︽ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ︵2018 — 2020 ᠣᠨ︶︾ ᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ  ᠤᠨ ᠡᠪ ᠬᠠᠮᠲᠤ ᠨᠠᠮ ᠤᠨ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶ᠎ᠠ ᠶᠢᠨ ᠠᠯᠪᠠᠨ ᠭᠡᠷ  ᠪᠡ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠵᠠᠰᠠᠭ ᠤᠨ ᠤᠷᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-06-06
                  ᠲᠠᠷᠬᠠᠨ ᠮᠤᠤᠮᠢᠩᠭᠠᠨ ᠨᠠᠮ ᠠᠯᠪᠠᠨ ᠲᠠᠷᠬᠠᠭᠠᠭᠰᠠᠨ ﹇2019﹈ 48 ᠳ᠋ᠤᠭᠠᠷ ᠲᠣᠭᠠᠲᠤ ᠡᠯ᠎ᠡ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠪᠠᠷᠠᠭᠤᠨ ᠠᠵᠤ ᠦᠶᠯᠡᠳᠪᠦᠷᠢ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠦᠪᠯᠡᠯ᠂ ᠬᠤᠰᠢᠭᠤᠨ ᠤ ᠡᠯ᠎ᠡ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠰᠢᠭᠤᠨ ᠳᠤ ᠰᠠᠭᠤᠭ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠳᠤ᠄      ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠤᠳᠤ ︽ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ︵2018 — 2020 ᠣᠨ︶︾ ᠢ ᠲᠠ ᠤᠯᠠᠨ ᠳᠤ ᠳᠠᠷᠤᠮᠠᠯᠯᠠᠨ ᠲᠠᠷᠬᠠᠭᠠᠯ᠎ᠡ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠬᠦ ᠪᠤᠯᠳᠤᠭᠠᠢ᠃      ᠣᠨᠴᠠᠭᠠᠶᠢᠯᠠᠨ ᠮᠡᠳᠡᠭᠳᠡᠪᠡ                                       2019 ᠣᠨ 5 ᠰᠠᠷ᠎ᠠ ᠶᠢᠨ 15 ᠤ ᠡᠳᠦᠷ      ︽ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ︵2018 — 2020 ᠣᠨ︶︾       ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠭᠤᠷᠪᠠᠨ ᠵᠢᠯ ᠤᠨ ᠠᠵᠢᠯᠯᠠᠭᠠᠨ ᠤ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ᠂ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠩᠭᠤᠢ ᠠᠬᠢᠭᠤᠯᠬᠤ ᠪᠠᠷ ᠭᠤᠣᠯᠳᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠪᠠ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠲᠠᠷᠢᠶᠠᠯᠠᠩ ᠮᠠᠯ ᠠᠵᠤ ᠠᠬᠤᠢ ᠪᠣᠯᠤᠨ ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠬᠦᠭᠡ ᠠᠭᠤᠯᠠ ᠬᠥᠬᠡᠮᠳᠦᠭ ᠤᠰᠤ ᠪᠣᠯ ᠠᠯᠳᠠᠨ ᠠᠭᠤᠯᠡ ᠮᠥᠩᠭᠦᠨ ᠬᠠᠶᠢᠷᠬᠠᠨ ᠪᠣᠯᠬᠤ ᠶᠢ ᠪᠠᠷᠢᠮᠲᠠᠯᠠᠵᠤ᠂ ᠥᠷᠭᠡᠨ ᠤᠯᠠᠨ ᠮᠠᠯᠴᠢᠨ ᠲᠠᠷᠢᠶᠠᠴᠢᠳ ᠤᠨ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠬᠦᠰᠡᠯ ᠡᠷᠡᠮᠡᠯᠵᠡᠯ ᠳᠤ ᠵᠤᠬᠢᠴᠠᠵᠦ᠂ ᠬᠤᠳᠠ ᠬᠥᠳᠡᠭᠡ ᠶᠢᠨ ᠬᠥᠭᠵᠢᠯᠲᠡ᠂ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠤᠬᠢᠲᠠᠢ ᠠᠶᠢᠯ ᠲᠣᠰᠬᠤᠨ ᠢ ᠪᠦᠲᠦᠭᠡᠨ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ᠂ ᠪᠣᠬᠢᠷ ᠤᠰᠤ ᠶᠢ ᠵᠠᠰᠠᠬᠤ ᠪᠠ ᠬᠦᠲᠡᠭᠡ ᠲᠣᠰᠬᠤᠨ ᠤ ᠲᠦᠷᠰᠦ ᠪᠠᠶᠢᠲᠡᠯ ᠢ ᠳᠡᠭᠡᠭᠰᠢᠯᠡᠭᠦᠯᠬᠦ ᠪᠠᠷ ᠭᠤᠣᠯ ᠰᠢᠪᠳᠤᠯᠬᠤ ᠴᠢᠭᠯᠡᠯ ᠪᠣᠯᠭᠠᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠡᠯ᠎ᠡ ᠵᠦᠶᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠲᠣᠪᠣᠶᠢᠮ᠎ᠠ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠦ ᠪᠠᠷ ᠪᠡᠶᠡᠯᠡᠭᠦᠯᠬᠦ︾  ᠶᠢᠨ ᠪᠤᠭᠤᠲᠤ ᠶᠢᠨ ᠬᠠᠭᠤᠳᠠᠰᠤ ᠶᠢᠨ ᠲᠠᠷᠬᠠᠨ ᠮᠤᠤᠮᠢᠩᠭᠠᠨ ᠤ ᠮᠦᠴᠡᠯᠭᠡ ᠶᠢ ᠴᠢᠷᠮᠠᠶᠢᠨ ᠪᠢᠴᠢᠭᠯᠡᠵᠦ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠪᠡᠶᠡᠯᠡᠭᠦᠯᠬᠦ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃      ︵ᠬᠤᠶᠠᠷ︶ ᠦᠨᠳᠦᠰᠦᠨ ᠵᠠᠷᠴᠢᠮ      — ᠭᠠᠵᠠᠷ ᠤᠷᠤᠨ ᠤ ᠪᠠᠶᠢᠲᠡᠯ ᠳᠤ ᠨᠢ ᠲᠤᠬᠢᠷᠠᠭᠤᠯᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠠᠳᠠᠯᠢ ᠪᠤᠰᠤ ᠣᠨᠴᠠᠯᠢᠭ ᠢ ᠨᠢ ᠦᠨᠳᠦᠰᠦᠯᠡᠨ᠂ ᠮᠠᠨ ᠤ ᠬᠤᠰᠢᠭᠤᠨ ᠤ ᠠᠶᠢᠯ ᠲᠣᠰᠬᠤᠨ ᠤ ᠦᠭᠡᠷᠡᠴᠢᠯᠡᠨ ᠰᠠᠶᠢᠵᠢᠷᠠᠭᠤᠯᠤᠯᠲᠡ ᠶᠢᠨ ᠣᠳᠣᠬᠢ ᠪᠠᠶᠢᠳᠠᠯ ᠪᠣᠯᠤᠨ ᠮᠠᠯᠴᠢᠨ ᠲᠠᠷᠢᠶᠠᠴᠢᠳ ᠤᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ ᠴᠡᠭᠴᠡᠯᠡᠨ ᠵᠠᠰᠠᠬᠤ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠦ᠂ ᠬᠦᠴᠦ ᠪᠠᠨ ᠲᠥᠪᠯᠡᠷᠡᠭᠦᠯᠦᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠴᠡᠪᠡᠷ ᠲᠡᠭᠰᠢ ᠡᠮᠬᠢ ᠵᠢᠷᠤᠮ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠠᠯᠭᠠᠰᠤᠨ ᠲᠣᠭᠤᠷᠢᠭ᠂ ᠵᠠᠮ ᠳᠠᠭᠠᠤ ᠲᠣᠰᠬᠤᠨ ᠪᠣᠯᠤᠨ ᠬᠥᠮᠥᠨ ᠠᠮᠠ ᠨᠡᠯᠢᠶᠡᠳ ᠠᠷᠪᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠴᠢᠨᠠᠬᠰᠢᠲᠡ ᠳᠡᠭᠡᠭᠰᠢᠯᠡᠭᠦᠯᠵᠦ᠂ ᠪᠤᠰᠤᠳ ᠭᠠᠴᠠᠭ᠎ᠠ ᠲᠣᠰᠬᠤᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ ᠦᠷᠭᠦᠯᠵᠢᠯᠡᠨ ᠠᠬᠢᠭᠤᠯᠵᠤ᠂ ᠨᠢᠭᠡ ᠯᠠ ᠠᠳᠠᠯᠢ ᠪᠠᠷ ᠱᠠᠭᠠᠷᠳᠠᠵᠤ ᠪᠣᠯᠬᠤ ᠥᠬᠡᠶ᠃ ᠣᠨᠳᠣᠣ ᠭᠠᠵᠠᠷ ᠲᠤ ᠨᠡᠭᠦᠯᠭᠡᠬᠦ ᠶᠢ ᠬᠡᠷᠡᠭᠵᠢᠭᠦᠯᠬᠦ ᠪᠠᠷ ᠲᠣᠭᠲᠠᠭᠠᠭᠰᠠᠨ ᠠᠶᠢᠯ ᠲᠣᠰᠬᠤᠨ᠂ ᠲᠣᠬᠢᠷᠠᠭᠤᠯᠤᠯᠲᠠ ᠬᠢᠬᠦ ᠪᠠᠷ ᠲᠦᠰᠦᠪᠯᠡᠭᠰᠡᠨ ᠬᠥᠨᠳᠡᠶ ᠲᠣᠰᠬᠤᠨ ᠵᠡᠷᠭᠡ ᠶᠢ ᠴᠡᠭᠴᠡᠯᠡᠨ ᠵᠠᠰᠠᠬᠤ ᠬᠡᠪᠴᠢᠶᠡᠨ ᠳᠤ ᠣᠷᠣᠭᠤᠯᠬᠤ ᠥᠬᠡᠶ᠃      — ᠤᠷᠢᠳᠠᠪᠠᠷ ᠲᠥᠯᠥᠪᠵᠢᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠨ᠎ᠠ᠃ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠦᠶᠯᠡᠳᠦᠯ ᠢ ᠪᠠᠳᠠᠷᠠᠭᠤᠯᠵᠤ᠂ ᠭᠠᠴᠠᠭ᠎ᠠ ᠲᠣᠰᠬᠤᠨ ᠤ ᠬᠥᠭᠵᠢᠯᠲᠡ ᠶᠢᠨ ᠬᠢᠷᠢ ᠲᠦᠪᠰᠢᠨ ᠪᠠ ᠰᠠᠭᠤᠷᠢ ᠨᠥᠬᠦᠴᠡᠯ ᠢ ᠦᠨᠳᠦᠰᠦᠯᠡᠨ᠂ ᠪᠦᠲᠦᠭᠡᠨ ᠪᠠᠶᠢᠭᠤᠯᠬᠤ ᠬᠠᠷᠠᠯᠲᠠ᠂ ᠴᠡᠭᠴᠡᠯᠡᠨ ᠵᠠᠰᠠᠬᠤ ᠡᠭᠦᠷᠭᠡ ᠪᠠ ᠲᠥᠷᠥᠯ ᠬᠤᠪᠢᠶᠠᠭᠰᠠᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠦᠲᠦᠭᠡᠨ ᠪᠠᠶᠢᠭᠤᠯᠤᠯᠲᠠ ᠶᠢᠨ ᠴᠠᠭ ᠤᠨ ᠳᠡᠰ ᠳᠠᠷᠠᠭᠠᠯᠠᠯ ᠢ ᠵᠦᠶ ᠵᠣᠬᠢᠰᠲᠠᠶ ᠲᠤᠬᠢᠷᠠᠭᠤᠯᠤᠨ᠂ ᠭᠠᠵᠠᠷ ᠣᠷᠣᠨ ᠤ ᠪᠣᠳᠠᠲᠤ ᠪᠠᠶᠢᠳᠠᠯ ᠳᠤ ᠨᠡᠶᠢᠴᠡᠬᠦ ᠠᠵᠢᠯ ᠤᠨ ᠠᠷᠭ᠎ᠠ ᠵᠠᠮ ᠪᠠ ᠮᠡᠷᠭᠡᠵᠢᠯ ᠤᠨ ᠵᠠᠭᠪᠤᠷ ᠢ ᠬᠡᠷᠡᠭᠯᠡᠵᠦ᠂ ᠳᠦᠷᠢ ᠲᠥᠷᠬᠦ ᠶᠢᠨ ᠢᠨᠵᠧᠨᠧᠷᠢᠩ᠂ ᠠᠵᠢᠯ ᠤᠨ ᠠᠮᠵᠢᠯᠲᠠ ᠶᠢᠨ ᠢᠨᠵᠧᠨᠧᠷᠢᠩ ᠢ ᠡᠷᠡᠰ ᠬᠤᠷᠢᠭᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠤᠯ ᠤᠨ ᠳᠦᠷᠰᠦ ᠪᠠᠶᠢᠳᠠᠯ ᠢ ᠬᠠᠮᠠᠭᠠᠯᠠᠬᠤ ᠶᠢ ᠴᠢᠬᠤᠯᠠᠴᠢᠯᠠᠵᠤ᠂ ᠣᠷᠣᠨ ᠨᠤᠲᠤᠭ ᠤᠨ ᠦᠨᠦᠷ ᠠᠮᠲᠠ ᠶᠢ ᠴᠢᠬᠤᠯᠠᠴᠢᠯᠠᠨ᠂ ᠣᠷᠣᠨ ᠪᠦᠰᠡ ᠶᠢᠨ ᠰᠣᠶᠣᠯ ᠤᠨ ᠡᠯᠧᠮᠧᠨ᠋ᠲ ᠤᠨ ᠲᠤᠭ ᠲᠡᠮᠳᠡᠭ ᠢ ᠴᠢᠩᠭᠠᠷᠠᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠᠷ ᠲᠠᠮᠵᠢᠨ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠲᠠᠰᠤᠷᠠᠯᠲᠠ ᠦᠭᠡᠢ ᠲᠤᠷᠰᠢᠯᠭ᠎ᠠ ᠬᠤᠷᠠᠮᠳᠤᠭᠤᠯᠵᠤ᠂ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠶ᠃      — ᠲᠤᠰᠬᠤᠨ ᠤ ᠠᠷᠠᠳ ᠢᠶᠠᠷ ᠭᠤᠣᠯ ᠴᠣᠭᠴᠠ ᠪᠣᠯᠭᠠᠵᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠤᠨ᠎ᠠ᠃ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠴᠡᠭᠴᠡᠯᠡᠨ ᠵᠠᠰᠠᠬᠤ ᠠᠵᠢᠯ ᠤᠨ ᠳᠡᠰ ᠳᠠᠷᠠᠭᠠᠯᠠᠯ ᠪᠠ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠨ᠎ᠠ᠃ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠬᠠᠮᠲᠤ ᠨᠠᠶᠢᠲᠡ᠂ ᠲᠣᠰᠬᠤᠨ ᠤ ᠠᠷᠠᠳ ᠵᠡᠷᠭᠡ ᠡᠯ᠎ᠡ ᠡᠲᠡᠭᠡᠳ ᠤᠨ ᠬᠢᠨ ᠤ ᠬᠠᠮᠲᠦ ᠪᠠᠷ ᠵᠥᠪᠳᠡᠯᠴᠡᠬᠦ᠂ ᠬᠠᠮᠲᠦ ᠪᠠᠷ ᠪᠠᠶᠢᠭᠤᠯᠬᠤ᠂ ᠬᠠᠮᠲᠦ ᠪᠠᠷ ᠬᠠᠮᠢᠶᠠᠷᠬᠤ᠂ ᠬᠠᠮᠲᠦ ᠪᠠᠷ ᠦᠨᠡᠯᠡᠬᠦ᠂ ᠬᠠᠮᠲᠦ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠲᠣᠰᠬᠤᠨ ᠤ ᠠᠷᠠᠳ ᠢ ᠳᠠᠶᠢᠴᠢᠯᠠᠨ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠳᠤ ᠣᠷᠣᠯᠴᠠᠭᠤᠯᠵᠤ᠂ ᠲᠣᠰᠬᠤᠨ ᠤ ᠠᠷᠠᠳ ᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠦᠶᠯᠡᠳᠦᠯ ᠢ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠤᠬᠠᠮᠰᠠᠷ ᠢ ᠴᠢᠩᠭᠠᠷᠠᠭᠤᠯᠤᠨ᠂ ᠮᠠᠯᠴᠢᠨ ᠲᠠᠷᠢᠶᠠᠴᠢᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠤᠬᠠᠮᠰᠠᠷ᠂ ᠢᠳᠡᠪᠬᠢᠵᠢᠯ᠂ ᠰᠠᠨᠠᠭᠠᠴᠢᠯᠠᠭ᠎ᠠ ᠶᠢ  ᠨᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠥᠰᠦᠯ ᠲᠤᠬᠳᠠᠭᠠᠨ᠂ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠪᠡᠯᠡ ᠮᠦᠩᠭᠦᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠩ ᠲᠤ ᠣᠷᠣᠯᠴᠠᠬᠤ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠬᠤ ᠭᠡᠷᠡᠭᠲᠠᠢ᠃      — ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠠᠵᠢᠯᠯᠠᠨ᠎ᠠ᠃ ᠤᠷᠢᠳᠠᠪᠠᠷ ᠲᠤᠬᠳᠠᠴᠠ ᠪᠠᠶᠢᠭᠤᠯᠬᠤ᠂ ᠰᠡᠭᠦᠯᠡᠷ ᠢᠨᠵᠧᠨᠧᠷᠢᠩ ᠪᠠᠶᠢᠭᠤᠯᠬᠤ ᠶᠢ ᠪᠠᠷᠢᠮᠲᠠᠯᠠᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ ᠪᠠ ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠠᠷᠭ᠎ᠠ ᠮᠠᠶ᠋ᠢᠭ ᠢ ᠵᠦᠢ ᠵᠣᠬᠢᠰᠲᠠᠶ ᠲᠣᠭᠲᠠᠭᠠᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠬᠡᠪᠴᠢᠶᠡᠵᠢᠭᠰᠡᠨ᠂ ᠲᠤᠰᠬᠠᠶᠢᠵᠢᠬᠰᠡᠨ᠂ ᠨᠡᠶᠢᠭᠡᠮᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠬᠠᠶᠢᠨ ᠰᠦᠪᠡᠭᠴᠢᠯᠡᠵᠦ᠂ ᠡᠯ᠎ᠡ ᠲᠥᠷᠥᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠬᠳᠠᠬᠤ ᠪᠡ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠳᠤᠯᠠᠬᠤ ᠬᠡᠷᠡᠭᠲᠠᠢ᠃      — ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠦ᠂ ᠨᠡᠶᠢᠯᠡᠯ ᠬᠦᠴᠦᠨ ᠢ ᠪᠦᠷᠢᠯᠳᠦᠭᠦᠯᠦᠨ᠎ᠡ᠃ ︽ᠮᠤᠵᠢ ᠠᠴᠠ ᠶᠡᠷᠦᠩᠬᠡᠶ ᠬᠠᠷᠢᠭᠤᠴᠠᠵᠦ᠂ ᠰᠢᠶᠠᠨ ᠠᠴᠠ ᠨᠠᠶᠢᠳᠠᠪᠦᠷᠢᠵᠢᠭᠤᠯᠬᠤ︾ ᠱᠠᠭᠠᠷᠳᠠᠯᠭ᠎ᠠ ᠶᠣᠰᠣᠭᠠᠷ᠂ ᠬᠤᠰᠢᠭᠤ ᠰᠢᠶᠠᠩ ᠬᠤᠶᠠᠷ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠪᠠᠶᠡᠲᠦ ᠴᠣᠭᠴᠠ ᠶᠢᠨ ᠬᠠᠷᠢᠭᠤᠴᠠᠯᠭ᠎ᠠ ᠪᠠᠨ ᠬᠡᠷᠡᠭᠵᠢᠭᠦᠯᠬᠦ ᠶᠢ ᠦᠨᠡᠨ ᠬᠦ ᠰᠠᠶᠢᠲᠤᠷ ᠭᠦᠶᠴᠡᠳᠬᠡᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠢᠨᠠᠯᠲᠠ ᠲᠠᠯᠪᠢᠵᠤ ᠰᠢᠯᠭᠠᠨ ᠦᠨᠡᠯᠡᠵᠦ ᠵᠣᠷᠢᠭᠵᠢᠭᠤᠯᠬᠤ ᠶᠢ ᠴᠢᠩᠭᠠᠳᠬᠠᠨ᠂ ᠲᠡᠭᠡᠲᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ  ᠬᠠᠷᠢᠯᠴᠠᠨ ᠬᠠᠮᠵᠢᠯᠴᠠᠬᠤ᠂ ᠥᠨᠳᠥᠷ ᠪᠦᠲᠦᠮᠵᠢᠲᠡᠶ ᠪᠠᠷ ᠠᠵᠢᠯ ᠢ ᠠᠬᠢᠭᠤᠯᠬᠤ ᠲᠣᠭᠲᠠᠴᠠ ᠶᠢ ᠪᠤᠢ ᠪᠣᠯᠭᠠᠬᠤ ᠬᠡᠷᠡᠭᠲᠡᠶ᠃      ︵ᠭᠤᠷᠪᠠ︶ ᠠᠵᠢᠯᠯᠠᠭᠠᠨ ᠤ ᠬᠠᠷᠠᠯᠲᠠ      2018 ᠣᠨ ᠳᠤ ᠲᠤᠷᠰᠢᠯᠲᠠ ᠶᠢᠨ ᠴᠡᠭ ᠢ ᠡᠬᠢᠯᠡᠭᠦᠯᠵᠦ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠨ ᠳᠠᠭᠤᠰᠬᠠᠵᠤ᠂ ᠬᠡᠰᠡᠭ ᠪᠠᠶᠢᠭᠤᠯᠤᠮᠵᠢᠲᠦ ᠪᠠᠯᠭᠠᠰᠤ ᠶᠢᠨ ᠪᠠᠯᠭᠠᠰᠤᠨ ᠲᠣᠭᠤᠷᠢᠭ᠂ ᠲᠠᠷᠢᠶᠠᠯᠠᠬᠤ ᠣᠷᠣᠨ ᠤ ᠵᠠᠰᠠᠭ ᠵᠠᠬᠢᠷᠭᠠᠨ ᠤ ᠲᠣᠰᠬᠤᠨ᠂ ᠮᠠᠯᠵᠢᠬᠤ ᠣᠷᠣᠨ ᠤ ᠭᠠᠴᠠᠭ᠎ᠠ ᠶᠢ ᠰᠣᠩᠭᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ 70% ᠶᠢᠨ ᠠᠶᠢᠯ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃      2019 ᠣᠨ ᠳᠤ ᠪᠥᠬᠦ ᠲᠠᠯ᠎ᠠ ᠪᠠᠷ ᠳᠡᠯᠭᠡᠷᠡᠭᠦᠯᠵᠦ᠂ ᠲᠤᠷᠰᠢᠯᠲᠠ ᠶᠢᠨ ᠴᠡᠭ ᠪᠤᠯᠤᠭᠰᠡᠨ ᠲᠣᠰᠬᠤᠨ ᠪᠠᠯᠭᠠᠰᠤ ᠶᠢᠨ ᠲᠤᠷᠰᠢᠯᠭ᠎ᠠ ᠶᠢ ᠳ᠋ᠦᠩᠨᠡᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠦ᠂ 80% ᠶᠢᠨ ᠠᠶᠢᠯ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃      2020 ᠣᠨ ᠳᠤ ᠲᠣᠭᠲᠠᠴᠠ ᠶᠢ ᠪᠦᠷᠢᠯᠳᠦᠭᠦᠯᠵᠦ᠂ 90% ᠶᠢᠨ ᠠᠶᠢᠯ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠠᠶᠢᠯ ᠲᠣᠰᠬᠤᠨ ᠤ ᠣᠷᠴᠢᠨ ᠲᠣᠭᠤᠷᠢᠨ  ᠢ ᠦᠨᠳᠦᠰᠦᠨ ᠳᠡᠭᠡᠨ ᠴᠡᠪᠡᠷ ᠲᠡᠭᠰᠢ ᠡᠮᠬᠢ ᠳᠢᠭᠯᠢᠮ ᠲᠠᠢ ᠪᠣᠯᠭᠠᠵᠤ᠂ ᠲᠣᠰᠬᠤᠨ ᠤ ᠠᠷᠠᠳ ᠤᠨ ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠤᠬᠠᠮᠰᠠᠷ ᠢ ᠨᠡᠶᠢᠳᠡᠮ ᠳᠤ ᠨᠢ ᠳᠡᠭᠡᠭᠰᠢᠯᠡᠭᠦᠯᠦᠨ᠎ᠡ᠃      ᠰᠢᠪᠡᠷᠬᠦ᠋ᠷᠢᠶ᠎ᠡ ᠪᠠᠯᠭᠠᠰᠤ᠂ ᠰᠢᠷᠠᠮᠥ᠋ᠷᠡᠨ ᠪᠠᠯᠭᠠᠰᠤ᠂ ᠮᠠᠨᠳᠤᠯ ᠪᠠᠯᠭᠠᠰᠤ᠂ ᠦᠬᠡᠷᠬᠤᠳᠳᠤᠭ ᠪᠠᠯᠭᠠᠰᠤ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢᠲᠦ ᠪᠠᠯᠭᠠᠰᠤ ᠶᠢᠨ ᠪᠠᠯᠭᠠᠰᠤᠨ ᠲᠣᠭᠤᠷᠢᠭ᠂ ᠪᠠᠲᠤᠬᠠᠭᠠᠯᠭ᠎ᠠ ᠶᠢᠨ ᠲᠦᠪ ᠪᠠᠯᠭᠠᠰᠤ  ᠶᠢᠨ ᠤᠶᠢᠷ᠎ᠡ ᠲᠦᠰᠦᠷ ᠤᠨ 20 ᠺᠢᠯᠤᠮᠧᠲᠷ ᠤᠨ ᠬᠡᠪᠴᠢᠶᠡᠨ ᠳᠠᠬᠢ ᠠᠶᠢᠯ ᠲᠣᠰᠬᠤᠨ ᠵᠢᠴᠢ ᠭᠤᠣᠯ ᠪᠣᠯᠬᠤ ᠵᠢᠭᠤᠯᠴᠢᠯᠠᠯ ᠤᠨ ᠦᠵᠡᠮᠵᠢ ᠶᠢᠨ ᠭᠠᠵᠠᠷ ᠵᠡᠷᠭᠡ ᠲᠦᠭᠦᠭᠡᠷᠦᠮᠵᠢ ᠶᠢᠨ ᠰᠠᠭᠤᠷᠢ ᠨᠢ ᠨᠡᠯᠢᠶᠡᠳ ᠰᠠᠶᠢᠨ᠂ ᠨᠥᠬᠦᠴᠡᠯ ᠦᠨᠳᠦᠰᠦᠨ ᠳᠡᠭᠡᠨ ᠪᠦᠷᠢᠲᠦᠭᠰᠡᠨ᠂ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠨᠢ ᠨᠠᠯᠢᠶᠠᠳ ᠲᠡᠭᠡᠭᠰᠢᠯᠡᠭᠰᠡᠨ ᠭᠠᠵᠠᠷ ᠤᠷᠤᠨ ᠤ 90% ᠣᠷᠴᠢᠮ ᠤᠨ ᠠᠶᠢᠯ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠢ ᠴᠢᠷᠮᠠᠶᠢᠨ ᠪᠡᠶᠡᠯᠡᠭᠦᠯᠵᠦ᠂ ᠠᠷᠢᠭᠤᠨ ᠴᠡᠪᠡᠷ ᠤᠨ ᠵᠣᠷᠯᠣᠩ ᠤᠨ ᠲᠦᠭᠡᠮᠡᠯᠵᠢᠬᠦ ᠨᠤᠷᠮ᠎ᠡ ᠶᠢ 85% ᠣᠷᠴᠢᠮ ᠲᠤ ᠬᠦᠷᠭᠡᠵᠦ᠂ ᠠᠮᠢᠳᠤᠷᠠᠯ ᠤᠨ ᠪᠣᠬᠢᠷ ᠤᠰᠤ ᠶᠢ ᠳᠤᠷ᠎ᠠ ᠪᠠᠷ ᠭᠠᠳᠠᠬᠰᠢᠯᠠᠭᠤᠯᠬᠤ ᠪᠠᠶᠢᠲᠡᠯ ᠢ ᠬᠠᠮᠢᠶᠠᠷᠤᠨ ᠡᠵᠡᠮᠳᠠᠵᠦ᠂ ᠠᠶᠢᠯ ᠲᠤᠰᠬᠤᠨ ᠤ ᠵᠠᠮ ᠨᠡᠪᠲᠡᠷᠡᠯᠴᠡᠭᠡ ᠶᠢᠨ ᠨᠦᠬᠦᠴᠡᠯ ᠢ ᠢᠯᠡᠳᠲᠡ ᠰᠠᠶᠢᠵᠢᠷᠠᠭᠤᠯᠤᠨ᠎ᠡ᠃      ᠪᠤᠰᠤᠳ ᠪᠠᠶᠢᠢᠭᠤᠯᠤᠮᠵᠢᠳᠤ ᠪᠠᠯᠭᠠᠰᠤ ᠶᠢᠨ ᠪᠠᠯᠭᠠᠰᠤᠨ ᠲᠣᠭᠤᠷᠢᠭ ᠵᠢᠴᠢ ᠵᠠᠰᠠᠮᠠᠯ ᠵᠠᠮ ᠳᠠᠭᠠᠤ ᠰᠠᠭᠤᠷᠢ ᠪᠠᠷ ᠨᠡᠯᠢᠶᠡᠳ ᠰᠠᠶᠢᠨ᠂ ᠨᠥᠬᠦᠴᠡᠯ ᠦᠨᠳᠦᠰᠦᠨ ᠳᠡᠭᠡᠨ ᠪᠦᠷᠢᠳᠦᠭᠰᠡᠨ᠂ ᠤᠷᠤᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠨᠢ ᠨᠠᠯᠢᠶᠠᠳ ᠰᠠᠶᠢᠵᠢᠷᠠᠭᠰᠡᠨ ᠠᠶᠢᠯ ᠲᠤᠰᠬᠤᠨ ᠤ ᠠᠮᠢᠳᠤᠷᠠᠯ ᠤᠨ ᠬᠤᠭ ᠨᠣᠪᠰᠢ ᠶᠢ ᠲᠤᠬᠳᠠᠮᠠᠯ ᠬᠤᠭᠤᠴᠠᠭ᠎ᠠ ᠲᠠᠢ ᠪᠠᠷ ᠴᠡᠪᠡᠷᠯᠡᠨ ᠵᠦᠭᠡᠭᠡᠪᠦᠷᠢᠯᠡᠬᠦᠤ᠋᠂ ᠤᠯᠠᠨ ᠨᠡᠶᠢᠲᠡ ᠶᠢᠨ ᠵᠣᠷᠯᠣᠩ ᠢ ᠲᠤᠬᠳᠠᠮᠠᠯ ᠬᠤᠭᠤᠴᠠᠭ᠎ᠠ ᠲᠠᠢ ᠪᠠᠷ ᠴᠡᠪᠡᠷᠯᠡᠬᠦ ᠶᠢ ᠴᠢᠷᠮᠠᠶᠢᠨ ᠪᠡᠶᠡᠯᠡᠭᠦᠯᠵᠦ᠂ ᠠᠮᠢᠳᠤᠷᠠᠯ ᠤᠨ ᠪᠣᠬᠢᠷ ᠤᠰᠤ ᠶᠢ ᠳᠤᠷ᠎ᠠ ᠪᠠᠷ ᠭᠠᠳᠠᠭᠰᠢᠯᠠᠭᠤᠯᠬᠤ ᠶᠢ ᠬᠠᠮᠢᠶᠠᠷᠤᠨ ᠡᠵᠡᠮᠳᠡᠵᠦ᠂ ᠠᠶᠢᠯ ᠲᠣᠰᠬᠤᠨ ᠤ ᠵᠠᠮ ᠨᠡᠪᠲᠡᠷᠡᠯᠴᠡᠭᠡ ᠶᠢᠨ ᠨᠥᠬᠦᠴᠡᠯ ᠢᠯᠡᠳᠲᠡ ᠰᠠᠶᠢᠵᠢᠷᠠᠪᠡ᠃      ᠪᠤᠶᠢᠲᠡ ᠪᠥᠭᠯᠡᠭᠦᠦ᠂ ᠨᠥᠬᠦᠴᠡᠯ ᠬᠤᠴᠣᠷᠤᠩᠭᠤᠢ᠂ ᠵᠠᠮ ᠬᠠᠷᠢᠯᠴᠠᠭ᠎ᠠ ᠳᠥᠭᠦᠮ ᠦᠭᠡᠢ ᠵᠢᠴᠢ ᠣᠨᠴᠠ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠨᠢ ᠮᠠᠯᠴᠢᠨ ᠲᠠᠷᠢᠶᠠᠴᠢᠨ ᠤ ᠦᠨᠳᠦᠰᠦᠨ ᠠᠮᠢᠳᠤᠷᠠᠯ ᠤᠨ ᠨᠥᠬᠦᠴᠡᠯ ᠢ ᠤᠷᠢᠲᠡᠪᠡᠷ ᠪᠠᠲᠤᠯᠠᠭᠰᠠᠨ ᠰᠠᠭᠤᠷᠢᠨ ᠳᠡᠭᠡᠷ᠎ᠡ᠂ ᠣᠷᠣᠰᠢᠨ ᠰᠠᠭᠤᠬᠤ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠦᠨᠳᠦᠰᠦᠨ ᠱᠠᠭᠠᠷᠳᠠᠯᠭ᠎ᠠ ᠶᠢ ᠪᠡᠶᠡᠯᠡᠭᠦᠯᠦᠨ᠎ᠡ᠃      ᠬᠤᠶᠠᠷ᠂ ᠭᠤᠤᠯᠳᠠᠯᠭ᠎ᠠ ᠲᠠᠢ ᠡᠭᠦᠷᠭᠡ      ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠨ᠎ᠡ ︵ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠦᠷᠦᠭᠦᠯᠡᠨ᠂ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ  ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠬᠠᠨ ᠮᠤᠤᠮᠢᠩᠭᠠᠨ ᠬᠤᠰᠢᠭᠤᠨ ᠤ ᠬᠤᠪᠢᠶᠠᠷᠢ ᠲᠣᠪᠴᠢᠶ᠎ᠠ᠂ ᠡᠭᠡ ᠤᠷᠤᠨᠴᠢ ᠡᠷᠡᠭᠦᠯ ᠬᠠᠮᠠᠭᠠᠯᠠᠯ ᠤᠨ ᠠᠯᠪᠠᠨ ᠭᠡᠷ ᠬᠠᠮᠵᠢᠯᠴᠠᠨ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︶      ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠰᠢᠨᠵᠢᠯᠡᠬᠦ ᠤᠬᠠᠭᠠᠨᠴᠢ ᠨᠤᠲᠠᠯᠠᠯᠲᠠ ᠬᠢᠭᠰᠡᠨ ᠰᠠᠭᠤᠷᠢᠨ ᠳᠡᠭᠡᠷ᠎ᠡ᠂ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠪᠠᠶᠢᠷᠢᠰᠢᠯ ᠢ ᠵᠦᠶ ᠵᠣᠬᠢᠰᠲᠠᠶ ᠲᠣᠭᠲᠠᠭᠠᠵᠤ᠂ ᠭᠤᠤᠯ ᠲᠣᠰᠬᠤᠨ᠂ ᠲᠡᠤᠬᠡ ᠰᠣᠶᠣᠯ ᠤᠨ ᠲᠣᠰᠬᠤᠨ᠂ ᠡᠩ ᠤᠨ ᠲᠣᠰᠬᠤᠨ᠂ ᠬᠥᠨᠳᠡᠶ ᠲᠣᠰᠬᠤᠨ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠥᠷᠥᠯ ᠬᠤᠪᠢᠶᠠᠨ ᠲᠣᠭᠲᠠᠭᠠᠵᠤ᠂ ᠲᠥᠯᠥᠪᠵᠢᠭᠦᠯᠭᠡ ᠶᠢᠨ ᠤᠷᠢᠳᠤᠴᠢ ᠴᠢᠨᠠᠷ ᠪᠠ ᠬᠢᠵᠠᠭᠠᠷᠯᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠬᠠᠨ ᠮᠤᠤᠮᠢᠩᠭᠠᠨ ᠬᠤᠰᠢᠭᠤᠨ ᠤ ᠬᠤᠪᠢᠶᠠᠷᠢ ᠲᠣᠪᠴᠢᠶ᠎ᠠ᠂ ᠡᠭᠡ ᠤᠷᠤᠨᠴᠢ ᠡᠷᠡᠭᠦᠯ ᠬᠠᠮᠠᠭᠠᠯᠠᠯ ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠤᠭ ᠨᠣᠪᠰᠢ ᠪᠠ ᠪᠣᠬᠢᠷ ᠤᠰᠤ ᠶᠢ ᠰᠢᠶᠳᠪᠦᠷᠢᠯᠡᠬᠦ᠂ ᠵᠣᠷᠯᠣᠩ ᠤᠨ ᠬᠤᠪᠢᠰᠬᠠᠯ᠂ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠤᠶᠤ ᠵᠠᠰᠠᠨ ᠨᠠᠶᠢᠷᠠᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠤᠯᠠᠰᠢᠯᠠᠬᠤ ᠲᠠᠯᠠᠪᠠᠢ᠂ ᠪᠣᠬᠢᠷ ᠤᠰᠤ ᠰᠢᠢᠳᠪᠦᠷᠢᠯᠡᠬᠦ ᠲᠦᠭᠦᠭᠡᠷᠦᠮᠵᠢ ᠵᠢᠴᠢ ᠬᠠᠭᠤᠷᠠᠢ ᠵᠣᠷᠯᠣᠩ ᠪᠣᠯᠤᠨ ᠠᠷᠢᠭᠤᠨ ᠴᠡᠪᠡᠷ ᠤᠨ ᠵᠣᠷᠯᠣᠩ ᠤᠨ ᠪᠠᠶᠢᠷᠢᠯᠠᠭᠤᠯᠤᠯᠲᠡ ᠶᠢ ᠵᠦᠢ ᠵᠣᠬᠢᠰᠲᠠᠢ ᠲᠣᠭᠲᠠᠭᠠᠵᠤ᠂ ᠪᠥᠬᠦ ᠬᠤᠰᠢᠭᠤᠨ ᠤ ᠭᠠᠵᠠᠷ ᠰᠢᠷᠣᠢ ᠶᠢ ᠠᠰᠢᠬᠯᠠᠬᠤ ᠶᠡᠷᠦᠩᠬᠡᠢ ᠲᠦᠯᠦᠪᠵᠢᠭᠦᠯᠭᠡ᠂ ᠭᠠᠵᠠᠷ ᠰᠢᠷᠣᠢ ᠶᠢ ᠴᠡᠭᠴᠡᠯᠡᠨ ᠵᠠᠰᠠᠬᠤ ᠲᠦᠯᠦᠪᠵᠢᠭᠦᠯᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠯᠦᠪᠵᠢᠭᠦᠯᠭᠡ᠂ ᠰᠤᠮᠤ ᠰᠢᠶᠠᠩ ᠪᠠᠯᠭᠠᠰᠤ ᠶᠢᠨ ᠭᠠᠵᠠᠷ ᠰᠢᠷᠣᠢ ᠶᠢ ᠠᠰᠢᠭᠯᠠᠬᠤ ᠲᠦᠯᠦᠪᠵᠢᠭᠦᠯᠭᠡ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠵᠡᠷᠭᠡ ᠲᠠᠢ ᠭᠦᠢᠴᠡᠳ ᠵᠣᠯᠭᠠᠭᠤᠯᠵᠤ᠂ ᠤᠯᠠᠨ ᠲᠥᠯᠥᠪᠵᠢᠭᠦᠯᠭᠡ ᠶᠢ ᠨᠢᠭᠡ ᠪᠤᠯᠭᠠᠬᠤ ᠶᠢ ᠵᠣᠷᠢᠭᠵᠢᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ᠬᠡᠷᠡᠭᠯᠡᠭᠡᠨ ᠤ ᠴᠢᠨᠠᠷᠲᠠᠶ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠯᠬᠢᠨ ᠠᠬᠢᠭᠤᠯᠵᠤ᠂ ᠣᠷᠣᠨ ᠰᠠᠭᠤᠴᠠ ᠶᠢ ᠲᠥᠯᠥᠪᠵᠢᠭᠦᠯᠦᠨ ᠬᠠᠮᠢᠶᠠᠷᠬᠤ᠂ ᠦᠶᠯᠡᠳᠪᠦᠷᠢᠯᠡᠯ ᠠᠮᠢᠳᠤᠷᠠᠯ ᠤᠨ ᠣᠷᠣᠨ ᠵᠠᠶ ᠶᠢ ᠵᠣᠬᠢᠰᠲᠠᠶ ᠰᠠᠯᠭᠠᠬᠤ ᠶᠢ ᠪᠡᠶᠡᠯᠡᠭᠦᠯᠦᠨ᠂ ᠠᠶᠢᠯ ᠲᠣᠰᠬᠤᠨ ᠤ ᠴᠢᠳᠠᠮᠵᠢ ᠶᠢᠨ ᠪᠠᠶᠢᠷᠢᠯᠠᠭᠤᠯᠤᠯᠲᠡ ᠶᠢ ᠰᠢᠯᠢᠳᠡᠭᠵᠢᠭᠦᠯᠵᠦ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠦᠨᠳᠦᠰᠦᠨ ᠳᠡᠭᠡᠨ ᠪᠦᠷᠬᠦᠭᠦᠯᠬᠦ ᠶᠢ ᠪᠡᠶᠡᠯᠡᠭᠦᠯᠦᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠵᠥᠪᠯᠡᠯ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠳᠤᠭᠤᠶᠢᠯᠠᠩ ᠢ ᠵᠤᠬᠢᠶᠠᠨ ᠪᠠᠶᠢᠭᠤᠯᠵᠤ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠤᠳᠤᠷᠢᠳᠬᠤ᠂ ᠭᠠᠴᠠᠭ᠎ᠠ ᠲᠣᠰᠬᠤᠨ ᠤ ᠵᠥᠪᠯᠡᠯ ᠪᠠᠶᠠᠲᠦ ᠴᠣᠭᠴᠠ ᠶᠢᠨ ᠦᠢᠯᠡᠳᠦᠯ ᠦᠵᠡᠭᠦᠯᠬᠦ᠂ ᠮᠡᠷᠭᠡᠵᠢᠯ ᠤᠨ ᠪᠠᠶᠢᠭᠤᠯᠭ᠎ᠠ ᠵᠢᠯᠤᠭᠤᠳᠤᠯᠭ᠎ᠠ ᠬᠠᠩᠭᠠᠬᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠣᠭᠲᠠᠴᠠ ᠶᠢ ᠪᠣᠶ ᠪᠤᠯᠭᠠᠨ᠎ᠡ᠃ ᠠᠶᠢᠯ ᠲᠣᠰᠬᠤᠨ ᠤ ᠲᠥᠯᠥᠪᠵᠢᠭᠦᠯᠭᠡ ᠶᠢᠨ ᠭᠤᠤᠯ ᠠᠭᠤᠯᠭ᠎ᠠ ᠶᠢ ᠲᠤᠰᠬᠤᠨ ᠤ ᠲᠣᠭᠲᠠᠭᠠᠯ ᠠᠷᠠᠳ ᠤᠨ ᠭᠡᠷ᠎ᠡ ᠳᠤ ᠣᠷᠣᠭᠤᠯᠬᠤ ᠬᠡᠷᠡᠭᠲᠡᠶ᠃ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠪᠤᠰᠤ ᠪᠠᠷ ᠭᠠᠵᠠᠷ ᠬᠡᠷᠡᠭᠯᠡᠬᠦ ᠪᠠ ᠪᠦᠲᠦᠭᠡᠨ ᠪᠠᠶᠢᠭᠤᠯᠬᠤ ᠶᠢ ᠪᠠᠶᠢᠴᠠᠭᠠᠨ ᠰᠢᠶᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠶᠢ ᠠᠬᠢᠭᠤᠯᠤᠨ᠎ᠠ ︵ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠲᠦᠷᠦᠭᠦᠯᠡᠨ᠂ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠬᠠᠨ ᠮᠤᠤᠮᠢᠩᠭᠠᠨ ᠬᠤᠰᠢᠭᠤᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︶᠃      1. ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠤᠬᠯᠠᠭᠤᠯᠤᠨ ᠵᠦᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮ ᠢ ᠪᠠᠶᠢᠭᠤᠯᠤᠨ᠎ᠠ᠃ ᠪᠠᠲᠤᠬᠠᠭᠠᠯᠭ᠎ᠠ ᠶᠢᠨ ᠲᠥᠪ ᠪᠠᠯᠭᠠᠰᠤ ᠳᠤ ᠬᠠᠷᠢᠶᠠᠯᠠᠬᠳᠠᠬᠤ ᠭᠠᠴᠠᠭ᠎ᠠ ᠲᠣᠰᠬᠤᠨ ᠳᠤ ︽ᠲᠠᠷᠢᠶᠠᠯᠠᠬᠤ ᠮᠠᠯᠵᠢᠬᠤ ᠡᠷᠦᠬᠡ ᠴᠤᠭᠯᠠᠭᠤᠯᠬᠤ᠂ ᠭᠠᠴᠠᠭ᠎ᠠ ᠲᠣᠰᠬᠤᠨ ᠬᠤᠷᠢᠶᠠᠬᠤ᠂ ᠪᠠᠯᠭᠠᠰᠤᠨ  ᠠᠴᠠ ᠰᠢᠯᠵᠢᠭᠦᠯᠦᠨ ᠵᠦᠭᠡᠭᠡᠪᠦᠷᠢᠯᠡᠬᠦ᠂ ᠬᠤᠰᠢᠭᠤᠨ ᠠᠴᠠ ᠰᠢᠢᠳᠪᠦᠷᠢᠯᠡᠬᠦ︾ ᠬᠤᠳᠠ ᠬᠥᠳᠡᠭᠡ ᠶᠢ ᠨᠢᠭᠡ ᠴᠣᠭᠴᠠᠵᠢᠭᠤᠯᠤᠨ ᠵᠠᠰᠠᠬᠤ ᠵᠠᠭᠪᠤᠷ ᠢ ᠬᠡᠷᠡᠭᠵᠢᠭᠦᠯᠦᠨ᠎ᠡ᠃ ᠪᠤᠰᠤᠳ ᠪᠠᠶᠢᠢᠭᠤᠯᠤᠮᠵᠢᠳᠤ ᠰᠤᠮᠤ ᠰᠢᠶᠠᠩ ᠪᠠᠯᠭᠠᠰᠤ ᠳᠤ ᠬᠠᠷᠢᠶᠠᠯᠠᠭᠳᠠᠬᠤ ᠭᠠᠴᠠᠭ᠎ᠠ ᠲᠣᠰᠬᠤᠨ ᠤ ᠳᠤᠭᠤᠶᠢᠯᠠᠩ ᠳᠤ ︽ᠲᠠᠷᠢᠶᠠᠯᠠᠬᠤ ᠮᠠᠯᠵᠢᠬᠤ ᠡᠷᠦᠬᠡ ᠴᠤᠭᠯᠠᠭᠤᠯᠬᠤ᠂ ᠭᠠᠴᠠᠭ᠎ᠠ ᠲᠣᠰᠬᠤᠨ ᠬᠤᠷᠢᠶᠠᠬᠤ᠂ ᠰᠤᠮᠤ ᠰᠢᠶᠠᠩ ᠪᠠᠯᠭᠠᠰᠤᠨ ᠠᠴᠠ ᠰᠢᠯᠵᠢᠭᠦᠯᠦᠨ ᠵᠦᠭᠡᠭᠡᠪᠦᠷᠢᠯᠡᠬᠦ᠂ ᠬᠡᠰᠡᠭ ᠬᠤᠪᠢᠶᠠᠨ ᠬᠠᠳᠠᠭᠠᠯᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠭᠠᠳᠠᠭᠰᠢ ᠲᠡᠭᠡᠭᠡᠪᠦᠷᠢᠯᠡᠨ ᠰᠢᠢᠳᠪᠦᠷᠢᠯᠡᠬᠦ︾ ᠵᠠᠰᠠᠯᠲᠠ  ᠶᠢᠨ ᠵᠠᠭᠪᠤᠷ ᠢ ᠠᠪᠬᠤ ᠬᠡᠷᠡᠭᠲᠡᠢ᠃ ᠲᠣᠰᠬᠤᠨ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠤᠨ ᠰᠢᠢᠳᠪᠦᠷᠢᠯᠡᠬᠦ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠤᠭ ᠨᠣᠪᠰᠢ ᠶᠢᠨ ᠭᠡᠷ᠂ ᠬᠤᠭ ᠨᠣᠪᠰᠢ ᠶᠢᠨ ᠴᠦᠭᠦᠷᠦᠮ ᠢ ᠭᠤᠣᠯᠳᠠᠯᠭ᠎ᠠ ᠲᠠᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ 10 — 15 ᠡᠷᠦᠬᠡ ᠪᠦᠷᠢ ᠳᠤ ᠨᠢᠭᠡ ᠲᠥᠷᠥᠯ ᠬᠤᠪᠢᠶᠠᠨ ᠬᠤᠷᠢᠶᠠᠬᠤ ᠬᠤᠭ ᠨᠤᠪᠰᠢ ᠶᠢᠨ ᠬᠠᠶᠢᠷᠴᠠᠭ ᠢ ᠲᠣᠬᠢᠷᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠤᠬᠠᠢ ᠶᠢᠨ ᠭᠠᠵᠠᠷ ᠲᠤᠨᠢ ᠲᠥᠷᠥᠯ ᠬᠤᠪᠢᠶᠠᠬᠤ᠂ ᠬᠡᠮᠵᠢᠶ᠎ᠡ ᠶᠢ ᠨᠢ ᠪᠠᠭᠠᠰᠬᠠᠬᠤ᠂ ᠳᠠᠬᠢᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠲᠤᠰᠬᠤᠨ ᠤ ᠠᠷᠠᠳ ᠤᠨ ᠥᠪᠡᠷᠲᠡᠭᠡᠨ ᠬᠤᠭ ᠨᠣᠪᠰᠢ ᠬᠤᠷᠢᠶᠠᠬᠤ ᠰᠠᠪᠠ ᠪᠡᠯᠡᠳᠬᠡᠬᠦ ᠶᠢ ᠵᠣᠷᠢᠭᠵᠢᠭᠤᠯᠤᠨ᠎ᠠ᠃ ᠰᠢᠯᠵᠢᠭᠦᠯᠦᠨ ᠵᠦᠭᠡᠭᠡᠪᠦᠷᠢᠯᠡᠬᠦ ᠶᠢ ᠬᠠᠷᠢᠭᠤᠴᠠᠵᠤ ᠪᠠᠶᠢᠭ᠎ᠠ ᠰᠤᠮᠤ ᠰᠢᠶᠠᠩ ᠪᠠᠯᠭᠠᠰᠤ ᠠᠳᠠᠭ ᠲᠠᠭᠠᠨ 1 ᠬᠤᠭ ᠨᠣᠪᠰᠢ ᠶᠢ ᠰᠢᠯᠵᠢᠭᠦᠯᠦᠨ ᠵᠦᠭᠡᠭᠡᠪᠦᠷᠢᠯᠡᠬᠦ ᠥᠷᠲᠡᠭᠡ ᠪᠠᠶᠢᠭᠤᠯᠵᠤ᠂ ᠬᠤᠭ ᠨᠣᠪᠰᠢ ᠶᠢ ᠴᠡᠪᠡᠷᠯᠡᠨ ᠵᠦᠭᠡᠭᠡᠪᠦᠷᠢᠯᠡᠬᠦ ᠱᠠᠭᠠᠷᠳᠠᠯᠭ᠎ᠠ ᠶᠢ ᠬᠠᠩᠭᠠᠭᠰᠠᠨ ᠤᠷᠢᠲᠠᠯ ᠳᠣᠣᠷ᠎ᠠ᠂ ᠬᠥᠷᠰᠢ ᠵᠡᠷᠭᠡᠯᠡᠳᠡᠭᠡ ᠰᠤᠮᠤ ᠰᠢᠶᠠᠩ ᠪᠠᠯᠭᠠᠰᠤ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠵᠦ ᠪᠣᠯᠤᠨ᠎ᠠ᠃ ᠰᠢᠯᠵᠢᠭᠦᠯᠦᠨ ᠵᠦᠭᠡᠭᠡᠪᠦᠷᠢᠯᠡᠬᠦ ᠲᠦᠭᠦᠭᠡᠷᠦᠮᠵᠢ ᠬᠢᠭᠡᠳ ᠣᠷᠴᠢᠨ ᠬᠠᠮᠠᠭᠠᠯᠠᠯᠲᠠ ᠶᠢᠨ ᠮᠠᠰᠢᠨ ᠪᠠᠭᠠᠵᠢ ᠶᠢᠨ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠠᠯᠭᠤᠷ ᠢᠶᠠᠷ ᠳᠡᠭᠡᠭᠰᠢᠯᠡᠭᠦᠯᠦᠨ᠂ ᠬᠤᠭ ᠨᠣᠪᠰᠢ ᠵᠦᠭᠡᠭᠡᠪᠦᠷᠢᠯᠡᠬᠦ ᠲᠡᠷᠭᠡ ᠶᠢ ᠲᠦᠭᠡᠮᠡᠯᠵᠢᠭᠦᠯᠵᠦ᠂ ᠠᠪᠴᠢᠭᠤᠯᠬᠤ ᠮᠠᠶ᠋ᠢᠭ ᠤᠨ ᠬᠤᠭ ᠨᠣᠪᠰᠢ ᠵᠦᠭᠡᠭᠡᠪᠦᠷᠢᠯᠡᠬᠦ ᠲᠡᠷᠭᠡ ᠲᠤᠬᠢᠷᠠᠭᠤᠯᠬᠤ ᠬᠠᠷᠢᠴᠠᠯ ᠢ ᠳᠡᠭᠡᠭᠰᠢᠯᠡᠭᠦᠯᠦᠨ᠎ᠡ᠃ ᠣᠷᠴᠢᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠬᠤᠭ ᠨᠣᠪᠰᠢ ᠰᠢᠢᠳᠪᠦᠷᠢᠯᠡᠬᠦ ᠲᠦᠭᠦᠭᠡᠷᠦᠮᠵᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠤᠤᠯ ᠳᠠᠭᠠᠨ ᠪᠠᠶᠢᠭᠰᠠᠨ ᠠᠮᠢᠳᠤᠷᠠᠯ ᠤᠨ ᠬᠤᠭ ᠨᠣᠪᠰᠢ ᠪᠤᠯᠠᠰᠢᠯᠠᠬᠤ ᠲᠠᠯᠠᠪᠠᠢ ᠶᠢ ᠦᠭᠡᠷᠡᠴᠢᠯᠡᠨ ᠰᠠᠶᠢᠵᠢᠷᠠᠭᠤᠯᠤᠨ᠎ᠡ᠃ ᠬᠤᠭ ᠨᠣᠪᠰᠢ ᠶᠢ ᠭᠠᠳᠠᠨ᠎ᠠ ᠢᠯᠡ ᠪᠠᠷ ᠰᠢᠲᠠᠭᠠᠬᠤ ᠶᠢ ᠴᠠᠭᠠᠵᠠᠯᠠᠨ᠎ᠠ᠃ 2020 ᠣᠨ 6 ᠰᠠᠷ᠎ᠠ ᠶᠢᠨ ᠰᠡᠭᠦᠯᠴᠢ ᠠᠴᠠ ᠡᠮᠦᠨ᠎ᠡ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠤᠬᠯᠠᠭᠤᠯᠤᠨ ᠵᠦᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ 90% ᠠᠴᠠ ᠳᠡᠭᠡᠭᠰᠢᠬᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢ ᠬᠠᠮᠤᠷᠤᠨ᠎ᠡ᠃      2. ᠠᠶᠢᠯ ᠲᠣᠰᠬᠤᠨ ᠤ ᠠᠷᠢᠭᠤᠨ ᠴᠡᠪᠡᠷ ᠤᠨ ᠳᠦᠷᠢᠮ ᠢ ᠪᠠᠶᠢᠭᠤᠯᠤᠨ᠎ᠠ᠃ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠬᠡᠪ ᠪᠠᠶᠢᠳᠠᠯ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠲᠦᠭᠦᠭᠡᠷᠦᠮᠵᠢ ᠶᠢᠨ ᠪᠠᠶᠢᠩᠭᠤ ᠶᠢᠨ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ︽ᠲᠣᠰᠬᠤᠨ ᠤ ᠱᠠᠲᠤ ᠪᠠᠷ ᠭᠤᠤᠯ ᠪᠣᠯᠭᠠᠨ ᠵᠠᠰᠠᠬᠤ᠂ ᠰᠢᠶᠠᠩ ᠤᠨ ᠱᠠᠳᠤᠨ ᠤ ᠬᠢᠨᠠᠨ ᠬᠠᠮᠢᠶᠠᠷᠬᠤ᠂ ᠰᠠᠯᠠᠭ᠎ᠠ ᠮᠥᠴᠢᠷ ᠤᠨ ᠬᠠᠮᠢᠶᠠᠷᠤᠨ ᠵᠢᠯᠣᠭᠤᠳᠬᠤ᠂ ᠬᠤᠰᠢᠭᠤᠨ ᠤ ᠱᠠᠲᠤᠨ ᠤ ᠨᠢᠭᠡᠳᠦᠯᠲᠡᠶ ᠲᠦᠯᠦᠪᠯᠡᠨ ᠠᠬᠢᠭᠤᠯᠬᠤ᠂ ᠨᠡᠶᠢᠭᠡᠮ ᠳᠠᠶᠠᠭᠠᠷ ᠥᠷᠭᠡᠨ ᠢᠶᠠᠷ ᠣᠷᠣᠯᠴᠠᠬᠤ︾ ᠬᠥᠳᠡᠭᠡ ᠲᠣᠰᠬᠤᠨ ᠤ ᠣᠷᠴᠢᠨ ᠲᠣᠭᠤᠷᠢᠨ ᠢ ᠵᠠᠰᠠᠬᠤ ᠵᠠᠭᠪᠤᠷ ᠢ ᠪᠠᠶᠢᠭᠤᠯᠵᠤ᠂ 2019 ᠣᠨ ᠤ ᠰᠡᠭᠦᠯᠴᠢ ᠠᠴᠠ ᠡᠮᠦᠨ᠎ᠡ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠡᠩᠨᠡᠭᠡ ᠶᠢ ᠪᠥᠬᠦ ᠲᠠᠯ᠎ᠠ ᠪᠠᠷ ᠪᠠᠶᠢᠭᠤᠯᠵᠤ᠂ ᠵᠠᠷᠴᠢᠮ ᠳᠡᠭᠡᠷ᠎ᠡ ᠪᠠᠨ ᠪᠠᠶᠢᠩᠭᠤ ᠰᠠᠭᠤᠭ᠎ᠠ ᠬᠥᠮᠥᠨ ᠠᠮᠠ 50 ᠡᠷᠦᠬᠡ ᠠᠴᠠ ᠳᠣᠷᠣᠭᠰᠢ ᠭᠠᠴᠠᠭ᠎ᠠ ᠳᠤᠭᠤᠶᠢᠯᠠᠩ ᠳᠤ 1 ᠴᠡᠪᠡᠷᠯᠡᠭᠴᠢ ᠲᠣᠬᠢᠷᠠᠭᠤᠯᠵᠤ᠂ 50 ᠡᠷᠦᠬᠡ ᠠᠴᠠ ᠳᠡᠭᠡᠭᠰᠢᠬᠢ ᠭᠠᠴᠠᠭ᠎ᠠ ᠳᠤᠭᠤᠶᠢᠯᠠᠩ ᠳᠤ 300 ᠬᠥᠮᠥᠨ ᠪᠦᠷᠢ ᠳᠤ 1 ᠴᠡᠪᠡᠷᠯᠡᠭᠴᠢ ᠲᠣᠬᠢᠷᠠᠭᠤᠯᠵᠤ᠂ ᠭᠠᠴᠠᠭ᠎ᠠ ᠲᠣᠰᠬᠤᠨ ᠤ ᠲᠠᠷᠬᠠᠯᠲᠠ ᠶᠢᠨ ᠪᠠᠶᠢᠳᠠᠯ ᠢ ᠦᠵᠡᠵᠦ ᠪᠠᠶᠢᠭᠠᠳ ᠵᠣᠬᠢᠬᠤ ᠬᠡᠮᠵᠢᠶ᠎ᠡ ᠪᠠᠷ ᠨᠡᠮᠡᠵᠦ ᠬᠠᠰᠤᠨ᠎ᠡ᠃ ᠴᠡᠪᠡᠷᠯᠡᠭᠴᠢ ᠶᠢᠨ ᠬᠤᠭ ᠨᠣᠪᠰᠢ ᠴᠤᠭᠯᠠᠭᠤᠯᠬᠤ᠂ ᠠᠶᠢᠯ ᠲᠣᠰᠬᠤᠨ ᠤ ᠠᠷᠢᠭᠤᠨ ᠴᠡᠪᠡᠷ ᠢ ᠪᠠᠳᠤᠯᠠᠬᠤ᠂ ᠡᠬᠢ ᠪᠠᠶᠠᠯᠢᠭ ᠢ ᠡᠭᠡᠭᠦᠯᠦᠨ ᠬᠤᠷᠢᠶᠠᠬᠤ᠂ ᠤᠬᠠᠭᠤᠯᠤᠨ ᠬᠢᠨᠠᠯᠲᠠ ᠲᠠᠯᠪᠢᠬᠤ ᠵᠡᠷᠭᠡ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠡᠷᠦᠬᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ︽ᠭᠤᠷᠪᠠᠨ ᠶᠢ ᠲᠠᠭᠠᠭᠠᠴᠢᠯᠠᠬᠤ︾ ᠶᠢᠨ ᠬᠠᠷᠢᠭᠤᠴᠠᠯᠭ᠎ᠠ ᠶᠢᠨ ᠳᠦᠷᠢᠮ᠂ ︽ᠤᠯᠠᠭᠠᠨ ᠬᠠᠷ᠎ᠠ ᠰᠠᠮᠪᠠᠷ᠎ᠠ︾ ᠶᠢᠨ ᠦᠨᠡᠯᠡᠨ ᠲᠣᠭᠲᠠᠭᠠᠵᠤ ᠵᠠᠷᠯᠠᠨ ᠨᠡᠶᠢᠲᠡᠯᠡᠬᠦ ᠳᠦᠷᠢᠮ᠂ ᠭᠠᠴᠠᠭ᠎ᠠ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠷᠭᠠᠨ ᠰᠢᠳᠭᠡᠬᠦ ᠳᠦᠷᠢᠮ᠂ ᠰᠤᠮᠤ ᠰᠢᠶᠠᠩ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠣᠯᠤᠨ ᠭᠠᠴᠠᠭ᠎ᠠ ᠲᠤᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠬᠢᠨᠠᠨ ᠰᠢᠯᠭᠠᠵᠤ ᠱᠠᠩᠨᠠᠨ ᠨᠥᠬᠦᠪᠥᠷᠢᠯᠡᠬᠦ ᠳᠦᠷᠢᠮ ᠢ ᠬᠡᠷᠡᠭᠵᠢᠭᠦᠯᠦᠨ᠎ᠡ᠃ ᠠᠷᠢᠭᠤᠨ ᠴᠡᠪᠡᠷ ᠢ ᠪᠠᠲᠤᠯᠠᠬᠤ ᠪᠡᠯᠡᠳᠭᠡᠯ ᠲᠥᠬᠦᠭᠡᠷᠦᠮᠵᠢ ᠶᠢ ᠲᠤᠬᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ ᠬᠠᠮᠠᠭᠠᠯᠠᠬᠤ ᠳᠦᠷᠢᠮ ᠪᠠ ᠴᠡᠪᠡᠷᠯᠡᠭᠴᠢ ᠠᠵᠢᠯᠲᠠᠨ ᠤ ᠪᠤᠯᠪᠠᠰᠤᠷᠡᠯ ᠤᠨ ᠳᠦᠷᠢᠮ ᠢ ᠪᠠᠶᠢᠭᠤᠯᠤᠨ᠎ᠠ᠃ ᠨᠥᠬᠦᠴᠡᠯ ᠲᠠᠢ ᠠᠶᠢᠯ ᠲᠣᠰᠬᠤᠨ ᠤ ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠠᠳᠠᠯ ᠠᠬᠤᠢ ᠶᠢᠨ ᠬᠠᠮᠢᠶᠠᠷᠤᠯᠲᠠ ᠳᠤ ᠤᠷᠤᠭᠤᠯᠬᠤ ᠶᠢ ᠵᠤᠷᠢᠭᠵᠢᠭᠤᠯᠵᠦ᠂ ᠥᠮᠴᠢᠲᠡᠨ ᠠᠴᠠ ᠬᠠᠮᠢᠶ᠎ᠠ ᠪᠦᠬᠦᠢ ᠵᠠᠷᠤᠳᠠᠯ ᠢ ᠡᠭᠦᠷᠭᠡᠯᠡᠵᠦ᠂ ᠵᠠᠰᠠᠭ ᠤᠨ ᠣᠷᠳᠣᠨ ᠠᠴᠠ ᠵᠤᠬᠢᠬᠤ ᠨᠥᠬᠦᠪᠥᠷᠢ ᠦᠭᠭᠦᠨ᠎ᠡ᠃      3. ᠬᠡᠪ ᠤᠨ ᠪᠤᠰᠤ ᠬᠤᠭ ᠨᠣᠪᠰᠢ ᠣᠪᠣᠭᠠᠯᠠᠬᠤ ᠭᠠᠵᠠᠷ ᠢ ᠪᠠᠶᠢᠴᠠᠭᠠᠨ ᠴᠡᠭᠴᠡᠯᠡᠨ᠎ᠡ᠃ ᠬᠡᠪ ᠤᠨ ᠪᠤᠰᠤ ᠬᠤᠭ ᠨᠣᠪᠰᠢ ᠣᠪᠣᠭᠠᠯᠠᠬᠤ ᠭᠠᠨᠵᠷ ᠤᠨ ᠬᠡᠪᠴᠢᠶ᠎ᠡ᠂ ᠲᠦᠭᠦᠭᠡᠷᠦᠮᠵᠢ ᠶᠢᠨ ᠪᠠᠶᠢᠳᠠᠯ᠂ ᠭᠠᠵᠠᠷ ᠤᠨ ᠪᠦᠷᠢᠯᠳᠤᠯ᠂ ᠤᠶᠢᠷ᠎ᠡ ᠬᠠᠪᠢ ᠶᠢᠨ ᠣᠷᠴᠢᠨ ᠲᠣᠭᠤᠷᠢᠨ ᠤ ᠨᠥᠬᠦᠴᠡᠯ᠂ ᠵᠠᠰᠠᠵᠤ ᠰᠡᠷᠭᠦᠭᠡᠭᠰᠡᠨ ᠤ ᠳᠠᠷᠠᠭᠠᠬᠢ ᠬᠡᠷᠡᠭᠴᠡᠭᠡ ᠵᠡᠷᠭᠡ ᠲᠠᠢ ᠤᠶᠠᠯᠳᠤᠭᠤᠯᠤᠨ᠂ ᠬᠤᠭ ᠨᠣᠪᠰᠢ ᠶᠢᠨ ᠠᠭᠤᠯᠠ᠂ ᠬᠤᠭ ᠨᠣᠪᠰᠢ ᠲᠣᠰᠬᠤᠨ ᠢ ᠬᠦᠷᠢᠶᠡᠯᠡᠬᠦ᠂ ᠠᠵᠤ ᠦᠢᠯᠡᠳᠪᠦᠷᠢ ᠪᠣᠯᠤᠨ ᠬᠤᠳᠠ ᠪᠠᠯᠭᠠᠰᠤᠨ ᠤ ᠪᠣᠬᠢᠷᠲᠤᠯ ︽ᠠᠭᠤᠯᠠᠨ ᠳᠤ ᠭᠠᠷᠴᠤ ᠬᠥᠳᠡᠭᠡ ᠳᠤ ᠪᠠᠭᠤᠬᠤ︾ ᠶᠢ ᠭᠤᠣᠯᠳᠠᠯᠭ᠎ᠠ ᠲᠠᠢ ᠵᠠᠰᠠᠨ ᠴᠡᠭᠴᠡᠯᠡᠨ᠎ᠡ᠃ ᠵᠠᠷᠴᠢᠮ ᠳᠡᠭᠡᠷ᠎ᠡ ᠪᠠᠨ ᠪᠤᠢ ᠪᠦᠬᠦᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠴᠥᠮ ᠬᠤᠭ ᠨᠣᠪᠰᠢ ᠶᠢ ᠲᠥᠪᠯᠡᠷᠡᠭᠦᠯᠦᠨ ᠴᠤᠭᠯᠠᠭᠤᠯᠬᠤ ᠭᠠᠵᠠᠷ ᠪᠠᠶᠢᠭᠤᠯᠬᠤ ᠬᠡᠷᠡᠭᠲᠡᠶ᠃ ᠲᠣᠰᠬᠤᠨ ᠤ ᠵᠠᠬ᠎ᠠ᠂ ᠵᠠᠮ ᠤᠨ ᠬᠠᠪᠢ᠂ ᠣᠰᠣᠨ ᠤ ᠬᠦᠪᠡᠭᠡ᠂ ᠲᠠᠷᠢᠶᠠᠨ ᠤ ᠬᠠᠵᠠᠭᠤ᠂ ᠤᠢ ᠮᠣᠳᠣᠨ ᠤ  ᠲᠤᠳᠤᠷᠡᠬᠢ ᠡᠯ᠎ᠡ ᠵᠦᠢᠯ  ᠤᠨ ᠢᠯᠡ ᠪᠠᠷ ᠤᠪᠤᠭᠠᠯᠠᠵᠦ ᠪᠠᠶᠢᠭ᠎ᠠ ᠬᠤᠭ ᠨᠣᠪᠰᠢ ᠶᠢ ᠪᠦᠬᠦ ᠲᠡᠯ᠎ᠡ ᠪᠠᠷ ᠠᠷᠢᠯᠭᠠᠨ ᠴᠡᠪᠡᠷᠯᠡᠵᠦ ᠵᠦᠭᠡᠭᠡᠪᠦᠷᠢᠯᠡᠵᠦ᠂ ᠭᠤᠤ ᠰᠤᠪᠠᠭ ᠢ ᠨᠡᠪᠲᠡᠷᠡᠭᠦᠯᠦᠨ᠂ ᠲᠦᠯᠡᠭᠡ᠂ ᠪᠠᠭᠠᠰᠤᠨ ᠣᠪᠣᠭ᠎ᠠ ᠶᠢ ᠴᠡᠪᠡᠷᠯᠡᠬᠦ ᠬᠡᠷᠡᠭᠲᠡᠢ᠃ ᠴᠡᠪᠡᠷᠯᠡᠭᠰᠡᠨ ᠤ ᠳᠠᠷᠠᠭᠠᠬᠢ ᠣᠷᠣᠨ ᠪᠦᠰᠡ ᠶᠢ ᠴᠠᠭ ᠲᠤᠬᠠᠢ ᠳᠤ ᠨᠢ ᠬᠠᠳᠠᠭᠤᠷᠠᠭᠤᠯᠦᠨ ᠨᠤᠭᠤᠭᠠᠷᠠᠭᠤᠯᠵᠦ᠂ ᠠᠮᠢᠳᠤᠷᠠᠯ ᠤᠨ ᠬᠤᠭ ᠨᠣᠪᠰᠢ ᠴᠤᠭᠯᠠᠭᠤᠯᠬᠤ ᠲᠦᠭᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠵᠤ᠂ ᠵᠠᠰᠠᠯᠲᠡ ᠬᠢᠭᠰᠡᠨ ᠦᠷ᠎ᠡ ᠪᠦᠲᠦᠭᠡᠯ  ᠢ ᠪᠠᠬᠢᠵᠢᠭᠦᠯᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠦᠷᠢᠮᠵᠢᠭᠦᠯᠦᠨ ᠰᠢᠢᠳᠪᠦᠷᠢᠯᠡᠵᠦ᠂ ᠲᠠᠷᠢᠶᠠᠯᠠᠬᠤ ᠮᠠᠯᠵᠢᠬᠤ ᠣᠷᠣᠨ ᠳᠤ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠴᠢᠳᠬᠤᠬᠤ᠂ ᠤᠪᠤᠭᠠᠯᠠᠬᠤ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠠᠵᠢᠯ ᠤᠨ ᠡᠬᠡ ᠳᠠᠩᠰᠠ ᠶᠢ ᠪᠠᠶᠢᠭᠤᠯᠬᠤ ᠶᠢᠨ ᠬᠠᠮᠲᠤ ᠦᠷᠭᠦᠯᠵᠢᠯᠡᠨ ᠳ᠋ᠤᠭᠠᠷ ᠬᠠᠰᠤᠬᠤ ᠳᠦᠷᠢᠮ ᠢ ᠬᠡᠷᠡᠭᠵᠢᠭᠦᠯᠵᠦ᠂ 2020 ᠣᠨ ᠤ ᠰᠡᠭᠦᠯᠴᠢ ᠠᠴᠠ ᠡᠮᠦᠨ᠎ᠡ ᠬᠡᠪ ᠤᠨ ᠪᠤᠰᠤ ᠬᠤᠭ ᠨᠣᠪᠰᠢ ᠣᠪᠣᠭᠠᠯᠠᠬᠤ ᠭᠠᠵᠠᠷ ᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠦᠨ᠎ᠡ᠃      ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠠᠬᠢᠭᠤᠯᠤᠨ᠎ᠠ ︵ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠨ᠂ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠬᠠᠨ ᠮᠤᠤᠮᠢᠩᠭᠠᠨ ᠬᠤᠰᠢᠭᠤᠨ ᠤ ᠬᠤᠪᠢᠶᠠᠷᠢ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ᠬᠠᠮᠵᠢᠯᠴᠠᠵᠤ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︶      ᠪᠦᠬᠦᠶᠢᠯᠡ ᠤᠷᠤᠨ ᠪᠦᠰᠡ ᠶᠢᠨ ᠪᠣᠬᠢᠷ ᠤᠰᠤ ᠶᠢ ᠵᠠᠰᠠᠬᠤ ᠲᠦᠭᠦᠭᠡᠷᠦᠮᠵᠢ ᠶᠢ ᠵᠦᠢ ᠵᠣᠬᠢᠰᠲᠠᠢ ᠪᠠᠶᠢᠷᠢᠯᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠡ ᠶᠢ ᠱᠠᠲᠤ ᠳᠠᠷᠠᠭᠠᠯᠠᠨ ᠲᠦᠯᠬᠢᠨ ᠠᠬᠢᠭᠤᠯᠤᠨ᠎ᠠ᠃ 2018 ᠣᠨ ᠠᠴᠠ ᠡᠬᠢᠯᠡᠨ ᠮᠠᠨᠳᠤᠯ᠂ ᠰᠢᠷᠠᠮᠥ᠋ᠷᠡᠨ᠂ ᠰᠢᠪᠡᠷᠬᠦ᠋ᠷᠢᠶ᠎ᠡ ᠵᠡᠷᠭᠡ ᠭᠤᠤᠯᠳᠠᠯᠭ᠎ᠠ ᠲᠠᠢ ᠪᠠᠯᠭᠠᠰᠤ ᠪᠠ ᠣᠨᠴᠠᠯᠢᠭᠲᠤ ᠪᠠᠯᠭᠠᠰᠤ ᠶᠢᠨ ᠪᠠᠯᠭᠠᠰᠤᠨ ᠲᠣᠭᠤᠷᠢᠭ ᠤᠨ ᠪᠣᠬᠢᠷ ᠤᠰᠤ ᠶᠢ ᠰᠢᠶᠳᠪᠦᠷᠢᠯᠡᠬᠦ ᠲᠦᠭᠦᠭᠡᠷᠦᠮᠵᠢ ᠶᠢ ᠤᠷᠢᠳᠠᠪᠠᠷ ᠪᠠᠶᠢᠷᠢᠰᠢᠭᠤᠯᠤᠨ ᠪᠠᠶᠢᠭᠤᠯᠤᠨ᠎ᠠ᠃ ᠬᠥᠮᠥᠨ ᠠᠮᠠ ᠨᠢᠭᠲᠠᠷᠠᠭᠰᠠᠨ ᠭᠠᠴᠠᠭ᠎ᠠ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠠᠶᠢᠯ ᠲᠣᠰᠬᠤᠨ᠂ ᠤᠯᠠᠮᠵᠢᠯᠠᠯᠲᠤ ᠠᠶᠢᠯ ᠲᠣᠰᠬᠤᠨ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠤᠬᠢᠲᠠᠢ ᠭᠠᠴᠠᠭ᠎ᠠ ᠲᠣᠰᠬᠤᠨ ᠵᠡᠷᠭᠡ ᠠᠶᠢᠯ ᠲᠣᠰᠬᠤᠨ ᠤ ᠪᠣᠬᠢᠷ ᠤᠰᠤ ᠶᠢ ᠵᠠᠰᠠᠬᠤ ᠠᠰᠠᠭᠤᠳᠠᠯ ᠢ ᠠᠵᠢᠯ ᠤᠨ ᠭᠤᠤᠯᠳᠠᠯᠭ᠎ᠠ ᠪᠤᠯᠭᠠᠨ᠂ ᠤᠯᠤᠰ ᠤᠨ ᠬᠠᠮᠢᠶ᠎ᠠ ᠪᠦᠬᠦᠢ ᠲᠥᠷᠥᠯ ᠵᠦᠶᠯ ᠤᠨ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠠᠯᠬᠤᠮ ᠬᠤᠪᠢᠶᠠᠨ ᠬᠡᠷᠡᠭᠵᠢᠭᠦᠯᠵᠦ᠂ ᠠᠯᠬᠤᠮ ᠠᠯᠬᠤᠮ ᠢᠶᠠᠷ ᠰᠢᠶᠳᠪᠦᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠳᠠᠯᠢ ᠪᠤᠰᠤ ᠣᠷᠣᠨ ᠪᠠᠶᠢᠷᠢ ᠶᠢᠨ ᠨᠥᠬᠦᠴᠡᠯ᠂ ᠠᠶᠢᠯ ᠲᠣᠰᠬᠤᠨ ᠤ ᠬᠥᠮᠥᠨ ᠠᠮᠠ ᠲᠥᠪᠯᠡᠷᠡᠭᠰᠡᠨ ᠬᠡᠮᠵᠢᠶ᠎ᠡ᠂ ᠪᠣᠬᠢᠷ ᠤᠰᠤ ᠪᠤᠢ ᠪᠣᠯᠤᠭᠰᠠᠨ ᠬᠡᠪᠴᠢᠶ᠎ᠡ  ᠶᠢ ᠦᠨᠳᠦᠰᠦᠯᠡᠨ᠂ ᠪᠣᠬᠢᠷ ᠤᠰᠤ ᠶᠢ ᠰᠢᠶᠳᠪᠦᠷᠢᠯᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠨ᠎ᠠ᠃ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠪᠣᠬᠢᠷᠲᠤᠯ ᠢ ᠵᠠᠰᠠᠬᠤ ᠪᠤᠯᠤᠨ ᠡᠬᠢ ᠪᠠᠶᠠᠯᠢᠭ ᠢ ᠠᠰᠢᠭᠯᠠᠬᠤ ᠶᠢ ᠤᠶᠠᠯᠳᠤᠭᠤᠯᠬᠤ᠂ ᠢᠨᠵᠧᠨᠧᠷᠢᠩ ᠤᠨ ᠠᠷᠭ᠎ᠠ ᠬᠡᠮᠵᠢᠶ᠎ᠡ ᠪᠡ ᠠᠮᠢ ᠠᠬᠤᠢ ᠶᠢᠨ ᠠᠷᠭ᠎ᠠ ᠬᠡᠮᠵᠢᠶ᠎ᠡ ᠶᠢ ᠤᠶᠠᠯᠳᠤᠭᠤᠯᠬᠤ᠂ ᠲᠥᠪᠯᠡᠷᠡᠭᠦᠯᠬᠦ ᠬᠢᠭᠡᠳ ᠲᠠᠷᠬᠠᠭᠠᠬᠤ ᠶᠢ ᠤᠶᠠᠯᠳᠤᠭᠤᠯᠬᠤ ᠶᠢᠨ ᠰᠢᠢᠳᠪᠦᠷᠢᠯᠡᠬᠦ ᠵᠠᠭᠪᠤᠷ ᠢ ᠬᠡᠷᠡᠭᠯᠡᠬᠦ ᠬᠡᠷᠡᠭᠲᠡᠢ᠃ ᠬᠤᠲᠠ ᠪᠠᠯᠭᠠᠰᠤᠨ ᠤ ᠪᠣᠬᠢᠷ ᠣᠰᠣᠨ ᠤ ᠬᠤᠭᠤᠯᠠᠢ ᠶᠢᠨ ᠲᠣᠣᠷ ᠢ ᠡᠷᠭᠢᠨ ᠲᠣᠭᠤᠷᠢᠨ ᠤ ᠠᠶᠢᠯ ᠲᠣᠰᠬᠤᠨ ᠲᠠᠶᠢᠰᠢ ᠦᠷᠭᠡᠳᠭᠡᠨ ᠪᠦᠷᠭᠦᠭᠦᠯᠬᠦ ᠶᠢ ᠲᠦᠯᠬᠢᠨ ᠠᠬᠢᠭᠤᠯᠵᠤ᠂ ᠪᠠᠲᠤᠬᠠᠭᠠᠯᠭ᠎ᠠ ᠪᠠᠯᠭᠠᠰᠤ ᠶᠢᠨ ᠪᠣᠬᠢᠷ ᠣᠰᠣᠨ ᠤ ᠬᠤᠭᠤᠯᠠᠢ ᠶᠢᠨ ᠲᠣᠣᠷ ᠪᠦᠷᠭᠦᠵᠦ ᠲᠡᠶᠢᠯᠭᠦ ᠠᠶᠢᠯ ᠲᠣᠰᠬᠤᠨ ᠢ ᠬᠤᠲᠠ ᠶᠢᠨ ᠶᠠᠪᠤᠳᠠᠯ ᠤᠨ ᠪᠣᠬᠢᠷ ᠣᠰᠣᠨ ᠤ ᠬᠤᠭᠤᠯᠠᠢ ᠶᠢᠨ ᠲᠣᠣᠷ ᠳᠤ ᠣᠷᠣᠭᠤᠯᠤᠨ ᠲᠥᠪᠯᠡᠷᠡᠭᠦᠯᠦᠨ ᠰᠢᠢᠳᠪᠦᠷᠢᠯᠡᠵᠦ ᠪᠣᠯᠤᠨ᠎ᠠ᠂ ᠬᠥᠮᠥᠨ ᠠᠮᠠ ᠨᠢᠭᠲᠠᠷᠠᠭᠰᠠᠨ᠂ ᠪᠣᠬᠢᠷ ᠤᠰᠤ ᠡᠭᠦᠰᠬᠦ ᠬᠡᠪᠴᠢᠶ᠎ᠡ ᠪᠠᠷ ᠶᠡᠭᠡ ᠭᠤᠣᠯᠳᠠᠯᠭ᠎ᠠ ᠲᠠᠢ ᠪᠠᠶᠢᠭᠤᠯᠤᠮᠵᠢᠲᠦ ᠪᠠᠯᠭᠠᠰᠤ ᠶᠢᠨ ᠪᠠᠯᠭᠠᠰᠤᠨ ᠲᠣᠭᠤᠷᠢᠭ ᠲᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠵᠠᠭᠪᠤᠷ ᠢ ᠬᠡᠷᠡᠭᠯᠡᠵᠦ᠂ ᠨᠥᠬᠦᠴᠡᠯ ᠲᠠᠢ ᠠᠶᠢᠯ ᠲᠣᠰᠬᠤᠨ ᠨᠢ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠲᠥᠪᠯᠡᠷᠡᠭᠦᠯᠦᠨ ᠰᠢᠢᠳᠪᠦᠷᠢᠯᠡᠬᠦ ᠪᠤᠶᠤ ᠲᠥᠪᠯᠡᠷᠡᠭᠦᠯᠬᠦ ᠪᠠ ᠲᠠᠷᠬᠠᠭᠠᠬᠤ ᠶᠢ ᠤᠶᠠᠯᠳᠤᠭᠤᠯᠤᠭᠰᠠᠨ ᠰᠢᠢᠳᠪᠦᠷᠢᠯᠡᠬᠦ ᠵᠠᠭᠪᠤᠷ ᠢ ᠬᠡᠷᠡᠭᠯᠡᠵᠦ ᠪᠣᠯᠤᠨ᠎ᠠ᠃ ᠪᠤᠰᠤᠳ ᠠᠶᠢᠯ ᠲᠣᠰᠬᠤᠨ ᠢ ᠲᠠᠷᠬᠠᠭᠠᠨ ᠰᠢᠶᠳᠪᠦᠷᠢᠯᠡᠬᠦ ᠪᠠᠷ ᠭᠤᠤᠯ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠲᠠᠢ ᠤᠶᠠᠯᠳᠤᠭᠤᠯᠤᠨ᠂ ᠡᠷᠦᠬᠡ ᠬᠤᠪᠢᠶᠠᠭᠰᠠᠨ᠂ ᠡᠷᠦᠬᠡ ᠬᠤᠯᠪᠣᠭᠠᠯᠠᠭᠰᠠᠨ ᠬᠡᠯᠪᠡᠷᠢ ᠪᠠᠷ ᠳᠠᠮᠵᠢᠭᠤᠯᠤᠨ ᠲᠦᠭᠦᠭᠡᠷᠦᠮᠵᠢ ᠤᠬᠰᠠᠷᠠᠭᠰᠡᠨ ᠳᠥᠭᠦᠮ ᠰᠢᠶᠳᠪᠦᠷᠢᠯᠡᠬᠦ ᠮᠡᠷᠭᠡᠵᠢᠯ ᠢ ᠬᠡᠷᠡᠭᠯᠡᠨ ᠲᠤᠬᠠᠶ ᠶᠢᠨ ᠭᠠᠵᠠᠷ ᠲᠤᠨᠢ ᠰᠢᠶᠳᠪᠦᠷᠢᠯᠡᠵᠦ ᠪᠣᠯᠤᠨ᠎ᠠ᠃ ᠥᠪᠡᠷ ᠤᠨ ᠥᠷᠲᠡᠭ ᠢᠶᠠᠷ ᠳᠣᠣᠷ᠎ᠠ᠂ ᠡᠨᠧᠷᠭᠢ ᠶᠢᠨ ᠬᠤᠷᠣᠭᠳᠠᠭᠤᠯᠤᠯ ᠪᠠᠭ᠎ᠠ᠂ ᠬᠠᠮᠠᠭᠠᠯᠠᠬᠤ ᠳᠤ ᠬᠢᠯᠪᠠᠷ᠂ ᠦᠷ᠎ᠡ ᠪᠦᠲᠦᠮᠵᠢ ᠪᠠᠷ ᠦᠨᠳᠦᠷ ᠪᠣᠬᠢᠷ ᠤᠰᠤ ᠰᠢᠶᠳᠪᠦᠷᠢᠯᠡᠬᠦ ᠮᠡᠷᠭᠡᠵᠢᠯ ᠢ ᠢᠳᠡᠪᠬᠢᠲᠡᠶ ᠳᠡᠯᠭᠡᠷᠡᠭᠦᠯᠵᠦ᠂ ᠠᠮᠢ ᠠᠬᠤᠶ ᠪᠠᠷ ᠰᠢᠶᠳᠪᠦᠷᠢᠯᠡᠬᠦ ᠤᠷ᠎ᠡ ᠮᠡᠷᠭᠡᠰᠢᠯ ᠢ ᠬᠡᠷᠡᠭᠯᠡᠬᠦ ᠶᠢ ᠵᠣᠷᠢᠭᠵᠢᠭᠤᠯᠤᠨ᠎ᠠ᠃ ᠪᠣᠬᠢᠷ ᠤᠰᠤ ᠶᠢ ᠵᠠᠰᠠᠬᠤ ᠪᠠᠶᠢᠩᠭᠤ ᠶᠢᠨ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠤᠰᠤ ᠶᠢ ᠠᠷᠪᠢᠯᠠᠨ ᠬᠡᠷᠡᠭᠯᠡᠬᠦ ᠲᠤᠬᠠᠢ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠭᠠᠴᠠᠭ᠎ᠠ ᠲᠤᠰᠬᠤᠨ ᠤ ᠠᠷᠠᠳ ᠤᠯᠠᠨ ᠢ ᠬᠥᠲᠥᠯᠥᠨ ᠵᠢᠯᠣᠭᠤᠳᠴᠤ ᠪᠠᠶᠢᠭᠠᠳ ᠤᠰᠤ ᠬᠡᠷᠡᠭᠯᠡᠬᠦ ᠰᠠᠶᠢᠨ ᠰᠠᠶᠢᠬᠠᠨ ᠳᠠᠳᠬᠠᠯ  ᠢ ᠪᠤᠢ ᠪᠣᠯᠭᠠᠵᠤ᠂ ᠡᠬᠢ ᠡᠭᠦᠰᠦᠯ ᠠᠴᠠ ᠨᠢ ᠪᠠᠭᠠᠰᠬᠠᠬᠤ ᠶᠢ ᠠᠬᠢᠭᠤᠯᠤᠨ᠎ᠠ᠃ ᠦᠯᠡᠲᠡᠭᠲᠡᠯ ᠤᠰᠤ ᠶᠢ ᠬᠤᠷᠢᠶᠠᠨ ᠠᠪᠴᠤ ᠠᠰᠢᠭᠯᠠᠬᠤ ᠶᠢ ᠴᠢᠩᠭᠠᠳᠬᠠᠨ᠎ᠠ᠃ ᠬᠤᠭ ᠨᠣᠪᠰᠢ ᠰᠢᠢᠳᠪᠦᠷᠢᠯᠡᠬᠦ ᠴᠡᠭ ᠪᠣᠯᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠦᠯᠦᠪᠵᠢᠭᠦᠯᠭᠡ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠲᠠᠷᠠᠬᠠᠶ ᠬᠡᠯᠪᠡᠷᠢ ᠶᠢᠨ᠂ ᠠᠮᠢ ᠠᠬᠤᠢ ᠶᠢᠨ ᠬᠡᠯᠪᠡᠷᠢ ᠶᠢᠨ ᠬᠤᠭ ᠨᠣᠪᠰᠢ ᠪᠣᠬᠢᠷ ᠤᠰᠤ ᠰᠢᠢᠳᠪᠦᠷᠢᠯᠡᠬᠦ ᠴᠡᠭ ᠢ ᠬᠥᠭᠵᠢᠭᠦᠯᠦᠨ᠎ᠡ᠃ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ ᠤᠰᠤᠨ ᠤ ᠠᠮᠢ ᠠᠬᠤᠶ ᠶᠢ ᠰᠡᠷᠭᠦᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠭᠤᠤᠯ ᠮᠦᠷᠡᠨ ᠤ ᠳᠠᠷᠤᠭ᠎ᠠ ᠶᠢᠨ ᠳᠦᠷᠢᠮ ᠤᠨ ᠬᠠᠮᠢᠶᠠᠷᠤᠯᠲᠠ ᠳᠤ ᠣᠷᠣᠭᠤᠯᠤᠨ᠎ᠠ᠃      ︵ᠳᠥᠷᠪᠡ︶ ᠵᠣᠷᠯᠣᠩ ᠤᠨ ᠪᠣᠬᠢᠷᠲᠤᠯ ᠢ ᠵᠠᠰᠠᠬᠤ ᠠᠵᠢᠯ ᠢ ᠥᠷᠨᠢᠭᠦᠯᠦᠨ᠎ᠡ ︵ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠲᠦᠷᠦᠭᠦᠯᠡᠨ᠂ ᠡᠭᠡ ᠤᠷᠤᠨᠴᠢ ᠡᠷᠡᠭᠦᠯ ᠬᠠᠮᠠᠭᠠᠯᠠᠯ ᠤᠨ ᠠᠯᠪᠠᠨ ᠭᠡᠷ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠠᠮᠵᠢᠯᠴᠠᠨ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︶᠃      ᠵᠣᠷᠯᠣᠩ ᠤᠨ ᠦᠭᠡᠷᠡᠴᠢᠯᠡᠯᠲᠡ ᠶᠢᠨ ᠵᠠᠭᠪᠤᠷ ᠢ ᠵᠦᠶ ᠵᠣᠬᠢᠰᠲᠠᠶ ᠰᠣᠩᠭᠤᠵᠤ᠂ ᠵᠣᠷᠯᠣᠩ ᠤᠨ ᠬᠤᠪᠢᠰᠬᠠᠯ ᠢ ᠠᠬᠢᠭᠤᠯᠤᠨ᠎ᠠ᠃ ᠪᠠᠲᠤᠬᠠᠭᠠᠯᠭ᠎ᠠ ᠪᠠᠯᠭᠠᠰᠤ ᠶᠢᠨ ᠡᠷᠭᠢᠨ ᠲᠣᠭᠤᠷᠢᠨ ᠤ ᠠᠶᠢᠯ ᠲᠣᠰᠬᠤᠨ᠂ ᠪᠣᠬᠢᠷ ᠤᠰᠤ ᠭᠠᠳᠠᠭᠰᠢᠯᠠᠭᠤᠯᠬᠤ ᠶᠢ ᠲᠦᠯᠦᠪᠵᠢᠭᠦᠯᠦᠨ ᠪᠠᠶᠢᠷᠢᠰᠢᠯᠠᠭᠤᠯᠬᠤ ᠭᠤᠣᠯᠳᠠᠯᠭ᠎ᠠ ᠲᠠᠢ ᠪᠠᠯᠭᠠᠰᠤᠨ ᠲᠣᠭᠤᠷᠢᠭ᠂ ᠭᠤᠣᠯ ᠪᠣᠯᠬᠤ ᠵᠢᠭᠤᠯᠴᠢᠯᠠᠯ ᠤᠨ ᠭᠠᠵᠠᠷ ᠤᠨ ᠣᠶᠢᠷ᠎ᠠ ᠲᠦᠰᠦᠷ ᠤᠨ ᠠᠶᠢᠯ ᠲᠣᠰᠬᠤᠨ ᠡᠷᠦᠬᠡ ᠭᠡᠷ ᠤᠨ ᠬᠡᠷᠡᠭᠯᠡᠭᠡᠨ ᠤ ᠡᠷᠡᠭᠦᠯ ᠬᠠᠮᠠᠭᠠᠯᠠᠯ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠤᠯᠠᠨ ᠨᠡᠶᠢᠲᠡ ᠶᠢᠨ ᠵᠣᠷᠯᠣᠩ ᠤᠨ ᠪᠣᠬᠢᠷᠲᠤᠯ ᠢ ᠵᠠᠰᠠᠬᠤ ᠶᠢ ᠵᠡᠷᠭᠡ ᠳᠤ ᠨᠢ ᠬᠡᠷᠡᠭᠵᠢᠭᠦᠯᠦᠨ᠎ᠡ᠃ ᠨᠥᠬᠦᠴᠡᠯ ᠲᠠᠢ ᠲᠣᠰᠬᠤᠨ ᠪᠠᠯᠭᠠᠰᠤ ᠶᠢ ᠵᠣᠷᠢᠭᠵᠢᠭᠤᠯᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠬᠡᠷᠡᠭᠯᠡᠬᠦ ᠡᠷᠡᠭᠦᠯ ᠬᠠᠮᠠᠭᠠᠯᠠᠯ ᠤᠨ ᠵᠣᠷᠯᠣᠩ ᠤᠨ ᠪᠦᠬᠦᠨ ᠢ ᠪᠦᠷᠬᠦᠭᠦᠯᠬᠦ ᠶᠢ ᠲᠦᠷᠭᠡᠳᠬᠡᠨ ᠠᠬᠢᠭᠤᠯᠵᠤ᠂ ᠵᠣᠷᠯᠣᠩ  ᠤᠨ ᠦᠭᠡᠷᠡᠴᠢᠯᠡᠯᠲᠡ ᠪᠡ ᠲᠣᠭᠤᠭᠠᠨ ᠭᠡᠷ ᠤᠨ ᠦᠭᠡᠷᠡᠴᠢᠯᠡᠯᠲᠡ ᠶᠢ ᠵᠡᠷᠭᠡᠪᠡᠷ ᠬᠡᠷᠡᠭᠵᠢᠭᠦᠯᠦᠨ᠎ᠡ᠃ ᠪᠤᠰᠤᠳ ᠭᠠᠵᠠᠷ ᠣᠷᠣᠨ ᠳᠤ ᠣᠯᠠᠨ ᠲᠦᠮᠡᠨ ᠤ ᠬᠦᠯᠢᠶᠡᠨ ᠠᠪᠬᠤ᠂ ᠬᠢᠮᠲᠡ ᠪᠥᠭᠡᠳ ᠲᠤᠬᠢᠷᠠᠮᠵᠢᠳᠠᠢ᠂ ᠬᠠᠮᠠᠭᠠᠯᠠᠬᠤ ᠳᠤ ᠳᠥᠭᠦᠮ᠂ ᠤᠯᠠᠨ ᠨᠡᠶᠢᠲᠡ ᠶᠢᠨ ᠤᠰᠤᠨ ᠴᠤᠬᠴᠠ ᠶᠢ ᠪᠤᠬᠢᠷᠳᠤᠭᠤᠯᠬᠤ ᠦᠭᠡᠢ ᠪᠠᠶᠢᠬᠤ ᠱᠠᠭᠠᠷᠳᠠᠯᠭ᠎ᠠ ᠶᠣᠰᠣᠭᠠᠷ᠂ ᠠᠳᠠᠯᠢ ᠪᠤᠰᠤ ᠬᠢᠷᠢ ᠬᠡᠮᠵᠢᠶᠡᠨ ᠤ ᠡᠷᠡᠭᠦᠯ ᠬᠠᠮᠠᠭᠠᠯᠠᠯ ᠤᠨ ᠵᠣᠷᠯᠣᠩ ᠢ ᠲᠦᠭᠡᠮᠡᠯᠵᠢᠭᠦᠯᠦᠨ᠎ᠡ᠃ ᠮᠠᠯᠴᠢᠨ ᠲᠠᠷᠢᠶᠠᠴᠢᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠡᠷᠭᠡ ᠲᠥᠷᠥᠯ ᠵᠦᠶᠯ ᠳᠤ ᠭᠡᠷ ᠪᠠᠶᠢᠰᠢᠩ ᠪᠠᠷᠢᠬᠤ ᠳᠠᠭᠠᠨ ᠡᠷᠡᠭᠦᠯ ᠬᠠᠮᠠᠭᠠᠯᠠᠯ ᠤᠨ ᠵᠣᠷᠯᠣᠩ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢ ᠬᠥᠲᠥᠯᠥᠨ ᠵᠢᠯᠣᠭᠤᠳᠴᠤ ᠬᠤᠤᠷ ᠦᠭᠡᠶᠢᠳᠡᠭᠦᠯᠦᠭᠰᠡᠨ ᠡᠷᠡᠭᠦᠯ ᠬᠠᠮᠠᠭᠠᠯᠠᠯ ᠤᠨ ᠵᠣᠷᠯᠣᠩ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠬᠡᠷᠡᠭᠲᠡᠶ᠃ ᠵᠣᠷᠯᠣᠩ ᠤᠨ ᠦᠭᠡᠷᠡᠴᠢᠯᠡᠯᠲᠡ ᠪᠤᠯᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠡ ᠶᠢ ᠪᠦᠲᠦᠮᠵᠢᠲᠡᠢ ᠵᠣᠯᠭᠠᠭᠤᠯᠬᠤ ᠶᠢ ᠴᠢᠩᠭᠠᠳᠬᠠᠨ᠎ᠠ᠃ 2020 ᠣᠨ ᠪᠣᠯᠬᠤ ᠳᠤ᠂ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ 85% ᠠᠴᠠ ᠳᠡᠭᠡᠭᠰᠢ ᠪᠤᠯᠭᠠᠨ᠎ᠡ᠃ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠲᠤᠰᠬᠠᠶᠢᠵᠢᠭᠰᠠᠨ ᠠᠵᠤ ᠠᠬᠤᠶᠢᠯᠠᠯ ᠤᠨ ᠵᠣᠷᠯᠣᠩ ᠤᠨ ᠦᠭᠡᠷᠡᠴᠢᠯᠡᠯᠲᠡ ᠵᠢᠴᠢ ᠪᠠᠶᠢᠴᠠᠭᠠᠯᠲᠡ ᠵᠠᠰᠠᠯᠲᠡ ᠦᠷᠨᠢᠭᠦᠯᠬᠦ᠂ ᠲᠤᠬᠳᠠᠮᠠᠯ ᠬᠤᠭᠤᠴᠠᠭ᠎ᠠ ᠲᠠᠢ ᠪᠠᠷ ᠴᠤᠬᠯᠠᠭᠤᠯᠤᠨ ᠵᠦᠭᠡᠭᠡᠪᠦᠷᠢᠯᠡᠬᠦ᠂ ᠪᠠᠭᠠᠰᠤ ᠰᠢᠭᠡᠰᠦ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠵᠤ᠂ ᠬᠠᠮᠢᠶᠠᠷᠴᠤ ᠬᠤᠷᠢᠶᠠᠵᠤ ᠬᠡᠷᠡᠭᠯᠡᠬᠦ ᠶᠢ ᠵᠡᠷᠭᠡ ᠳᠤ ᠨᠢ ᠴᠢᠬᠤᠯᠠᠴᠢᠯᠠᠬᠤ᠂ ᠡᠷᠭᠡ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ ᠪᠠᠶᠢᠩᠭᠤ ᠶᠢᠨ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠦᠷᠢᠯᠳᠦᠭᠦᠯᠦᠨ᠎ᠡ᠃      ︵ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ ︵ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠲᠦᠷᠦᠭᠦᠯᠡᠨ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠬᠠᠨ ᠮᠤᠤᠮᠢᠩᠭᠠᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠵᠢᠯᠴᠠᠨ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︶      1. ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠳᠠᠯᠢ ᠪᠤᠰᠤ ᠣᠨᠴᠠᠯᠢᠭ ᠲᠤ ᠲᠤᠬᠢᠷᠠᠯᠴᠠᠬᠤ᠂ ᠬᠢᠮᠲᠡ ᠪᠦᠭᠡᠳ ᠥᠨᠳᠥᠷ ᠦᠷ᠎ᠡ ᠠᠰᠢᠭ ᠲᠠᠢ᠂ ᠦᠷᠭᠦᠯᠵᠢᠯᠡᠨ ᠠᠵᠢᠯᠯᠠᠬᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ ᠮᠠᠯ ᠠᠵᠤ ᠠᠬᠤᠢ ᠶᠢᠨ ᠪᠣᠬᠢᠷᠲᠤᠯ ᠥᠬᠡᠶ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠬᠡᠪᠴᠢᠶᠡᠵᠢᠯ ᠤᠨ ᠲᠡᠵᠢᠭᠡᠨ ᠦᠷᠡᠵᠢᠭᠦᠯᠬᠦ ᠭᠠᠵᠠᠷ ᠢ ᠬᠦᠲᠦᠯᠦᠨ ᠵᠢᠯᠤᠭᠤᠳᠴᠦ ᠪᠠᠶᠢᠭᠠᠳ ᠢᠯᠭᠠᠳᠠᠰᠤᠨ ᠤ ᠪᠣᠬᠢᠷᠲᠤᠯ ᠢ ᠰᠢᠢᠳᠪᠦᠷᠢᠯᠡᠵᠦ ᠠᠰᠢᠭᠯᠠᠬᠤ ᠴᠢᠬᠤᠯᠠ ᠪᠦᠬᠦᠢ ᠢᠵᠢ ᠪᠥᠷᠢᠳᠥᠬᠦᠯᠬᠦ  ᠲᠦᠭᠦᠭᠡᠷᠦᠮᠵᠢ ᠶᠢ ᠪᠠᠶᠢᠭᠤᠯᠵᠦ᠂ ᠣᠳᠣ ᠪᠠᠶᠢᠭ᠎ᠠ ᠲᠣᠨᠤᠭ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠦ ᠳᠡᠰ ᠳᠡᠪᠰᠢᠭᠦᠯᠦᠨ᠎ᠡ᠃ ᠠᠷᠢᠭᠤᠨ ᠴᠡᠪᠡᠷ ᠪᠠᠷ ᠲᠡᠵᠢᠭᠡᠨ ᠦᠷᠡᠵᠢᠭᠦᠯᠬᠦ ᠤᠷ᠎ᠡ ᠮᠡᠷᠭᠡᠵᠢᠯ ᠢ ᠶᠡᠬᠡᠪᠡᠷ ᠳᠡᠯᠭᠡᠷᠡᠭᠦᠯᠦᠨ᠎ᠡ᠃ ᠵᠣᠷᠯᠣᠩ ᠤᠨ ᠢᠯᠭᠠᠳᠠᠰᠦ ᠪᠣᠬᠢᠷᠲᠤᠯ᠂ ᠮᠠᠯ ᠵᠢᠭᠦᠷᠲᠡᠨ ᠤ ᠢᠯᠭᠠᠳᠠᠰᠦ ᠪᠣᠬᠢᠷᠲᠤᠯ ᠢ ᠲᠠᠷᠢᠶᠠᠨ ᠭᠠᠵᠠᠷ ᠲᠤ ᠪᠤᠴᠠᠭᠠᠨ ᠠᠰᠢᠭᠯᠠᠬᠤ ᠪᠠᠷᠢᠮᠵᠢᠶ᠎ᠠ ᠶᠢ ᠲᠣᠭᠲᠠᠭᠠᠵᠤ᠂ ᠮᠡᠷᠭᠡᠵᠢᠯ ᠤᠨ ᠵᠢᠯᠣᠭᠤᠳᠣᠯᠭ᠎ᠠ ᠪᠠ ᠦᠶᠯᠡᠴᠢᠯᠡᠭᠡ ᠶᠢ ᠰᠠᠶᠢᠲᠤᠷ ᠬᠢᠵᠦ᠂ ᠪᠠᠭᠠᠰᠦ ᠪᠣᠷᠳᠣᠭᠤᠷ ᠢ ᠰᠢᠨᠵᠢᠯᠡᠬᠦ ᠤᠬᠠᠭᠠᠨᠴᠢ ᠪᠠᠷ ᠲᠠᠷᠢᠶᠠᠨ ᠭᠠᠵᠠᠷ ᠲᠤ ᠪᠤᠴᠠᠭᠠᠬᠤ ᠶᠢ ᠲᠦᠯᠬᠢᠨ ᠠᠬᠢᠭᠤᠯᠵᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠲᠠᠷᠢᠶᠠᠯᠠᠩ ᠮᠠᠯ ᠠᠵᠤ ᠠᠬᠤᠶ ᠶᠢ ᠣᠷᠴᠢᠯᠳᠤᠭᠤᠯᠤᠨ ᠬᠥᠭᠵᠢᠭᠦᠯᠬᠦ ᠲᠣᠭᠲᠠᠴᠠ ᠶᠢ ᠪᠠᠶᠢᠭᠤᠯᠤᠨ᠎ᠠ᠃ 2020 ᠣᠨ ᠪᠣᠯᠬᠤ ᠳᠤ ᠮᠠᠯ ᠵᠢᠭᠦᠷᠲᠡᠨ ᠤ ᠢᠯᠭᠠᠳᠠᠰᠦ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 75% ᠳᠤ  ᠬᠦᠷᠭᠡᠵᠦ᠂ ᠬᠡᠪᠴᠢᠶᠠᠵᠢᠯ ᠤᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠢᠯᠭᠠᠳᠠᠰᠦ ᠪᠣᠬᠢᠷᠲᠤᠯ ᠢ ᠰᠢᠶᠳᠪᠦᠷᠢᠯᠡᠬᠦ ᠲᠣᠨᠤᠭ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃      2. ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ᠡᠰᠢ ᠰᠦᠷᠡᠯ ᠢ ᠬᠤᠷᠢᠶᠠᠨ ᠬᠠᠳᠠᠭᠠᠯᠠᠬᠤ ᠲᠡᠭᠡᠭᠡᠪᠦᠷᠢᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠰᠢ ᠰᠦᠷᠡᠯ ᠢ ᠬᠡᠮᠬᠡᠯᠦᠨ ᠲᠠᠷᠢᠶᠠᠨ ᠭᠠᠵᠠᠷ ᠲᠤ ᠪᠤᠴᠠᠭᠠᠬᠤ ᠪᠠ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠬᠤᠪᠢ ᠶᠢᠨ ᠵᠢᠩ ᠢ ᠳᠡᠭᠡᠭᠰᠢᠯᠡᠭᠦᠯᠵᠦ᠂ ᠡᠰᠢ ᠰᠦᠷᠡᠯ ᠢ ᠠᠰᠢᠭᠯᠠᠬᠤ ᠠᠵᠤ ᠦᠶᠢᠯᠡᠰᠵᠢᠭᠰᠡᠨ ᠪᠠᠶᠠᠲᠦ ᠴᠣᠭᠴᠠ ᠶᠢ ᠪᠤᠶᠢᠵᠢᠭᠤᠯᠤᠨ᠂ ᠵᠠᠰᠠᠭ ᠤᠨ ᠣᠷᠳᠣᠨ᠂ ᠠᠵᠤ ᠠᠬᠤᠶᠢᠯᠠᠯ᠂ ᠮᠠᠯᠴᠢᠨ ᠲᠠᠷᠢᠶᠠᠴᠢᠨ ᠭᠤᠷᠪᠠᠨ ᠲᠠᠯ᠎ᠠ ᠶᠢᠨ ᠠᠰᠢᠭ ᠲᠤᠰᠠ ᠶᠢᠨ ᠬᠠᠮᠲᠦ  ᠶᠢᠨ ᠲᠣᠭᠲᠠᠴᠠ ᠶᠢ ᠪᠠᠶᠢᠭᠤᠯᠵᠤ᠂ ᠡᠰᠢ ᠰᠦᠷᠡᠯ ᠢ ᠬᠠᠳᠠᠭᠠᠯᠠᠬᠤ ᠲᠡᠭᠡᠭᠡᠪᠦᠷᠢᠯᠡᠬᠦ ᠠᠰᠢᠬᠠᠯᠬᠤ ᠶᠢᠨ ᠪᠦᠬᠦᠯᠢ ᠴᠤᠬᠴᠡ ᠪᠠᠷ ᠠᠬᠢᠭᠤᠯᠬᠤ ᠠᠵᠢᠯ ᠤᠨ ᠵᠠᠭᠪᠤᠷ ᠢ ᠪᠦᠷᠢᠯᠳᠦᠭᠦᠯᠦᠨ᠎ᠡ᠃ 2020 ᠣᠨ ᠪᠣᠯᠬᠤ ᠳᠤ᠂ ᠪᠥᠬᠦ ᠬᠤᠰᠢᠭᠤᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠦᠨ᠎ᠡ᠃      3. ᠮᠠᠯᠵᠢᠬᠤ ᠲᠠᠷᠢᠶᠠᠯᠠᠬᠤ ᠣᠷᠣᠨ ᠤ ᠦᠶᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠣᠬᠢᠷᠲᠤᠯ ᠥᠬᠡᠶ ᠪᠣᠯᠭᠠᠬᠤ ᠶᠢ ᠠᠬᠢᠭᠤᠯᠤᠨ᠎ᠠ᠃ ᠪᠦᠲᠦᠴᠡ ᠶᠢ ᠲᠣᠬᠢᠷᠠᠭᠤᠯᠬᠤ᠂ ᠭᠠᠵᠠᠷ ᠤᠨ ᠬᠦᠴᠦᠨ ᠢ ᠳᠡᠭᠡᠭᠰᠢᠯᠡᠭᠦᠯᠬᠦ᠂ ᠨᠠᠷᠢᠯᠢᠭ  ᠤᠨᠤᠴᠢᠲᠠᠢ ᠪᠠᠷ ᠪᠣᠷᠳᠣᠭᠤᠷ ᠣᠷᠣᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠦᠷᠭᠦᠯᠵᠢᠯᠡᠨ ᠪᠠᠭᠠᠰᠬᠠᠨ᠎ᠠ᠃ ᠲᠤᠰᠬᠠᠶᠢᠵᠢᠭᠰᠠᠨ ᠨᠢᠭᠡᠳᠦᠯᠲᠡᠶ ᠰᠡᠷᠭᠡᠶᠢᠯᠡᠨ ᠵᠠᠰᠠᠬᠤ ᠪᠠ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠵᠦ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠲᠠᠰᠤᠷᠠᠯᠲᠠ ᠥᠬᠡᠶ ᠪᠠᠭᠠᠰᠬᠠᠨ᠎ᠠ᠃ ᠵᠠᠳᠠᠷᠠᠭᠤᠯᠵᠦ ᠪᠣᠯᠬᠤ ᠭᠠᠵᠠᠷ ᠤᠨ ᠪᠦᠷᠬᠦᠪᠴᠢ ᠪᠠ ᠪᠠᠷᠢᠮᠵᠢᠶᠠᠲᠤ ᠭᠠᠵᠠᠷ ᠤᠨ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠵᠦ᠂ ᠲᠠᠷᠢᠶᠠᠨ ᠭᠠᠵᠠᠷ ᠤᠨ ᠬᠠᠶᠠᠭᠳᠠᠮᠠᠯ ᠬᠠᠭᠤᠴᠢᠨ ᠭᠠᠵᠠᠷ ᠤᠨ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠮᠠᠯᠴᠢᠨ ᠲᠠᠷᠢᠶᠠᠴᠢᠳ ᠤᠨ ᠴᠡᠪᠡᠷ ᠡᠨᠧᠷᠭᠢ ᠬᠡᠷᠡᠭᠯᠡᠬᠦ᠂ ᠬᠡᠢ ᠬᠡᠷᠡᠭᠯᠡᠬᠦ ᠳᠤ ᠲᠤᠬᠢᠷᠡᠪᠡᠯ ᠬᠡᠢ ᠬᠡᠷᠡᠭᠯᠡᠵᠦ᠂ ᠴᠠᠬᠢᠯᠭᠠᠨ ᠬᠡᠷᠡᠭᠯᠡᠬᠦ ᠳᠤ ᠲᠣᠬᠢᠷᠠᠪᠠᠯ ᠴᠠᠬᠢᠯᠭᠠᠨ ᠬᠡᠷᠡᠭᠯᠡᠬᠦ ᠶᠢ ᠢᠳᠡᠪᠬᠢᠲᠡᠢ ᠪᠠᠷ ᠰᠠᠨᠠᠭᠠᠴᠢᠯᠠᠵᠤ᠂ ᠡᠪᠦᠯ ᠤᠨ ᠤᠯᠠᠷᠢᠯ ᠤᠨ ᠨᠡᠭᠦᠷᠡᠰᠦ ᠬᠡᠷᠡᠭᠯᠡᠵᠦ ᠲᠤᠯᠠᠭᠠᠯᠠᠬᠤ ᠤᠯᠠᠮᠵᠢᠯᠠᠯᠲᠤ ᠠᠷᠭ᠎ᠠ ᠮᠠᠶ᠋ᠢᠭ ᠢ ᠲᠠᠰᠤᠷᠠᠯᠳᠠ ᠥᠬᠡᠶ ᠪᠠᠭᠤᠷᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠠᠷᠢᠭᠤᠨ ᠴᠡᠪᠡᠷ ᠡᠨᠧᠷᠭᠢ ᠬᠡᠷᠡᠭᠯᠡᠬᠦ ᠬᠤᠪᠢ ᠶᠢᠨ ᠵᠢᠩ ᠢ ᠠᠯᠭᠤᠷ ᠢᠶᠠᠷ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠬᠤᠪᠢᠷᠠᠭᠤᠯᠵᠤ᠂ ᠭᠠᠵᠠᠷ ᠰᠢᠷᠣᠢ ᠣᠰᠣᠨ ᠴᠣᠭᠴᠠ ᠠᠭᠠᠷ ᠮᠠᠨᠳᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃      ︵ᠵᠢᠷᠭᠤᠭ᠎ᠠ︶ ᠲᠣᠰᠬᠤᠨ ᠤ ᠲᠦᠷᠰᠦ ᠪᠠᠶᠢᠲᠡᠯ ᠢ ᠳᠡᠭᠡᠭᠰᠢᠯᠡᠭᠦᠯᠦᠨ᠎ᠡ ︵ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠨ᠂ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠣᠢ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠬᠠᠨ ᠮᠤᠤᠮᠢᠩᠭᠠᠨ ᠬᠤᠰᠢᠭᠤᠨ ᠤ ᠬᠤᠪᠢᠶᠠᠷᠢ ᠲᠣᠪᠴᠢᠶ᠎ᠠ ᠬᠠᠮᠵᠢᠯᠴᠠᠨ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︶      ᠭᠠᠴᠠᠭ᠎ᠠ ᠲᠣᠰᠬᠤᠨ ᠳᠤ ᠨᠡᠪᠲᠡᠷᠡᠬᠦ ᠵᠠᠮ᠂ ᠡᠷᠦᠬᠡ ᠳᠤ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠵᠢᠴᠢ ᠲᠣᠰᠬᠤᠨ ᠤ ᠳᠣᠲᠣᠷᠠᠬᠢ ᠵᠠᠮ ᠤᠨ ᠬᠠᠳᠠᠭᠤᠷᠠᠭᠤᠯᠤᠯᠲᠡ ᠶᠢ ᠲᠦᠷᠭᠡᠳᠬᠡᠨ ᠠᠬᠢᠭᠤᠯᠵᠤ᠂ 2020 ᠣᠨ ᠪᠣᠯᠬᠤ ᠳᠤ᠂ ᠲᠠᠷᠢᠶᠠᠯᠠᠬᠤ ᠣᠷᠣᠨ ᠳᠤ ᠲᠣᠰᠬᠤᠨ ᠤ ᠳᠣᠲᠣᠷᠠᠬᠢ ᠵᠠᠮ ᠤᠨ ᠰᠢᠪᠡᠷ ᠪᠡᠯᠴᠢᠭ᠋ ᠲᠠᠢ᠂ ᠶᠠᠪᠤᠵᠤ ᠰᠠᠭᠤᠬᠤ ᠳᠤ ᠳᠥᠭᠦᠮ ᠥᠬᠡᠶ ᠠᠰᠠᠭᠤᠳᠠᠯ ᠢ ᠦᠨᠳᠦᠰᠦᠨ ᠳᠡᠭᠡᠨ ᠰᠢᠶᠳᠪᠦᠷᠢᠯᠡᠵᠦ᠂ ᠮᠠᠯᠵᠢᠬᠤ ᠣᠷᠣᠨ ᠤ ᠠᠵᠤ ᠦᠢᠯᠡᠰᠵᠢᠭᠰᠡᠨ ᠲᠣᠭᠤᠷᠢᠭ᠂ ᠲᠥᠪᠯᠡᠷᠡᠨ ᠰᠠᠭᠤᠬᠰᠡᠨ ᠰᠢᠨ᠎ᠡ ᠲᠣᠰᠬᠤᠨ ᠵᠡᠭᠡᠯᠢ ᠭᠤᠳᠤᠮᠵᠢ ᠶᠢ ᠪᠦᠬᠦᠨ ᠢ ᠬᠠᠲᠠᠭᠤᠷᠠᠭᠤᠯᠵᠤ᠂ ᠭᠠᠴᠠᠭ᠎ᠠ ᠲᠣᠰᠬᠤᠨ ᠳᠤ ᠨᠡᠪᠲᠡᠷᠡᠬᠦ ᠵᠠᠮ ᠤᠨ ᠬᠠᠳᠠᠭᠤᠷᠠᠭᠤᠯᠤᠯᠲᠡ ᠶᠢᠨ ᠨᠣᠷᠮ᠎ᠠ ᠶᠢ ᠢᠯᠡᠳᠲᠡ ᠳᠡᠭᠡᠭᠰᠢᠯᠡᠭᠦᠯᠦᠨ᠎ᠡ᠃ ᠲᠤᠬᠠᠢ ᠶᠢᠨ ᠭᠠᠵᠠᠷ ᠤᠨ ᠡᠬᠢ ᠪᠠᠶᠠᠯᠢᠭ ᠢ ᠭᠦᠢᠴᠡᠳ ᠠᠰᠢᠬᠯᠠᠨ᠂ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ ᠵᠠᠮ ᠲᠠᠪᠢᠰᠬᠦ ᠮᠠᠲ᠋ᠧᠷᠢᠶᠡᠯ ᠢ ᠰᠤᠩᠭᠤᠬᠤ ᠬᠡᠷᠡᠭᠲᠠᠢ᠃ ᠠᠶᠢᠯ ᠲᠣᠰᠬᠤᠨ ᠤ ᠣᠯᠠᠨ ᠨᠡᠶᠢᠲᠡ ᠶᠢᠨ ᠭᠠᠵᠠᠷ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠳᠤᠷ᠎ᠠ ᠪᠠᠷ ᠢᠶᠠᠨ ᠪᠠᠷᠢᠵᠤ ᠲᠡᠪᠡ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠣᠪᠣᠭᠠᠯᠠᠵᠤ ᠲᠡᠪᠡ ᠪᠠᠷ ᠢᠶᠠᠨ ᠲᠠᠯᠪᠢᠬᠤ ᠠᠵᠢᠯᠯᠠᠭ᠎ᠠ ᠶᠢ ᠠᠷᠢᠯᠭᠠᠨ ᠴᠡᠪᠡᠷᠯᠡᠵᠦ᠂ ᠦᠯᠡᠲᠡᠭᠲᠡᠯ ᠪᠠᠷᠢᠯᠭ᠎ᠠ ᠬᠠᠰᠢᠯᠭ᠎ᠠ ᠶᠢ ᠨᠤᠷᠠᠭᠠᠨ᠎ᠡ᠃ ᠬᠦᠷᠢᠶ᠎ᠡ ᠬᠠᠰᠢᠶᠠᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠤᠬᠢᠷ ᠪᠤᠷᠲᠠᠭ ᠡᠮᠬᠢ ᠵᠠᠮᠪᠠᠷᠠᠭ᠎ᠠ ᠦᠭᠡᠢ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ︔ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠵᠦ᠂ ᠲᠣᠰᠬᠤᠨ ᠤ ᠲᠦᠷᠰᠦ ᠪᠠᠶᠢᠲᠡᠯ ᠪᠣᠯᠤᠨ ᠮᠠᠯᠴᠢᠨ ᠲᠠᠷᠢᠶᠠᠴᠢᠳ  ᠤᠨ ᠣᠷᠣᠯᠭ᠎ᠠ ᠶᠢᠨ ᠬᠤᠣᠰ ᠨᠡᠮᠡᠭᠲᠡᠯ ᠢ ᠪᠡᠶᠡᠯᠡᠭᠦᠯᠦᠨ᠎ᠡ᠃ ᠠᠶᠢᠯ ᠲᠣᠰᠬᠤᠨ ᠤ ᠣᠯᠠᠨ ᠨᠡᠶᠢᠲᠡ ᠶᠢᠨ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠤᠯᠠᠮᠵᠢᠯᠠᠯᠲᠤ ᠲᠣᠰᠬᠤᠨ ᠠᠷᠠᠳ ᠤᠨ ᠣᠷᠣᠨ ᠰᠠᠭᠤᠴᠠ᠂ ᠲᠡᠤᠬᠡ ᠰᠣᠶᠣᠯ ᠤᠨ ᠨᠠᠷᠠᠲᠤ ᠲᠣᠰᠬᠤᠨ ᠪᠠᠯᠭᠠᠰᠤ ᠪᠠ ᠲᠡᠤᠬᠡ ᠶᠢᠨ ᠳᠤᠷᠠᠰᠬᠠᠯᠲᠤ ᠵᠦᠢᠯᠡᠰ᠂ ᠡᠷᠲᠡᠨ ᠤ ᠪᠠᠷᠢᠯᠭ᠎ᠠ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠪᠠᠷᠢᠯᠭ᠎ᠠ ᠶᠢᠨ ᠦᠩᠭᠡ ᠲᠦᠷᠰᠦ ᠶᠢ ᠳᠡᠭᠡᠭᠰᠢᠯᠡᠭᠦᠯᠵᠦ᠂ ᠨᠤᠲᠤᠭ ᠤᠰᠤᠨ ᠤ ᠣᠨᠴᠠᠯᠢᠭ᠂ ᠦᠨᠳᠦᠰᠦᠲᠡᠨ ᠤ ᠣᠨᠴᠠᠯᠢᠭ ᠢ ᠨᠢ ᠳᠣᠪᠤᠶᠢᠯᠭᠠᠨ᠂ ᠲᠠᠷᠢᠶᠠᠯᠠᠬᠤ ᠰᠣᠶᠣᠯ᠂ ᠲᠠᠯ᠎ᠠ ᠨᠤᠲᠤᠭ ᠤᠨ ᠰᠣᠶᠣᠯ᠂ ᠮᠣᠩᠭᠤᠯ ᠰᠣᠶᠣᠯ ᠢ ᠪᠠᠳᠠᠷᠠᠭᠤᠯᠵᠤ᠂ ᠰᠢᠨ᠎ᠡ ᠪᠠᠷ ᠪᠠᠶᠢᠭᠤᠯᠤᠭᠰᠠᠨ ᠬᠥᠳᠡᠭᠡ ᠲᠣᠰᠬᠤᠨ ᠤ ᠭᠡᠷ ᠪᠠᠶᠢᠰᠢᠩ ᠤᠨ ᠪᠠᠭᠳᠠᠭᠠᠮᠵᠢ ᠪᠠ ᠦᠩᠭᠡ ᠳᠦᠷᠰᠦ ᠶᠢ ᠨᠢ ᠴᠢᠩᠭ᠎ᠠ ᠬᠢᠵᠠᠭᠠᠷᠯᠠᠨ᠂ ᠤᠤᠯ ᠤᠨ ᠪᠠᠶᠢᠬᠰᠡᠨ ᠭᠡᠷ ᠪᠠᠶᠢᠰᠢᠩ ᠢ ᠶᠠᠰᠤ ᠴᠢᠨᠠᠷ ᠤᠨ ᠠᠮᠤᠷ ᠲᠦᠪᠰᠢᠨ ᠲᠠᠢ ᠤᠶᠠᠯᠳᠤᠭᠤᠯᠤᠨ ᠥᠭᠡᠷᠡᠴᠢᠯᠡᠨ ᠰᠠᠶᠢᠵᠢᠷᠠᠭᠤᠯᠵᠤ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠬᠤ ᠤᠷᠢᠲᠠᠯ ᠳᠣᠤᠷ᠎ᠠ ᠵᠠᠰᠠᠨ ᠰᠡᠯᠪᠢᠨ᠎ᠡ᠃ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠰᠠᠶᠢᠳᠤᠷ ᠬᠡᠷᠡᠭᠵᠢᠭᠦᠯᠵᠦ᠂ ᠠᠶᠢᠯ ᠲᠣᠰᠬᠤᠨ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠶᠢ ᠥᠷᠨᠢᠭᠦᠯᠦᠨ᠂ ᠰᠤᠯᠠ ᠬᠤᠭᠤᠰᠤᠨ ᠪᠠᠶᠢᠭ᠎ᠠ ᠭᠠᠵᠠᠷ ᠰᠢᠷᠣᠢ ᠶᠢ ᠭᠦᠢᠴᠡᠳ ᠠᠰᠢᠬᠯᠠᠨ ᠨᠤᠭᠤᠭᠠᠷᠠᠭᠤᠯᠤᠯᠲᠡ ᠬᠢᠵᠦ᠂ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ ᠮᠣᠳᠣ ᠴᠡᠴᠡᠭ ᠡᠪᠡᠰᠦ ᠬᠤᠸᠠᠷ ᠲᠠᠷᠢᠵᠤ᠂ ᠲᠠᠷᠢᠶᠠᠨ ᠭᠠᠵᠠᠷ ᠤᠨ ᠬᠠᠯᠬᠠᠪᠴᠢ ᠣᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ 2020 ᠣᠨ ᠪᠣᠯᠬᠤ ᠳᠤ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠨᠤᠷᠮ᠎ᠠ ᠶᠢ 30% ᠠᠴᠠ ᠳᠡᠭᠡᠭᠰᠢ ᠪᠤᠯᠭᠠᠨ᠎ᠡ᠃ ᠨᠥᠬᠦᠴᠡᠯ ᠲᠠᠢ ᠭᠠᠵᠠᠷ ᠣᠷᠣᠨ ᠨᠢ ︽ᠲᠠᠷᠢᠶ᠎ᠠ᠂ ᠤᠰᠤ᠂ ᠵᠠᠮ᠂ ᠣᠢ᠂ ᠲᠣᠰᠬᠤᠨ︾  ᠤ ᠶᠡᠷᠦᠩᠭᠡᠶᠢᠯᠡᠨ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ ᠪᠣᠯᠤᠨ᠎ᠠ᠃      ︵ᠲᠤᠯᠤᠭ᠎ᠠ︶ ᠪᠦᠲᠦᠭᠡᠨ ᠪᠠᠶᠢᠭᠤᠯᠬᠤ ᠪᠠ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ ︵ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠬᠠᠨ ᠮᠤᠤᠮᠢᠩᠭᠠᠨ ᠬᠤᠰᠢᠭᠤᠨ ᠤ ᠬᠤᠪᠢᠶᠠᠷᠢ ᠲᠣᠪᠴᠢᠶ᠎ᠠ᠂ ᠣᠢ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠬᠠᠮᠵᠢᠯᠴᠠᠨ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠨ᠎ᠠ︶       ᠬᠤᠰᠢᠭᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠢᠶᠠᠷ ᠭᠡᠰᠢᠭᠦᠨ ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠬᠠᠮᠢᠶᠠᠷᠤᠯᠲᠡ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠬᠠᠮᠢᠶ᠎ᠡ ᠪᠦᠬᠦᠢ ᠰᠠᠯᠠᠭ᠎ᠠ ᠮᠥᠴᠢᠷ᠂ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠶᠢᠯ ᠲᠣᠰᠬᠤᠨ ᠤ ᠵᠠᠮ᠂ ᠤᠰᠤ ᠬᠠᠩᠭᠠᠬᠤ ᠪᠡ ᠭᠠᠳᠠᠭᠰᠢᠯᠠᠭᠤᠯᠬᠤ᠂ ᠬᠤᠭ ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠠᠶᠢᠯ ᠲᠣᠰᠬᠤᠨ ᠤ ᠨᠤᠭᠤᠭᠠᠷᠠᠭᠤᠯᠤᠯᠲᠡ ᠵᠡᠷᠭᠡ ᠪᠠᠶᠢᠩᠭᠤ ᠶᠢᠨ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠳᠦᠷᠢᠮ ᠢ ᠪᠠᠶᠢᠭᠤᠯᠤᠨ ᠪᠥᠷᠢᠨᠰᠢᠬᠦᠯᠵᠤ᠂ ᠳᠦᠷᠢᠮ ᠲᠠᠢ᠂ ᠪᠠᠷᠢᠮᠵᠢᠶ᠎ᠠ ᠲᠠᠢ᠂ ᠡᠩᠨᠡᠭᠡ ᠲᠠᠢ᠂ ᠪᠠᠶᠢᠴᠠᠭᠠᠯᠲᠡ ᠲᠠᠢ᠂ ᠵᠠᠷᠤᠳᠠᠯ ᠲᠠᠢ ᠠᠶᠢᠯ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠢᠶᠠᠷᠤᠨ ᠬᠠᠮᠠᠭᠠᠯᠠᠬᠤ ᠪᠠᠶᠢᠩᠭᠤ ᠶᠢᠨ ᠪᠦᠲᠦᠮᠵᠢᠲᠡᠢ ᠲᠣᠭᠲᠠᠴᠠ ᠶᠢ ᠦᠨᠳᠦᠰᠦᠨ ᠳᠤ ᠨᠢ ᠪᠠᠶᠢᠭᠤᠯᠤᠨ᠎ᠠ᠃ ᠦᠨᠳᠦᠰᠦᠨ ᠱᠠᠲᠤᠨ ᠤ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠤᠨ ᠪᠠᠯᠭᠠᠰᠤᠨ ᠤ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠠᠬᠤᠢ ᠶᠢᠨ ᠬᠠᠮᠠᠭᠠᠯᠠᠯᠲᠠ ᠶᠢ ᠵᠣᠬᠢᠴᠠᠩᠭᠤᠶ ᠪᠠᠷ ᠲᠦᠯᠬᠢᠨ ᠠᠬᠢᠭᠤᠯᠬᠤ ᠳᠦᠷᠢᠮ ᠢ ᠪᠠᠶᠢᠭᠤᠯᠤᠨ᠎ᠠ᠃ ᠲᠤᠰᠬᠠᠶᠢᠵᠢᠭᠰᠠᠨ᠂ ᠵᠠᠬ᠎ᠠ ᠲᠡᠯᠭᠡᠭᠦᠷᠵᠢᠭᠰᠡᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠨ ᠬᠠᠮᠠᠭᠠᠯᠠᠯᠲᠡ ᠶᠢ ᠵᠣᠷᠢᠭᠵᠢᠭᠤᠯᠵᠤ᠂ ᠭᠤᠷᠪᠠᠳᠠᠬᠢ ᠡᠲᠡᠭᠡᠳ ᠤᠨ ᠵᠠᠰᠠᠯᠲᠠ ᠶᠢᠨ ᠲᠣᠭᠲᠠᠴᠠ ᠶᠢ ᠰᠦᠪᠡᠭᠴᠢᠯᠡᠨ ᠣᠷᠣᠭᠤᠯᠵᠤ᠂ ᠵᠠᠬ᠎ᠠ ᠲᠡᠯᠭᠡᠭᠦᠷᠵᠢᠭᠰᠡᠨ ᠲᠤᠰᠬᠠᠶ ᠮᠡᠷᠭᠡᠵᠢᠯ ᠤᠨ ᠬᠠᠮᠢᠶᠠᠷᠤᠨ ᠬᠠᠮᠠᠭᠠᠯᠠᠬᠤ ᠡᠩᠨᠡᠭᠡ ᠶᠢ ᠪᠤᠶᠢᠵᠢᠭᠤᠯᠤᠨ᠎ᠠ᠃ ᠨᠥᠬᠦᠴᠡᠯ ᠲᠠᠢ ᠲᠤᠰᠬᠤᠨ ᠪᠠᠯᠭᠠᠰᠤ ᠨᠢ ᠬᠤᠲᠠ ᠬᠥᠳᠡᠭᠡ ᠶᠢᠨ ᠬᠤᠭ ᠨᠣᠪᠰᠢ ᠪᠣᠬᠢᠷ ᠤᠰᠤ ᠶᠢ ᠰᠢᠶᠳᠪᠦᠷᠢᠯᠡᠬᠦ ᠶᠢᠨ ᠨᠢᠭᠡᠳᠦᠯᠲᠡᠶ ᠲᠦᠯᠦᠪᠵᠢᠭᠦᠯᠭᠡ᠂ ᠨᠢᠭᠡᠳᠦᠯᠲᠡᠶ ᠪᠦᠲᠦᠭᠡᠨ ᠪᠠᠶᠢᠭᠤᠯᠤᠯᠲᠠ᠂ ᠨᠢᠭᠡᠳᠦᠯᠲᠡᠶ ᠠᠵᠢᠯᠯᠠᠭᠠᠨ᠂ ᠨᠢᠭᠡᠳᠦᠯᠲᠡᠶ ᠬᠠᠮᠢᠶᠠᠷᠤᠯᠲᠠ ᠶᠢ ᠲᠤᠷᠰᠢᠨ ᠬᠡᠷᠡᠭᠵᠢᠭᠦᠯᠦᠨ᠎ᠡ᠃ ᠣᠷᠴᠢᠨ ᠠᠬᠤᠶ ᠶᠢ ᠵᠠᠰᠠᠬᠤ ᠠᠵᠢᠯ ᠤᠨ ᠦᠷ᠎ᠡ ᠪᠦᠲᠦᠮᠵᠢ ᠶᠢ ᠦᠨᠳᠦᠰᠦᠯᠡᠨ ᠵᠠᠷᠤᠳᠠᠯ ᠲᠤᠰᠢᠶᠠᠬᠤ ᠳᠦᠷᠢᠮ ᠢ ᠬᠡᠷᠡᠭᠵᠢᠭᠦᠯᠵᠦ᠂ ᠦᠢᠯᠡᠴᠢᠯᠡᠭᠡᠨ ᠤ ᠠᠮᠵᠢᠯᠲᠠ ᠪᠦᠲᠦᠮᠵᠢ ᠶᠢ ᠦᠨᠡᠯᠡᠨ ᠲᠤᠬᠳᠠᠭᠠᠬᠤ ᠲᠣᠭᠲᠠᠴᠠ ᠶᠢ ᠪᠦᠢᠷᠢᠨᠰᠢᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠤ ᠬᠤᠭ ᠨᠣᠪᠰᠢ ᠪᠣᠬᠢᠷ ᠤᠰᠤ ᠶᠢ ᠰᠢᠶᠳᠪᠦᠷᠢᠯᠡᠬᠦ ᠶᠢᠨ ᠲᠠᠷᠢᠶᠠᠴᠢᠨ ᠡᠷᠦᠭᠡ ᠵᠠᠷᠤᠳᠠᠯ ᠲᠤᠰᠢᠶᠠᠬᠤ ᠳᠦᠷᠢᠮ ᠢ ᠰᠦᠪᠡᠭᠴᠢᠯᠡᠨ ᠪᠠᠶᠢᠭᠤᠯᠬᠤ ᠶᠢ ᠵᠣᠷᠢᠭᠵᠢᠭᠤᠯᠵᠤ᠂ ᠡᠳ᠋ ᠤᠨ ᠵᠠᠰᠠᠭ ᠤᠨ ᠨᠥᠬᠦᠪᠥᠷᠢ ᠪᠠ ᠲᠠᠷᠢᠶᠠᠴᠢᠨ ᠡᠷᠦᠬᠡ ᠵᠠᠷᠤᠳᠠᠯ ᠢ ᠵᠣᠬᠢᠰᠲᠠᠶ ᠬᠤᠪᠢᠶᠠᠨ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠮᠠᠯᠵᠢᠬᠤ ᠲᠠᠷᠢᠶᠠᠯᠠᠬᠤ ᠣᠷᠣᠨ ᠤ ︽ᠤᠷᠠᠨ ᠳᠠᠷᠬᠠᠨ︾ ᠤ ᠳᠠᠭᠠᠭᠤᠯᠤᠭᠴᠢ ᠵᠡᠷᠭᠡ ᠡᠲᠡᠭᠡᠳ ᠤᠨ ᠲᠣᠰᠬᠤᠨ ᠤ ᠳᠣᠲᠣᠷᠠᠬᠢ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠮᠣᠳᠣ ᠲᠠᠷᠢᠵᠤ ᠣᠶᠢᠵᠢᠭᠤᠯᠬᠤ ᠵᠡᠷᠭᠡ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠵᠢᠵᠢᠭ ᠬᠡᠯᠪᠡᠷᠢ ᠶᠢᠨ ᠢᠨᠵᠧᠨᠧᠷᠢᠩ ᠤᠨ ᠲᠥᠷᠥᠯ ᠵᠦᠢᠯ ᠢ ᠲᠠᠭᠠᠭᠠᠴᠢᠯᠠᠨ ᠬᠢᠬᠦ ᠶᠢ ᠳᠠᠮᠵᠢᠨ᠎ᠠ᠃ ᠲᠤᠰᠬᠠᠶᠢᠵᠢᠭᠰᠠᠨ ᠪᠤᠯᠪᠠᠰᠤᠷᠡᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠶ ᠶᠢᠨ ᠭᠠᠵᠠᠷ ᠤᠨ ᠭᠠᠴᠠᠭ᠎ᠠ ᠲᠣᠰᠬᠤᠨ ᠤ ᠠᠷᠠᠳ ᠢ ᠲᠣᠰᠬᠤᠨ ᠤ ᠳᠣᠲᠣᠭᠠᠳᠤ ᠳᠠᠬᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠲᠦᠭᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ ᠶᠢᠨ ᠴᠢᠬᠤᠯᠠ ᠬᠦᠴᠦᠨ ᠪᠣᠯᠭᠠᠨ ᠬᠥᠮᠦᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠦᠪᠰᠢᠶᠡᠷᠡᠭᠦᠯᠬᠦ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠳᠤ ᠤᠷᠤᠯᠴᠠᠭᠤᠯᠬᠤ ᠶᠠᠪᠤᠴᠡ ᠶᠢ ᠳᠥᠭᠦᠮᠴᠢᠯᠡᠵᠦ᠂ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠢᠨᠵᠧᠨᠧᠷᠢᠩ ᠤᠨ ᠶᠠᠰᠤ ᠴᠢᠨᠠᠷ ᠢ ᠦᠨᠡᠨ ᠬᠦ ᠪᠠᠲᠤᠯᠠᠨ᠎ᠠ᠃       ᠭᠤᠷᠪᠡ᠂ ᠬᠡᠷᠡᠭᠵᠢᠭᠦᠯᠬᠦ ᠠᠯᠬᠤᠮ ᠳᠠᠷᠠᠭ᠎ᠠ      ︵ᠨᠢᠭᠡ︶ ᠲᠥᠰᠦᠯ ᠲᠤᠭᠳᠠᠭᠠᠨ ᠲᠣᠭᠲᠠᠴᠠ ᠪᠠᠶᠢᠭᠤᠯᠬᠤ ᠱᠠᠲᠤ ᠦᠶ᠎ᠡ ︵2018 ᠣᠨ ᠤ 11 ᠰᠠᠷ᠎ᠠ — 2018 ᠣᠨ ᠤ 12 ᠰᠠᠷ᠎ᠠ︶      ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠪᠣᠳᠠᠲᠠᠶ ᠲᠠᠢ ᠪᠠᠨ ᠤᠶᠠᠯᠳᠤᠭᠤᠯᠤᠨ ᠪᠣᠳᠠᠲᠠᠶ ᠠᠵᠢᠯ ᠤᠨ ᠲᠥᠰᠦᠯ ᠢᠶᠠᠨ ᠲᠠᠷᠤᠢ ᠲᠦᠷᠭᠡᠨ ᠲᠣᠭᠲᠠᠭᠠᠵᠤ᠂ 12 ᠰᠠᠷ᠎ᠠ ᠶᠢᠨ 15 ᠤ ᠡᠳᠦᠷ ᠠᠴᠠ ᠡᠮᠦᠨ᠎ᠡ ᠲᠥᠰᠦᠯ ᠢᠶᠠᠨ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠬᠠᠨ ᠮᠤᠤᠮᠢᠩᠭᠠᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠲᠥᠰᠦᠯ ᠳᠤ ᠬᠠᠷᠢᠶᠠᠯᠠᠬᠤ ᠤᠷᠤᠨ ᠬᠡᠪᠴᠢᠶᠡᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠣᠳᠣᠬᠢ ᠪᠠᠶᠢᠳᠠᠯ ᠵᠢᠴᠢ ᠰᠠᠭᠤᠷᠢ ᠲᠤᠭ᠎ᠠ᠂ ᠬᠠᠷᠠᠯᠲᠠ ᠡᠭᠦᠷᠭᠡ ᠪᠣᠯᠤᠨ ᠤᠨ ᠵᠢᠯ ᠬᠤᠪᠢᠶᠠᠨ ᠬᠡᠷᠡᠭᠵᠢᠭᠦᠯᠬᠦ ᠲᠥᠯᠥᠪᠯᠡᠭᠡ᠂ ᠪᠡᠯᠡ ᠮᠥᠩᠭᠦ ᠴᠤᠭᠯᠠᠭᠤᠯᠬᠤ ᠲᠥᠰᠦᠯ ᠪᠣᠯᠤᠨ ᠠᠷᠭ᠎ᠠ ᠵᠠᠮ᠂ ᠬᠠᠷᠢᠭᠤᠴᠠᠯᠭᠠᠲᠤ ᠨᠢᠭᠡᠴᠡ ᠪᠣᠯᠤᠨ ᠬᠠᠷᠢᠭᠤᠴᠠᠯᠭᠠᠲᠠᠨ ᠵᠢᠴᠢ ᠮᠠᠯᠴᠢᠨ ᠲᠠᠷᠢᠶᠠᠴᠢᠳ ᠢ ᠲᠡᠶᠢᠴᠢᠯᠡᠨ ᠣᠷᠣᠯᠴᠠᠭᠤᠯᠬᠤ ᠲᠣᠭᠲᠠᠴᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠠᠵᠢᠯᠯᠠᠭᠠᠨ  ᠢ ᠬᠠᠮᠢᠶᠠᠷᠤᠨ ᠬᠠᠮᠠᠭᠠᠯᠠᠬᠤ ᠲᠣᠭᠲᠠᠴᠠ᠂ ᠬᠡᠮᠵᠢᠶᠡᠯᠡᠵᠦ ᠪᠤᠯᠬᠤ ᠰᠢᠯᠭᠠᠨ ᠬᠤᠷᠢᠶᠠᠬᠤ ᠭᠦᠢᠴᠡᠳᠭᠡᠬᠦ ᠲᠤᠭ᠎ᠠ ᠪᠣᠯᠤᠨ ᠰᠢᠯᠭᠠᠨ ᠬᠤᠷᠢᠶᠠᠬᠤ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ ᠤᠯᠠᠨ ᠲᠦᠮᠡᠨ ᠢ ᠬᠥᠲᠥᠯᠥᠨ ᠵᠢᠯᠣᠭᠤᠳᠬᠤ᠂ ᠲᠣᠭᠲᠠᠴᠠ ᠶᠢ ᠪᠠᠶᠢᠭᠤᠯᠬᠤ᠂ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠵᠡᠷᠭᠡ ᠡᠮᠦᠨᠡᠬᠢ ᠬᠤᠭᠤᠴᠠᠭᠠᠨ  ᠤ ᠪᠡᠯᠡᠳᠬᠡᠯ ᠠᠵᠢᠯ ᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯᠲᠠᠨ ᠪᠣᠯᠤᠨ ᠮᠡᠷᠭᠡᠵᠢᠯ ‍ᠤᠨ‌ᠠᠵᠢᠯᠲᠠᠨ ᠳᠤ ᠪᠤᠯᠪᠠᠰᠤᠷᠡᠯ ᠬᠢᠬᠦ ᠬᠡᠷᠡᠭᠲᠡᠢ᠃      ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵2018 ᠣᠨ ᠤ 12 