ᠬᠤᠰᠢᠭᠤᠨ ᠤ ᠮᠤᠩᠭᠤᠯ ᠰᠤᠷᠭᠠᠭᠤᠯᠢ ᠠᠷᠪᠠᠨ ᠲᠦᠷᠪᠡᠳᠤᠭᠡᠷ ᠤᠳᠠᠭᠠᠨ ᠤ ᠬᠦᠨᠲᠦ ᠬᠦᠩᠭᠡᠨ ᠪᠡᠶ᠎ᠡ ᠲᠠᠮᠢᠷ  ᠤᠨ ᠤᠷᠤᠯᠳᠤᠭᠠᠨ ᠶᠠᠪᠤᠬᠳᠠᠭᠤᠯᠪᠡ
ᠨᠡᠶᠢᠲᠡᠯᠡᠭᠰᠡᠨ ᠴᠠᠭ᠄
2019-06-03
     5 ᠰᠡᠷ᠎ᠡ ᠶᠢᠨ 30 ᠤ ᠡᠳᠤᠷ᠂ ︽6.1︾ ᠤ ᠲᠡᠯᠡᠭᠡᠢ ᠶᠢᠨ ᠪᠠᠭᠠᠴᠤᠳ ᠬᠡᠦᠭᠡᠳ ᠤᠨ ᠪᠠᠶᠠᠷ ᠤᠨ ᠡᠳᠤᠷ ᠬᠦᠷᠴᠦ ᠢᠷᠡᠬᠦ ᠲᠠᠰᠢᠷᠡᠮ ᠢᠶᠠᠷ ᠬᠤᠰᠢᠭᠤᠨ ᠤ ᠮᠤᠩᠭᠤᠯ ᠰᠤᠷᠭᠠᠭᠤᠯᠢ ︽ᠤᠯᠤᠰ ᠪᠠᠶᠢᠭᠤᠯᠤᠭᠳᠠᠭᠰᠡᠨ 70 ᠵᠢᠯ  ᠤᠨ ᠤᠢ ᠶᠢ ᠪᠡᠯᠭᠡᠯᠡᠬᠦ ᠵᠢᠴᠢ ᠠᠷᠪᠠᠨ ᠲᠦᠷᠪᠠᠳᠤᠭᠡᠷ ᠤᠳᠠᠭᠠᠨ ᠤ ᠬᠦᠨᠲᠦ ᠬᠦᠩᠭᠡᠨ ᠪᠡᠶ᠎ᠡ ᠲᠠᠮᠢᠷ ᠤᠨ ᠤᠷᠤᠯᠳᠤᠭᠠᠨ︾ ᠶᠠᠪᠤᠬᠳᠠᠭᠤᠯᠤᠭᠰᠡᠨ ᠪᠠᠶᠢᠨ᠎ᠡ᠃      ᠬᠦᠲᠡᠯᠭᠡᠭᠡᠨ ᠨᠢ ᠤᠯᠤᠰ ᠤᠨ ᠲᠤᠭ ᠮᠠᠨᠳᠤᠭᠤᠯᠬᠤ ᠶᠤᠰᠤᠯᠡᠯ ᠤᠨ ᠲᠠᠷᠠᠭ᠎ᠠ᠂ ᠠᠩᠬᠢ ᠶᠢᠨ ᠵᠢᠬᠰᠠᠭᠠᠯ ᠲᠠᠯᠠᠪᠠᠢ ᠳᠤ ᠤᠷᠤᠬᠤ ᠪᠠᠷ ᠡᠬᠢᠯᠡᠯᠲᠡ ᠶᠢᠨ ᠬᠦᠰᠢᠭᠡ ᠪᠠᠨ ᠰᠠᠭᠦᠨ᠂ ᠡᠯ᠎ᠡ ᠠᠩᠬᠢ ᠶᠢᠨ ᠬᠡᠦᠭᠡᠳ ᠤᠳ ᠴᠤᠭ ᠵᠢᠪᠬᠤᠭᠠᠲᠦ ᠠᠯᠬᠤᠭ᠎ᠠ ᠪᠠᠷ ᠲᠠᠯᠠᠪᠠᠢ ᠳᠤ ᠤᠷᠤᠵᠦ᠂ ᠲᠠᠮᠢᠷ ᠤᠨ ᠪᠦᠵᠢᠭ᠂ ᠦᠨᠳᠦᠰᠦᠲᠠᠨ ᠤ ᠪᠦᠵᠢᠭ ᠨᠢ ᠪᠠᠭᠰᠢ ᠬᠡᠷ ᠤᠨ ᠠᠬᠠᠮᠠᠳ ᠪᠡ ᠦᠵᠡᠭᠴᠢᠳ ᠤᠯᠠᠨ ᠤ ᠬᠠᠯᠠᠭᠤᠨ ᠬᠦᠷᠢᠶᠠᠯᠠᠯ ᠢ ᠤᠯᠤᠭᠰᠡᠨ ᠪᠠᠶᠢᠯ᠎ᠡ᠃      ᠡᠬᠢᠯᠡᠯᠲᠡ ᠶᠢᠨ ᠶᠤᠰᠤᠯᠡᠯ ᠤᠨ ᠲᠠᠷᠠᠭ᠎ᠠ᠂ ᠰᠤᠷᠤᠭᠴᠢᠳ ᠤᠨ ᠡᠯ᠎ᠡ ᠲᠦᠷᠦᠯ ᠤᠨ ᠪᠠᠶ᠎ᠡ ᠲᠠᠮᠢᠷ ᠤᠨ ᠤᠷᠤᠯᠳᠤᠭᠠᠨ ᠡᠷᠴᠢ ᠬᠦᠴᠦᠲᠠᠢ ᠶᠠᠪᠤᠬᠳᠠᠵᠦ᠂ ᠬᠡᠦᠭᠡᠳ ᠤᠳ ᠮᠠᠰᠢ ᠢᠳᠡᠪᠬᠢᠲᠠᠢ ᠪᠦᠭᠡᠳ ᠤᠷᠮ᠎ᠡ ᠲᠠᠢ ᠤᠷᠤᠯᠴᠠᠨ᠂ ᠬᠠᠮᠲᠦ ᠪᠠᠷ ᠬᠡᠦᠭᠡᠳ ᠤᠨ ᠪᠠᠶᠠᠷ ᠤᠨ ᠡᠳᠤᠷ ᠢᠶᠠᠨ ᠤᠳᠬ᠎ᠠ ᠲᠡᠭᠦᠯᠲᠡᠷ ᠲᠠᠮᠲᠡᠭᠯᠡᠵᠦ ᠪᠢᠯᠡ᠃

                                           ᠨᠠᠶᠢᠷᠠᠭᠤᠯᠤᠭᠴᠢ᠄ ᠤᠶᠠᠬᠠᠨ

                                           ᠬᠦᠢᠴᠡᠳᠭᠡᠭᠴᠢ ᠬᠢᠨᠠᠬᠴᠢ᠄ ᠭᠠᠯᠪᠠᠳᠠᠷᠠᠬᠤ

                                           ᠶᠡᠷᠦᠩᠭᠡᠢ ᠬᠢᠨᠠᠬᠴᠢ᠄ ᠵᠠᠩ ᠬᠦᠢ ᠵᠧᠨ

                              ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号