20 ᠵᠤᠷᠪᠤᠰ ᠵᠠᠮ ᠱᠤᠭᠤᠮ ᠨᠢ ᠥᠪᠥᠷ ᠮᠣᠩᠭᠤᠯ ᠤᠨ 72 ᠴᠠᠭ ᠤᠨ ᠬᠤᠪᠢ ᠶᠢᠨ ᠮᠠᠰᠢᠨ ᠢᠶᠠᠷ ᠵᠤᠭᠠᠴᠠᠬᠤ ᠪᠦᠲᠦᠭᠡᠯᠴᠢ ᠵᠤᠭᠠᠴᠠᠯ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019-06-13
     ᠵᠣᠨ ᠤ ᠤᠯᠠᠷᠢᠯ ᠤᠨ ᠵᠤᠭᠠᠴᠠᠯ ᠢ ᠠᠬᠢᠭᠤᠯᠵᠤ᠂ ᠣᠷᠣᠨ ᠤ ᠲᠤᠲᠤᠨ᠎ᠠ ᠭᠠᠳᠠᠨᠠᠬᠢ ᠭᠠᠷᠠᠭ ᠤᠨ ᠰᠡᠭᠦᠯᠴᠢ  ᠶᠢᠨ ᠵᠢᠭᠤᠯᠴᠢᠯᠠᠯ ᠵᠢᠴᠢ ᠡᠷᠭᠢᠨ ᠲᠣᠭᠤᠷᠢᠨ ᠤ ᠵᠢᠭᠤᠯᠴᠢᠯᠠᠯ ᠤᠨ ᠳᠠᠪᠲᠠᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠬᠢᠨ ᠤ 72 ᠴᠠᠭ ᠤᠨ ᠬᠤᠪᠢ ᠶᠢᠨ ᠮᠠᠰᠢᠨ ᠢᠶᠠᠷ ᠵᠤᠭᠠᠴᠠᠬᠤ ᠪᠦᠲᠦᠭᠡᠯᠴᠢ ᠵᠤᠭᠠᠴᠠᠯ  ᠢᠶᠠᠷ ᠥᠪᠥᠷ ᠮᠣᠩᠭᠤᠯ ᠢ ᠲᠣᠭᠤᠷᠢᠨ ᠦᠵᠡᠬᠦ ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠦᠶᠯ ᠢ ᠲᠠᠨᠢᠯᠴᠠᠭᠤᠯᠬᠤ ᠬᠤᠷᠠᠯ ᠪᠡᠭᠡᠵᠢᠩ ᠬᠤᠲᠠ ᠳᠤ ᠦᠪᠡᠳᠡᠭᠰᠢ ᠶᠡᠭᠡ ᠪᠠᠷ ᠬᠤᠷᠠᠯᠳᠤᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠡᠨᠡ ᠵᠤᠨ ᠭᠠᠷᠭᠠᠭᠰᠠᠨ ᠬᠤᠪᠢ ᠶᠢᠨ ᠮᠠᠰᠢᠨ ᠢᠶᠠᠷ ᠵᠤᠭᠠᠴᠠᠬᠤ ᠵᠤᠭᠠᠴᠠᠯ ᠤᠨ ᠵᠠᠮ ᠱᠤᠭᠤᠮ 20 ᠵᠣᠷᠪᠣᠰ ᠪᠠᠶᠢᠨ᠎ᠠ᠂ ᠲᠤᠰ ᠲᠤᠰ ᠪᠡᠭᠡᠵᠢᠩ ᠲᠢᠶᠠᠨᠵᠢᠨ ᠾᠧᠪᠧᠢ ᠶᠢᠨ ᠬᠤᠲᠠ  ᠶᠢᠨ ᠪᠥᠭᠡᠮᠨᠡᠷᠡᠯ᠂ ᠱᠠᠨᠰᠢ ᠭᠠᠨᠰᠦ ᠱᠠᠨ ᠰᠢ ᠨᠢᠩᠰᠢᠶᠠ ᠬᠤᠲᠠ ᠶᠢᠨ ᠪᠥᠭᠡᠮᠨᠡᠷᠡᠯ᠂ ᠬᠠᠷᠠᠮᠥ᠋ᠷᠡᠨ ᠭᠢᠷᠢᠨ ᠯᠢᠶᠣᠤᠨᠢᠩ ᠬᠤᠲᠠ ᠶᠢᠨ ᠪᠥᠭᠡᠮᠨᠡᠷᠡᠯ ᠵᠢᠴᠢ ᠪᠥᠬᠦ ᠤᠯᠤᠰ ᠤᠨ ᠡᠯ᠎ᠡ ᠭᠠᠵᠠᠷ ᠤᠨ ᠬᠤᠪᠢ ᠶᠢᠨ ᠮᠠᠰᠢᠨ ᠢᠶᠠᠷ ᠵᠤᠭᠠᠴᠠᠬᠤ ᠠᠶᠠᠨᠴᠢᠳ ᠤᠨ ᠰᠦᠷᠦᠭᠵᠢᠯ ᠳᠤ ᠬᠠᠨᠳᠤᠭᠤᠯᠤᠭᠰᠠᠨ ᠪᠠᠶᠢᠨ᠎ᠠ᠃ ᠱᠤᠭᠤᠮ ᠨᠢᠭᠡᠪᠦᠷᠢ ᠨᠢ ᠴᠥᠮ ᠥᠪᠡᠷᠮᠢᠴᠡ ᠴᠢᠨᠠᠷ ᠪᠠ ᠡᠷᠬᠡ ᠴᠢᠯᠥᠭᠡ ᠶᠢ ᠡᠷᠬᠢᠮᠯᠡᠵᠦ᠂ ᠪᠡᠶᠡᠴᠢ ᠣᠶᠢᠯᠠᠭᠠᠯᠲᠠ ᠪᠠ ᠰᠡᠳᠬᠢᠯᠭᠡ ᠶᠢ ᠬᠤᠯᠪᠣᠬᠤ ᠶᠢ ᠴᠢᠬᠤᠯᠠᠴᠢᠯᠠᠨ᠂ ᠥᠪᠡᠷ ᠥᠪᠡᠷ ᠤᠨ ᠢᠶᠠᠨ ᠠᠳᠠᠯᠢ ᠪᠤᠰᠤ ᠭᠤᠣᠯ ᠰᠡᠳᠦᠪ ᠲᠠᠢ ᠪᠠᠶᠢᠳᠠᠭ᠃ ᠪᠡᠭᠡᠵᠢᠩ ᠲᠢᠶᠠᠨᠵᠢᠨ ᠾᠧᠪᠧᠢ ᠣᠷᠣᠨ ᠳᠤ ᠬᠠᠨᠳᠤᠭᠤᠯᠤᠨ ᠵᠢᠷᠤᠵᠤ ᠲᠥᠯᠥᠪᠯᠡᠭᠰᠡᠨ 3 ᠵᠤᠷᠪᠤᠰ ᠵᠤᠭᠠᠴᠠᠯ ᠤᠨ ᠱᠤᠭᠤᠮ ᠢᠶᠠᠷ ᠵᠢᠱᠢᠶᠡᠯᠡᠬᠦ ᠳᠤ᠄ ᠨᠢᠭᠡ ᠨᠢ ︽ᠪᠡᠭᠡᠵᠢᠩ ᠲᠢᠶᠠᠨᠵᠢᠨ ᠾᠧᠪᠧᠢ — ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤ — ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ — ᠲᠠᠶᠢᠪᠤᠰᠧ ᠬᠤᠰᠢᠭᠤ — ᠬᠠᠭᠠᠨ ᠤ ᠠᠳᠤᠭᠤᠳ ᠤᠨ ᠬᠦᠷᠢᠶᠡᠯᠡᠩ ︵ᠢᠤᠢ ᠮᠠ ᠶᠤᠸᠠᠨ︶ — ᠭᠦᠨᠪᠤᠯᠠᠭ ᠤᠨ ᠲᠠᠯ᠎ᠠ ᠨᠤᠲᠤᠭ︾ ᠱᠤᠭᠤᠮ ᠢᠶᠠᠷ ᠪᠡᠭᠡᠵᠢᠩ ᠲᠢᠶᠠᠨᠵᠢᠨ ᠾᠧᠪᠧᠢ ᠣᠷᠣᠨ  ᠠᠴᠠ ᠮᠣᠷᠳᠠᠵᠤ᠂ 72 ᠴᠠᠭ ᠤᠨ ᠳᠣᠲᠣᠷ᠎ᠠ ᠮᠠᠰᠢᠨ ᠲᠡᠷᠭᠡ ᠵᠢᠯᠣᠭᠤᠳᠴᠤ ᠲᠠᠯ᠎ᠠ ᠨᠤᠲᠤᠭ ᠤᠨ ᠠᠳᠤᠭᠤᠨ ᠤ ᠵᠠᠮ ᠢᠶᠠᠷ ᠠᠶᠠᠯᠠᠵᠤ᠂ ᠵᠤᠭᠠᠴᠠᠭᠰᠠᠳ ᠶᠤᠸᠠᠨ ᠤᠯᠤᠰ ᠤᠨ ᠳᠡᠭᠡᠳᠦ ᠨᠡᠶᠢᠰᠯᠡᠯ ᠤᠨ ᠪᠠᠭᠤᠷᠢ ᠶᠢ ᠲᠣᠭᠤᠷᠢᠬᠤ ᠪᠠᠷ ᠪᠠᠷᠠᠬᠤ ᠦᠭᠡᠢ᠂ ᠪᠠᠰᠠ ᠠᠯᠲᠠᠩᠬᠸ᠎ᠠ ᠶᠢᠨ ᠲᠠᠯ᠎ᠠ ᠶᠢᠨ ᠦᠵᠡᠰᠭᠦᠯᠡᠩᠲᠦ ᠰᠠᠶᠢᠬᠠᠨ ᠦᠩᠭᠡ ᠦᠵᠡᠮᠵᠢ ᠶᠢ ᠰᠣᠨᠢᠷᠬᠠᠵᠤ᠂ ᠲᠠᠶᠢᠹᠣᠰᠧ ᠳᠠᠬᠢ ᠬᠠᠭᠠᠨ ᠤ ᠠᠳᠤᠭᠤᠳ ᠤᠨ ᠬᠦᠷᠢᠶᠡᠯᠡᠩ ᠳᠤ ᠬᠦᠷᠴᠦ ᠮᠣᠷᠢᠨ ᠮᠡᠷᠭᠡᠵᠢᠯ ᠤᠨ ᠤᠷᠤᠯᠳᠤᠭᠠᠨ ᠢ ᠰᠣᠨᠢᠷᠬᠠᠨ᠂ ᠬᠠᠭᠠᠨ ᠤ ᠠᠳᠤᠭᠤᠳ ᠤᠨ ᠬᠦᠷᠢᠶᠡᠯᠡᠩ ᠤᠨ ᠮᠦᠽᠧᠶ ᠶᠢ ᠲᠣᠭᠤᠷᠢᠨ ᠦᠵᠡᠵᠦ᠂ ᠠᠳᠤᠭᠤᠨ ᠰᠣᠶᠣᠯ ᠤᠨ ᠲᠡᠤᠬᠡ ᠶᠢᠨ ᠡᠬᠢ ᠰᠤᠷᠪᠤᠯᠵᠢ ᠶᠢ ᠭᠦᠨᠵᠡᠭᠡᠢ ᠣᠶᠢᠯᠠᠭᠠᠨ᠂ ᠳᠠᠷᠠᠭ᠎ᠠ ᠨᠢ ᠭᠦᠨᠪᠤᠯᠠᠭ ᠤᠨ ᠲᠠᠯ᠎ᠠ ᠨᠤᠲᠤᠭ ᠢᠶᠠᠷ ᠵᠤᠭᠠᠴᠠᠵᠤ᠂ ᠲᠠᠯ᠎ᠠ ᠨᠤᠲᠤᠭ ᠤᠨ ᠴᠡᠴᠡᠭ ᠤᠨ ᠳᠠᠯᠠᠢ ᠪᠠᠷ ᠱᠤᠩᠪᠠᠨ᠎ᠠ︔ ᠬᠤᠶᠠᠷ ᠲᠤ᠂ ︽ᠪᠡᠭᠡᠵᠢᠩ ᠲᠢᠶᠠᠨᠵᠢᠨ ᠾᠧᠪᠧᠢ — ᠤᠯᠠᠭᠠᠨᠴᠠᠪ ᠬᠤᠲᠠ —ᠬᠦᠢᠲᠡᠨᠰᠢᠯᠢ ᠶᠢᠨ ᠲᠠᠯ᠎ᠠ ᠨᠤᠲᠤᠭ — ᠬᠥᠬᠡᠬᠤᠲᠠ︾ ᠤᠨ ᠱᠤᠭᠤᠮ ᠢᠶᠠᠷ ᠪᠡᠭᠡᠵᠢᠩ ᠲᠢᠶᠠᠨᠵᠢᠨ ᠾᠧᠪᠧᠢ ᠣᠷᠣᠨ ᠠᠴᠠ ᠮᠣᠷᠳᠠᠵᠤ᠂ 72 ᠴᠠᠭ ᠤᠨ ᠳᠣᠲᠣᠷ᠎ᠠ ᠬᠤᠪᠢ ᠶᠢᠨ ᠮᠠᠰᠢᠨ ᠢᠶᠠᠨ ᠵᠢᠯᠣᠭᠤᠳᠴᠤ ᠮᠣᠩᠭᠤᠯ ᠶᠤᠸᠠᠨ ᠤ ᠰᠣᠶᠣᠯ ᠤᠨ ᠠᠮᠢᠳᠤᠷᠠᠯ ᠢ ᠣᠶᠢᠯᠠᠭᠠᠵᠤ᠂ ᠵᠤᠭᠠᠴᠠᠭᠰᠠᠳ ᠲᠡᠷᠭᠡᠨ ᠠᠴᠠ ᠪᠠᠨ ᠪᠠᠭᠤᠮᠠᠭᠴᠠ ᠬᠦᠯᠦᠭ ᠤᠨ ᠨᠢᠷᠤᠭᠤᠨ ᠳᠤ ᠮᠣᠷᠳᠠᠨ᠂ ᠬᠦᠢᠲᠡᠨᠰᠢᠯᠢ ᠶᠢᠨ ᠲᠠᠯ᠎ᠠ ᠨᠤᠲᠤᠭ ᠢᠶᠠᠷ ᠳᠠᠪᠬᠢᠨ᠂ ᠠᠽᠢᠶ᠎ᠠ ᠲᠢᠪ ᠤᠨ ᠨᠢᠭᠡᠳᠦᠭᠡᠷ ᠶᠡᠭᠡ ᠰᠠᠯᠬᠢᠨ ᠤ ᠬᠦᠴᠦᠨ ᠤ ᠴᠠᠬᠢᠯᠭᠠᠨ ᠦᠶᠯᠡᠳᠪᠦᠷᠢ ᠶᠢᠨ ᠪᠠᠶᠢᠳᠠᠯ ᠢ ᠣᠶᠢᠯᠠᠭᠠᠵᠤ᠂ ᠲᠠᠯ᠎ᠠ ᠨᠤᠲᠤᠭ ᠤᠨ ᠮᠠᠯᠴᠢᠨ ᠠᠶᠢᠯ  ᠤᠳ ᠢᠶᠠᠷ ᠬᠦᠷᠴᠦ ᠬᠤᠷᠤᠳ ᠵᠦᠭᠡᠬᠡᠢ ᠵᠡᠷᠭᠡ ᠴᠠᠭᠠᠨ ᠢᠳᠡᠭᠡᠨ ᠢ ᠠᠮᠲᠠᠯᠠᠭᠠᠳ᠂ ᠬᠥᠬᠡᠬᠤᠲᠠ ᠳᠤ ᠪᠤᠴᠠᠨ ᠢᠷᠡᠵᠦ᠂ ᠳᠤᠮᠳᠠᠳᠤ ᠤᠯᠤᠰ ᠤᠨ ᠮᠦᠽᠧᠢ ᠶᠢᠨ ᠬᠢᠨ ᠤ ︽ᠤᠰᠺᠠᠷ︾ ᠬᠡᠮᠡᠭᠳᠡᠭᠰᠡᠨ ᠮᠦᠽᠧᠢ ᠵᠡᠷᠭᠡ ᠬᠤᠲᠠ ᠶᠢᠨ ᠳᠤᠮᠳᠠᠬᠢ ᠦᠵᠡᠮᠵᠢ ᠶᠢᠨ ᠣᠷᠣᠨ ᠢᠶᠠᠷ ᠵᠤᠭᠠᠴᠠᠨ᠎ᠠ︔ ᠭᠤᠷᠪᠠ ᠳᠤ᠂ ︽ᠪᠡᠭᠡᠵᠢᠩ ᠲᠢᠶᠠᠨᠵᠢᠨ ᠾᠧᠪᠧᠢ — ᠤᠯᠠᠭᠠᠨᠬᠠᠳᠠ ᠬᠤᠲᠠ — ᠢᠤᠢ ᠯᠦᠩ ᠡᠯᠡᠰᠦᠨ ᠨᠠᠭᠤᠷ — ᠬᠡᠰᠢᠭᠲᠡᠨ ᠬᠤᠰᠢᠭᠤ — ᠲᠠᠯᠠᠶᠢᠨᠠᠭᠤᠷ︾ ᠤᠨ ᠱᠤᠭᠤᠮ ᠢᠶᠠᠷ ᠪᠡᠭᠡᠵᠢᠩ ᠲᠢᠶᠠᠨᠵᠢᠨ ᠾᠧᠪᠧᠢ ᠣᠷᠣᠨ ᠠᠴᠠ ᠮᠣᠷᠳᠠᠵᠤ᠂ 72 ᠴᠠᠭ ᠤᠨ ᠳᠣᠲᠣᠷ᠎ᠠ ᠮᠠᠰᠢᠨ ᠲᠡᠷᠭᠡ ᠪᠠᠷ ᠲᠠᠯ᠎ᠠ ᠨᠤᠲᠤᠭ ᠤᠨ ᠭᠠᠵᠠᠷ ᠰᠢᠨᠵᠢᠯᠡᠭᠡᠨ ᠤ ᠭᠠᠶᠢᠬᠠᠮᠰᠢᠭᠲᠤ ᠦᠵᠡᠮᠵᠢ ᠶᠢ ᠰᠣᠨᠢᠷᠬᠠᠨ᠎ᠠ᠃      ᠥᠪᠥᠷ ᠮᠣᠩᠭᠤᠯ ᠤᠨ ᠵᠤᠭᠠᠴᠠᠯ ᠤᠨ ᠡᠬᠢ ᠪᠠᠶᠠᠯᠢᠭ ᠲᠤᠶᠢᠯ ᠤᠨ ᠡᠯᠪᠡᠭ᠂ ᠲᠠᠯ᠎ᠠ ᠨᠤᠲᠤᠭ᠂ ᠡᠯᠡᠰᠦ ᠮᠠᠩᠬ᠎ᠠ᠂ ᠪᠠᠯᠠᠷ ᠣᠢ ᠰᠢᠭᠤᠶ ᠠᠴᠠ ᠭᠠᠳᠠᠨ᠎ᠠ᠂ ᠪᠠᠰᠠ ᠥᠨᠳᠥᠷ ᠠᠭᠤᠯᠠ ᠨᠠᠭᠤᠷ ᠴᠥᠭᠦᠷᠥᠮ᠂ ᠭᠤᠤ ᠬᠠᠪᠴᠢᠯ ᠴᠢᠯᠠᠭᠤᠨ ᠣᠢ᠂ ᠡᠯᠳᠡᠪ ᠬᠡᠯᠪᠡᠷᠢ ᠶᠠᠩᠵᠤ ᠶᠢᠨ ᠭᠠᠵᠠᠷ ᠰᠢᠨᠵᠢᠯᠡᠭᠡᠨ ᠤ ᠭᠠᠶᠢᠬᠠᠮᠰᠢᠭᠲᠤ ᠦᠵᠡᠮᠵᠢ᠂ ᠭᠠᠵᠠᠷ ᠰᠠᠢ ᠦᠭᠡᠢ ᠮᠠᠨᠤ ᠲᠠᠢ ᠭᠤᠪᠢ ᠮᠠᠩᠬ᠎ᠠ ᠪᠤᠢ᠃ ᠠᠭᠠᠭᠢᠮ᠎ᠠ ᠬᠠᠯᠠᠭᠤᠨ ᠵᠤᠨ ᠤ ᠡᠳᠦᠷ ᠴᠦ ᠲᠡᠷᠡ᠂ ᠲᠠᠰᠬᠢᠮ᠎ᠠ ᠭᠦᠢᠲᠡᠨ ᠡᠪᠦᠯ ᠤᠨ ᠤᠯᠠᠷᠢᠯ ᠴᠤ ᠲᠡᠷᠡ᠂ ᠥᠪᠥᠷ ᠮᠣᠩᠭᠤᠯ ᠤᠨ ᠭᠠᠵᠠᠷ ᠪᠣᠯᠭᠠᠨ ᠳᠤ ᠭᠤᠶᠢᠳᠠ ᠦᠵᠡᠮᠵᠢ ᠲᠠᠢ᠂ ᠳᠥᠷᠪᠡᠨ ᠤᠯᠠᠷᠢᠯ ᠤᠨ ᠦᠵᠡᠰᠬᠦᠯᠡᠩᠲᠦ ᠰᠠᠶᠢᠬᠠᠨ ᠦᠵᠡᠮᠵᠢ ᠨᠢ ᠥᠨᠢ ᠤᠳᠠᠭᠠᠨ ᠲᠡᠤᠬᠡ ᠰᠣᠶᠣᠯ᠂ ᠬᠤᠪᠢᠰᠬᠠᠯ ᠤᠨ ᠭᠧᠨ᠂ ᠪᠠᠭᠠᠲᠤᠷᠯᠢᠭ ᠦᠯᠢᠭᠡᠷ᠂ ᠠᠷᠠᠳ ᠤᠨ ᠵᠠᠩ ᠦᠢᠯᠡ᠂ ᠣᠨᠴᠠᠭᠠᠢ ᠣᠷᠣᠨ ᠤ ᠵᠠᠩ ᠦᠢᠯᠡ ᠵᠡᠷᠭᠡ ᠲᠠᠢ ᠰᠣᠯᠪᠢᠴᠠᠨ ᠭᠡᠷᠡᠯᠲᠦᠵᠦ᠂ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠳᠦᠭᠦᠯᠵᠡᠢ᠃      ᠥᠪᠥᠷ ᠮᠣᠩᠭᠤᠯ ᠬᠢᠭᠡᠳ ᠬᠠᠷᠠᠮᠥ᠋ᠷᠡᠨ᠂ ᠭᠢᠷᠢᠨ᠂ ᠯᠢᠶᠣᠤᠨᠢᠩ᠂ ᠾᠧᠪᠧᠢ᠂ ᠱᠠᠨ ᠰᠢ᠂ ᠱᠠᠨᠰᠢ᠂ ᠨᠢᠩᠰᠢᠶᠠ᠂ ᠭᠠᠨᠰᠦ ᠵᠡᠷᠭᠡ ᠮᠣᠵᠢ ᠣᠷᠣᠨ ᠯᠤᠭ᠎ᠠ ᠶᠢᠨ ᠵᠠᠶ ᠨᠢ ᠲᠡᠶᠢᠮᠦ ᠬᠤᠯᠠ ᠪᠢᠰᠢ᠄ ᠢᠷᠭᠠᠢ ᠠᠴᠠ ᠮᠣᠷᠳᠠᠵᠤ᠂ ᠲᠡᠷᠭᠡ ᠵᠢᠯᠣᠭᠤᠳᠤᠭᠠᠳ 2 ᠴᠠᠭ ᠭᠠᠷᠤᠶ ᠵᠠᠮᠨᠠᠪᠠᠯ ᠦᠬᠠᠢ ᠬᠤᠲᠠ ᠳᠤ ᠬᠦᠷᠴᠢᠬᠡᠨ᠎ᠡ︔ ᠮᠦᠭᠳᠡᠨ ᠠᠴᠠ ᠮᠣᠷᠳᠠᠵᠤ᠂ 3 ᠴᠠᠭ ᠢᠯᠡᠭᠦᠦ ᠲᠡᠷᠭᠡ ᠵᠢᠯᠣᠭᠤᠳᠪᠠᠯ ᠲᠦᠩᠯᠢᠶᠣᠤ ᠬᠦᠷᠴᠢᠬᠡᠨ᠎ᠡ︔ ᠲᠠᠶᠢᠶᠤᠸᠠᠨ ᠠᠴᠠ ᠮᠣᠷᠳᠠᠵᠤ᠂ 4 ᠴᠠᠭ ᠢᠯᠡᠭᠦᠦ ᠲᠡᠷᠭᠡ ᠵᠢᠯᠣᠭᠤᠳᠪᠠᠯ ᠤᠯᠠᠭᠠᠨᠴᠠᠪ ᠬᠤᠲᠠ ᠳᠤ ᠬᠦᠷᠴᠢᠬᠡᠨ᠎ᠡ︔ ᠪᠡᠭᠡᠵᠢᠩ ᠠᠴᠠ ᠮᠣᠷᠳᠠᠵᠤ᠂ ᠲᠡᠷᠭᠡ ᠵᠢᠯᠣᠭᠤᠳᠤᠭᠠᠳ 4 ᠴᠠᠭ ᠭᠠᠷᠤᠢ ᠵᠠᠮᠨᠠᠪᠠᠯ ᠤᠯᠠᠭᠠᠨᠬᠠᠳᠠ᠂ ᠤᠯᠠᠭᠠᠨᠴᠠᠪ ᠲᠤ ᠬᠦᠷᠴᠦ᠂ 5 ᠴᠠᠭ ᠭᠠᠷᠤᠢ ᠵᠢᠯᠣᠭᠤᠳᠪᠠᠯ ᠰᠢᠯᠢ ᠶᠢᠨ ᠭᠤᠣᠯ ᠳᠤ ᠬᠦᠷᠴᠢᠬᠡᠲᠡᠭ᠃ 2018 ᠣᠨ ᠳᠤ᠂ ᠥᠪᠥᠷ ᠮᠣᠩᠭᠤᠯ ᠤᠨ ᠰᠢᠨ᠎ᠡ ᠪᠠᠷ ᠨᠡᠮᠡᠭᠳᠡᠭᠰᠡᠨ ᠵᠠᠰᠠᠮᠠᠯ ᠵᠠᠮ 3200 ᠭᠠᠷᠤᠶ ᠺᠢᠯᠣᠮᠧᠲᠷ ᠲᠤ ᠬᠦᠷᠴᠦ᠂ ᠵᠠᠰᠠᠮᠠᠯ ᠵᠠᠮ ᠤᠨ ᠪᠥᠬᠦ ᠣᠷᠳᠣ ᠨᠢ 20 ᠲᠦᠮᠡᠨ ᠺᠢᠯᠣᠮᠧᠲᠷ ᠢ ᠳᠠᠪᠠᠵᠤ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠢ 6800 ᠺᠢᠯᠣᠮᠧᠲᠷ ᠵᠠᠰᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠬᠥᠳᠡᠭᠡ ᠲᠣᠰᠬᠤᠨ‌ᠢ ᠬᠠᠮᠤᠷᠤᠭᠰᠠᠨ᠂ ᠣᠷᠣᠨ ᠤ ᠭᠠᠳᠠᠨ᠎ᠠ ᠲᠠᠢ ᠵᠠᠯᠭᠠᠭᠰᠠᠨ᠂ ᠮᠥᠷᠡᠨ ᠳᠠᠯᠠᠢ ᠲᠠᠩᠭᠢᠰ ᠳᠤ ᠨᠡᠪᠲᠡᠷᠡᠭᠰᠡᠨ᠂ ᠵᠠᠪᠰᠠᠷ ᠥᠬᠡᠶ ᠵᠠᠮ ᠤᠨ ᠲᠣᠤᠷ ᠢ ᠪᠦᠲᠦᠮᠵᠢᠲᠡᠶ ᠪᠤᠢ ᠪᠣᠯᠭᠠᠵᠤ᠂ ᠬᠤᠪᠢ ᠶᠢᠨ ᠮᠠᠰᠢᠨ ᠢᠶᠠᠷ ᠵᠤᠭᠠᠴᠠᠬᠤ ᠳᠤ ᠵᠠᠮ ᠬᠠᠷᠢᠯᠴᠠᠭᠠᠨ ᠤ ᠳᠠᠪᠠᠭᠤᠯᠢᠭ ᠨᠥᠬᠦᠴᠡᠯ ᠢ ᠬᠠᠩᠭᠠᠭᠰᠠᠨ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠳᠠᠷᠤᠭ᠎ᠠ ᠾᠧ ᡁᠢ ᠯᠢᠶᠠᠩ ︽ᠥᠪᠥᠷ ᠮᠣᠩᠭᠤᠯ ᠤᠨ 72 ᠴᠠᠭ ᠤᠨ ᠬᠤᠪᠢ ᠶᠢᠨ ᠮᠠᠰᠢᠨ ᠢᠶᠠᠷ ᠵᠤᠭᠠᠴᠠᠬᠤ ᠪᠦᠲᠦᠭᠡᠯᠴᠢ ᠵᠤᠭᠠᠴᠠᠯ︾ ᠤᠨ ᠲᠤᠬᠠᠢ ᠲᠠᠨᠢᠯᠴᠠᠭᠤᠯᠬᠤ ᠳᠠᠭᠠᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠬᠤᠰᠢᠭᠤ ᠰᠢᠶᠠᠨ ᠲᠣᠭᠤᠷᠢᠭ ᠤᠨ ᠰᠣᠶᠣᠯ ᠵᠤᠭᠠᠴᠠᠯ ᠤᠨ ᠰᠠᠯᠠᠭ᠎ᠠ ᠮᠥᠴᠢᠷ ᠨᠢ 6 ᠰᠠᠷ᠎ᠠ ᠦᠷᠭᠦᠯᠵᠢᠯᠡᠭᠰᠡᠨ ᠵᠣᠨ ᠤ ᠤᠯᠠᠷᠢᠯ ᠤᠨ ᠵᠢᠭᠤᠯᠴᠢᠯᠠᠯ ᠤᠨ ᠱᠠᠲᠤᠨ ᠳᠤ ᠵᠠᠪᠠᠯ ᠵᠠᠬ᠎ᠠ ᠳᠡᠯᠭᠡᠭᠦᠷ ᠤᠨ ᠡᠮᠬᠢ ᠳᠢᠭᠯᠢᠮ  ᠢ ᠴᠢᠩᠭ᠎ᠠ ᠬᠠᠮᠢᠶᠠᠷᠤᠨ ᠡᠵᠡᠮᠳᠡᠵᠦ᠂ ᠣᠷᠣᠨ ᠤ ᠲᠤᠲᠤᠨ᠎ᠠ ᠭᠠᠳᠠᠨᠠᠬᠢ ᠵᠤᠭᠠᠴᠠᠭᠰᠠᠳ ᠤᠨ ᠠᠮᠤᠷ ᠲᠦᠪᠰᠢᠨ᠂ ᠤᠷᠤᠭᠰᠢᠲᠠᠶ᠂ ᠪᠠᠶᠠᠷ ᠬᠥᠷ ᠲᠠᠢ ᠪᠠᠷ ᠵᠤᠭᠠᠴᠠᠯ ᠤᠨ ᠠᠮᠠᠷᠠᠯᠲᠠ ᠶᠢᠨ ᠡᠳᠦᠷ ᠢ ᠡᠳ᠋ᠯᠡᠬᠦ ᠶᠢ ᠦᠨᠡᠨ ᠬᠦ ᠪᠠᠳᠤᠯᠠᠨ᠎ᠠ᠃ ᠡᠭᠦᠨ ᠤ ᠬᠠᠮᠲᠤ᠂ ᠥᠷᠭᠡᠨ ᠣᠯᠠᠨ ᠵᠤᠭᠠᠴᠠᠭᠰᠠᠳ ᠤᠨ ᠲᠠᠰᠤᠷᠠᠯᠲᠠ ᠥᠬᠡᠶ ᠳᠡᠰ ᠳᠠᠪᠰᠢᠵᠤ ᠪᠠᠶᠢᠭ᠎ᠠ ᠬᠡᠷᠡᠭᠯᠡᠭᠡ  ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠠᠯᠪᠠᠨ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠠᠯᠪᠠᠨ ᠸᠢᠴᠠᠲ ︽ᠥᠪᠥᠷ ᠮᠣᠩᠭᠤᠯ ᠤᠨ ᠰᠣᠶᠣᠯ ᠵᠤᠭᠠᠴᠠᠯ ᠤᠨ ᠮᠡᠳᠡᠭᠡ ᠵᠠᠩᠭᠢ︾ ᠳᠤ ᠪᠠᠰᠠ ᠵᠦᠭᠯᠡᠭᠦᠷ ᠢ ᠵᠡᠷᠭᠡᠪᠡᠷ ᠵᠣᠬᠢᠶᠠᠵᠤ᠂ ᠡᠨᠡ ᠵᠤᠨ ᠭᠠᠷᠭᠠᠭᠰᠠᠨ 20 ᠵᠤᠷᠪᠤᠰ ︽ᠥᠪᠥᠷ ᠮᠣᠩᠭᠤᠯ ᠤᠨ 72 ᠴᠠᠭ ᠤᠨ ᠬᠤᠪᠢ ᠶᠢᠨ ᠮᠠᠰᠢᠨ ᠢᠶᠠᠷ ᠵᠤᠭᠠᠴᠠᠬᠤ ᠪᠦᠲᠦᠭᠡᠯᠴᠢ ᠵᠤᠭᠠᠴᠠᠯ︾ ᠤᠨ ᠱᠤᠭᠤᠮ ᠢ ᠴᠥᠮ ᠰᠦᠯᠵᠢᠶᠡᠨ ᠳᠡᠭᠡᠷ᠎ᠡ ᠪᠠᠶᠢᠴᠠᠭᠠᠨ ᠦᠵᠡᠵᠦ ᠪᠣᠯᠬᠤ ᠪᠣᠯᠭᠠᠭᠰᠠᠨ ᠪᠠᠶᠢᠨ᠎ᠠ ᠭᠡᠵᠡᠢ᠃      ᠠᠭᠠᠭᠢᠮ᠎ᠠ ᠬᠠᠯᠠᠭᠤᠨ ᠵᠤᠨ ᠤ ᠴᠠᠭ ᠲᠤ᠂ ᠣᠷᠣᠨ ᠤ ᠳᠣᠲᠣᠨ᠎ᠠ ᠭᠠᠳᠠᠨᠠᠬᠢ ᠵᠤᠭᠠᠴᠠᠭᠰᠠᠳ ︽ᠭᠠᠷᠠᠭ ᠤᠨ ᠰᠡᠭᠦᠯᠴᠢ + 1︾ ᠶᠢᠨ ᠠᠮᠠᠷᠠᠯᠲᠠ ᠪᠠ ᠪᠠᠭ᠎ᠠ ᠠᠮᠠᠷᠠᠯᠲᠠ ᠶᠢᠨ ᠴᠠᠭ ᠢᠶᠠᠷ ᠢᠶᠠᠨ ᠥᠪᠡᠷ ᠤᠨ ᠬᠠᠶᠢᠷᠠᠲᠠᠢ ᠮᠠᠰᠢᠨ  ᠢᠶᠠᠨ ᠪᠠᠷᠢᠴᠢᠬᠠᠬᠰᠠᠨ᠂ ᠥᠪᠥᠷ ᠮᠣᠩᠭᠤᠯ ᠤᠨ ᠲᠠᠯ᠎ᠠ ᠨᠤᠲᠤᠭ ᠤᠨ ᠴᠡᠩᠬᠡᠷ ᠰᠠᠯᠬᠢ ᠪᠠᠷ ᠬᠠᠴᠠᠷ ᠨᠢᠭᠤᠷ ᠢᠶᠠᠨ ᠦᠨᠦᠰᠦᠬᠦᠯᠦᠨ᠂ ᠢᠰᠡᠬᠡᠢ ᠭᠡᠷ ᠲᠤᠨᠢ ᠲᠠᠭᠠᠲᠠᠢ ᠨᠤᠶᠢᠷᠰᠤᠵᠤ᠂ ᠡᠯᠡᠰᠦᠨ ᠴᠥᠯ ᠤᠨ ᠲᠠᠰᠢᠬᠤ ᠨᠠᠷᠠ ᠶᠢ ᠰᠤᠨᠢᠷᠬᠠᠨ᠂ ᠲᠠᠩᠰᠤᠭ ᠰᠠᠶᠢᠬᠠᠨ ᠬᠤᠨᠢᠨ ᠮᠢᠬ᠎ᠠ ᠶᠢ ᠨᠢ ᠲᠠᠪᠠᠳᠠᠢ ᠰᠠᠭᠤᠮᠠᠨ ᠵᠤᠭᠤᠭᠯᠠᠵᠤ᠂ ᠪᠡᠶ᠎ᠡ ᠶᠢᠨ ᠲᠠᠭ᠎ᠠ ᠪᠠᠷ ᠠᠮᠤᠰᠬᠢᠨ᠂ ᠰᠡᠳᠬᠢᠯ ᠤᠨ ᠲᠠᠭ᠎ᠠ ᠪᠠᠷ ᠵᠤᠭᠠᠴᠠᠰᠤᠭᠠᠢ︕
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号