| | | ᠰᠤᠷᠪᠤᠯᠵᠢᠯᠠᠭ᠎ᠠ ᠶᠢᠨ ᠬᠦᠨᠲᠦᠲᠦ ᠵᠤᠴᠢᠨ᠄ ᠬᠤᠰᠢᠭᠤᠨ ᠤ ᠬᠢᠨᠠᠨ ᠪᠤᠳᠤᠯᠲᠡ ᠶᠢᠨ ᠲᠤᠪᠴᠢᠶ᠎ᠡ ᠶᠢᠨ | ᠲᠠᠷᠤᠭ᠎ᠠ ᠸᠠᠩ ᠾᠧ ᠱᠤᠸᠠᠨ | ᠰᠤᠷᠪᠤᠯᠵᠢᠯᠠᠭ᠎ᠠ ᠶᠢᠨ ᠴᠠᠭ ᠬᠤᠭᠤᠴᠠᠭ᠎ᠠ᠄ 2019 ᠤᠨ ᠤ 4 ᠰᠡᠷ᠎ᠡ ᠶᠢᠨ 19 ᠤ ᠡᠳᠤᠷ | ᠬᠦᠲᠦᠯᠦᠭᠴᠢ᠄ ᠮᠠᠨ ᠤ ᠬᠤᠰᠢᠭᠤᠨ ᠤ 2018 ᠤᠨ ᠤ ᠬᠢᠨᠠᠨ ᠪᠤᠳᠤᠯᠲᠡ ᠶᠢᠨ ᠠᠵᠢᠯ ᠤᠨ ᠶᠡᠷᠦᠩᠬᠡᠢ | ᠪᠠᠶᠢᠲᠡᠯ ᠢ ᠲᠠᠨᠢᠯᠴᠠᠭᠤᠯᠤᠭᠠᠳ ᠦᠭᠭᠦᠨ᠎ᠡ ᠤᠤ︖ | ᠸᠠᠩ ᠾᠧ ᠱᠤᠸᠠᠨ᠄ 2018 ᠣᠨ ᠳᠤ᠂ ᠬᠢᠨᠠᠨ ᠪᠤᠳᠤᠯᠲᠡ ᠶᠢᠨ ᠲᠣᠪᠴᠢᠶ᠎ᠠ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠵᠢᠴᠢ ᠪᠤᠭᠤᠲᠤ ᠬᠤᠲᠠ ᠶᠢᠨ ᠬᠢᠨᠠᠨ ᠪᠤᠳᠤᠯᠲᠡ ᠶᠢᠨ ᠲᠣᠪᠴᠢᠶ᠎ᠠ ᠶᠢᠨ ᠵᠥᠪ | ᠣᠨᠣᠪᠴᠢᠲᠠᠶ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠲᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠶ ᠱᠦᠵᠢ | ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ | ᠦᠶ᠎ᠡ ᠳᠠᠬᠢ ᠶᠠᠷᠢᠶᠠᠨ ᠤ ᠵᠣᠷᠢᠭ ᠰᠠᠨᠠᠭ᠎ᠠ ᠪᠠ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠬᠢᠨᠠᠨ ᠪᠣᠳᠣᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠬᠢᠨᠠᠨ ᠪᠤᠳᠤᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ | ᠬᠢᠨᠠᠮᠠᠭᠠᠶ ᠭᠦᠢᠴᠡᠳᠭᠡᠵᠦ᠂ ᠡᠯ᠎ᠡ ᠲᠦᠷᠦᠯ ᠤᠨ ᠠᠵᠢᠯ ᠤᠷᠤᠭᠰᠢᠲᠠᠢ ᠶᠠᠪᠤᠬᠳᠠᠭᠰᠡᠨ ᠪᠠᠶᠢᠨ᠎ᠡ᠃ ᠪᠥᠬᠦ ᠵᠢᠯ ᠳᠤ | ᠬᠢᠨᠠᠨ ᠪᠣᠳᠣᠬᠤ ᠲᠥᠷᠥᠯ ᠵᠦᠢᠯ 43 ᠢ ᠪᠡᠶᠡᠯᠡᠭᠦᠯᠵᠦ᠂ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠪᠠᠯᠠ | ᠮᠥᠩᠭᠦ 5047 ᠲᠦᠮᠡᠨ ᠲᠥᠭᠦᠷᠢᠭ᠂ ᠬᠠᠮᠢᠶᠠᠷᠤᠯᠲᠠ ᠶᠢᠨ ᠵᠢᠷᠤᠮᠵᠢᠯ ᠥᠬᠡᠶ ᠪᠠᠯᠠ ᠮᠥᠩᠭᠦ 15416 ᠲᠦᠮᠡᠨ | ᠲᠥᠭᠦᠷᠢᠭ ᠢ ᠪᠠᠶᠢᠴᠠᠭᠠᠨ ᠭᠠᠷᠭᠠᠵᠦ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ | ᠪᠠᠶᠢᠴᠠᠭᠠᠬᠤ ᠵᠥᠪᠯᠡᠯ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠠᠰᠠᠭᠤᠳᠠᠯ ᠤᠨ ᠰᠦᠪᠡᠭᠴᠢ ᠶᠢ 19 | ᠵᠤᠷᠪᠤᠰ ᠰᠢᠯᠵᠢᠭᠦᠯᠦᠨ ᠲᠤᠰᠢᠶᠠᠪᠠ᠃ | ᠬᠦᠲᠦᠯᠦᠭᠴᠢ᠄ 2018 ᠤᠨ ᠳᠤ ᠮᠠᠨ ᠤ ᠬᠤᠰᠢᠭᠤ ᠶᠠᠮᠠᠷ ᠶᠠᠮᠠᠷ ᠬᠢᠨᠠᠨ ᠪᠤᠳᠤᠯᠲᠡ ᠶᠢᠨ ᠠᠵᠢᠯ | ᠦᠷᠨᠢᠭᠦᠯᠦᠭᠰᠡᠨ ᠪᠤᠢ︖ | ᠸᠠᠩ ᠾᠧ ᠱᠤᠸᠠᠨ᠄ 2018 ᠤᠨ ᠳᠤ ᠭᠤᠤᠯᠳᠠᠭᠤ ᠲᠤᠤᠷᠡᠬᠢ ᠭᠡᠲᠦᠨ ᠲᠡᠯ᠎ᠡ ᠶᠢᠨ ᠬᠢᠨᠠᠨ ᠪᠤᠳᠤᠯᠲᠡ | ᠶᠢᠨ ᠠᠵᠢᠯ ᠢ ᠦᠷᠨᠢᠭᠦᠯᠪᠡ᠃ | ︵ᠨᠢᠭᠡ︶ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠲᠣᠭᠤᠷᠢᠨ ᠳᠤ ᠬᠢᠨᠠᠨ ᠪᠤᠳᠤᠯᠲᠡ | ᠶᠢᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠯᠲᠡ ᠶᠢᠨ ᠬᠦᠴᠦ ᠨᠡᠮᠡᠷᠢᠯᠡᠬᠦ ᠦᠢᠯᠡᠳᠤᠯ ᠢ | ᠪᠠᠳᠠᠷᠠᠭᠤᠯᠪᠡ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠤᠭᠤᠮᠲᠡ ᠰᠢᠪᠳᠤᠯᠬᠤ | ᠲᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦ ᠨᠠᠮᠠᠷᠢᠯᠡᠪᠡ᠃ ᠳᠠᠷᠬᠠᠨ ᠮᠤᠤᠮᠢᠩᠭᠠᠨ ᠬᠤᠰᠢᠭᠤᠨ ᠤ ᠣᠷᠣᠨ | ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠪᠣᠯᠤᠨ ᠳᠠᠯᠳᠠ ᠥᠷᠢ ᠥᠭᠴᠡᠭᠡ᠂ ︽ᠠᠷᠪᠠ ᠶᠢ | ᠪᠦᠷᠬᠦᠭᠦᠯᠬᠦ︾ ᠢᠨᠵᠧᠨᠧᠷᠢᠩ ᠤᠨ ᠥᠷᠢ ᠥᠭᠴᠡᠭᠡ ᠶᠢᠨ ᠪᠠᠶᠢᠲᠡᠯ ᠳᠤ ᠲᠤᠰᠬᠠᠶ ᠬᠠᠷᠭᠤᠭᠤᠯᠤᠨ ᠪᠠᠶᠢᠴᠠᠭᠠᠯᠲᠡ | ᠬᠢᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠢᠨᠵᠧᠨᠧᠷᠢᠩ ᠤᠨ ᠲᠥᠷᠥᠯ ᠵᠦᠢᠯ ᠢ ᠢᠯᠭᠠᠨ ᠲᠣᠳᠣᠯᠠᠵᠤ | ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ︔ ᠤᠨᠢᠨ ᠳᠡᠭᠡᠷ᠎ᠡ ᠨᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦ ᠨᠡᠮᠡᠷᠢᠯᠡᠪᠡ᠃ ᠵᠠᠭᠤᠴᠢ | ᠵᠤᠬᠢᠶᠠᠨ ᠪᠠᠶᠢᠭᠤᠯᠤᠯᠲᠡ ᠳᠤ ᠨᠠᠶᠢᠲᠡᠨ ᠳᠠᠷᠬᠠᠨ ᠮᠤᠤᠮᠢᠩᠭᠠᠨ ᠬᠤᠰᠢᠭᠤᠨ ᠤ ᠶᠠᠳᠠᠭᠤ ᠶᠢ ᠲᠡᠳᠬᠦᠬᠦ ᠪᠡᠯᠡ | ᠮᠥᠩᠭᠦ ᠶᠢ ᠬᠢᠨᠠᠨ ᠪᠤᠳᠤᠭᠤᠯᠪᠡ︔ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠬᠦ ᠳᠤ ᠬᠦᠴᠦ ᠨᠠᠮᠠᠷᠢᠯᠡᠪᠡ᠃ ︽ᠳᠠᠷᠬᠠᠨ ᠮᠤᠤᠮᠢᠩᠭᠠᠨ ᠬᠤᠰᠢᠭᠤᠨ ᠤ ᠤᠳᠤᠷᠢᠳᠬᠤ ᠺᠠᠳ᠋ᠷ ᠤᠨ | ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠣᠳᠣᠬᠤ ᠶᠢᠨ | ᠬᠡᠷᠡᠭᠵᠢᠭᠦᠯᠬᠦ ᠲᠥᠰᠦᠯ︾ ᠢ ᠲᠤᠭᠤᠷᠪᠢᠨ ᠪᠢᠴᠢᠵᠦ ᠳᠠᠭᠤᠰᠬᠠᠪᠠ︔ ᠳᠠᠷᠬᠠᠨ ᠮᠤᠤᠮᠢᠩᠭᠠᠨ ᠬᠤᠰᠢᠭᠤᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠪᠠᠯᠠ ᠮᠥᠩᠭᠦ ᠶᠢ ᠬᠢᠨᠠᠨ ᠪᠤᠳᠤᠪᠡ᠃ | ︵ᠬᠤᠶᠠᠷ︶ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠢᠨᠠᠨ ᠪᠤᠳᠤᠯᠲᠡ ᠶᠢ ᠴᠢᠩᠭᠠᠳᠬᠠᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ | ᠪᠦᠲᠦᠮᠵᠢᠲᠡᠶ ᠨᠠᠶᠢᠳᠠᠪᠤᠷᠢᠵᠢᠭᠤᠯᠤᠯᠲᠠ ᠶᠢ ᠠᠬᠢᠭᠤᠯᠪᠡ᠃ ᠬᠢᠨᠠᠨ ᠪᠤᠳᠤᠯᠲᠡ ᠶᠢᠨ ᠵᠠᠬᠢᠷᠭ᠎ᠠ ᠶᠢᠨ ᠨᠢᠭᠡᠳᠦᠯᠲᠡᠶ | ᠲᠣᠬᠢᠷᠠᠭᠤᠯᠤᠯᠲᠠ ᠪᠠᠶᠢᠷᠢᠯᠠᠭᠤᠯᠤᠯᠲᠡ ᠶᠢ ᠦᠨᠳᠦᠰᠦᠯᠡᠨ᠂ ᠬᠤᠰᠢᠭᠤᠨ ᠤ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠰᠢᠯᠵᠢᠭᠦᠯᠦᠨ ᠥᠭᠬᠦ ᠪᠠᠯᠠ ᠮᠦᠩᠭᠦ᠂ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ᠂ ᠭᠠᠶᠢᠯᠢ ᠶᠢ | ᠬᠥᠩᠭᠡᠯᠡᠵᠦ ᠰᠦᠢᠳᠭᠡᠯ ᠢ ᠪᠠᠭᠤᠷᠠᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰ ᠲᠤᠰ ᠮᠥᠷᠳᠡᠨ ᠬᠢᠨᠠᠨ ᠪᠣᠳᠣᠵᠤ᠂ ᠬᠢᠨᠠᠨ ᠪᠤᠳᠤᠯᠲᠡ ᠪᠠᠷ ᠲᠠᠮᠵᠢᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠪᠠ᠃ | ︵ᠭᠤᠷᠪᠠ︶ ᠡᠳ᠋ ᠤᠨ ᠵᠠᠰᠠᠭ ᠤᠨ ᠪᠡᠯᠡ ᠮᠥᠩᠭᠦ ᠶᠢᠨ ᠬᠢᠨᠠᠨ ᠪᠣᠳᠣᠯᠲᠠ ᠶᠢ ᠴᠢᠩᠭᠠᠳᠬᠠᠵᠤ᠂ ᠡᠳ᠋ ᠤᠨ ᠵᠠᠰᠠᠭ | ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠡᠭᠡᠭᠰᠢᠯᠡᠭᠦᠯᠪᠡ᠃ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠲᠥᠰᠦᠪ ᠢ ᠭᠦᠢᠴᠡᠳᠬᠡᠭᠰᠡᠨ ᠪᠠᠶᠢᠲᠡᠯ᠂ 2017 | ᠣᠨ ᠤ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ ᠪᠠ ᠪᠤᠰᠤᠳ ᠡᠳ᠋ ᠤᠨ ᠶᠠᠪᠤᠳᠠᠯ ᠤᠨ ᠣᠷᠣᠯᠭ᠎ᠠ | ᠵᠠᠷᠤᠯᠭ᠎ᠠ ᠶᠢᠨ ᠪᠠᠶᠢᠳᠠᠯ ᠢ ᠬᠢᠨᠠᠨ ᠪᠣᠳᠣᠬᠤ ᠠᠵᠢᠯ ᠢ ᠥᠷᠨᠢᠭᠦᠯᠵᠦ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ | ᠪᠣᠳᠣᠯᠲᠠ ᠲᠠᠢ ᠤᠶᠠᠯᠳᠤᠭᠤᠯᠤᠨ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠪᠠᠲᠤᠬᠠᠭᠠᠯᠭ᠎ᠠ ᠳᠤᠮᠳᠠᠳᠤ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠪᠠ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠯᠪᠠᠨ ᠭᠡᠷ᠂ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ ᠵᠡᠷᠭᠡ 4 ᠨᠢᠭᠡᠳᠤᠭᠡᠷ ᠲᠡᠰ | ᠤᠨ ᠰᠠᠯᠠᠭ᠎ᠠ ᠮᠥᠴᠢᠷ ᠤᠨ ᠲᠦᠰᠦᠪ ᠢ ᠬᠦᠢᠴᠡᠳᠭᠡᠬᠦ ᠨᠢᠭᠡᠴᠡ 4 ᠶᠢ ᠥᠷᠭᠡᠳᠬᠡᠪᠡ᠃ | ︵ᠳᠥᠷᠪᠡ︶ ᠲᠤᠰᠬᠠᠢ ᠵᠦᠢᠯ ᠤᠨ ᠪᠡᠯᠡ ᠮᠥᠩᠭᠦ ᠶᠢᠨ ᠬᠢᠨᠠᠨ ᠪᠣᠳᠣᠯᠲᠠ ᠶᠢ ᠴᠢᠩᠭᠠᠳᠬᠠᠨ᠂ | ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠬᠤ ᠶᠢ | ᠠᠬᠢᠭᠤᠯᠪᠡ᠃ ᠬᠤᠲᠠ ᠶᠢᠨ ᠬᠢᠨᠠᠨ ᠪᠤᠳᠤᠯᠲᠡ ᠶᠢᠨ ᠲᠣᠪᠴᠢᠶ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠶᠢ | ᠦᠨᠳᠦᠰᠦᠯᠡᠨ᠂ ᠳᠠᠷᠬᠠᠨ ᠮᠤᠤᠮᠢᠩᠭᠠᠨ ᠬᠤᠰᠢᠭᠤᠨ ᠤ 2017 ᠣᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ | ᠰᠠᠭᠤᠴᠠ ᠶᠢᠨ ᠢᠨᠵᠧᠨᠧᠷᠢᠩ ᠤᠨ ᠲᠥᠯᠥᠪᠯᠡᠭᠡ᠂ ᠪᠠᠯᠠ ᠣᠷᠣᠭᠤᠯᠤᠯᠲᠠ᠂ ᠪᠦᠲᠦᠭᠡᠨ ᠪᠠᠶᠢᠭᠤᠯᠤᠯᠲᠡ᠂ | ᠬᠤᠪᠢᠶᠠᠷᠢᠯᠠᠯᠲᠠ᠂ ᠡᠵᠡᠩᠨᠡᠯᠲᠡ ᠵᠡᠷᠭᠡ ᠪᠠᠶᠢᠲᠡᠯ ᠵᠢᠴᠢ ᠢᠵᠢ ᠪᠦᠷᠢᠳᠦᠭᠦᠯᠬᠦ ᠰᠠᠭᠤᠷᠢ ᠲᠦᠭᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠪᠠᠶᠢᠲᠡᠯ ᠳᠤ ᠬᠢᠨᠠᠨ ᠪᠤᠳᠤᠯᠲᠠ ᠬᠢᠪᠡ᠃ | ︵ᠲᠠᠪᠤ︶ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ | ᠴᠢᠩᠭᠠᠳᠬᠠᠵᠤ᠂ ᠺᠠᠳ᠋ᠷ ᠤᠨ ᠬᠠᠮᠢᠶᠠᠷᠤᠯᠲᠠ ᠳᠤ ᠦᠨᠳᠦᠰᠦᠯᠡᠯ ᠬᠠᠩᠭᠠᠨ᠎ᠠ᠃ ᠬᠤᠰᠢᠭᠤ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ ᠤᠨ ᠨᠠᠶᠢᠳᠠᠯᠭ᠎ᠠ ᠪᠠᠷ᠂ ᠵᠠᠭᠤᠴᠢ ᠵᠣᠬᠢᠶᠠᠨ ᠪᠠᠶᠢᠭᠤᠯᠤᠯᠲᠡ ᠶᠢ ᠤᠷᠢᠵᠤ ᠬᠢᠨᠠᠨ | ᠪᠣᠳᠣᠬᠤ ᠠᠵᠢᠯ ᠳᠤ ᠣᠷᠣᠯᠴᠠᠭᠤᠯᠵᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ᠂ ᠵᠢᠭᠤᠯᠴᠢᠯᠠᠯ ᠤᠨ ᠲᠣᠪᠴᠢᠶ᠎ᠠ ᠵᠡᠷᠭᠡ | 30 ᠪᠠᠶᠢᠭᠤᠯᠭ᠎ᠠ ᠨᠢᠭᠡᠴᠡ ᠶᠢᠨ ᠤᠳᠤᠷᠢᠳᠤᠯᠭ᠎ᠠ ᠳᠤ ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠯᠲᠡ ᠶᠢᠨ ᠠᠵᠢᠯ ᠢ ᠥᠷᠨᠢᠭᠦᠯᠪᠡ᠃ ᠤᠳᠤᠷᠢᠳᠬᠤ ᠺᠠᠳ᠋ᠷ ᠤᠨ | ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠣᠳᠣᠬᠤ | ᠠᠵᠢᠯ ᠢ ᠢᠳᠡᠪᠬᠢᠲᠡᠶ ᠬᠠᠶᠢᠨ ᠰᠦᠪᠡᠭᠴᠢᠯᠡᠵᠦ᠂ ᠳᠠᠷᠬᠠᠨ ᠮᠤᠤᠮᠢᠩᠭᠠᠨ ᠬᠤᠰᠢᠭᠤᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠳᠤ ᠪᠠᠶᠢᠬᠤ ᠦᠶ᠎ᠡ ᠶᠢᠨ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠭᠦᠢᠴᠡᠳᠭᠡᠭᠰᠡᠨ ᠪᠠᠶᠢᠲᠡᠯ ᠳᠤ ᠬᠢᠨᠠᠨ ᠪᠣᠳᠣᠯᠲᠠ ᠬᠢᠪᠡ᠃ | ︵ᠵᠢᠷᠭᠤᠭ᠎ᠠ︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠢᠨᠠᠨ ᠪᠣᠳᠣᠯᠲᠠ ᠶᠢ ᠴᠢᠩᠭᠠᠳᠬᠠᠨ᠂ | ᠪᠡᠯᠡ ᠮᠥᠩᠭᠦ ᠬᠡᠷᠡᠭᠯᠡᠬᠦ ᠦᠷ᠎ᠡ ᠪᠦᠲᠦᠮᠵᠢ ᠶᠢ ᠲᠡᠭᠡᠭᠰᠢᠯᠡᠭᠦᠯᠪᠡ᠃ ᠵᠠᠭᠤᠴᠢ ᠵᠣᠬᠢᠶᠠᠨ ᠪᠠᠶᠢᠭᠤᠯᠤᠯᠲᠡ ᠳᠤ ᠨᠠᠶᠢᠳᠠᠨ | ᠳᠠᠷᠬᠠᠨ ᠮᠤᠤᠮᠢᠩᠭᠠᠨ ᠬᠤᠰᠢᠭᠤᠨ ᠤ ᠥᠩᠭᠡᠷᠡᠭᠰᠡᠨ ᠵᠢᠯ ᠤᠳ ᠤᠨ ︽ᠠᠷᠪᠠ ᠶᠢ ᠪᠦᠷᠬᠦᠭᠦᠯᠬᠦ︾ ᠢᠨᠵᠧᠨᠧᠷᠢᠩ ᠲᠤ | ᠬᠢᠨᠠᠨ ᠪᠠᠶᠢᠴᠠᠭᠠᠯᠲᠡ ᠬᠢᠯᠭᠡᠵᠦ᠂ ᠲᠠᠷᠢᠶᠠᠯᠠᠩ ᠠᠵᠤ ᠦᠢᠯᠡᠳᠪᠦᠷᠢ ᠶᠢᠨ ᠬᠡᠯᠲᠡᠰ᠂ ᠪᠦᠲᠦᠭᠡᠨ ᠪᠠᠶᠢᠭᠤᠯᠬᠤ ᠨᠢᠭᠡᠴᠡ᠂ | ᠪᠠᠷᠢᠯᠭ᠎ᠠ ᠶᠢᠨ ᠨᠢᠭᠡᠴᠡ ᠶᠢ ᠵᠣᠬᠢᠴᠠᠭᠤᠯᠤᠨ ᠠᠬᠤᠢ ᠲᠠᠯᠠᠪᠠᠢ ᠳᠤ ᠵᠤᠯᠭᠠᠭᠤᠯᠵᠦ᠂ ᠬᠤᠰᠢᠭᠤᠨ ᠤ ᠵᠠᠰᠠᠭ ᠤᠨ | ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠤᠳᠤᠷᠢᠳᠤᠯᠭ᠎ᠠ ᠨᠠᠷ ᠢ ᠵᠣᠬᠢᠴᠠᠭᠤᠯᠤᠨ ᠠᠬᠤᠢ ᠲᠠᠯᠠᠪᠠᠢ ᠶᠢᠨ ᠠᠯᠪᠠᠨ ᠠᠵᠢᠯ ᠤᠨ ᠬᠤᠷᠠᠯ ᠬᠤᠷᠠᠯᠳᠤᠭᠤᠯᠵᠤ᠂ | ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠪᠠᠷᠢᠯᠭ᠎ᠠ | ᠳᠠᠭᠤᠰᠴᠤ ᠳ᠋ᠦᠩᠨᠡᠨ ᠪᠣᠳᠣᠵᠤ ᠦᠨ᠎ᠡ ᠲᠣᠭᠲᠠᠭᠠᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠪᠡ᠃ | ︵ᠲᠤᠯᠤᠭ᠎ᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠡᠭᠡᠲᠦ ᠱᠠᠲᠤᠨ ᠤ ᠬᠢᠨᠠᠨ | ᠪᠤᠳᠤᠯᠲᠡ ᠶᠢᠨ ᠪᠠᠶᠢᠭᠤᠯᠭ᠎ᠠ ᠶᠢᠨ ᠲᠤᠰᠢᠶᠠᠭᠰᠡᠨ ᠪᠤᠰᠤᠳ ᠠᠵᠢᠯ ᠤᠨ ᠡᠭᠦᠷᠭᠡ ᠶᠢ ᠢᠳᠡᠪᠬᠢᠲᠡᠢ ᠪᠠᠷ ᠪᠡᠶᠡᠯᠡᠭᠦᠯᠪᠡ᠃ | ᠪᠥᠬᠦ ᠬᠤᠰᠢᠭᠤᠨ ᠤ ᠲᠤᠤᠷ᠎ᠡ ᠣᠷᠣᠯᠭ᠎ᠠ ᠲᠠᠢ ᠮᠠᠯᠴᠢᠨ ᠲᠠᠷᠢᠶᠠᠴᠢᠨ ᠡᠷᠦᠬᠡ ᠶᠢᠨ ᠡᠪᠦᠯ ᠤᠨ ᠤᠯᠠᠷᠢᠯ ᠤᠨ | ᠳᠤᠯᠠᠭᠠᠯᠠᠭ᠎ᠠ ᠶᠢᠨ ᠨᠡᠭᠦᠷᠡᠰᠦᠨ ᠤ ᠨᠥᠬᠦᠪᠥᠷᠢ ᠣᠯᠭᠤᠭᠰᠠᠨ ᠪᠠᠶᠢᠲᠡᠯ ᠳᠤ ᠲᠤᠰᠬᠠᠶ ᠪᠠᠶᠢᠴᠠᠭᠠᠯᠲᠡ ᠬᠢᠪᠡ︔ | ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠦᠷᠢ ᠦᠭᠴᠡᠭᠡ ᠶᠢᠨ ᠪᠠᠶᠢᠲᠡᠯ ᠢ ᠬᠢᠨᠠᠨ ᠪᠤᠳᠤᠪᠡ︔ ᠳᠠᠷᠬᠠᠨ | ᠮᠤᠤᠮᠢᠩᠭᠠᠨ ᠬᠤᠰᠢᠭᠤᠨ ᠤ 2014 — 2017 ᠣᠨ ᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠪᠠᠯᠠ | ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠠᠶᠢᠴᠠᠭᠠᠪᠡ︔ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠲᠠᠢ ᠬᠠᠮᠵᠢᠯᠴᠠᠨ ᠲᠤᠰᠬᠠᠶ ᠲᠣᠭᠤᠷᠢᠨ ᠪᠠᠶᠢᠴᠠᠭᠠᠯᠲᠠ 2 | ᠤᠳᠠᠭ᠎ᠠ ᠥᠷᠨᠢᠭᠦᠯᠪᠡ︔ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠵᠢᠯᠴᠠᠨ | ᠨᠠᠮ ᠤᠨ ᠰᠦᠢᠳᠬᠡᠯ ᠲᠤᠰᠢᠶᠠᠭᠰᠡᠨ ᠪᠠᠶᠢᠲᠡᠯ ᠳᠤ ᠲᠤᠰᠬᠠᠢ ᠪᠠᠶᠢᠴᠠᠭᠠᠯᠲᠡ ᠬᠢᠪᠡ︔ ᠬᠤᠰᠢᠭᠤᠨ ᠤ ᠡᠳ᠋ ᠤᠨ ᠵᠠᠰᠠᠭ | ᠤᠨ ᠲᠣᠪᠴᠢᠶ᠎ᠠ ᠲᠠᠢ ᠬᠠᠮᠵᠢᠯᠴᠠᠨ ︽ᠡᠳ᠋ ᠤᠨ ᠵᠠᠰᠠᠭ ᠤᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠶᠠᠪᠤᠳᠠᠯ ᠤᠨ | ᠦᠢᠯᠡ ᠠᠵᠢᠯᠯᠠᠭ᠎ᠠ ᠶᠢ ᠵᠢᠷᠤᠮᠵᠢᠭᠤᠯᠬᠤ︾ ᠲᠤᠰᠬᠠᠶ ᠪᠠᠶᠢᠴᠠᠭᠠᠯᠲᠡ ᠶᠢᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠲᠡᠯ ᠢ ᠱᠠᠯᠠᠪᠳᠠᠭᠤᠯᠤᠨ ᠪᠠᠶᠢᠴᠠᠭᠠᠪᠡ︔ ᠪᠥᠬᠦ ᠶᠠᠪᠤᠴᠠ ᠳᠤ ᠬᠤᠰᠢᠭᠤᠨ ᠤ ︽ᠠᠷᠪᠠ ᠶᠢ | ᠪᠦᠷᠬᠦᠭᠦᠯᠬᠦ︾ ᠢᠨᠵᠧᠨᠧᠷᠢᠩ ᠤᠨ ᠦᠯᠡᠲᠡᠭᠲᠡᠯ ᠠᠰᠠᠭᠤᠳᠠᠯ ᠢ ᠰᠢᠢᠳᠪᠦᠷᠢᠯᠡᠬᠦ ᠵᠢᠴᠢ ᠠᠷᠪᠠᠨ ᠵᠤᠷᠪᠤᠰ ᠲᠤᠳᠤᠷᠠᠬᠢ | ᠥᠷᠢ ᠥᠭᠴᠡᠭᠡ ᠶᠢ ᠰᠢᠢᠳᠪᠦᠷᠢᠯᠡᠬᠦ ᠶᠢᠨ ᠪᠠᠯᠠ ᠮᠥᠩᠭᠦ ᠰᠢᠯᠵᠢᠭᠦᠯᠦᠨ ᠥᠭᠬᠦ ᠳᠤ ᠬᠢᠨᠠᠯᠲᠠ ᠲᠠᠯᠪᠢᠬᠤ ᠠᠵᠢᠯ ᠳᠤ | ᠤᠷᠤᠯᠴᠠᠪᠡ᠃ | ᠬᠦᠲᠦᠯᠦᠭᠴᠢ᠄ ᠮᠠᠨ ᠤ ᠬᠤᠰᠢᠭᠤᠨ ᠤ ᠬᠢᠨᠠᠨ ᠪᠤᠳᠤᠯᠲᠡ ᠶᠢᠨ ᠠᠵᠢᠯ ᠤᠨ ᠲᠠᠷᠠᠭᠠᠴᠢ ᠶᠢᠨ ᠠᠯᠬᠤᠮ ᠤᠨ | ᠲᠤᠬᠢᠷᠠᠭᠤᠯᠤᠯᠲᠡ ᠨᠢ ᠶᠠᠮᠠᠷ ᠪᠤᠢ︖ | ᠸᠠᠩ ᠾᠧ ᠱᠤᠸᠠᠨ᠄ 2019 ᠣᠨ ᠳᠤ ᠬᠢᠨᠠᠨ ᠪᠤᠳᠤᠯᠲᠡ ᠶᠢᠨ ᠠᠵᠢᠯ ᠨᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠲᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ | ᠬᠢᠨᠠᠨ ᠪᠤᠳᠤᠯᠲᠡ ᠶᠢᠨ ᠵᠥᠪᠯᠡᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠨᠠᠶᠢᠳᠠᠪᠦᠷᠢᠵᠢᠭᠤᠯᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠤᠭᠤᠷᠢᠨ ᠳᠤ᠂ | ᠤᠯᠤᠰ ᠲᠥᠷᠥ ᠶᠢᠨ ᠵᠤᠭᠰᠤᠯᠲᠡ ᠪᠠᠨ ᠳᠡᠭᠡᠭᠰᠢᠯᠡᠭᠦᠯᠵᠦ᠂ ᠬᠢᠨᠠᠨ ᠪᠤᠳᠤᠯᠲᠡ ᠶᠢᠨ ᠣᠶᠢᠯᠠᠭᠠᠭᠳᠠᠬᠤᠨ ᠤ ᠲᠠᠯ᠎ᠠ ᠪᠠᠷ | ᠰᠢᠨ᠎ᠡ ᠶᠢ ᠡᠭᠦᠳᠴᠦ᠂ ᠬᠢᠨᠠᠨ ᠪᠤᠳᠤᠯᠲᠡ ᠶᠢᠨ ᠭᠤᠤᠯᠳᠠᠯᠭ᠎ᠠ ᠶᠢ ᠳᠣᠪᠤᠶᠢᠯᠭᠠᠨ᠂ ᠤᠭ ᠰᠠᠨᠠᠭ᠎ᠠ ᠪᠠᠨ ᠥᠯᠥ ᠮᠠᠷᠲᠡᠨ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠢᠨᠠᠨ ᠪᠣᠳᠣᠬᠤ ᠬᠢᠨᠠᠯᠲᠠ ᠲᠠᠯᠪᠢᠬᠤ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠦᠨᠡᠨᠴᠢ ᠰᠢᠳᠤᠷᠭᠤ ᠪᠠᠷ ᠭᠦᠢᠴᠡᠳᠭᠡᠵᠦ᠂ ᠭᠤᠷᠪᠠᠨ ᠶᠡᠭᠡ ᠪᠤᠭᠤᠮᠲᠡ | ᠰᠢᠪᠳᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠡᠭᠡᠷ᠎ᠡ ᠬᠦᠴᠦ ᠪᠠᠨ ᠲᠥᠪᠯᠡᠷᠡᠭᠦᠯᠵᠦ᠂ ᠬᠢᠨᠠᠨ ᠪᠣᠳᠣᠬᠤ ᠠᠵᠢᠯ ᠤᠨ | ᠪᠦᠷᠭᠦᠭᠦᠯᠲᠡ ᠶᠢ ᠶᠡᠬᠡᠪᠡᠷ ᠲᠦᠯᠬᠢᠨ ᠠᠬᠢᠭᠤᠯᠵᠤ᠂ ᠳᠠᠷᠬᠠᠨ ᠮᠤᠤᠮᠢᠩᠭᠠᠨ ᠬᠤᠰᠢᠭᠤᠨ ᠤ ᠠᠵᠤ ᠠᠬᠤᠶ ᠨᠡᠶᠢᠭᠡᠮ ᠤᠨ | ᠪᠥᠬᠦ ᠲᠠᠯ᠎ᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠳᠤ ᠰᠠᠶᠢᠲᠤᠷ ᠦᠢᠯᠡᠴᠢᠯᠡᠵᠦ᠂ ᠰᠢᠯᠢᠳᠡᠭ ᠬᠢᠷᠢ | ᠪᠦᠲᠦᠮᠵᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠡᠨ 70 ᠵᠢᠯ ᠤᠨ ᠣᠢ ᠶᠢ ᠤᠭᠲᠤᠨ᠎ᠠ᠃ | ︵ᠨᠢᠭᠡ︶ ᠨᠠᠮ ᠤᠨ ᠰᠤᠷᠲᠠᠯ ᠴᠢᠬᠡᠴᠢ ᠵᠠᠰᠠᠭ ᠤᠨ ᠪᠦᠲᠦᠭᠡᠨ ᠪᠠᠶᠢᠭᠤᠯᠤᠯᠲᠡ ᠶᠢ ᠴᠢᠩᠭᠠᠳᠬᠠᠵᠤ᠂ ᠢᠯᠵᠠᠷᠠᠯ ᠢ | ᠡᠰᠡᠷᠭᠦᠴᠡᠨ ᠬᠤᠪᠢᠷᠠᠬᠤ ᠠᠴᠠ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠨᠠᠮ ᠤᠨ ᠰᠤᠷᠲᠠᠯ ᠴᠢᠬᠡᠴᠢ | ᠵᠠᠰᠠᠭ ᠤᠨ ᠪᠦᠲᠦᠭᠡᠨ ᠪᠠᠶᠢᠭᠤᠯᠤᠯᠲᠡ ᠶᠢᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠦᠷᠢᠵᠢᠭᠤᠯᠵᠦ᠂ | ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠬᠢᠨᠠᠨ ᠪᠤᠳᠤᠯᠲᠡ ᠶᠢᠨ ᠲᠤᠬᠠᠶᠢᠯᠠᠭᠰᠠᠨ ᠠᠵᠢᠯ ᠢ ᠵᠡᠷᠭᠡ ᠪᠠᠷ | ᠲᠥᠯᠥᠪᠵᠢᠭᠦᠯᠵᠦ᠂ ᠵᠡᠷᠭᠡ ᠪᠠᠷ ᠪᠠᠶᠢᠷᠢᠯᠠᠭᠤᠯᠵᠦ᠂ ᠵᠡᠷᠭᠡ ᠪᠠᠷ ᠬᠢᠨᠠᠨ ᠰᠢᠯᠭᠠᠬᠤ ᠶᠢ ᠪᠠᠷᠢᠮᠳᠠᠯᠠᠵᠦ᠂ ︽ᠨᠢᠭᠡ ᠠᠵᠢᠯ ᠤᠨ | ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠦᠨᠡᠨ ᠬᠦ ᠭᠦᠢᠴᠡᠳᠭᠡᠵᠦ᠂ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠎ᠠ᠃ ᠠᠷᠢᠭᠤᠨ ᠴᠢᠬᠡᠴᠢ ᠪᠠᠷ ᠵᠠᠰᠠᠭ | ᠪᠠᠷᠢᠬᠤ ᠲᠤᠬᠠᠢ ᠰᠨᠠᠠᠯ ᠪᠤᠳᠤᠯ ᠢᠶᠠᠨ ᠶᠠᠷᠢᠯᠴᠠᠬᠤ᠂ ᠲᠤᠰᠢᠶᠠᠯ ᠤᠨ ᠮᠡᠳᠡᠭᠦᠯᠦᠯᠲᠡ ᠬᠢᠬᠦ᠂ ᠵᠢᠭᠠᠪᠤᠷᠢ ᠶᠢᠨ | ᠮᠡᠳᠡᠭᠦᠯᠦᠯᠲᠡ ᠬᠢᠬᠦ ᠵᠡᠷᠭᠡ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠠᠷᠠᠳᠴᠢᠯᠠᠯ ᠲᠥᠪᠯᠡᠷᠡᠯ ᠤᠨ ᠡᠯ᠎ᠡ | ᠵᠦᠢᠯ ᠤᠨ ᠲᠦᠷᠢᠮ ᠲᠣᠭᠲᠠᠭᠠᠯ ᠪᠠ ︽ᠭᠤᠷᠪᠠᠨ ᠴᠢᠬᠤᠯᠠ ᠨᠢᠭᠡ ᠶᠡᠭᠡ︾ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ | ᠲᠥᠪ ᠬᠤᠷᠢᠶᠠᠨ ᠤ ︽ᠨᠠᠢᠮᠠᠨ ᠵᠦᠢᠯ ᠤᠨ ᠲᠣᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠦᠷᠢᠵᠢᠭᠤᠯᠤᠨᠡ᠃ | ᠬᠢᠨᠠᠨ ᠪᠤᠳᠤᠯᠲᠡ ᠶᠢᠨ ︽ᠳᠥᠷᠪᠡ ᠶᠢ ᠴᠢᠩᠭ᠎ᠠ ᠴᠠᠭᠠᠵᠠᠯᠠᠬᠤ︾ ᠱᠠᠭᠠᠷᠳᠠᠯᠭ᠎ᠠ ᠪᠠ ︽ᠨᠠᠢᠮᠠ ᠶᠢ ᠥᠯᠥ ᠵᠥᠪᠰᠢᠶᠡᠷᠡᠬᠦ︾ | ᠠᠵᠢᠯ ᠤᠨ ᠰᠠᠬᠢᠯᠭ᠎ᠠ ᠪᠠᠲᠤ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠴᠢᠩᠭᠠᠳᠬᠠᠵᠤ᠂ ᠬᠢᠨᠠᠨ ᠪᠤᠳᠤᠯᠳᠠ ᠶᠢᠨ | ᠬᠠᠮᠢᠶᠠᠷᠤᠯᠲᠠ ᠶᠢ ᠰᠠᠶᠢᠲᠤᠷ ᠪᠠᠳᠤᠳᠠᠢ ᠬᠢᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠦᠲᠦᠭᠡᠨ ᠪᠠᠶᠢᠭᠤᠯᠤᠯᠲᠡ | ᠶᠢ ᠦᠷᠭᠦᠯᠵᠢᠯᠡᠨ ᠬᠦᠴᠦᠯᠡᠨ ᠬᠢᠨ᠎ᠡ᠃ | ︵ᠬᠤᠶᠠᠷ︶ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠡ ᠶᠢ | ᠴᠢᠩᠭᠠᠳᠬᠠᠵᠤ᠂ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢ ᠪᠠᠶᠢᠭᠤᠯᠤᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠥᠬᠦᠷᠡᠰᠢ | ᠦᠭᠡᠢ ᠰᠤᠷᠤᠯᠴᠠᠨ ᠲᠤᠭᠤᠰᠢᠯᠠᠭᠤᠯᠵᠦ᠂ ᠨᠠᠮ ᠤᠨ ᠳᠣᠲᠣᠭᠠᠳᠤ ᠶᠢᠨ ᠲᠥᠪᠯᠡᠷᠡᠩᠭᠦᠢ ᠬᠥᠮᠦᠵᠢᠯ ᠢ ᠭᠦᠨᠵᠡᠭᠡᠢ | ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠡᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ | ᠰᠡᠳᠦᠪᠲᠦ ᠬᠥᠮᠦᠵᠢᠯ ᠢ ᠢᠳᠡᠪᠬᠢᠲᠡᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ | ᠳᠦᠷᠢᠮᠵᠢᠭᠦᠯᠬᠦ ᠶᠢ ᠭᠦᠨᠵᠡᠭᠡᠢ ᠠᠬᠢᠭᠤᠯᠵᠤ᠂ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ︽ᠳᠥᠷᠪᠡᠨ | ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ︽ᠭᠤᠷᠪᠠᠨ ᠬᠤᠷᠠᠯ ᠨᠢᠭᠡ | ᠬᠢᠴᠢᠶᠡᠯ︾᠂ ᠦᠵᠡᠯ ᠰᠠᠨᠠᠭ᠎ᠠ ᠤᠯᠤᠰ ᠲᠥᠷᠥ ᠶᠢᠨ ᠰᠤᠷᠤᠯᠴᠠᠯᠭ᠎ᠠ᠂ ᠨᠠᠮ ᠤᠨ ᠤᠳᠤᠷᠢᠳᠬᠤ ᠲᠤᠭᠤᠶᠢᠯᠠᠩ ᠤᠨ | ᠲᠤᠰ ᠪᠡᠶ᠎ᠡ ᠶᠢᠨ ᠪᠠᠶᠢᠭᠤᠯᠤᠯᠲᠡ ᠵᠡᠷᠭᠡ ᠠᠯᠢ ᠤᠯᠠᠨ ᠳᠦᠷᠢᠮ ᠲᠣᠭᠲᠠᠭᠠᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠨᠠᠮ ᠤᠨ ᠭᠡᠰᠢᠭᠦᠨ ᠤ ᠡᠳᠦᠷ ᠲᠣᠲᠤᠮ ᠤᠨ ᠰᠤᠷᠭᠠᠨ ᠬᠦᠮᠦᠵᠢᠭᠦᠯᠬᠦ ᠬᠠᠮᠢᠶᠠᠷᠤᠯᠲᠠ ᠶᠢᠨ ᠠᠵᠢᠯ ᠢ ᠰᠠᠶᠢᠲᠤᠷ | ᠠᠳᠬᠤᠨ᠎ᠠ᠃ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠪᠠ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ | ᠶᠣᠰᠣ ᠳᠦᠷᠢᠮ ᠢ ᠴᠢᠩᠳᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠢ ᠭᠦᠨᠵᠡᠭᠡᠶᠢᠷᠡᠭᠦᠯᠦᠨ᠎ᠡ᠃ | ︵ᠭᠤᠷᠪᠠ︶ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠢᠨᠠᠨ ᠪᠣᠳᠣᠬᠤ ᠬᠢᠨᠠᠯᠲᠠ ᠲᠠᠯᠪᠢᠬᠤ ᠪᠠ | ᠦᠢᠯᠡᠴᠢᠯᠡᠭᠦ ᠦᠢᠯᠡᠳᠤᠯ ᠢ ᠭᠦᠢᠴᠡᠳ ᠪᠠᠳᠠᠷᠠᠭᠤᠯᠤᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠮᠥᠷᠳᠡᠨ | ᠬᠢᠨᠠᠨ ᠪᠤᠳᠤᠬᠤ ᠶᠢ ᠰᠠᠶᠢᠲᠤᠷ ᠠᠳᠬᠤᠵᠤ᠂ ︽ᠭᠤᠷᠪᠠᠨ ᠶᠡᠭᠡ ᠪᠤᠭᠤᠮᠲᠡ ᠰᠢᠪᠳᠤᠯᠬᠤ ᠳᠠᠶᠢᠯᠠᠯᠳᠤᠭᠠᠨ︾ ᠤ ᠬᠢᠨᠠᠨ | ᠪᠤᠳᠤᠯᠲᠠ ᠶᠢ ᠦᠷᠭᠦᠯᠵᠢᠯᠡᠨ ᠥᠷᠨᠢᠭᠦᠯᠵᠦ᠂ ᠡᠳ᠋ ᠤᠨ ᠵᠠᠰᠠᠭ ᠤᠨ ᠲᠥᠰᠦᠪ ᠤᠨ ᠭᠦᠢᠴᠡᠳᠭᠡᠯ ᠤᠨ ᠬᠢᠨᠠᠨ | ᠪᠤᠳᠤᠯᠲᠡ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠡ ᠪᠠ ᠪᠤᠰᠤᠳ ᠲᠤᠰᠬᠠᠶ ᠵᠦᠢᠯ ᠤᠨ ᠬᠢᠨᠠᠨ | ᠪᠤᠳᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠲᠤᠰᠢᠶᠠᠭᠰᠡᠨ ᠪᠤᠰᠤᠳ ᠬᠢᠨᠠᠨ ᠪᠤᠳᠤᠯᠲᠡ ᠶᠢᠨ ᠡᠭᠦᠷᠭᠡ ᠶᠢ ᠬᠢᠨᠠᠮᠠᠭᠠᠢ ᠰᠠᠶᠢᠲᠤᠷ ᠪᠡᠶᠡᠯᠡᠭᠦᠯᠦᠨ᠎ᠡ᠃ | ︵ᠳᠥᠷᠪᠡ︶ ᠺᠠᠳ᠋ᠷ ᠤᠨ ᠡᠩᠨᠡᠭᠡᠨ ᠤ ᠪᠠᠶᠢᠭᠤᠯᠤᠯᠲᠡ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠬᠡᠪ ᠴᠢᠨᠠᠷ ᠢ | ᠳᠡᠭᠡᠭᠰᠢᠯᠡᠭᠦᠯᠦᠨ᠎ᠡ᠃ ᠲᠣᠪᠴᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠰᠤᠷᠤᠯᠴᠠᠯᠭ᠎ᠠ ᠬᠥᠮᠦᠵᠢᠯ ᠤᠨ | ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠪᠠ ᠤᠯᠠᠨ ᠲᠦᠮᠡᠨ ᠤ | ᠰᠤᠷᠤᠯᠴᠠᠯᠭ᠎ᠠ ᠶᠢ ᠤᠶᠠᠯᠳᠤᠭᠤᠯᠵᠤ᠂ ᠤᠯᠤᠰ ᠲᠥᠷᠥ ᠣᠨᠣᠯ ᠤᠨ ᠰᠤᠷᠤᠯᠴᠠᠯᠭ᠎ᠠ ᠶᠢ ᠠᠳᠬᠤᠬᠤ ᠶᠢᠨ ᠬᠠᠮᠲᠤ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ | ᠢᠳᠡᠪᠬᠢᠲᠡᠢ ᠥᠷᠨᠢᠭᠦᠯᠦᠨ᠎ᠡ᠃ ᠬᠢᠨᠠᠨ ᠪᠤᠳᠤᠯᠲᠡ ᠶᠢᠨ ᠲᠤᠬᠠᠶᠢᠯᠠᠭᠰᠠᠨ ᠠᠵᠢᠯ ᠤᠨ ᠰᠤᠷᠭᠠᠨ ᠬᠥᠮᠦᠵᠢᠯ ᠢ | ᠴᠢᠬᠤᠯᠠᠴᠢᠯᠠᠵᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠲᠠᠮᠵᠢᠭᠤᠯᠤᠨ ᠬᠢᠨᠠᠨ ᠪᠤᠳᠤᠯᠲᠡ ᠶᠢᠨ ᠲᠤᠬᠠᠶᠢᠯᠠᠭᠰᠠᠨ | ᠠᠵᠢᠯ ᠤᠨ ᠪᠤᠯᠪᠠᠰᠤᠷᠡᠯ ᠰᠤᠷᠤᠯᠴᠠᠯᠭ᠎ᠠ ᠶᠢ ᠴᠢᠩᠭᠠᠳᠬᠠᠵᠤ᠂ ᠬᠢᠨᠠᠨ ᠪᠣᠳᠣᠬᠤ ᠮᠡᠷᠭᠡᠵᠢᠯ ᠤᠨ ᠬᠢᠷᠢ ᠬᠡᠮᠵᠢᠶ᠎ᠡ ᠪᠠᠨ | ᠳᠡᠭᠡᠭᠰᠢᠯᠡᠭᠦᠯᠵᠦ᠂ ᠬᠢᠨᠠᠨ ᠪᠤᠳᠤᠬᠤ ᠠᠵᠢᠯᠲᠡᠨ ᠢ ᠤᠷᠤᠨ ᠤ ᠪᠡ ᠬᠤᠲᠡ ᠶᠢᠨ ᠲᠡᠰ ᠤᠨ ᠬᠢᠨᠠᠨ ᠪᠤᠳᠤᠯᠲᠡ ᠶᠢᠨ | ᠳᠠᠪᠲᠠᠨ ᠪᠣᠯᠪᠠᠰᠤᠷᠠᠭᠤᠯᠤᠯᠲᠠ ᠳᠤ ᠰᠤᠩᠭᠤᠨ ᠤᠷᠤᠯᠴᠠᠭᠤᠯᠵᠦ᠂ ᠵᠠᠯᠠᠭᠤ ᠺᠠᠳ᠋ᠷᠴᠤᠳ ᠤᠨ ᠡᠯ᠎ᠡ ᠲᠥᠷᠥᠯ ᠤᠨ | ᠬᠢᠨᠠᠨ ᠪᠣᠳᠣᠬᠤ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠶᠢ ᠵᠣᠷᠢᠭᠵᠢᠭᠤᠯᠬᠤ ᠵᠡᠷᠭᠡ ᠠᠷᠭ᠎ᠠ ᠮᠠᠶ᠋ᠢᠭ ᠢᠶᠠᠷ | ᠬᠢᠨᠠᠨ ᠪᠣᠳᠣᠬᠤ ᠠᠵᠢᠯᠲᠠᠨ ᠤ ᠴᠢᠳᠠᠪᠤᠷᠢ ᠶᠢᠨ ᠬᠡᠪ ᠴᠢᠨᠠᠷ ᠪᠠ ᠲᠤᠰᠬᠠᠶᠢᠵᠢᠭᠰᠠᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | | | |