ᠰᠤᠷᠭᠠᠨ ᠬᠦᠮᠦᠵᠢᠯ ᠤᠨ ᠶᠠᠮᠤᠨ᠄ ᠰᠤᠷᠬᠤ ᠨᠠᠰᠤᠨ ᠤ ᠬᠡᠦᠭᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠶᠢ ᠬᠠᠷᠰᠢᠯᠠᠭᠰᠡᠨ ᠠᠵᠢᠯᠯᠠᠭ᠎ᠠ ᠶᠢ ᠡᠷᠡᠰ ᠴᠢᠩᠭ᠎ᠠ ᠴᠡᠭᠴᠡᠯᠡᠨ᠎ᠡ
ᠨᠡᠶᠢᠲᠡᠯᠡᠭᠰᠡᠨ ᠴᠠᠭ᠄
2019-05-08
     ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠦᠷᠢᠮ ᠢ ᠬᠡᠷᠡᠭᠵᠢᠬᠦᠯᠬᠦ ᠶᠢ ᠦᠨᠡᠨ ᠬᠦ ᠪᠠᠳᠤᠯᠠᠵᠤ᠂ ᠰᠤᠷᠬᠤ ᠨᠠᠰᠤᠨ ᠤ ᠬᠡᠦᠬᠡᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠨᠤᠴᠢᠲᠠᠢ ᠨᠦᠯᠦᠭᠡᠯᠡᠭᠰᠡᠨ ᠲᠦᠷᠢᠮ ᠲᠤᠬᠳᠠᠭᠠᠯ ᠳᠤ ᠨᠡᠶᠢᠴᠡᠬᠦ ᠦᠭᠡᠢ ᠠᠵᠢᠯᠯᠠᠭ᠎ᠠ ᠶᠢ ᠬᠠᠯᠠᠨ ᠰᠠᠶᠢᠵᠢᠷᠠᠭᠤᠯᠬᠤ ᠶᠢᠨ ᠲᠦᠯᠦᠭᠡ᠂ ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠭᠢᠮ ᠲᠦᠷᠦᠭᠦᠭᠡᠨ ︽ᠠᠯᠪᠠᠨ ᠵᠢᠷᠤᠮ ᠤᠨ ᠰᠤᠷᠭᠠᠨ ᠬᠦᠮᠦᠵᠢᠯ ᠢ ᠬᠡᠷᠡᠭᠵᠢᠭᠦᠯᠬᠦ ᠶᠢ ᠬᠠᠷᠰᠢᠯᠠᠭᠰᠡᠨ ᠠᠵᠢᠯᠯᠠᠭ᠎ᠠ ᠶᠢ ᠡᠷᠡᠰ ᠬᠤᠷᠢᠭᠯᠠᠬᠤ ᠲᠤᠬᠠᠢ ᠬᠠᠮᠢᠶ᠎ᠡ ᠪᠦᠬᠦᠢ ᠲᠤᠭᠳᠠᠭᠠᠯ ᠤᠳ︾ ︵ᠳᠤᠷᠤᠭᠰᠢ ︽ᠳᠤᠭᠳᠠᠭᠠᠯ︾ ᠭᠡᠵᠦ ᠲᠦᠭᠦᠮᠴᠢᠯᠡᠨ᠎ᠡ︶ ᠢ ᠲᠠᠷᠤᠮᠯᠠᠨ ᠲᠠᠷᠬᠠᠭᠠᠵᠦ᠂ ᠰᠤᠷᠬᠤ ᠨᠠᠰᠤᠨ ᠤ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠶᠢ ᠬᠠᠷᠰᠢᠯᠠᠭᠰᠡᠨ ᠠᠵᠢᠯᠯᠠᠭ᠎ᠠ ᠶᠢ ᠡᠷᠡᠰ ᠰᠢᠭᠤᠷᠬᠠᠢ ᠪᠠᠷ ᠴᠡᠭᠴᠡᠯᠡᠬᠦ ᠬᠡᠷᠡᠭᠲᠠᠢ ᠭᠡᠪᠡ᠃      ︽ᠳᠤᠭᠳᠠᠭᠠᠯ︾ ᠳᠤ᠂ ᠡᠯ᠎ᠡ ᠭᠠᠵᠠᠷ ᠤᠨ ᠰᠤᠷᠭᠠᠨ ᠬᠦᠮᠦᠵᠢᠯ ᠤᠨ ᠰᠠᠯᠠᠭ᠎ᠠ ᠮᠦᠴᠢᠷ 2019 ᠤᠨ ᠤ ᠲᠡᠭᠡᠷ᠎ᠡ ᠬᠠᠭᠠᠰ ᠵᠢᠯ ᠳᠤ ᠪᠦᠬᠦ ᠲᠡᠯ᠎ᠡ ᠪᠠᠷ ᠪᠠᠶᠢᠴᠠᠭᠠᠯᠲᠡ ᠬᠢᠵᠦ᠂ ᠵᠠᠷᠢᠮ ᠪᠠᠶᠢᠭᠤᠯᠭ᠎ᠠ ᠪᠤᠶᠦ ᠬᠤᠪᠢ ᠬᠦᠮᠦᠨ ᠤ ᠲᠦᠷᠢᠮ ᠲᠤᠭᠳᠠᠭᠠᠯ ᠬᠠᠦᠯᠢ ᠴᠠᠭᠠᠵᠡ ᠶᠢ ᠵᠦᠷᠢᠴᠡᠭᠰᠡᠨ ᠠᠴᠠ ᠪᠤᠯᠵᠦ᠂ ᠰᠤᠷᠬᠤ ᠨᠠᠰᠤᠨ ᠤ ᠬᠡᠦᠭᠡᠳ ᠪᠠᠭᠠᠴᠤᠳ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠵᠦ ᠳᠡᠶᠢᠢᠯᠦᠭᠰᠡᠨ ᠦᠭᠡᠢ ᠪᠠᠶᠢᠲᠡᠯ ᠢ ᠵᠠᠰᠠᠨ ᠴᠡᠭᠴᠡᠯᠡᠵᠦ᠂ ᠬᠠᠤᠯᠢ ᠶᠤᠰᠤ ᠪᠠᠷ ᠪᠠᠶᠢᠴᠠᠭᠠᠨ ᠴᠢᠩᠭ᠎ᠠ ᠰᠢᠢᠳᠬᠡᠯ ᠦᠭᠴᠦ᠂ ᠰᠤᠷᠬᠤ ᠨᠠᠰᠤᠨ ᠤ ᠬᠡᠦᠬᠡᠳ ᠪᠠᠭᠠᠴᠤᠳ ᠤᠨ ᠠᠯᠪᠠᠨ ᠵᠢᠷᠤᠮ  ᠤᠨ ᠰᠤᠷᠭᠠᠨ ᠬᠦᠮᠦᠵᠢᠯ ᠬᠦᠷᠳᠡᠬᠦ ᠶᠢ ᠦᠨᠠᠨ ᠬᠦ ᠪᠠᠳᠤᠯᠠᠬᠤ ᠬᠡᠷᠡᠭᠳᠡᠢ ᠬᠡᠵᠦ ᠱᠠᠭᠠᠷᠳᠠᠪᠠ᠃      ︽ᠳᠤᠭᠳᠠᠭᠠᠯ︾ ᠳᠤ᠂ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠳᠠ ᠶᠢᠨ ᠪᠠᠶᠢᠢᠭᠤᠯᠤᠮᠵᠢ ᠨᠢ ᠬᠠᠤᠯᠢ ᠶᠢ ᠵᠦᠷᠢᠴᠡᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠬᠦ ᠶᠤᠰᠤᠳᠠᠢ ᠬᠡᠦᠬᠡᠳ ᠢ ᠡᠯᠰᠡᠵᠦ᠂ ᠪᠦᠬᠦᠯᠢ ᠡᠳᠦᠷ  ᠤᠨ ᠪᠤᠯᠪᠠᠰᠤᠷᠡᠯ ᠬᠢᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠶᠢ ᠤᠷᠤᠯᠠᠵᠤ ᠪᠤᠯᠬᠤ ᠦᠭᠡᠢ︔ ᠬᠤᠲᠡᠯ ᠬᠠᠭᠤᠷᠮᠠᠭ ᠰᠤᠷᠤᠭᠴᠢ ᠡᠯᠰᠡᠬᠦ ᠬᠦᠲᠦᠯᠪᠦᠷᠢ ᠪᠤᠶᠦ ᠵᠠᠷ ᠮᠡᠲᠡᠭᠡ ᠲᠠᠷᠬᠠᠭᠠᠬᠤ᠂ ᠭᠡᠷ ᠤᠨ ᠠᠮᠠᠬᠠᠳ ᠢ ᠦᠲᠦᠭᠡᠨ ᠰᠤᠷᠬᠤ ᠨᠠᠰᠤᠨ ᠤ ᠬᠡᠦᠭᠡᠳ ᠪᠠᠭᠠᠴᠤᠳ ᠢ ᠵᠢᠭᠠᠨ ᠰᠤᠷᠭᠠᠯᠳᠠ ᠶᠢᠨ ᠪᠠᠶᠢᠢᠭᠤᠯᠤᠮᠵᠢ ᠳᠤ ᠪᠠᠨ ᠡᠯᠰᠡᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠬᠦ ᠶᠢ ᠨᠢ ᠤᠷᠤᠯᠠᠵᠤ ᠪᠤᠯᠬᠤ ᠦᠭᠡᠢ︔ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠪᠤᠯᠤᠨ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠠᠴᠠ ᠲᠡᠷᠰᠯᠡᠭᠰᠡᠨ ᠠᠭᠤᠯᠭ᠎ᠠ ᠶᠢ ᠵᠢᠭᠠᠵᠦ ᠪᠤᠯᠬᠤ ᠦᠭᠡᠢ ᠭᠡᠵᠦ ᠱᠠᠭᠠᠷᠳᠠᠪᠡ᠃      ︽ᠳᠤᠭᠳᠠᠭᠠᠯ︾ ᠳᠤ᠂ ᠰᠤᠷᠬᠤ ᠨᠠᠰᠤᠨ ᠤ ᠭᠡᠦᠭᠡᠳ ᠪᠠᠭᠠᠴᠤᠳ ᠤᠨ ᠠᠪᠤ ᠡᠵᠢ ᠪᠤᠶᠦ ᠪᠤᠰᠤᠳ ᠬᠠᠦᠯᠢ ᠶᠤᠰᠤᠨ ᠤ ᠬᠠᠷᠠᠭᠠᠯᠵᠠᠨ ᠬᠠᠮᠠᠭᠠᠯᠠᠭᠴᠢ ᠨᠢ ᠡᠭᠦᠷᠭᠡ ᠬᠠᠷᠢᠭᠤᠴᠠᠯᠭ᠎ᠠ ᠪᠠᠨ ᠦᠨᠠᠨ ᠬᠦ ᠰᠠᠶᠢᠢᠳᠤᠷ ᠬᠦᠢᠴᠡᠳᠭᠡᠵᠦ᠂ ᠬᠠᠤᠯᠢ ᠶᠤᠰᠤ ᠪᠠᠷ ᠠᠯᠪᠠᠨ ᠵᠢᠷᠤᠮ ᠤᠨ ᠰᠤᠷᠭᠠᠨ ᠬᠦᠮᠦᠵᠢᠯ ᠢ ᠬᠡᠷᠡᠭᠵᠢᠬᠦᠯᠵᠦ ᠪᠠᠶᠢᠬᠤ ᠰᠤᠷᠭᠠᠭᠤᠯᠢ ᠪᠤᠶᠤ ᠬᠤᠰᠢᠭᠤ ᠰᠢᠶᠠᠨ ᠤ ᠱᠠᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠦᠪᠰᠢᠶᠡᠷᠡᠭᠰᠡᠨ ᠪᠡᠶ᠎ᠡ ᠪᠠᠨ ᠲᠠᠭᠠᠭᠠᠨ ᠠᠯᠪᠠᠨ ᠵᠢᠷᠤᠮ ᠤᠨ ᠰᠤᠷᠭᠠᠨ ᠬᠦᠮᠦᠵᠢᠯ ᠬᠡᠷᠡᠭᠵᠢᠭᠦᠯᠵᠦ ᠪᠤᠯᠬᠤ ᠬᠠᠮᠢᠶ᠎ᠡ ᠪᠦᠬᠦᠢ ᠨᠡᠶᠢᠭᠡᠮ ᠤᠨ ᠵᠤᠬᠢᠶᠠᠨ ᠪᠠᠶᠢᠭᠤᠯᠤᠯᠲᠡ ᠳᠤ ᠬᠦᠷᠭᠡᠵᠦ ᠰᠤᠷᠤᠯᠴᠠᠭᠤᠯᠵᠦ ᠪᠤᠯᠬᠤ ᠠᠴᠠ ᠭᠠᠳᠠᠨ᠎ᠡ᠂ ᠪᠤᠰᠤᠳ ᠬᠡᠯᠪᠡᠷᠢ ᠪᠠᠷ ᠰᠤᠷᠤᠯᠴᠠᠯᠭ᠎ᠠ ᠶᠢ ᠵᠤᠬᠢᠶᠠᠨ ᠪᠠᠶᠢᠭᠤᠯᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠶᠢ ᠨᠢ ᠤᠷᠤᠯᠠᠵᠦ ᠪᠤᠯᠬᠤ ᠦᠭᠡᠢ ᠭᠡᠵᠦ ᠲᠤᠳᠤᠷᠬᠠᠶᠢᠯᠠᠪᠡ᠃      ᠰᠤᠷᠬᠤ ᠨᠠᠰᠤᠨ ᠤ ᠵᠡᠮᠳᠡᠭ ᠬᠡᠦᠬᠡᠳ ᠪᠠᠭᠠᠴᠤᠳ ᠪᠡᠶ᠎ᠡ ᠮᠠᠬᠠᠪᠤᠳ ᠤᠨ ᠰᠢᠯᠳᠠᠭᠠᠨ ᠠᠴᠠ ᠪᠤᠯᠵᠦ ᠰᠤᠷᠭᠠᠭᠤᠯᠢ ᠳᠤ ᠬᠦᠷᠴᠦ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠵᠦ ᠲᠠᠶᠢᠯᠭᠦ ᠦᠭᠡᠢ ᠪᠠᠶᠢᠢᠳᠠᠯ ᠳᠤ ᠴᠢᠭᠯᠡᠭᠦᠯᠦᠨ᠂ ︽ᠲᠤᠭᠳᠠᠭᠠᠯ︾ ᠳᠤ᠂ ᠬᠡᠷ ᠤᠨ ᠠᠬᠠᠮᠠᠳ ᠪᠤᠶᠤ ᠪᠤᠰᠤᠳ ᠬᠠᠤᠯᠢ ᠶᠤᠰᠤᠨ ᠤ ᠬᠠᠷᠠᠭᠠᠯᠵᠠᠨ ᠬᠠᠮᠠᠭᠠᠯᠠᠭᠴᠢ ᠠᠴᠠ ᠳᠤᠬᠠᠢ ᠶᠢᠨ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ  ᠠᠴᠠ ᠵᠠᠮᠳᠡᠭᠴᠤᠤᠯ ᠤᠨ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯᠳᠡᠨ ᠤ ᠵᠦᠪᠯᠡᠯ ᠳᠤ ᠨᠠᠶᠢᠳᠠᠵᠦ᠂ ᠵᠡᠮᠳᠡᠭ ᠪᠠᠭᠠᠴᠤᠤᠯ ᠤᠨ ᠪᠡᠶ᠎ᠡ ᠮᠠᠬᠠᠪᠤᠳ ᠤᠨ ᠪᠠᠶᠢᠲᠡᠯ᠂ ᠰᠤᠷᠭᠠᠨ ᠬᠦᠮᠦᠵᠢᠯ ᠬᠦᠷᠳᠡᠬᠦ ᠪᠠ ᠰᠤᠷᠭᠠᠭᠤᠯᠢ ᠶᠢᠨ ᠰᠤᠷᠤᠯᠭ᠎ᠠ ᠠᠮᠢᠳᠤᠷᠡᠯ ᠳᠤ ᠵᠤᠬᠢᠴᠠᠬᠤ ᠴᠢᠳᠠᠪᠤᠷᠢ ᠶᠢᠨ ᠬᠢᠨᠢ ᠲᠤᠬᠠᠢ ᠦᠨᠡᠯᠡᠯᠳᠡ ᠬᠢᠯᠭᠡᠵᠦ᠂ ᠪᠡᠶ᠎ᠡ ᠰᠡᠳᠬᠢᠴᠡ ᠶᠢᠨ ᠤᠨᠴᠠᠯᠢᠭ  ᠲᠤ ᠨᠢ ᠨᠡᠶᠢᠴᠡᠭᠰᠡᠨ ᠰᠤᠷᠭᠠᠨ ᠬᠦᠮᠦᠵᠢᠯ ᠤᠨ ᠲᠦᠪᠬᠢᠨᠡᠭᠦᠯᠬᠦ ᠬᠡᠯᠪᠡᠷᠢ ᠶᠢ ᠲᠤᠬᠳᠠᠭᠠᠬᠤ ᠬᠡᠷᠡᠭᠲᠠᠢ ᠭᠡᠵᠦ ᠲᠤᠳᠤᠷᠬᠠᠶᠢᠯᠠᠪᠡ᠃ ︵ᠠᠷᠡᠳ ᠤᠨ ᠰᠦᠯᠵᠢᠶ᠎ᠡ ᠠᠴᠠ ᠨᠠᠶᠢᠢᠷᠠᠭᠤᠯᠤᠨ ᠠᠪᠤᠪᠠ︶
 
ᠢᠷᠡᠯᠲᠡ᠄ ᠦᠪᠦᠷ ᠮᠤᠩᠭᠤᠯ ᠤᠨ ᠪᠠᠭᠠᠴᠤᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号