ᠮᠠᠨ ᠤ ᠬᠤᠰᠢᠭᠤᠨ ᠤ ᠪᠠᠶᠠᠨᠪᠤᠭᠲᠡ ᠤᠪᠤᠭᠠᠨ ᠲᠠᠬᠢᠯᠭ᠎ᠠ ᠦᠪᠡᠲᠡᠭᠰᠢ ᠰᠠᠶᠢᠬᠠᠨ ᠶᠠᠪᠤᠬᠳᠠᠵᠠᠢ
ᠨᠡᠶᠢᠲᠡᠯᠡᠭᠰᠡᠨ ᠴᠠᠭ᠄
2019-06-19

     6 ᠰᠡᠷ᠎ᠡ ᠶᠢᠨ 15 ᠤ ᠡᠳᠤᠷ᠂ ᠮᠠᠨ ᠤ ᠬᠤᠰᠢᠭᠤᠨ ᠤ ᠪᠠᠶᠠᠨᠪᠤᠬᠲᠡ ᠤᠪᠤᠭᠠᠨ ᠲᠠᠬᠢᠯᠭ᠎ᠠ ᠦᠪᠡᠲᠡᠭᠰᠢ ᠶᠡᠭᠡ

 ᠪᠠᠷ ᠶᠠᠪᠤᠬᠳᠠᠵᠦ᠂ ᠬᠤᠰᠢᠭᠤᠨ ᠤ ᠲᠦᠷᠪᠠᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠪᠠᠶ᠋ᠬᠠᠤᠪᠤᠭ᠎ᠠ

ᠲᠤᠭᠤᠷᠢᠭ᠂ ᠪᠤᠭᠤᠲᠦ ᠶᠢᠨ ᠪᠤᠯᠤᠳ ᠲᠠᠮᠦᠷ ᠤᠨ ᠪᠦᠯᠦᠭᠯᠡᠯ ᠤᠨ ᠪᠠᠶ᠋ᠬᠠᠤᠪᠤᠭ᠎ᠠ ᠲᠠᠮᠦᠷ ᠤᠨ ᠠᠭᠤᠷᠬᠠᠢ ᠶᠢᠨ ᠬᠢᠨ

ᠪᠡ ᠮᠠᠨ ᠤ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤᠨ ᠤ ᠦᠷᠭᠡᠨ ᠤᠯᠠᠨ ᠮᠠᠯᠴᠢᠨ ᠲᠦᠮᠡᠨ ᠬᠦᠷᠦᠯᠴᠠᠨ

ᠢᠷᠡᠵᠦ ᠤᠪᠤᠭᠠᠨ ᠲᠠᠬᠢᠯᠭ᠎ᠠ ᠶᠢᠨ ᠬᠦᠲᠡᠯᠭᠡᠭᠡᠨ ᠳᠤ ᠤᠷᠤᠯᠴᠠᠭᠰᠡᠨ ᠪᠠᠶᠢᠨ᠎ᠡ᠃

     ᠦᠷᠯᠦᠭᠡᠨ ᠤ ᠨᠠᠷᠡ ᠮᠠᠨᠳᠤᠬᠤ ᠶᠢᠨ ᠵᠡᠷᠭᠡᠪᠡᠷ᠂ ᠡᠷᠲᠡ ᠶᠢᠨ ᠵᠢᠷᠭᠤᠭᠠᠨ ᠴᠠᠭ ᠬᠠᠭᠠᠰ ᠲᠤ ᠤᠪᠤᠭᠠᠨ

ᠲᠠᠬᠢᠯᠭ᠎ᠠ ᠶᠢᠨ ᠬᠦᠲᠡᠯᠭᠡᠭᠡᠨ ᠡᠬᠢᠯᠡᠵᠦ᠂ ᠬᠦᠵᠢ ᠵᠤᠯᠠ ᠮᠠᠨᠳᠠᠭᠠᠵᠦ᠂ ᠤᠪᠤᠭᠠᠨ ᠤ ᠮᠤᠷᠢ ᠪᠠᠨ ᠰᠡᠳᠡᠷᠯᠡᠨ᠂ ᠤᠪᠤᠭᠠᠨ

ᠲᠠᠬᠢᠯᠭ᠎ᠠ ᠲᠠᠭᠠᠨ ᠬᠦᠷᠦᠯᠴᠠᠨ ᠢᠷᠡᠭᠰᠡᠨ ᠤᠯᠠᠨ ᠢᠶᠠᠷ ᠢᠶᠠᠨ ᠲᠠᠬᠢᠯᠭ᠎ᠠ ᠶᠢᠨ ᠵᠦᠢᠯ ᠢᠶᠠᠨ ᠡᠷᠭᠦᠵᠦ᠂ ᠤᠪᠤᠭ᠎ᠠ ᠪᠠᠨ

ᠵᠦᠪ ᠭᠤᠷᠪᠡ ᠡᠷᠬᠢᠵᠦ᠂ ᠲᠦᠮᠠᠨ ᠠᠷᠡᠳ ᠲᠦᠪᠰᠢᠨ ᠠᠮᠤᠭᠤᠯᠠᠩ᠂ ᠲᠠᠪᠤᠨ ᠬᠤᠰᠢᠭᠤ ᠮᠠᠯ ᠲᠠᠷᠭᠤ ᠬᠦᠴᠦᠲᠠᠢ

ᠪᠤᠯᠬᠤ ᠶᠢ ᠲᠠᠭᠠᠳᠬᠠᠵᠦ᠂ ᠲᠠᠬᠢᠯᠭ᠎ᠠ ᠶᠢᠨ ᠬᠦᠲᠡᠯᠭᠡᠭᠡᠨ ᠲᠠᠭᠦᠰᠴᠦ᠂ ᠪᠦᠭᠡ ᠪᠠᠷᠢᠯᠳᠤᠬᠤ᠂ ᠮᠤᠷᠢ ᠤᠷᠤᠯᠳᠤᠬᠤ᠂ ᠰᠤᠷ

ᠬᠠᠷᠪᠤᠬᠤ ᠡᠷ᠎ᠡ ᠶᠢᠨ ᠭᠤᠷᠪᠠᠨ ᠨᠠᠭᠠᠳᠤᠮ ᠡᠷᠴᠢᠮᠲᠠᠢ ᠰᠠᠶᠢᠬᠠᠨ ᠶᠠᠪᠤᠬᠳᠠᠵᠠᠢ᠃

                                       ᠨᠠᠶᠢᠷᠠᠭᠤᠯᠤᠭᠴᠢ᠄ ᠽᠠᠨᠳᠠᠨᠮᠦ᠋ᠴᠢᠷ

                                       ᠬᠦᠢᠴᠡᠳᠭᠡᠭᠴᠢ ᠬᠢᠨᠠᠬᠴᠢ᠄ ᠸᠠᠩ ᠸᠧᠨ ᠶᠢᠩ

                                       ᠶᠡᠷᠦᠩᠬᠡᠢ ᠬᠢᠨᠠᠬᠴᠢ᠄ ᠵᠠᠩ ᠭᠦᠢ ᠵᠧᠨ

                              ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号