰᠢᠯᠠᠬᠤ ᠵᠡᠷᠭᠡ ᠬᠠᠤᠯᠢ | ᠪᠤᠰᠤ ᠪᠠᠷ ᠥᠷᠢ ᠨᠡᠬᠡᠬᠦ ᠦᠢᠯᠡ ᠠᠵᠢᠯᠯᠠᠭ᠎ᠠ ᠡᠭᠦᠰᠬᠦ ᠶᠢ ᠡᠷᠡᠰ ᠵᠥᠪᠰᠢᠶᠡᠷᠡᠬᠦ ᠥᠬᠡᠶ ᠪᠦᠭᠡᠳ ᠢᠯᠡᠷᠡᠪᠡᠯ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠳᠭᠡᠨ᠎ᠡ᠃ ᠶᠠᠯᠠᠲᠦ ᠬᠢᠭᠰᠡᠨ ᠳᠤ | ᠲᠤᠭᠠᠴᠠᠭᠳᠠᠭᠰᠡᠨ ᠠᠪᠴᠠᠭᠠᠲᠡᠨ ᠪᠠ ᠵᠣᠬᠢᠶᠠᠨ ᠪᠠᠶᠢᠭᠤᠯᠤᠯᠲᠠ ᠳᠤ ᠪᠠᠶᠢᠴᠠᠭᠠᠬᠤ ᠰᠠᠯᠠᠭ᠎ᠠ ᠮᠦᠴᠢᠷ ᠠᠴᠠ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠠᠷᠠᠳ ᠤᠨ ᠰᠢᠭᠦᠬᠦ ᠬᠤᠷᠢᠶ᠎ᠠ ᠥᠨᠳᠥᠷ ᠬᠦᠦ ᠲᠠᠢ | ᠵᠢᠭᠡᠯᠡᠯᠭᠡ ᠶᠢᠨ ᠵᠢᠭᠤᠷᠠᠯᠳᠤᠭᠠᠨ ᠢ ᠲᠠᠷᠤᠢ ᠲᠦᠷᠭᠡᠨ ᠬᠡᠷᠡᠭ ᠪᠣᠯᠭᠠᠨ ᠰᠢᠭᠦᠨ ᠰᠢᠶᠳᠪᠦᠷᠢᠯᠡᠵᠦ᠂ ᠭᠦᠢᠴᠡᠳᠭᠡᠨ | ᠲᠠᠭᠤᠰᠬᠠᠵᠦ ᠬᠡᠷᠡᠭᠵᠢᠭᠦᠯᠬᠦ ᠶᠢᠨ ᠬᠠᠮᠲᠤ ᠴᠢᠬᠤᠯᠠ ᠶᠡᠭᠡ ᠨᠡᠶᠢᠲᠡᠯᠢᠭ ᠬᠡᠷᠡᠭ ᠢᠶᠠᠷ ᠨᠡᠶᠢᠭᠡᠮ ᠳᠤ ᠨᠡᠶᠢᠲᠡᠯᠡᠵᠦ᠂ ᠵᠥᠪ | ᠲᠠᠯ᠎ᠠ ᠠᠴᠠ ᠬᠥᠲᠥᠯᠥᠨ ᠵᠢᠯᠣᠭᠤᠳᠬᠤ ᠪᠠ ᠰᠡᠷᠡᠮᠵᠢᠯᠡᠭᠦᠯᠦᠨ ᠬᠦᠮᠦᠵᠢᠭᠦᠯᠬᠦ ᠦᠢᠯᠡᠳᠦᠯ ᠢ ᠪᠤᠢ ᠪᠤᠯᠭᠠᠬᠤ ᠬᠡᠷᠡᠭᠲᠠᠢ᠃ | ︵ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ︶ | | ᠮᠠᠭᠤ ᠰᠠᠨᠠᠭ᠎ᠠ ᠡᠪᠦᠷᠯᠡᠨ ᠥᠷᠢ ᠠᠴᠠ ᠲᠤᠳᠠᠭᠠᠬᠤ ᠪᠤᠶᠦ ᠦᠷᠢ ᠶᠢ ᠬᠦᠴᠦᠨ ᠦᠭᠡᠢ ᠪᠤᠯᠭᠠᠬᠤ ᠬᠤᠪᠢ | ᠬᠥᠮᠥᠨ ᠪᠠ ᠵᠣᠬᠢᠶᠠᠨ ᠪᠠᠶᠢᠭᠤᠯᠤᠯᠲᠠ ᠶᠢ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠠᠴᠠ ᠢᠲᠡᠭᠡᠯ ᠠᠯᠳᠠᠭᠰᠠᠨ | ᠬᠦᠮᠦᠰ ᠤᠨ ︽ᠬᠠᠷ᠎ᠠ ᠲᠠᠩᠰᠡᠨ︾ ᠳᠤ ᠣᠷᠣᠭᠤᠯᠬᠤ ᠶᠢᠨ ᠬᠠᠮᠲᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠲᠠᠪᠴᠠᠩ ᠳᠤ ᠬᠦᠷᠭᠡᠵᠦ᠂ ᠡᠯ᠎ᠡ ᠰᠠᠯᠠᠭ᠎ᠠ ᠮᠥᠴᠢᠷ ᠬᠠᠮᠲᠤᠷᠠᠨ ᠬᠠᠤᠯᠢ ᠲᠣᠭᠲᠠᠭᠠᠯ ᠶᠣᠰᠣᠭᠠᠷ ᠵᠠᠯᠬᠠᠭᠠᠨ | ᠴᠡᠭᠡᠷᠯᠡᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠭᠦᠬᠦ | ᠬᠤᠷᠢᠶ᠎ᠠ᠂ ᠠᠷᠠᠳ ᠤᠨ ᠪᠠᠩᠬᠢ᠂ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ︶ | ︵ᠭᠤᠷᠪᠠ︶ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠥᠨᠳᠥᠷ | ᠬᠦᠤ ᠲᠠᠢ ᠵᠢᠭᠡᠯᠡᠯᠭᠡ ᠶᠢᠨ ᠣᠷᠣᠰᠢᠬᠤ ᠣᠷᠣᠨ ᠵᠠᠶ ᠶᠢ ᠪᠠᠭᠠᠰᠬᠠᠨ᠎ᠠ᠃ ᠬᠤᠰᠢᠭᠤᠨ ᠳᠤ ᠰᠠᠭᠤᠭ᠎ᠠ ᠪᠠᠩᠬᠢ ᠶᠢᠨ | ᠪᠠᠶᠢᠭᠤᠯᠤᠮᠵᠢ ᠶᠢᠨ ᠲᠦᠭᠡᠮᠡᠯ ᠬᠠᠷᠠᠭᠠᠯᠵᠠᠯ ᠤᠨ ᠮᠥᠩᠭᠦᠨ ᠭᠦᠶᠯᠭᠡᠭᠡᠨ ᠤ ᠠᠵᠢᠯ ᠦᠢᠯᠡᠰ ᠤᠨ ᠬᠡᠯᠲᠡᠰ ᠪᠤᠶᠤ | ᠲᠠᠷᠢᠶᠠᠯᠠᠩ ᠮᠠᠯ ᠠᠵᠦ ᠠᠬᠤᠢ ᠬᠥᠳᠡᠭᠡ ᠲᠣᠰᠬᠤᠨ ᠮᠠᠯᠵᠢᠬᠤ ᠤᠷᠤᠨ ᠤ ᠠᠵᠢᠯ ᠦᠢᠯᠡᠰ ᠤᠨ ᠬᠡᠯᠲᠡᠰ | ᠪᠠᠶᠢᠭᠤᠯᠬᠤ ᠶᠢ ᠳᠡᠮᠵᠢᠵᠦ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠦᠶᠯᠡᠳᠪᠦᠷᠢᠯᠡᠯ | ᠠᠮᠢᠳᠤᠷᠠᠯ ᠤᠨ ᠬᠡᠷᠡᠭᠴᠡᠭᠡ ᠳᠤ ᠨᠡᠶᠢᠴᠡᠭᠰᠡᠨ ᠮᠥᠩᠭᠦᠨ ᠭᠦᠶᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠶᠯᠡᠳᠬᠦᠨ ᠢ | ᠰᠤᠳᠤᠯᠤᠨ ᠭᠠᠷᠭᠠᠨ᠎ᠡ︔ ᠢᠲᠡᠭᠡᠮᠵᠢ ᠶᠢᠨ ᠬᠤᠷᠰᠢᠶ᠎ᠠ ᠪᠣᠯᠤᠨ ᠲᠣᠰᠬᠤᠨ ᠪᠠᠯᠭᠠᠰᠤ ᠶᠢᠨ ᠪᠠᠩᠬᠢ ᠵᠡᠷᠭᠡ ᠣᠷᠣᠨ | ᠨᠤᠲᠤᠭ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠬᠠᠮᠤᠷᠬᠤ | ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠬᠦ ᠶᠢ ᠵᠣᠷᠢᠭᠵᠢᠭᠤᠯᠵᠤ᠂ ᠡᠵᠡᠩᠨᠡᠯᠲᠡ ᠶᠢᠨ ᠭᠠᠵᠠᠷ ᠪᠠᠶᠢᠭᠤᠯᠤᠭ᠎ᠠ | ᠥᠬᠡᠶ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠣᠯᠤᠨ ᠬᠥᠮᠥᠨ ᠠᠮᠠ | ᠨᠡᠯᠢᠶᠡᠳ ᠲᠥᠪᠯᠡᠷᠡᠭᠰᠡᠨ ᠭᠠᠴᠠᠭ᠎ᠠ ᠲᠣᠰᠬᠤᠨ ᠳᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ | ᠰᠦᠯᠵᠢᠶᠠᠨ ᠴᠡᠭ ᠨᠡᠮᠡᠵᠦ ᠪᠠᠶᠢᠭᠤᠯᠤᠨ᠎ᠠ︔ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ ᠦᠶᠡᠯᠡᠯ | ᠬᠤᠭᠤᠴᠠᠭ᠎ᠠ ᠶᠢᠨ ᠣᠨᠴᠠᠯᠢᠭ ᠢ ᠦᠨᠳᠦᠰᠦᠯᠡᠨ᠂ ᠵᠢᠭᠡᠯᠡᠯᠭᠡ ᠶᠢᠨ ᠬᠤᠭᠤᠴᠠᠭ᠎ᠠ ᠶᠢ ᠲᠣᠬᠢᠷᠠᠭᠤᠯᠵᠤ᠂ ᠵᠢᠭᠡᠯᠡᠯᠭᠡ ᠶᠢᠨ | ᠭᠠᠷᠳᠠᠮ ᠢ ᠳᠥᠭᠦᠮᠴᠢᠯᠡᠨ᠂ ᠵᠢᠭᠡᠯᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ | ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠩᠭᠠᠨ᠎ᠠ᠃ ᠲᠠᠷᠢᠶᠠᠯᠠᠩ ᠮᠠᠯ ᠠᠵᠤ | ᠠᠬᠤᠶ ᠶᠢ ᠳᠡᠮᠵᠢᠬᠦ ᠵᠢᠭᠡᠯᠡᠯᠭᠡ ᠶᠢᠨ ᠨᠡᠮᠡᠭᠳᠡᠯ ᠤᠨ ᠣᠨ ᠤ ᠱᠠᠩᠨᠠᠯ ᠤᠨ ᠪᠠᠯᠠ ᠮᠥᠩᠭᠦ ᠶᠢ ᠲᠡᠮᠡᠴᠡᠨ ᠣᠯᠬᠤ ᠳᠤ | ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠲᠠᠶᠢᠰᠢ ᠬᠡᠯᠪᠡᠶᠢᠨᠡ᠃ | ︵ᠬᠠᠷᠢᠭᠤᠴᠠᠯᠭᠠᠲᠤ ᠨᠢᠭᠡᠴᠡ᠄ ᠠᠷᠡᠳ ᠤᠨ ᠪᠠᠩᠬᠢ ᠶᠢᠨ ᠲᠠᠷᠬᠠᠨ ᠮᠤᠤᠮᠢᠩᠭᠠᠨ ᠤ ᠰᠠᠯᠪᠤᠷᠢ ᠪᠠᠩᠬᠢ᠂ ᠠᠵᠤ | ᠦᠶᠯᠡᠳᠪᠦᠷᠢ ᠶᠢᠨ ᠪᠠᠩᠬᠢ ᠲᠠᠷᠬᠠᠨ ᠮᠤᠤᠮᠢᠩᠭᠠᠨ ᠤ ᠰᠠᠯᠪᠤᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠲᠠᠷᠬᠠᠨ | ᠮᠤᠤᠮᠢᠩᠭᠠᠨ ᠤ ᠰᠠᠯᠪᠤᠷᠢ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠲᠠᠷᠬᠠᠨ ᠮᠤᠤᠮᠢᠩᠭᠠᠨ ᠤ ᠰᠠᠯᠪᠤᠷᠢ | ᠪᠠᠩᠬᠢ᠂ ᠲᠠᠷᠬᠠᠨ ᠮᠤᠤᠮᠢᠩᠭᠠᠨ ᠤ ᠬᠤᠰᠢᠭᠤᠨ ᠤ ᠢᠲᠡᠭᠡᠮᠵᠢ ᠶᠢᠨ ᠬᠤᠷᠰᠢᠶ᠎ᠠ᠂ ᠲᠠᠷᠬᠠᠨ ᠮᠤᠤᠮᠢᠩᠭᠠᠨ ᠬᠤᠰᠢᠭᠤᠨ ᠤ | ᠲᠣᠰᠬᠤᠨ ᠪᠠᠯᠭᠠᠰᠤ ᠶᠢᠨ ᠪᠠᠩᠬᠢ︶ | ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠲᠠᠷᠬᠠᠨ ᠮᠤᠤᠮᠢᠩᠭᠠᠨ ᠤ ᠰᠠᠯᠪᠤᠷᠢ ᠪᠠᠩᠬᠢ᠂ ᠲᠠᠷᠬᠠᠨ | ᠮᠤᠤᠮᠢᠩᠭᠠᠨ ᠤ ᠬᠤᠰᠢᠭᠤᠨ ᠤ ᠢᠲᠡᠭᠡᠮᠵᠢ ᠶᠢᠨ ᠬᠤᠷᠰᠢᠶ᠎ᠠ᠂ ᠲᠠᠷᠬᠠᠨ ᠮᠤᠤᠮᠢᠩᠭᠠᠨ ᠬᠤᠰᠢᠭᠤᠨ ᠤ ᠲᠣᠰᠬᠤᠨ | ᠪᠠᠯᠭᠠᠰᠤ ᠶᠢᠨ ᠪᠠᠩᠬᠢ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠵᠦ᠂ ᠬᠠᠮᠢᠶ᠎ᠠ ᠪᠦᠬᠦᠢ ᠬᠦᠤ | ᠮᠥᠩᠭᠦ ᠶᠢᠨ ᠨᠣᠷᠮ᠎ᠠ ᠪᠠ ᠬᠤᠭᠤᠴᠠᠭ᠎ᠠ ᠬᠢᠵᠠᠭᠠᠷ ᠵᠡᠷᠭᠡ ᠱᠠᠭᠠᠷᠳᠠᠯᠭ᠎ᠠ ᠶᠣᠰᠣᠭᠠᠷ ᠶᠠᠳᠠᠭᠤ ᠶᠢ ᠲᠡᠳᠬᠦᠬᠦ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠲᠥᠷᠥᠯ | ᠵᠦᠶᠯ ᠤᠨ ᠵᠢᠭᠡᠯᠡᠯᠭᠡ ᠶᠢ ᠬᠢᠨᠠᠮᠠᠭᠠᠶ ᠰᠠᠶᠢᠲᠤᠷ ᠬᠢᠵᠦ᠂ ᠵᠢᠭᠡᠯᠡᠬᠦ ᠶᠣᠰᠣᠲᠠᠶ ᠵᠢᠭᠡᠯᠡᠯᠭᠡ ᠶᠢ ᠪᠦᠬᠦᠨ ᠢ ᠲᠡᠮᠡᠴᠡᠨ ᠤᠯᠬᠤ | ᠬᠡᠷᠡᠭᠲᠠᠢ᠃ ᠶᠠᠳᠠᠭᠤ ᠶᠢ ᠲᠡᠳᠬᠦᠬᠦ ᠳᠠᠬᠢᠨ ᠵᠢᠭᠡᠯᠡᠯᠭᠡ ᠪᠠ ᠲᠠᠷᠢᠶᠠᠯᠠᠩ ᠢ ᠳᠡᠮᠵᠢᠬᠦ ᠳᠠᠬᠢᠨ ᠵᠢᠭᠡᠯᠡᠯᠭᠡ ᠵᠡᠷᠭᠡ ᠦᠪᠡᠷ | ᠤᠨ ᠦᠷᠲᠡᠭ ᠢᠶᠠᠷ ᠳᠣᠤᠷ᠎ᠠ ᠪᠠᠯᠠ ᠮᠥᠩᠭᠦ ᠶᠢ ᠬᠡᠷᠡᠭᠯᠡᠬᠦ ᠪᠠᠷ ᠢᠲᠡᠪᠬᠢᠯᠡᠨ ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ᠂ | ᠮᠠᠯᠴᠢᠨ ᠲᠠᠷᠢᠶᠠᠴᠢᠨ ᠤ ᠵᠢᠭᠡᠯᠡᠯᠭᠡ ᠵᠢᠭᠡᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ︵ᠬᠠᠷᠢᠭᠤᠴᠠᠯᠭᠠᠲᠤ | ᠨᠢᠭᠡᠴᠡ᠄ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠠᠷᠡᠳ ᠤᠨ | ᠪᠠᠩᠬᠢ ᠶᠢᠨ ᠲᠠᠷᠬᠠᠨ ᠮᠤᠤᠮᠢᠩᠭᠠᠨ ᠤ ᠰᠠᠯᠪᠤᠷᠢ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠲᠠᠷᠬᠠᠨ | ᠮᠤᠤᠮᠢᠩᠭᠠᠨ ᠤ ᠰᠠᠯᠪᠤᠷᠢ ᠪᠠᠩᠬᠢ᠂ ᠲᠠᠷᠬᠠᠨ ᠮᠤᠤᠮᠢᠩᠭᠠᠨ ᠤ ᠬᠤᠰᠢᠭᠤᠨ ᠤ ᠢᠲᠡᠭᠡᠮᠵᠢ ᠶᠢᠨ ᠬᠤᠷᠰᠢᠶ᠎ᠠ᠂ ᠪᠤᠤ ᠱᠠᠩ | ᠲᠣᠰᠬᠤᠨ ᠪᠠᠯᠭᠠᠰᠤ ᠶᠢᠨ ᠪᠠᠩᠬᠢ︶ | ︽ᠬᠤᠶᠠᠷ ᠡᠷᠬᠡ︾ ᠶᠢᠨ ᠡᠷᠬᠡ ᠶᠢ ᠨᠤᠲᠠᠯᠠᠨ ᠲᠣᠭᠲᠠᠭᠠᠵᠤ ᠦᠨᠡᠮᠯᠡᠯ ᠣᠯᠭᠤᠬᠤ ᠠᠵᠢᠯ ᠤᠨ ᠠᠬᠢᠴᠠ ᠶᠢ | ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠨᠦᠭᠡᠴᠡ ᠬᠥᠷᠥᠩᠭᠡ ᠶᠢ ᠬᠦᠴᠦᠯᠡᠨ ᠠᠮᠢᠯᠠᠭᠤᠯᠵᠤ᠂ ᠮᠠᠯᠴᠢᠨ | ᠲᠠᠷᠢᠶᠠᠴᠢᠨ ᠤ ᠪᠠᠯᠠ ᠬᠤᠷᠠᠮᠳᠤᠭᠤᠯᠬᠤ ᠵᠢᠭᠡᠯᠡᠯᠭᠡ ᠳᠤ ᠰᠢᠨ᠎ᠡ ᠪᠠᠷᠢᠴᠠᠭᠠᠨ ᠤ ᠡᠬᠢ ᠪᠠᠶᠠᠯᠢᠭ ᠬᠠᠩᠭᠠᠨ᠎ᠠ᠃ ᠮᠠᠯᠵᠢᠬᠤ | ᠲᠠᠷᠢᠶᠠᠯᠠᠬᠤ ᠣᠷᠣᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠢᠲᠡᠭᠡᠮᠵᠢᠲᠦ ᠬᠡᠷᠡᠭᠯᠡᠭᠴᠢ᠂ ᠢᠲᠡᠭᠡᠮᠵᠢᠲᠦ ᠲᠤᠰᠬᠤᠨ ︵ᠭᠠᠴᠠᠭ᠎ᠠ︶᠂ ᠢᠲᠡᠭᠡᠮᠵᠢᠲᠦ ᠰᠢᠶᠠᠩ ᠪᠠᠯᠭᠠᠰᠤ ᠶᠢ ᠦᠨᠡᠯᠡᠨ | ᠲᠣᠭᠲᠠᠭᠠᠬᠤ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠦᠨᠡᠯᠡᠨ ᠲᠣᠭᠲᠠᠭᠠᠭᠰᠠᠨ ᠪᠠ | ᠡᠭᠦᠳᠦᠨ ᠪᠠᠶᠢᠭᠤᠯᠤᠭᠰᠠᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠤᠨ ᠢᠲᠡᠭᠡᠮᠵᠢ ᠶᠢᠨ ᠲᠠᠪᠴᠠᠩ ᠳᠤ | ᠨᠡᠶᠢᠲᠡᠯᠡᠵᠦ᠂ ᠮᠠᠯᠴᠢᠨ ᠲᠠᠷᠢᠶᠠᠴᠢᠨ ᠳᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠥᠭᠬᠦ ᠦᠶ᠎ᠡ ᠳᠤ | ᠲᠤᠭ᠎ᠠ ᠬᠡᠮᠵᠢᠶ᠎ᠡ᠂ ᠬᠤᠭᠤᠴᠠᠭ᠎ᠠ ᠬᠢᠵᠠᠭᠠᠷ᠂ ᠬᠦᠤ ᠨᠣᠷᠮ᠎ᠠ ᠪᠠ ᠭᠠᠷᠳᠠᠮ ᠭᠦᠢᠴᠡᠳᠭᠡᠯ ᠤᠨ ᠲᠠᠯ᠎ᠠ ᠪᠠᠷ ᠨᠠᠩ ᠣᠯᠠᠨ | ᠬᠠᠷᠠᠭᠠᠯᠵᠠᠯ ᠬᠦᠷᠲᠡᠭᠡᠨ᠎ᠡ᠃ ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠯ᠎ᠡ ᠰᠤᠮᠤ ᠰᠢᠶᠠᠩ | ᠪᠠᠯᠭᠠᠰᠤ︶ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠡ᠃ ᠳᠠᠷᠬᠠᠨ ᠮᠤᠤᠮᠢᠩᠭᠠᠨ | ᠬᠤᠯᠪᠤᠭᠠᠲᠦ ᠬᠤᠰᠢᠭᠤᠨ ᠤ ᠠᠷᠠᠳ ᠤᠨ ᠲᠤᠮᠳᠠᠬᠢ ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ | ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯ ᠢ ᠤᠳᠤᠷᠢᠳᠬᠤ ᠵᠣᠬᠢᠶᠠᠨ ᠪᠠᠶᠢᠭᠤᠯᠬᠤ ᠠᠵᠢᠯ ᠢ | ᠬᠠᠷᠢᠭᠤᠴᠠᠨ᠎ᠠ᠃ ᠡᠯ᠎ᠡ ᠰᠤᠮᠤ ᠰᠢᠶᠠᠩ ᠪᠠᠯᠭᠠᠰᠤ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ | ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠶᠢ ᠣᠳᠣᠬᠠᠨ ᠤ ᠨᠢᠭᠡ ᠵᠦᠶᠯ ᠤᠨ ᠭᠤᠤᠯᠳᠠᠯᠭ᠎ᠠ ᠲᠠᠢ ᠠᠵᠢᠯ ᠪᠣᠯᠭᠠᠵᠤ᠂ | ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ | ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠲᠤᠬᠠᠢ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠶᠡᠷᠦᠩᠬᠡᠶᠢᠯᠡᠨ ᠵᠠᠰᠠᠬᠤ ᠠᠵᠢᠯ ᠤᠨ | ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠡᠯ᠎ᠡ ᠰᠤᠮᠤ ᠰᠢᠶᠠᠩ ᠪᠠᠯᠭᠠᠰᠤ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠠᠲᠠᠢ ᠬᠡᠷᠡᠭᠵᠢᠭᠦᠯᠬᠦ ᠲᠥᠰᠦᠯ ᠲᠤᠬᠳᠠᠭᠠᠵᠦ᠂ ᠲᠤᠰ ᠲᠤᠰ ᠤᠨ | ᠬᠠᠷᠢᠶᠠᠨ ᠳᠠᠬᠢ ᠪᠠᠶᠢᠴᠠᠭᠠᠯᠲᠡ ᠪᠠ ᠡᠳᠦᠷ ᠲᠣᠲᠤᠮ ᠤᠨ ᠵᠠᠰᠠᠯᠲᠡ ᠶᠢ ᠪᠣᠳᠠᠲᠠᠶᠢᠵᠢᠭᠤᠯᠬᠤ ᠶᠢ ᠦᠨᠡᠨ ᠬᠦ | ᠪᠠᠲᠤᠯᠠᠵᠤ᠂ ᠡᠯ᠎ᠡ ᠴᠢᠳᠠᠮᠵᠢᠲᠦ ᠰᠠᠯᠠᠭ᠎ᠠ ᠮᠥᠴᠢᠷ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠦ ᠲᠠᠢ | ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠶᠢᠨ ᠶᠡᠷᠦᠩᠬᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ | ᠲᠤᠰ ᠲᠤᠰ ᠤᠨ ᠡᠭᠦᠷᠭᠡᠯᠡᠭᠰᠡᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠱᠠᠭᠠᠷᠳᠠᠯᠭ᠎ᠠ | ᠶᠣᠰᠣᠭᠠᠷ ᠡᠨᠡ ᠬᠦ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ︵ᠭᠤᠷᠪᠠ︶ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ | ᠲᠡᠭᠡᠲᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠰᠬᠠᠶ ᠬᠥᠮᠥᠨ ᠲᠣᠮᠢᠯᠠᠵᠤ ᠡᠯ᠎ᠡ ᠭᠠᠴᠠᠭ᠎ᠠ | ᠲᠣᠰᠬᠤᠨ ᠤ ᠠᠷᠠᠳ ᠤᠨ ᠲᠤᠮᠳᠠᠬᠢ ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯ ᠤᠨ | ᠠᠬᠢᠴᠠ ᠶᠢ ᠰᠠᠷ᠎ᠠ ᠳᠤ ᠨᠢᠭᠡ ᠪᠦᠷᠢᠳᠬᠡᠬᠦ ᠠᠵᠢᠯ ᠢ ᠬᠠᠷᠢᠭᠤᠴᠠᠬᠤ ᠶᠢᠨ ᠬᠠᠮᠲᠤ᠂ ᠰᠠᠷ᠎ᠠ ᠶᠢᠨ ᠰᠡᠭᠦᠯᠴᠢ ᠠᠴᠠ | ᠡᠮᠦᠨ᠎ᠡ ᠲᠤᠰ ᠰᠠᠷ᠎ᠠ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ | ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠳᠤ | ᠲᠡᠪᠰᠢᠭᠦᠯᠦᠨ ᠮᠡᠳᠡᠭᠦᠯᠬᠦ ᠬᠡᠷᠡᠭᠲᠡᠶ᠃ | ︵ᠳᠥᠷᠪᠡ︶ ᠰᠢᠮᠳᠠᠭᠤᠯᠤᠨ ᠪᠠᠶᠢᠴᠠᠭᠠᠯᠲᠡ ᠶᠢ ᠴᠢᠩᠭᠠᠳᠬᠠᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠠᠴᠠ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ | ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯ ᠢ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠰᠢᠮᠳᠠᠭᠤᠯᠤᠨ | ᠪᠠᠶᠢᠴᠠᠭᠠᠬᠤ ᠬᠡᠷᠡᠭ ᠶᠠᠪᠤᠳᠡᠯ ᠳᠤ ᠣᠷᠣᠭᠤᠯᠵᠤ᠂ ᠡᠯ᠎ᠡ ᠰᠤᠮᠤ ᠰᠢᠶᠠᠩ ᠪᠠᠯᠭᠠᠰᠤ ᠶᠢᠨ ᠮᠠᠯᠵᠢᠬᠤ ᠲᠠᠷᠢᠶᠠᠯᠠᠬᠤ | ᠣᠷᠣᠨ ᠤ ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ | ᠰᠢᠮᠳᠠᠭᠤᠯᠤᠨ ᠪᠠᠶᠢᠴᠠᠭᠠᠨ᠎ᠠ᠃ | |