| 6 ᠰᠠᠷ᠎ᠠ ᠶᠢᠨ 9 ᠤ ᠡᠳᠦᠷ᠂ ᠥᠪᠥᠷ ᠮᠣᠩᠭᠤᠯ ᠣᠷᠣᠨ ᠤ ᠤᠯᠤᠰ ᠤᠨ ᠨᠢᠬᠡᠳᠦᠯᠳᠡᠢ ᠰᠢᠯᠭᠠᠯᠳᠠ | ᠠᠮᠵᠢᠯᠳᠠ ᠲᠠᠢ ᠳᠠᠭᠤᠰᠴᠤ᠂ ᠰᠢᠯᠭᠠᠯᠳᠠ ᠬᠢᠨᠠᠬᠤ ᠠᠵᠢᠯ ᠳᠠᠷᠦ᠋ᠢᠬᠠᠨ ᠡᠬᠢᠯᠡᠭᠰᠡᠨ ᠪᠠᠶᠢᠨ᠎ᠠ᠃ ᠦᠪᠦᠷ ᠮᠤᠩᠭᠤᠯ ᠤᠨ | ᠪᠠᠭᠰᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠳᠠᠷᠢᠶᠠᠯᠠᠩ ᠤᠨ | ᠶᠡᠭᠡ ᠰᠤᠷᠭᠠᠭᠤᠯᠢ ᠬᠠᠷᠢᠭᠤᠴᠠᠵᠤ᠂ ᠪᠦᠬᠦ ᠤᠷᠤᠨ ᠠᠴᠠ ᠰᠢᠯᠢᠳᠡᠭ ᠪᠠᠭᠰᠢ ᠶᠢ ᠰᠤᠩᠭᠤᠵᠤ ᠰᠢᠯᠭᠠᠯᠳᠠ ᠬᠢᠨᠠᠬᠤ ᠳᠤ | ᠤᠷᠤᠯᠴᠠᠭᠤᠯᠤᠭᠰᠠᠨ ᠪᠠᠶᠢᠨ᠎ᠠ᠃ ᠥᠪᠥᠷ ᠮᠣᠩᠭᠤᠯ ᠣᠷᠣᠨ ᠦᠷᠬᠦᠯᠵᠢᠯᠡᠨ ᠺᠤᠮᠫᠢᠦ᠋ᠲ᠋ᠧᠷ ᠢᠶᠠᠷ ᠰᠦᠯᠵᠢᠶᠡᠨ ᠳᠡᠬᠡᠷ᠎ᠡ | ᠰᠢᠯᠭᠠᠯᠳᠠ ᠬᠢᠨᠠᠬᠤ ᠪᠤᠯᠤᠨ᠎ᠠ᠃ | ᠦᠪᠡᠷᠳᠡᠬᠡᠨ ᠵᠠᠰᠬᠠᠤ ᠤᠷᠤᠨ ᠤ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ ᠤᠢᠢᠯᠠᠭᠠᠭᠰᠠᠨ ᠢᠶᠠᠷ᠂ | ᠤᠯᠤᠰ ᠤᠨ ᠨᠢᠬᠡᠳᠦᠯᠳᠡᠢ ᠰᠢᠯᠭᠠᠯᠳᠠ ᠶᠢᠨ ᠬᠢᠷᠢ ᠪᠦᠳᠦᠮᠵᠢ ᠶᠢ 6 ᠰᠠᠷ᠎ᠠ ᠶᠢᠨ 23 ᠤ ᠡᠳᠦᠷ ᠨᠡᠶᠢᠳᠡᠯᠡᠨ᠎ᠡ᠂ | ᠰᠢᠯᠭᠠᠭᠤᠯᠤᠭᠴᠢ ᠬᠤᠪᠢ ᠪᠠᠨ ᠯᠠᠪᠯᠠᠨ ᠠᠰᠠᠭᠤᠬᠤ ᠳᠤᠮᠳᠠ ᠪᠠᠨ ᠦᠪᠡᠷᠳᠡᠬᠡᠨ ᠵᠠᠰᠬᠠᠤ ᠤᠷᠤᠨ ᠤ ᠰᠤᠷᠤᠭᠴᠢ | ᠡᠯᠰᠡᠬᠦ ᠰᠢᠯᠭᠠᠯᠳᠠ ᠶᠢᠨ ᠲᠦᠪ ᠠᠴᠠ ᠳᠠᠨᠢᠯᠴᠠᠭᠤᠯᠤᠭᠰᠠᠨ ᠡᠷᠡᠮᠡᠯᠵᠡᠯ ᠳᠠᠭᠯᠠᠬᠤ ᠶᠡᠭᠡ ᠳᠡᠬᠡᠳᠤ ᠰᠤᠷᠭᠠᠭᠤᠯᠢ ᠶᠢᠨ | ᠨᠡᠷᠡᠰ ᠠᠴᠠ ᠦᠪᠡᠷ ᠤᠨ ᠰᠢᠯᠭᠠᠭᠤᠯᠤᠭᠰᠠᠨ ᠬᠤᠪᠢ ᠪᠠᠨ ᠦᠨᠳᠦᠰᠦᠯᠡᠵᠦ ᠰᠤᠷᠭᠠᠭᠤᠯᠢ ᠪᠠ ᠳᠤᠰᠬᠠᠢ | ᠮᠡᠷᠬᠡᠵᠢᠯ ᠢᠶᠠᠨ ᠰᠤᠩᠭᠤᠵᠤ ᠪᠤᠯᠤᠨ᠎ᠠ᠃ 6 ᠰᠠᠷ᠎ᠠ ᠶᠢᠨ 23 ᠠᠴᠠ 26 ᠤ ᠡᠳᠦᠷ ᠤᠨ ᠬᠤᠭᠤᠷᠤᠨᠳᠤ᠂ | ᠰᠢᠯᠭᠠᠭᠤᠯᠤᠭᠴᠢ ᠰᠢᠯᠭᠠᠯᠳᠠ ᠶᠢᠨ ᠬᠤᠪᠢ ᠪᠠᠨ ᠳᠠᠬᠢᠨ ᠪᠠᠶᠢᠴᠠᠭᠠᠵᠤ ᠦᠵᠡᠬᠦ ᠪᠠᠷ ᠡᠷᠡᠮᠡᠯᠵᠡᠵᠦ ᠪᠤᠯᠤᠨ᠎ᠠ᠃ 6 | ᠰᠠᠷ᠎ᠠ ᠶᠢᠨ 25 ᠤ ᠡᠳᠦᠷ ᠠᠴᠠ ᠡᠮᠦᠨ᠎ᠡ᠂ ᠥᠪᠥᠷ ᠮᠣᠩᠭᠤᠯ ᠣᠷᠣᠨ ᠶᠡᠭᠡ ᠳᠡᠬᠡᠳᠤ ᠰᠤᠷᠭᠠᠭᠤᠯᠢ ᠳᠤ ᠡᠯᠰᠡᠬᠦ | ᠬᠤᠪᠢ ᠶᠢᠨ ᠱᠤᠭᠤᠮ ᠢ ᠨᠡᠶᠢᠳᠡᠯᠡᠬᠦ ᠪᠤᠯᠤᠨ᠎ᠠ᠃ | ᠰᠢᠯᠭᠠᠭᠤᠯᠤᠭᠴᠢ ᠦᠪᠡᠷᠳᠡᠬᠡᠨ ᠵᠠᠰᠠᠬᠤ ᠤᠷᠤᠨ ᠤ ᠰᠤᠷᠤᠭᠴᠢ ᠡᠯᠰᠡᠬᠦ ᠰᠢᠯᠭᠠᠯᠳᠠ ᠶᠢᠨ ᠲᠦᠪ ᠤᠨ ᠮᠡᠳᠡᠭᠡ | ᠵᠠᠩᠬᠢ ᠶᠢᠨ ᠰᠦᠯᠵᠢᠶ᠎ᠠ ᠶᠢᠨ ᠠᠯᠪᠠᠨ ᠤ ᠰᠦᠯᠵᠢᠶ᠎ᠠ ᠪᠠ ᠠᠯᠪᠠᠨ ᠤ ᠵᠢᠷᠬᠢᠶ᠎ᠠ ᠶᠢᠨ ᠳᠠᠪᠴᠠᠩ ᠳᠤ ᠨᠡᠶᠢᠳᠡᠯᠡᠭᠰᠡᠨ | ᠲᠦᠷᠦ ᠶᠢᠨ ᠪᠤᠳᠤᠯᠭ᠎ᠠ ᠶᠢᠨ ᠳᠤᠭᠳᠠᠭᠠᠯ ᠲᠦᠷᠢᠮ ᠪᠠ ᠰᠦᠯᠵᠢᠶᠡᠨ ᠳᠤ ᠡᠷᠡᠮᠡᠯᠵᠡᠯ ᠳᠠᠭᠯᠠᠬᠤ ᠳᠤᠬᠠᠢ ᠮᠡᠳᠡᠭᠡ | ᠵᠠᠩᠬᠢ ᠶᠢ ᠠᠩᠬᠠᠷᠤᠯ ᠳᠠᠭᠠᠨ ᠠᠪᠴᠤ᠂ ᠰᠦᠯᠵᠢᠶᠡᠨ ᠳᠤ ᠡᠷᠡᠮᠡᠯᠵᠡᠯ ᠳᠠᠭᠯᠠᠬᠤ ᠴᠠᠭ ᠠᠴᠠ ᠤᠰᠤᠯᠳᠠᠬᠤ ᠶᠢ | ᠠᠩᠬᠠᠷᠬᠤ ᠬᠡᠷᠡᠭᠳᠡᠢ᠃ | |