ᠠᠪᠢᠶᠠᠰᠯᠢᠭ ᠪᠠᠭᠠᠴᠤᠤᠯ ᠤᠨ ᠤᠷᠠᠯᠢᠭ ᠤᠨ ᠨᠠᠶᠢᠷ
ᠨᠡᠶᠢᠲᠡᠯᠡᠭᠰᠡᠨ ᠴᠠᠭ᠄
2019-06-17
                                                    ᠰᠤᠷᠪᠤᠯᠵᠢᠯᠠᠬᠴᠢ᠄ ᠤᠶᠠᠬᠠᠨ      ᠪᠠᠭᠠᠴᠤᠳ ᠬᠡᠦᠭᠡᠳ ᠤᠨ ᠤᠷ᠎ᠡ ᠠᠪᠢᠶᠠᠰ ᠢ ᠪᠠᠳᠠᠷᠠᠭᠤᠯᠵᠦ᠂ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠠᠮᠢᠳᠤᠷᠡᠯ ᠢ ᠪᠠᠶᠠᠯᠢᠬᠵᠢᠭᠤᠯᠬᠤ ᠶᠢᠨ ᠡᠭᠦᠲᠡᠨ ᠠᠴᠠ᠂ ᠤᠶᠢᠷ᠎ᠡ ᠳᠤ ᠬᠤᠰᠢᠭᠤᠨ ᠤ ᠮᠤᠩᠭᠤᠯ ᠰᠤᠷᠭᠠᠭᠤᠯᠢ᠂ ᠤᠯᠤᠰ ᠪᠠᠶᠢᠭᠤᠯᠤᠬᠳᠠᠭᠰᠡᠨ 70 ᠵᠢᠯ ᠤᠨ ᠤᠢ ᠶᠢ ᠪᠡᠯᠭᠡᠯᠡᠬᠦ ᠵᠢᠴᠢ 17 ᠳ᠋ᠤᠭᠠᠷ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠨᠠᠶᠢᠷ ᠢᠶᠠᠨ ᠶᠠᠪᠤᠬᠳᠠᠭᠤᠯᠵᠦ᠂ ᠪᠠᠭ᠎ᠠ ᠰᠤᠷᠭᠠᠭᠤᠯᠢ ᠶᠢᠨ ᠨᠢᠭᠡᠳᠤᠭᠡᠷ ᠤᠨ ᠠᠴᠠ ᠠᠩᠬ᠎ᠠ ᠬᠤᠶᠠᠳᠤᠭᠠᠷ ᠤᠨ ᠬᠦᠷᠲᠡᠯᠡᠬᠢ 19 ᠠᠩᠬᠢ ᠨᠢᠭᠡᠴᠠ ᠶᠢᠨ ᠬᠢᠨ ᠦᠪᠡᠷᠰᠡᠳ ᠢᠶᠠᠨ ᠵᠤᠬᠢᠶᠠᠨ ᠤᠳᠤᠷᠢᠳᠤᠬᠰᠡᠨ ᠤᠷᠠᠨ ᠰᠠᠶᠢᠬᠠᠨ ᠤ ᠲᠤᠬᠯᠠᠯᠲᠡ ᠪᠠᠨ ᠪᠠᠭᠰᠢ ᠭᠡᠷ ᠤᠨ ᠠᠬᠠᠮᠠᠳ ᠲᠤ ᠪᠠᠨ ᠲᠤᠬᠯᠠᠨ ᠦᠵᠡᠭᠦᠯᠦᠭᠰᠡᠨ ᠪᠠᠶᠢᠨ᠎ᠡ᠃      ᠲᠤᠬᠯᠠᠯᠲᠡ ᠨᠢ ᠬᠠᠮᠲᠦ ᠶᠢᠨ ᠪᠦᠵᠢᠭ᠂ ᠨᠠᠶᠢᠷᠡᠯ ᠲᠠᠭᠤᠤ᠂ ᠦᠨᠳᠦᠰᠦᠲᠡᠨ ᠤ ᠬᠤᠪᠴᠠᠰᠦ ᠵᠠᠰᠠᠯ ᠤᠨ ᠦᠵᠡᠭᠦᠯᠦᠯᠭᠡ ᠵᠡᠷᠭᠡ ᠤᠯᠠᠨ ᠲᠦᠷᠦᠯ ᠢᠶᠠᠷ ᠶᠠᠪᠤᠬᠳᠠᠨ᠂ ᠬᠡᠦᠭᠡᠳ ᠤᠳ ᠤᠨ ᠤᠷ᠎ᠡ ᠠᠪᠢᠶᠠᠰ ᠢ ᠭᠦᠢᠴᠡᠳ ᠢᠯᠡᠷᠡᠭᠦᠯᠵᠦ᠂ ᠠᠬᠤᠢ ᠲᠠᠯᠠᠪᠠᠢ ᠶᠢᠨ ᠦᠵᠡᠭᠴᠢᠳ ᠤᠨ ᠲᠠᠭᠠᠰᠢᠶᠠᠯ ᠢ ᠶᠠᠭᠡᠲᠡ ᠤᠯᠤᠭᠰᠡᠨ ᠪᠠᠶᠢᠨ᠎ᠡ᠃     ᠡᠨᠡ ᠬᠦ ᠤᠷᠠᠯᠢᠭ ᠤᠨ ᠨᠠᠶᠢᠷ ᠨᠢ ᠮᠤᠩᠭᠤᠯ ᠰᠤᠷᠭᠠᠭᠤᠯᠢ ᠶᠢᠨ ᠰᠤᠶᠤᠯ ᠪᠤᠯᠪᠠᠰᠤᠷᠡᠯ ᠪᠡ ᠤᠳᠬ᠎ᠠ ᠤᠷᠠᠯᠢᠭ  ᠢ ᠬᠤᠤᠰᠯᠠᠭᠤᠯᠬᠤ ᠵᠢᠭᠠᠨ ᠰᠤᠷᠭᠠᠯᠲᠡ ᠶᠢ ᠬᠠᠷᠠᠭᠤᠯᠵᠦ᠂ ᠰᠤᠷᠤᠭᠴᠢᠳ ᠤᠨ ᠤᠷ᠎ᠡ ᠴᠢᠳᠠᠪᠦᠷᠢ ᠪᠡ ᠢᠳᠡᠪᠬᠢᠵᠢᠯ ᠢ ᠲᠠᠶᠢᠴᠢᠯᠠᠨ᠂ ᠦᠨᠳᠦᠰᠦᠲᠡᠨ ᠤ ᠤᠨᠴᠠᠯᠢᠬᠲᠦ ᠤᠷᠠᠯᠢᠭ ᠤᠨ ᠭᠠᠶᠢᠬᠠᠮᠰᠢᠭ ᠢᠶᠠᠨ ᠰᠤᠨᠢᠷᠬᠠᠭᠤᠯᠵᠦ ᠴᠢᠳᠠᠵᠠᠢ᠃

                                         ᠨᠠᠶᠢᠷᠠᠭᠤᠯᠤᠭᠴᠢ᠄ ᠤᠶᠠᠬᠠᠨ

                                         ᠬᠦᠢᠴᠡᠳᠭᠡᠭᠴᠢ ᠬᠢᠨᠠᠬᠴᠢ᠄ ᠸᠠᠩ ᠸᠧᠨ ᠶᠢᠩ

                                         ᠶᠡᠷᠦᠩᠬᠡᠢ ᠬᠢᠨᠠᠬᠴᠢ᠄ ᠵᠠᠩ ᠬᠦᠢ ᠵᠧᠨ

                               ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号