| 6 ᠰᠡᠷ᠎ᠡ ᠶᠢᠨ 12 ᠤᠨ ᠡᠳᠤᠷ ᠦᠪᠡᠷᠲᠡᠭᠡᠨ ᠵᠠᠰᠠᠬᠤ ᠤᠷᠤᠨ ᠤ ᠰᠤᠶᠤᠯ ᠪᠡ ᠵᠢᠭᠤᠯᠴᠢᠯᠠᠯ ᠤᠨ ᠲᠢᠩᠭᠢᠮ | ᠠᠴᠠ ᠭᠤᠤᠯᠯᠠᠨ ᠡᠷᠬᠢᠯᠡᠭᠰᠡᠨ ︽ᠬᠦᠯᠦᠭ ᠤᠨ ᠨᠢᠷᠤᠭᠤᠨ ᠳᠤ ᠮᠤᠷᠲᠡᠵᠦ ᠦᠪᠦᠷ ᠮᠤᠩᠭᠤᠯ ᠢᠶᠠᠷ ᠵᠢᠭᠤᠯᠴᠢᠯᠠᠶᠡ︾ | ᠭᠤᠤᠯ ᠰᠡᠳᠤᠪᠲᠦ ᠦᠪᠦᠷ ᠮᠤᠩᠭᠤᠯ ᠤᠨ ᠠᠳᠤᠭᠤᠨ ᠰᠤᠶᠤᠯ ᠤᠨ ᠵᠢᠭᠤᠯᠴᠢᠯᠠᠯ ᠤᠨ ᠦᠢᠯᠡᠳᠭᠦᠨ ᠢ ᠨᠡᠶᠢᠲᠡᠯᠡᠬᠦ | ᠬᠤᠷᠡᠯ ᠬᠦᠭᠡᠬᠤᠲᠡ ᠳᠤ ᠶᠠᠪᠤᠬᠳᠠᠪᠡ᠃ ᠬᠤᠷᠡᠯ ᠳᠤ 2019 ᠤᠨ ᠤ ︽ᠠᠳᠤᠭᠤᠨ ᠬᠡᠶᠢᠮᠦᠷᠢ ᠲᠠᠢ ᠦᠪᠦᠷ | ᠮᠤᠩᠭᠤᠯ︾ ᠤᠨ 10 ᠵᠤᠷᠪᠤᠰ ᠠᠳᠤᠭᠤᠨ ᠰᠤᠶᠤᠯ ᠤᠨ ᠵᠢᠭᠤᠯᠴᠢᠯᠠᠯ ᠤᠨ ᠵᠠᠮ ᠱᠤᠭᠤᠮ ᠢ ᠨᠡᠶᠢᠲᠡᠯᠡᠪᠡ᠃ | ︽ᠬᠦᠯᠦᠭ ᠤᠨ ᠨᠢᠷᠤᠭᠤᠨ ᠳᠤ ᠮᠤᠷᠲᠡᠵᠦ ᠦᠪᠦᠷ ᠮᠤᠩᠭᠤᠯ ᠢᠶᠠᠷ ᠵᠢᠭᠤᠯᠴᠢᠯᠠᠶᠡ︾ ᠭᠤᠤᠯ ᠰᠡᠳᠤᠪᠲᠦ | ᠦᠢᠯᠡᠳᠬᠦᠨ ᠨᠢ ᠮᠤᠷᠢ ᠪᠠᠷ ᠠᠴᠢᠶᠠᠯᠠᠪᠦᠷᠢ ᠪᠤᠯᠭᠠᠨ᠂ ᠮᠠᠨ ᠤ ᠤᠷᠤᠨ ᠤ ᠤᠯᠠᠨ ᠡᠰᠢᠲᠦ ᠲᠡᠦᠭᠡ ᠰᠤᠶᠤᠯ ᠪᠤᠯᠤᠨ | ᠤᠤᠭᠠᠯ ᠠᠮᠢ ᠠᠬᠤᠢ ᠶᠢᠨ ᠮᠠᠯ ᠠᠵᠦ ᠠᠬᠤᠢ᠂ ᠲᠠᠶᠢᠯᠠᠯᠭ᠎ᠠ᠂ ᠲᠠᠭᠤᠤ ᠬᠦᠭᠵᠢᠮ ᠵᠡᠷᠭᠡ ᠦᠨᠳᠦᠰᠦᠲᠡᠨ ᠤ ᠤᠨᠴᠠᠯᠢᠭ | ᠲᠠᠢ ᠠᠮᠢᠳᠤᠷᠡᠯ ᠤᠨ ᠠᠷᠭ᠎ᠠ ᠬᠡᠯᠪᠡᠷᠢ ᠶᠢ ᠠᠭᠤᠰᠤᠯᠴᠠᠭᠤᠯᠤᠨ ᠬᠤᠯᠪᠤᠵᠦ᠂ ᠵᠢᠭᠤᠯᠴᠢᠯᠬᠠᠴᠢᠳ ᠢ ᠪᠠᠶᠡᠲᠡᠨ | ᠤᠷᠤᠯᠴᠠᠭᠤᠯᠤᠨ᠎ᠡ᠃ ᠡᠨᠡ ᠬᠦ 10 ᠵᠤᠷᠪᠤᠰ ᠭᠤᠤᠯ ᠰᠡᠳᠤᠪᠲᠦ ᠵᠢᠭᠤᠯᠴᠢᠯᠠᠯ ᠤᠨ ᠵᠠᠮ ᠱᠤᠭᠤᠮ ᠪᠤᠯ᠄ ᠬᠦᠯᠦᠨ | ᠪᠤᠶᠢᠷ ᠤᠨ ᠨᠡᠭᠦᠲᠡᠯ ᠮᠠᠯᠵᠢᠯ ᠤᠨ ᠰᠤᠶᠤᠯ ᠢ ᠪᠠᠶᠠᠲᠡᠨ ᠦᠢᠯᠠᠭᠠᠬᠤ ᠵᠠᠮ ᠱᠤᠭᠤᠮ᠂ ᠤᠯᠠᠭᠠᠨᠪᠤᠳᠤᠩ ᠤᠨ ᠨᠢᠭᠤᠴᠡ | ᠶᠢ ᠬᠠᠶᠢᠬᠤ ᠵᠠᠮ ᠱᠤᠭᠤᠮ᠂ ᠬᠦᠭᠡᠬᠤᠲᠡ ᠶᠢᠨ ᠮᠤᠷᠢᠨ ᠮᠡᠷᠭᠡᠵᠢᠯ ᠤᠨ ᠤᠷᠤᠯᠳᠤᠭᠠᠨ ᠢ ᠰᠤᠨᠢᠷᠬᠠᠬᠤ ᠵᠠᠮ ᠱᠤᠭᠤᠮ᠂ | ᠲᠤᠮᠲᠡᠲᠦ ᠤᠯᠤᠰ ᠤᠨ ᠠᠳᠤᠭᠤᠳᠤ ᠨᠤᠳᠤᠭ ᠰᠢᠯᠢ ᠶᠢᠨ ᠭᠤᠤᠯ ᠤᠨ ᠲᠡᠯ᠎ᠡ ᠨᠤᠳᠤᠭ ᠢᠶᠠᠷ ᠵᠢᠭᠤᠯᠴᠢᠯᠠᠨ | ᠰᠡᠭᠦᠲᠡᠷᠯᠡᠬᠦ ᠵᠠᠮ ᠱᠤᠭᠤᠮ᠂ ᠰᠢᠯᠢ ᠶᠢᠨ ᠭᠤᠤᠯ ᠤᠨ ᠲᠡᠯ᠎ᠡ ᠨᠤᠳᠤᠭ ᠲᠤ ᠮᠤᠷᠢ ᠪᠠᠷ ᠵᠢᠭᠤᠯᠴᠢᠯᠠᠬᠤ ᠵᠠᠮ ᠱᠤᠭᠤᠮ᠂ | ᠲᠦᠩᠯᠢᠶᠤᠤ + ᠬᠢᠩᠭᠠᠨ ᠠᠶᠢᠮᠠᠭ ᠤᠨ ᠠᠳᠤᠭᠤᠨ ᠰᠤᠶᠤᠯ ᠢ ᠰᠤᠳᠤᠯᠤᠨ ᠰᠤᠷᠤᠯᠴᠠᠬᠤ ᠵᠠᠮ ᠱᠤᠭᠤᠮ᠂ | ᠤᠯᠠᠭᠠᠨᠴᠡᠪ ᠤᠨ ᠤᠯᠠᠮᠵᠢᠯᠠᠯᠲᠦ ᠵᠠᠩ ᠦᠢᠯᠡ ᠶᠢ ᠤᠶᠢᠯᠠᠭᠠᠬᠤ ᠵᠠᠮ ᠱᠤᠭᠤᠮ᠂ ᠬᠦᠯᠦᠨ ᠪᠤᠶᠢᠷ ᠲᠠᠬᠢ ᠮᠤᠩᠭᠤᠯ | ᠤᠨ ᠡᠬᠢ ᠡᠭᠦᠰᠦᠯ ᠤᠨ ᠰᠤᠶᠤᠯ ᠢ ᠮᠦᠷᠲᠡᠨ ᠬᠠᠶᠢᠬᠤ ᠵᠠᠮ ᠱᠤᠭᠤᠮ᠂ ᠤᠷᠳᠤᠰ ᠤᠨ ᠠᠳᠤᠭᠤᠨ ᠰᠤᠶᠤᠯ ᠢ | ᠤᠶᠢᠯᠠᠭᠠᠬᠤ ᠭᠡᠷ ᠪᠦᠯᠢ ᠶᠢᠨ ᠵᠢᠭᠤᠯᠴᠢᠯᠠᠯ ᠤᠨ ᠵᠠᠮ ᠱᠤᠭᠤᠮ᠂ ᠬᠦᠭᠡᠬᠤᠲᠡ + ᠤᠷᠳᠤᠰ ᠤᠨ ᠪᠤᠳᠠᠰ ᠤᠨ ᠪᠤᠰᠤ | ᠰᠤᠶᠤᠯ ᠤᠨ ᠦᠪ ᠢ ᠬᠠᠶᠢᠨ ᠰᠢᠨᠵᠢᠯᠡᠬᠦ ᠵᠠᠮ ᠱᠤᠭᠤᠮ ᠵᠡᠷᠭᠡ ᠪᠤᠯᠤᠨ᠎ᠡ᠃ | ︽ᠡᠨᠡ ᠪᠤᠯ ᠮᠠᠨ ᠤ ᠤᠷᠤᠨ ᠤ ᠠᠳᠤᠭᠤᠨ ᠰᠤᠶᠤᠯ ᠤᠨ ᠵᠢᠭᠤᠯᠴᠢᠯᠠᠯ ᠤᠨ ᠰᠠᠯᠠᠭ᠎ᠠ ᠮᠦᠴᠢᠷ ᠤᠨ ᠠᠮᠢ | ᠠᠬᠤᠢ ᠶᠢ ᠤᠷᠢᠳ ᠢᠶᠠᠷ ᠪᠤᠳᠤᠯᠬᠢᠯᠠᠵᠦ ᠪᠤᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠡᠨ ᠴᠢᠨᠠᠷ | ᠰᠠᠶᠢᠳᠠᠢ ᠬᠦᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ ᠪᠠᠷᠢᠮᠳᠠᠯᠠᠵᠦ᠂ ᠦᠵᠡᠰᠭᠦᠯᠡᠩᠲᠦ ᠰᠠᠶᠢᠬᠠᠨ ᠦᠪᠦᠷ | ᠮᠤᠩᠭᠤᠯ ᠢ ᠪᠦᠲᠦᠭᠡᠨ ᠪᠠᠶᠢᠭᠤᠯᠬᠤ᠂ ᠪᠦᠬᠦ ᠤᠷᠤᠨ ᠪᠦᠰᠡ ᠶᠢᠨ ᠵᠢᠭᠤᠯᠴᠢᠯᠠᠯ ᠪᠡ ᠲᠦᠷᠪᠠᠨ ᠤᠯᠠᠷᠢᠯ ᠤᠨ | ᠵᠢᠭᠤᠯᠴᠢᠯᠠᠯ ᠤᠨ ᠬᠦᠭᠵᠢᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠤᠯᠤᠨ᠎ᠡ︾ ᠭᠡᠵᠦ ᠦᠪᠦᠷ ᠮᠤᠩᠭᠤᠯ ᠤᠨ | ᠰᠤᠶᠤᠯ ᠪᠡ ᠵᠢᠭᠤᠯᠴᠢᠯᠠᠯ ᠤᠨ ᠲᠢᠩᠭᠢᠮ ᠤᠨ ᠲᠠᠷᠤᠭ᠎ᠠ ᠾᠧ ᡁᠢ ᠯᠢᠶᠠᠩ ᠶᠡᠷᠢᠯ᠎ᠡ᠃ | | |