ᠰᠠᠷ᠎ᠠ — 2020 ᠣᠨ ᠤ 6 ᠰᠠᠷ᠎ᠠ︶      ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠡᠷᠡᠭᠵᠢᠭᠦᠯᠬᠦ ᠠᠶᠢᠯ ᠲᠣᠰᠬᠤᠨ ᠤ ᠲᠤᠭ᠎ᠠ ᠬᠡᠮᠵᠢᠶ᠎ᠡ ᠶᠢ 2018 ᠣᠨ᠂ 2019 ᠣᠨ ᠪᠠ 2020 ᠣᠨ 6 ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠤᠰ ᠲᠤᠰ 70%᠂ 80% ᠪᠠ 90% ᠳᠤ ᠬᠦᠷᠦᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠬᠤ ᠶᠢᠨ ᠬᠠᠮᠲᠤ ᠲᠥᠰᠦᠯ ᠢ ᠲᠦᠷᠭᠡᠳᠬᠡᠨ ᠨᠠᠶᠢᠳᠠᠪᠦᠷᠢᠵᠢᠭᠤᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠠᠮᠢᠶ᠎ᠠ ᠪᠦᠬᠦᠢ ᠲᠥᠷᠥᠯ ᠵᠦᠶᠯ ᠢ ᠢᠳᠡᠪᠬᠢᠲᠡᠶ ᠲᠡᠮᠡᠴᠡᠨ ᠣᠯᠵᠤ᠂ 2018 ᠣᠨ ᠤ ᠰᠡᠭᠦᠯᠴᠢ ᠠᠴᠠ ᠡᠮᠦᠨ᠎ᠡ᠂ ᠬᠠᠷᠢᠶᠠᠯᠠᠬᠤ ᠣᠷᠣᠨ ᠪᠦᠰᠡ ᠪᠠ ᠬᠠᠷᠢᠶᠠᠯᠠᠬᠤ ᠤᠷᠤᠨ ᠬᠡᠪᠴᠢᠶᠡᠨ ᠳᠠᠬᠢ ᠣᠷᠣᠰᠢᠨ ᠰᠠᠭᠤᠬᠤ ᠣᠷᠴᠢᠨ ᠲᠣᠭᠤᠷᠢᠨ  ᠢ ᠴᠡᠭᠴᠡᠯᠡᠨ ᠵᠠᠰᠠᠬᠤ ᠠᠶᠢᠯ ᠲᠣᠰᠬᠤᠨ ᠤ ᠲᠤᠭ᠎ᠠ ᠬᠡᠮᠵᠢᠶ᠎ᠡ ᠶᠢ 70% ᠳᠤ ᠬᠦᠷᠭᠡᠬᠦ ᠪᠠᠷ ᠴᠢᠷᠮᠠᠶᠢᠵᠤ᠂ 2019 ᠣᠨ ᠪᠠ 2020 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠤᠰ ᠲᠤᠰ 80% ᠪᠠ 90% ᠳᠤ ᠬᠦᠷᠦᠭᠦᠯᠦᠨ᠎ᠡ᠃      ︵ᠭᠤᠷᠪᠠ︶ ᠰᠢᠯᠭᠠᠨ ᠬᠤᠷᠢᠶᠠᠬᠤ ᠱᠠᠲᠤ ᠦᠶ᠎ᠡ ︵2020 ᠣᠨ ᠤ 7 ᠰᠠᠷ᠎ᠠ — 2020 ᠣᠨ ᠤ 12 ᠰᠠᠷ᠎ᠠ︶      ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠨᠠᠨ ᠰᠢᠯᠭᠠᠵᠤ ᠬᠤᠷᠢᠶᠠᠨ ᠠᠪᠬᠤ ᠪᠠᠷᠢᠮᠵᠢᠶ᠎ᠠ ᠪᠣᠯᠤᠨ ᠠᠷᠭ᠎ᠠ ᠶᠢᠨ ᠶᠣᠰᠣᠭᠠᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ  ᠤ ᠲᠣᠪᠴᠢᠶ᠎ᠠ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠡᠳ ᠢᠶᠠᠷ ᠪᠦᠷᠢᠯᠳᠦᠭᠰᠡᠨ ᠬᠢᠨᠠᠨ ᠰᠢᠯᠭᠠᠵᠤ ᠬᠤᠷᠢᠶᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠬᠢᠨᠠᠨ ᠰᠢᠯᠭᠠᠵᠤ ᠬᠤᠷᠢᠶᠠᠨ ᠠᠪᠬᠤ ᠶᠢ ᠵᠣᠬᠢᠶᠠᠨ ᠪᠠᠶᠢᠭᠤᠯᠤᠨ᠎ᠠ᠃      ᠲᠦᠷᠪᠡ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠵᠠᠰᠠᠭ ᠤᠨ ᠣᠷᠳᠣᠨ ᠤ ᠣᠷᠣᠭᠤᠯᠤᠯᠲᠠ ᠶᠢ ᠨᠡᠮᠡᠭᠳᠡᠭᠦᠯᠦᠨ᠎ᠡ ︵ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠨ᠎ᠠ︶      ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠠᠮᠢᠶ᠎ᠠ ᠪᠦᠬᠦᠢ ᠠᠷᠭ᠎ᠠ ᠵᠠᠮ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠡᠳ᠋ ᠤᠨ ᠵᠠᠰᠠᠭ  ᠤᠨ ᠲᠣᠭᠲᠠᠭᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠪᠠᠯᠠ ᠮᠥᠩᠭᠦ ᠶᠢ ᠵᠦᠶ ᠵᠣᠬᠢᠰᠲᠠᠶ ᠪᠠᠲᠤᠯᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ᠂ ᠪᠣᠬᠢᠷ ᠤᠰᠤ ᠶᠢ ᠰᠢᠶᠳᠪᠦᠷᠢᠯᠡᠬᠦ ᠪᠠᠯᠠ ᠮᠥᠩᠭᠦ ᠶᠢᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠬᠠᠮᠢᠶ᠎ᠠ ᠪᠦᠬᠦᠢ ᠪᠡᠯᠡ ᠮᠥᠩᠭᠦ ᠶᠢ ᠢᠲᠡᠪᠬᠢᠯᠡᠨ ᠲᠡᠮᠡᠴᠡᠨ ᠣᠯᠵᠤ ᠪᠠᠶᠢᠭᠠᠳ ᠬᠤᠰᠢᠭᠤ ᠰᠢᠶᠠᠨ ︵ᠬᠤᠳᠠ᠂ ᠲᠣᠭᠤᠷᠢᠭ︶ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠴᠤᠭᠯᠠᠭᠤᠯᠬᠤ᠂ ᠰᠢᠯᠵᠢᠭᠦᠯᠦᠨ ᠵᠦᠭᠡᠭᠡᠪᠦᠷᠢᠯᠡᠬᠦ᠂ ᠰᠢᠢᠳᠪᠦᠷᠢᠯᠡᠬᠦ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠪᠣᠬᠢᠷ ᠤᠰᠤ ᠶᠢ ᠰᠢᠢᠳᠪᠦᠷᠢᠯᠡᠬᠦ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠳᠤ ᠬᠡᠷᠡᠭᠯᠡᠬᠦ ᠬᠡᠷᠡᠭᠲᠡᠢ᠃ ᠬᠤᠰᠢᠭᠤᠨ ᠤ ᠡᠳ᠋ ᠤᠨ ᠵᠠᠰᠠᠭ ᠠᠴᠠ ᠬᠤᠭ ᠨᠣᠪᠰᠢ ᠪᠣᠬᠢᠷ ᠤᠰᠤ ᠶᠢ ᠵᠠᠰᠠᠬᠤ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠲᠠᠢ ᠬᠠᠮᠲᠤᠪᠠᠷ ᠬᠤᠭ ᠨᠣᠪᠰᠢ ᠪᠣᠬᠢᠷ ᠤᠰᠤ ᠶᠢ ᠵᠦᠭᠡᠭᠡᠪᠦᠷᠢᠯᠡᠬᠦ᠂ ᠰᠢᠶᠳᠪᠦᠷᠢᠯᠡᠬᠦ ᠲᠦᠭᠦᠭᠡᠷᠦᠮᠵᠢ ᠶᠢᠨ ᠡᠳᠦᠷ ᠲᠣᠲᠤᠮ ᠤᠨ ᠠᠵᠢᠯᠯᠠᠭᠠᠨ ᠬᠠᠮᠠᠭᠠᠯᠠᠯᠲᠠ ᠶᠢᠨ ᠵᠠᠷᠤᠳᠠᠯ ᠢ ᠡᠭᠦᠷᠭᠡᠯᠡᠵᠦ᠂ ᠡᠳ᠋ ᠤᠨ ᠵᠠᠰᠠᠭ ᠤᠨ ᠲᠡᠯ᠎ᠡ ᠪᠠᠷ ᠬᠦᠴᠢᠷᠳᠡᠯᠲᠡᠶ ᠰᠤᠮᠤ ᠰᠢᠶᠠᠩ ᠪᠠᠯᠭᠠᠰᠤ ᠳᠤ ᠬᠤᠰᠢᠭᠤᠨ ᠤ ᠡᠳ᠋ ᠤᠨ ᠵᠠᠰᠠᠭ ᠠᠴᠠ ᠪᠦᠬᠦᠨ ᠢ ᠲᠠᠭᠠᠭᠠᠬᠤ ᠪᠠᠳᠤᠯᠠᠭ᠎ᠠ ᠲᠠᠢ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠵᠤ ᠣᠯᠤᠭᠰᠠᠨ ᠨᠡᠮᠡᠭᠳᠡᠯ ᠥᠷᠲᠡᠭ ᠤᠨ ᠠᠰᠢᠭ ᠣᠷᠣᠯᠭ᠎ᠠ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠳᠡᠮᠵᠢᠬᠦ ᠪᠠ ᠮᠠᠯᠴᠢᠨ ᠲᠠᠷᠢᠶᠠᠴᠢᠨ ᠤ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠳᠤ ᠬᠡᠷᠡᠭᠯᠡᠨ᠎ᠡ᠃ ᠭᠠᠴᠠᠭ᠎ᠠ ᠲᠣᠰᠬᠤᠨ ᠢ ᠴᠡᠭᠴᠡᠯᠡᠨ ᠵᠠᠰᠠᠵᠤ ᠲᠠᠷᠢᠶᠠᠨ ᠭᠠᠵᠠᠷ ᠢ ᠨᠡᠮᠡᠭᠳᠡᠭᠦᠯᠦᠭᠡᠳ ᠣᠯᠤᠭᠰᠠᠨ ᠭᠦᠶᠴᠡᠳᠬᠡᠯ ᠲᠤᠭ᠎ᠠ ᠶᠢᠨ ᠠᠰᠢᠭ ᠣᠷᠣᠯᠭ᠎ᠠ ᠶᠢ ᠵᠠᠷᠤᠯᠭ᠎ᠠ ᠶᠢᠨ ᠲᠥᠰᠦᠪ ᠤᠨ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠷ ᠲᠠᠮᠵᠢᠨ ᠲᠤᠬᠠᠶ ᠶᠢᠨ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠬᠡᠷᠡᠭᠯᠡᠨ᠎ᠡ᠃ ᠳᠡᠮᠵᠢᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠳᠤ ᠨᠢ ᠨᠥᠬᠦᠪᠥᠷᠢᠯᠡᠬᠦ᠂ ᠠᠵᠢᠯ ᠤᠯᠭᠤᠯᠲᠡ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠥᠷᠥᠩᠭᠡ ᠶᠢ ᠵᠠᠰᠠᠯᠲᠠ ᠳᠤ ᠲᠡᠲᠡᠨ ᠤᠷᠤᠭᠤᠯᠵᠦ᠂ ᠤᠯᠠᠨ ᠡᠰᠢᠲᠦ ᠣᠷᠣᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠨ᠎ᠠ᠃      ︵ᠬᠤᠶᠠᠷ︶ ᠨᠡᠶᠢᠭᠡᠮ ᠤᠨ ᠬᠦᠴᠦᠨ ᠢ ᠳᠠᠶᠢᠴᠢᠯᠠᠨ ᠢᠳᠡᠪᠬᠢᠲᠡᠶ ᠣᠷᠣᠯᠴᠠᠭᠤᠯᠤᠨ᠎ᠠ ︵ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠬᠠᠨ ᠮᠤᠤᠮᠢᠩᠭᠠᠨ ᠬᠤᠰᠢᠭᠤᠨ ᠤ ᠬᠤᠪᠢᠶᠠᠷᠢ ᠲᠣᠪᠴᠢᠶ᠎ᠠ᠂ ᠡᠭᠡ ᠤᠷᠤᠨᠴᠢ ᠡᠷᠡᠭᠦᠯ ᠬᠠᠮᠠᠭᠠᠯᠠᠯ ᠤᠨ ᠠᠯᠪᠠᠨ ᠭᠡᠷ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠨ᠎ᠠ︶      ᠡᠯ᠎ᠡ ᠲᠥᠷᠥᠯ ᠤᠨ ᠠᠵᠤ ᠠᠬᠤᠶᠢᠯᠠᠯ ᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠷᠥᠯ ᠵᠦᠶᠯ ᠳᠤ ᠣᠷᠣᠯᠴᠠᠬᠤ ᠶᠢ ᠵᠣᠷᠢᠭᠵᠢᠭᠤᠯᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠳᠤᠷᠠᠯᠴᠠᠭᠠᠨ ᠤ ᠵᠠᠭᠪᠤᠷ ᠢ ᠲᠦᠷᠢᠮᠵᠢᠭᠦᠯᠦᠨ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠵᠠᠰᠠᠬᠤ ᠵᠠᠬ᠎ᠠ ᠳᠡᠯᠭᠡᠭᠦᠷ ᠤᠨ ᠪᠡᠶᠡᠲᠦ ᠴᠣᠭᠴᠠ ᠶᠢ ᠬᠦᠴᠦᠯᠡᠨ ᠪᠤᠶᠢᠵᠢᠭᠤᠯᠤᠨ᠎ᠠ᠃ ᠠᠰᠢᠭ ᠣᠷᠣᠯᠭ᠎ᠠ ᠪᠠᠷ ᠨᠡᠯᠢᠶᠡᠳ ᠰᠠᠶᠢᠨ᠂ ᠵᠠᠬ᠎ᠠ ᠲᠡᠯᠭᠡᠭᠦᠷᠴᠢᠯᠡᠭᠰᠡᠨ ᠠᠵᠢᠯᠯᠠᠭᠠᠨ ᠢ ᠬᠡᠷᠡᠭᠵᠢᠭᠦᠯᠵᠦ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠭᠦᠭᠡᠷᠦᠮᠵᠢ ᠶᠢᠨ ᠭᠤᠤᠯᠳᠠᠯᠭ᠎ᠠ ᠲᠠᠢ ᠲᠥᠷᠥᠯ ᠵᠦᠶᠯ ᠳᠤ ᠰᠲ᠋ᠣᠺ ᠤᠨ ᠡᠷᠬᠡ ᠪᠠ ᠠᠪᠴᠠᠭᠠᠨ ᠤ ᠡᠷᠬᠡ ᠶᠢᠨ ᠲᠤᠬᠢᠷᠠᠭᠤᠯᠤᠯᠲᠡ ᠶᠢ ᠬᠠᠮᠵᠢᠨ᠎ᠡ᠃ ᠭᠠᠴᠠᠭ᠎ᠠ ᠲᠣᠰᠬᠤᠨ ᠤ ︽ᠠᠰ ᠠᠰ ᠢᠶᠠᠷ ᠨᠢ ᠵᠥᠪᠯᠡᠬᠦ︾ ᠪᠠᠯᠠ ᠮᠥᠩᠭᠦ ᠬᠥᠳᠡᠯᠮᠦᠷᠢ ᠬᠦᠴᠦ ᠴᠤᠭᠯᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠮᠦᠷᠲᠡᠭᠡᠨ ᠠᠮᠢᠳᠤᠯᠢᠭ ᠬᠡᠷᠡᠭᠯᠡᠵᠦ᠂ ᠮᠠᠯᠴᠢᠨ ᠲᠠᠷᠢᠶᠠᠴᠢᠨ ᠢ ᠲᠠᠶᠢᠴᠢᠯᠠᠨ ᠪᠡᠯᠡ ᠮᠦᠩᠭᠦ ᠬᠥᠳᠡᠯᠮᠦᠷᠢ ᠬᠦᠴᠦ ᠣᠷᠣᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠢ ᠬᠥᠲᠥᠯᠥᠨ ᠵᠢᠯᠣᠭᠤᠳᠴᠤ ᠪᠠᠶᠢᠭᠠᠳ ᠪᠠᠯᠠ ᠮᠥᠩᠭᠦ ᠡᠳ᠋ ᠪᠣᠳᠠᠰ ᠬᠠᠨᠳᠢᠪᠯᠠᠬᠤ᠂ ᠬᠠᠪᠰᠤᠷᠤᠨ ᠲᠡᠳᠬᠦᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠨ ᠬᠠᠮᠠᠭᠠᠯᠠᠯᠲᠡ ᠶᠢ ᠬᠠᠮᠵᠢᠨ᠎ᠡ᠃ ᠰᠢᠨ᠎ᠡ ᠨᠤᠲᠤᠭ ᠤᠨ ᠮᠡᠷᠭᠡᠳ ᠤᠨ ᠰᠣᠶᠣᠯ ᠢ ᠰᠠᠨᠠᠭᠠᠴᠢᠯᠠᠵᠤ᠂ ᠨᠤᠲᠤᠭ ᠤᠨ ᠬᠠᠶᠢᠷ᠎ᠠ ᠰᠡᠳᠬᠢᠯᠭᠡ ᠪᠠᠷ ᠬᠤᠯᠪᠣᠭᠠᠰᠤ ᠪᠣᠯᠭᠠᠨ ᠡᠯ᠎ᠡ ᠲᠠᠯ᠎ᠠ ᠶᠢᠨ ᠬᠥᠮᠦᠰ ᠢ ᠲᠠᠲᠠᠨ ᠠᠪᠴᠢᠷᠠᠵᠦ ᠪᠠᠶᠢᠭᠠᠳ ᠮᠠᠯᠵᠢᠬᠤ ᠲᠠᠷᠢᠶᠠᠯᠠᠬᠤ ᠣᠷᠣᠨ  ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠠᠮᠵᠢᠨ᠎ᠡ᠃      ︵ᠭᠤᠷᠪᠠ︶ ᠲᠣᠰᠬᠤᠨ ᠤ ᠠᠷᠠᠳ ᠤᠨ ᠪᠠᠶᠠᠲᠦ ᠴᠣᠭᠴᠠ ᠶᠢᠨ ᠦᠢᠯᠡᠳᠦᠯ ᠢ ᠪᠠᠳᠠᠷᠠᠭᠤᠯᠤᠨ᠎ᠡ ︵ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠨ᠎ᠠ︶      ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠭᠤᠤᠯᠯᠠᠭᠴᠢ ᠬᠦᠴᠦᠨ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠶᠯᠡᠳᠦᠯ ᠢ ᠰᠠᠶᠢᠲᠤᠷ ᠪᠠᠳᠠᠷᠠᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ ᠢ ᠳᠠᠭᠠᠭᠤᠯᠤᠨ ᠬᠡᠪ ᠵᠠᠩᠰᠢᠯ ᠢ ᠥᠭᠡᠷᠡᠴᠢᠯᠡᠬᠦ᠂ ᠠᠮᠢᠳᠤᠷᠠᠯ ᠤᠨ ᠠᠷᠭ᠎ᠠ ᠮᠠᠶ᠋ᠢᠭ ᠢ ᠰᠠᠶᠢᠵᠢᠷᠠᠭᠤᠯᠬᠤ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠣᠯᠠᠨ ᠠᠷᠭ᠎ᠠ ᠵᠠᠮ ᠢᠶᠠᠷ ᠪᠠᠯᠠ ᠮᠥᠩᠭᠦ ᠴᠤᠭᠯᠠᠭᠤᠯᠵᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠬᠡᠷᠡᠭᠯᠡᠬᠦ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ᠂ ᠲᠣᠰᠬᠤᠨ ᠤ ᠬᠠᠮᠲᠤ ᠨᠡᠶᠢᠲᠡ᠂ ᠲᠣᠰᠬᠤᠨ ᠤ ᠠᠷᠠᠳ ᠵᠡᠷᠭᠡ ᠡᠯ᠎ᠡ ᠡᠲᠡᠭᠡᠳ ᠬᠠᠮᠲᠤᠪᠠᠷ ᠵᠦᠪᠯᠡᠬᠦ᠂ ᠬᠠᠮᠲᠤᠪᠠᠷ ᠪᠠᠶᠢᠭᠤᠯᠬᠤ᠂ ᠬᠠᠮᠲᠤᠪᠠᠷ ᠬᠠᠮᠢᠶᠠᠷᠬᠤ᠂ ᠬᠠᠮᠲᠤᠪᠠᠷ ᠦᠨᠡᠯᠡᠬᠦ᠂ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠮᠠᠯᠴᠢᠳ ᠲᠠᠷᠢᠶᠠᠴᠢᠳ ᠢ ᠥᠷᠭᠡᠨ ᠢᠶᠠᠷ ᠲᠡᠶᠢᠴᠢᠯᠡᠨ ᠲᠥᠷᠥᠯ ᠵᠦᠢᠯ ᠤᠨ ᠵᠣᠬᠢᠶᠠᠨ ᠪᠠᠶᠢᠭᠤᠯᠤᠯᠲᠡ ᠪᠡ ᠬᠡᠷᠡᠭᠵᠢᠭᠦᠯᠦᠯᠲᠡ ᠳᠤ ᠤᠷᠤᠯᠴᠠᠭᠤᠯᠤᠨ᠎ᠡ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠡᠷᠲᠡᠨ ᠤ ᠮᠣᠳᠣ ᠶᠢ ᠬᠠᠮᠠᠭᠠᠯᠠᠬᠤ ᠵᠡᠷᠭᠡ ᠱᠠᠭᠠᠷᠳᠠᠯᠭ᠎ᠠ ᠶᠢ ᠲᠣᠰᠬᠤᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠵᠤ᠂ ᠣᠯᠠᠨ ᠲᠦᠮᠡᠨ ᠤ ᠦᠨᠡᠯᠡᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠤ ᠰᠢᠨ᠎ᠡ ᠰᠤᠷᠲᠠᠯ ᠢ ᠮᠠᠭᠲᠠᠨ ᠰᠠᠶᠢᠰᠢᠶᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠰᠢᠶ᠎ᠠ ᠪᠠᠶᠢᠭᠤᠯᠬᠤ ᠶᠢ ᠵᠣᠷᠢᠭᠵᠢᠭᠤᠯᠵᠤ᠂ ᠮᠠᠯᠴᠢᠨ ᠲᠠᠷᠢᠶᠠᠴᠢᠨ ᠤ ᠥᠪᠡᠷ ᠢ ᠪᠠᠨ ᠬᠥᠮᠦᠵᠢᠭᠦᠯᠬᠦ᠂ ᠥᠪᠡᠷ ᠢ ᠪᠠᠨ ᠬᠠᠮᠢᠶᠠᠷᠬᠤ ᠶᠢ ᠭᠦᠨᠵᠡᠭᠡᠶᠢᠷᠡᠭᠦᠯᠦᠨ᠎ᠡ᠃ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠤᠶᠢᠵᠢᠭᠤᠯᠬᠤ ᠪᠠᠷ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ᠂ ᠣᠶᠣᠨ ᠤ ᠪᠣᠯᠪᠠᠰᠤᠨ ᠤ ᠪᠠᠶᠢᠭᠤᠯᠤᠯᠲᠠ ᠶᠢ ᠥᠷᠨᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠤᠯᠠᠨ ᠲᠦᠮᠡᠨ ᠤ ᠪᠣᠯᠪᠠᠰᠤᠨ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ᠂ ᠪᠣᠯᠪᠠᠰᠤᠨ ᠨᠡᠶᠢᠭᠡᠮ ᠤᠨ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃ ᠮᠠᠯᠴᠢᠨ ᠲᠠᠷᠢᠶᠠᠴᠢᠨ ᠤ ᠣᠯᠠᠨ ᠨᠡᠶᠢᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠦᠷᠢᠶ᠎ᠡ ᠬᠠᠰᠢᠶᠠᠨ ᠤ ᠲᠤᠳᠤᠷᠠᠬᠢ᠂ ᠭᠡᠷ ᠪᠠᠶᠢᠰᠢᠩ ᠤᠨ ᠠᠷᠤ ᠥᠪᠥᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠮᠠᠯᠴᠢᠨ ᠲᠠᠷᠢᠶᠠᠴᠢᠨ ᠡᠷᠦᠬᠡ ᠬᠠᠷᠢᠭᠤᠴᠠᠨ᠎ᠠ︔ ᠭᠠᠴᠠᠭ᠎ᠠ ᠲᠣᠰᠬᠤᠨ ᠤ ᠳᠣᠲᠣᠷᠠᠬᠢ ᠣᠯᠠᠨ ᠨᠡᠶᠢᠲᠡ ᠶᠢᠨ ᠣᠷᠣᠨ ᠵᠠᠶ ᠶᠢ ᠴᠡᠭᠴᠡᠯᠡᠨ ᠵᠠᠰᠠᠬᠤ ᠳᠤ ᠭᠠᠴᠠᠭ᠎ᠠ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠤᠶᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠᠷ ᠭᠤᠤᠯ ᠪᠣᠯᠭᠠᠵᠤ᠂ ᠭᠤᠤᠯᠳᠠᠭᠤ ᠮᠠᠯᠴᠢᠨ ᠲᠠᠷᠢᠶᠠᠴᠢᠨ ᠬᠥᠳᠡᠯᠮᠦᠷᠢ ᠬᠦᠴᠦ ᠣᠷᠣᠭᠤᠯᠵᠤ ᠰᠢᠶᠳᠪᠦᠷᠢᠯᠡᠨ᠎ᠡ᠃ ᠮᠠᠯᠴᠢᠨ ᠲᠠᠷᠢᠶᠠᠴᠢᠨ ᠪᠣᠯᠤᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠲᠦᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠡᠵᠡᠩᠨᠡᠯᠲᠡ᠂ ᠬᠠᠮᠢᠶᠠᠷᠤᠯᠲᠠ ᠳᠤ ᠪᠦᠬᠦ ᠶᠡᠪᠤᠴᠡ ᠪᠠᠷ ᠣᠷᠣᠯᠴᠠᠬᠤ ᠶᠢ ᠵᠣᠷᠢᠭᠵᠢᠭᠤᠯᠤᠨ᠎ᠠ᠃ ᠲᠤᠰᠬᠤᠨ ᠤ ᠶᠠᠪᠤᠳᠠᠯ ᠢ ᠢᠯᠠ ᠪᠣᠯᠭᠠᠬᠤ ᠳᠦᠷᠢᠮ ᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠷᠥᠯ ᠵᠦᠶᠯ᠂ ᠭᠡᠷ᠎ᠡ᠂ ᠪᠠᠯᠠ ᠣᠷᠣᠭᠤᠯᠤᠯᠲᠠ ᠶᠢᠨ ᠲᠤᠭ᠎ᠠ ᠶᠢ ᠢᠯᠠ ᠪᠠᠷ ᠨᠡᠶᠢᠲᠡᠯᠡᠬᠦ ᠶᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠠᠷᠠᠳ ᠤᠨ ᠬᠢᠨᠠᠯᠲᠠ ᠪᠠ ᠦᠨᠡᠯᠡᠯᠲᠡ ᠶᠢ ᠬᠦᠯᠢᠶᠡᠨ᠎ᠡ᠃      ︵ᠲᠦᠷᠪᠡ︶ ᠮᠡᠷᠭᠡᠵᠢᠯ ᠪᠠ ᠴᠢᠳᠠᠪᠤᠷᠢᠲᠠᠨ ᠤ ᠲᠤᠯᠭᠠᠭᠤᠷᠢᠯᠠᠬᠤ ᠬᠦᠴᠦᠨ ᠢ ᠴᠢᠩᠭᠠᠷᠠᠭᠤᠯᠤᠨ᠎ᠠ ︵ᠬᠤᠰᠢᠭᠤᠨ  ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠨ᠎ᠠ︶      ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠳᠠᠯᠢ ᠪᠤᠰᠤ ᠣᠨᠴᠠᠯᠢᠭ ᠢ ᠦᠨᠳᠦᠰᠦᠯᠡᠨ᠂ ᠬᠤᠭ ᠨᠣᠪᠰᠢ ᠶᠢ ᠰᠢᠶᠳᠪᠦᠷᠢᠯᠡᠬᠦ᠂ ᠪᠣᠬᠢᠷ ᠤᠰᠤ ᠶᠢ ᠵᠠᠰᠠᠬᠤ᠂ ᠵᠣᠷᠯᠣᠩ ᠢ ᠦᠭᠡᠷᠡᠴᠢᠯᠡᠨ ᠰᠠᠶᠢᠵᠢᠷᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ ᠤᠨ ᠪᠠᠷᠢᠮᠵᠢᠶ᠎ᠠ ᠪᠠ ᠲᠣᠰᠬᠤᠨ ᠤ ᠲᠦᠷᠢ ᠲᠦᠷᠬᠦ ᠶᠢ ᠳᠡᠭᠡᠭᠰᠢᠯᠡᠭᠦᠯᠬᠦ ᠮᠡᠷᠭᠡᠵᠢᠯ ᠤᠨ ᠵᠢᠯᠣᠭᠤᠳᠤᠮᠵᠢ ᠳᠦᠷᠢᠮ ᠢ ᠲᠥᠷᠥᠯ ᠵᠦᠢᠯ ᠳᠡᠰ ᠱᠠᠲᠦ ᠬᠤᠪᠢᠶᠠᠨ ᠲᠣᠭᠲᠠᠭᠠᠨ᠎ᠠ᠃ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯ ᠢ ᠤᠷᠢᠵᠤ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠪᠣᠯᠤᠨ ᠠᠵᠢᠯᠯᠠᠭᠠᠨ ᠬᠠᠮᠢᠶᠠᠷᠤᠯᠲᠡ ᠶᠢᠨ ᠠᠵᠢᠯᠲᠠᠨ ᠤ ᠮᠡᠷᠭᠡᠵᠢᠯ ᠤᠨ ᠪᠤᠯᠪᠠᠰᠤᠷᠡᠯ  ᠢ ᠴᠢᠩᠭᠠᠳᠬᠠᠨ᠂ ᠬᠥᠳᠡᠭᠡ ᠲᠣᠰᠬᠤᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠵᠡᠷᠭᠡ ᠲᠠᠯ᠎ᠠ ᠶᠢᠨ ᠮᠡᠷᠭᠡᠵᠢᠯ ᠪᠣᠯᠤᠨ ᠬᠠᠮᠢᠶᠠᠷᠤᠯᠲᠠ ᠶᠢᠨ ᠴᠢᠳᠠᠪᠤᠷᠢᠲᠠᠨ ᠢ ᠲᠦᠷᠭᠡᠳᠬᠡᠨ ᠬᠥᠮᠦᠵᠢᠭᠦᠯᠦᠨ᠎ᠡ᠃ ᠲᠤᠰᠬᠠᠶ ᠮᠡᠷᠭᠡᠵᠢᠯᠲᠡᠨ ᠢ ᠰᠣᠩᠭᠤᠨ ᠲᠣᠮᠢᠯᠠᠵᠤ᠂ ᠲᠣᠰᠬᠤᠨ ᠳᠤ ᠰᠠᠭᠤᠯᠭᠠᠵᠤ ᠵᠢᠯᠣᠭᠤᠳᠤᠭᠤᠯᠤᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠯᠤᠭ᠎ᠠ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠷᠡᠭᠯᠡᠭᠡᠨ ᠤ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠵᠤᠯᠭᠠᠭᠤᠯᠤᠨ᠎ᠡ᠃      ᠲᠡᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠰᠤᠮᠤ ᠰᠢᠶᠠᠩ ᠪᠠᠯᠭᠠᠰᠤ ᠶᠢᠨ ᠨᠠᠮ   ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠭᠡᠷᠡᠴᠢᠯᠡᠨ ᠰᠠᠶᠢᠵᠢᠷᠠᠭᠤᠯᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠤᠷᠳᠤ ᠬᠤᠭᠤᠴᠠᠭᠠᠨ ᠤ ᠡᠭᠦᠷᠭᠡ ᠪᠣᠯᠭᠠᠵᠤ᠂ ᠴᠥᠬᠦᠷᠡᠰᠢ ᠥᠬᠡᠶ ᠴᠢᠩᠭ᠎ᠠ ᠠᠳᠬᠤᠬᠤ ᠬᠡᠷᠡᠭᠲᠡᠢ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠪᠠᠶᠡᠲᠦ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠵᠦ᠂ ᠪᠥᠬᠦ ᠬᠤᠰᠢᠭᠤᠨ ᠤ ᠬᠡᠷᠡᠭᠵᠢᠭᠦᠯᠬᠦ ᠲᠥᠰᠦᠯ ᠢ ᠲᠣᠭᠲᠠᠭᠠᠬᠤ᠂ ᠲᠥᠯᠥᠪᠵᠢᠭᠦᠯᠭᠡ ᠶᠢ ᠨᠠᠶᠢᠷᠠᠭᠤᠯᠬᠤ᠂ ᠪᠠᠯᠠ ᠮᠥᠩᠭᠦ ᠴᠤᠭᠯᠠᠭᠤᠯᠬᠤ᠂ ᠬᠡᠷᠡᠭᠵᠢᠭᠦᠯᠦᠯᠲᠡ ᠶᠢ ᠠᠬᠢᠭᠤᠯᠬᠤ᠂ ᠱᠠᠯᠠᠪᠳᠠᠭᠤᠯᠤᠨ ᠪᠠᠶᠢᠴᠠᠭᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ᠎ᠡ︔ ᠬᠠᠮᠢᠶ᠎ᠠ ᠪᠦᠬᠦᠢ ᠰᠠᠯᠠᠭ᠎ᠠ ᠮᠥᠴᠢᠷ ᠲᠥᠷᠥᠯ ᠵᠦᠶᠯ ᠢ ᠲᠡᠮᠡᠴᠡᠨ ᠣᠯᠬᠤ᠂ ᠵᠣᠯᠭᠠᠭᠤᠯᠤᠨ ᠵᠣᠬᠢᠴᠠᠭᠤᠯᠬᠤ᠂ ᠵᠢᠯᠣᠭᠤᠳᠤᠨ ᠬᠡᠷᠡᠭᠵᠢᠭᠦᠯᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ︔ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃      ︵ᠬᠤᠶᠠᠷ︶ ᠬᠠᠮᠳᠤᠷᠠᠨ ᠬᠠᠮᠵᠢᠯᠴᠠᠬᠤ ᠶᠢ ᠴᠢᠩᠭᠠᠷᠠᠭᠤᠯᠤᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠲᠦᠷᠦᠭᠦᠯᠡᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠵᠣᠯᠭᠠᠭᠤᠯᠬᠤ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠰᠢᠶᠳᠪᠦᠷᠢᠯᠡᠨ᠎ᠡ᠃ ᠡᠯ᠎ᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠨᠢᠭᠲᠠ ᠬᠠᠮᠵᠢᠯᠴᠠᠵᠤ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠵᠢᠯ ᠤᠨ ᠲᠠᠯ᠎ᠠ ᠪᠠᠷ ᠬᠠᠮᠲᠤᠷᠠᠨ ᠬᠥᠳᠡᠯᠦᠯᠴᠡᠬᠦ ᠶᠢ ᠪᠡᠶᠡᠯᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠨᠡᠶᠢᠯᠡᠯ ᠬᠦᠴᠦᠨ ᠢ ᠪᠣᠶ ᠪᠤᠯᠭᠠᠨ᠎ᠡ᠃ ᠬᠤᠰᠢᠭᠤᠨ ᠤ ᠬᠠᠮᠢᠶ᠎ᠡ ᠪᠦᠬᠦᠢ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ᠶᠢᠨ ᠵᠣᠬᠢᠴᠠᠯᠳᠤᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠢᠶᠳᠪᠦᠷᠢᠯᠡᠵᠦ᠂ ᠡᠯ᠎ᠡ ᠵᠦᠶᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠠᠵᠢᠯ ᠢ ᠬᠠᠮᠵᠢᠯᠴᠠᠨ ᠠᠬᠢᠭᠤᠯᠤᠨ᠎ᠠ᠃      ︵ᠭᠤᠷᠪᠠ︶ ᠰᠢᠯᠭᠠᠨ ᠦᠨᠡᠯᠡᠵᠦ ᠱᠠᠯᠠᠪᠳᠠᠭᠤᠯᠤᠨ ᠵᠢᠯᠣᠭᠤᠳᠬᠤ ᠶᠢ ᠴᠢᠩᠭᠠᠳᠬᠠᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠵᠠᠰᠠᠭ ᠤᠨ ᠣᠷᠳᠣᠨ ᠤ ᠣᠨ  ᠤ ᠬᠠᠷᠠᠯᠲᠡ ᠬᠠᠷᠢᠭᠤᠴᠠᠯᠭ᠎ᠠ ᠶᠢ ᠰᠢᠯᠭᠠᠨ ᠦᠨᠡᠯᠡᠬᠦ ᠬᠡᠪᠴᠢᠶᠡᠨ ᠳᠤ ᠣᠷᠣᠭᠤᠯᠵᠤ᠂ ᠺᠠᠳ᠋ᠷ ᠤᠨ ᠠᠵᠢᠯ ᠤᠨ ᠠᠮᠵᠢᠯᠲᠠ ᠶᠢ ᠰᠢᠯᠭᠠᠨ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠡ ᠬᠦᠲᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠬᠠᠮᠢᠶ᠎ᠡ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠰᠤᠮᠤ ᠰᠢᠶᠠᠩ ᠪᠠᠯᠭᠠᠰᠤ ᠶᠢᠨ ᠣᠨ ᠤ ᠠᠵᠢᠯ ᠤᠨ ᠪᠠᠶᠢᠳᠠᠯ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠵᠡᠷᠭᠡ ᠶᠢ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠨᠡᠯᠡᠨ ᠵᠢᠱᠢᠵᠦ ᠰᠢᠯᠭᠠᠨ ᠬᠢᠨᠠᠵᠤ᠂ ᠰᠢᠯᠭᠠᠨ ᠦᠨᠡᠯᠡᠭᠰᠡᠨ ᠦᠷ᠎ᠡ ᠳ᠋ᠦᠩ ᠢᠶᠠᠨ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠵᠣᠬᠢᠬᠤ ᠬᠡᠯᠪᠡᠷᠢ ᠪᠠᠷ ᠨᠡᠶᠢᠭᠡᠮ ᠨᠡᠶᠢᠲᠡ ᠳᠤ ᠨᠡᠶᠢᠲᠡᠯᠡᠨ᠎ᠡ᠃ ᠰᠢᠯᠭᠠᠨ ᠦᠨᠡᠯᠡᠭᠰᠡᠨ ᠦᠷ᠎ᠡ ᠳ᠋ᠦᠩ ᠢ ᠱᠠᠩᠨᠠᠨ ᠨᠥᠬᠦᠪᠥᠷᠢᠯᠡᠬᠦ ᠲᠥᠷᠥ ᠶᠢᠨ ᠪᠣᠳᠣᠯᠭ᠎ᠠ ᠲᠠᠢ ᠰᠢᠭᠤᠳ ᠬᠤᠯᠪᠣᠭᠳᠠᠭᠤᠯᠤᠨ᠎ᠠ᠃ ᠪᠠᠶᠢᠷᠢᠯᠠᠭᠤᠯᠤᠯᠲᠠ ᠨᠢ ᠱᠠᠭᠠᠷᠳᠠᠯᠭ᠎ᠠ ᠳᠤ ᠨᠠᠶᠢᠴᠡᠬᠦ ᠦᠭᠡᠢ᠂ ᠠᠷᠭ᠎ᠠ ᠬᠡᠮᠵᠢᠶ᠎ᠡ ᠨᠢ ᠬᠦᠷᠦᠯᠴᠠᠬᠦ ᠥᠬᠡᠶ᠂ ᠠᠵᠢᠯ ᠢᠶᠠᠨ ᠨᠠᠶᠢᠳᠠᠪᠤᠷᠢᠵᠢᠭᠤᠯᠤᠭᠰᠠᠨ ᠥᠬᠡᠶ ᠪᠣᠯ ᠴᠢᠩᠭ᠎ᠠ ᠬᠠᠷᠢᠭᠤᠴᠠᠯᠭ᠎ᠠ ᠨᠡᠭᠡᠮᠵᠢᠯᠡᠨ᠎ᠡ᠃      ︵ᠳᠥᠷᠪᠡ︶ ᠵᠠᠰᠠᠬᠤ ᠪᠠᠷᠢᠮᠵᠢᠶ᠎ᠠ ᠶᠢ ᠪᠦᠷᠢᠨᠰᠢᠭᠦᠯᠦᠨ᠎ᠡ᠃ ᠬᠤᠰᠢᠭᠤᠨ ᠤ ᠲᠠᠷᠢᠶᠠᠯᠠᠬᠤ ᠮᠠᠯᠵᠢᠬᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠵᠠᠰᠠᠬᠤ ᠮᠡᠷᠭᠡᠵᠢᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠬᠠᠮᠠᠭᠠᠯᠠᠯᠲᠠ ᠵᠡᠷᠭᠡ ᠪᠠᠷᠢᠮᠵᠢᠶ᠎ᠠ ᠲᠦᠷᠢᠮᠵᠢᠯ ᠢ ᠲᠣᠭᠲᠠᠭᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠵᠤ ᠭᠠᠳᠠᠭᠰᠢᠯᠠᠭᠤᠯᠬᠤ ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠵᠠᠰᠠᠬᠤ᠂ ᠬᠥᠳᠡᠭᠡ ᠲᠣᠰᠬᠤᠨ ᠢ ᠴᠡᠪᠡᠷᠰᠢᠭᠦᠯᠬᠦ ᠵᠡᠷᠭᠡ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠦᠨᠳᠦᠰᠦᠨ ᠱᠠᠭᠠᠷᠳᠠᠯᠭ᠎ᠠ᠂ ᠵᠠᠰᠠᠭ ᠤᠨ ᠣᠷᠳᠣᠨ ᠤ ᠬᠠᠷᠢᠭᠤᠴᠠᠯᠭ᠎ᠠ ᠪᠠ ᠲᠣᠰᠬᠤᠨ ᠤ ᠠᠷᠠᠳ ᠤᠨ ᠡᠭᠦᠷᠭᠡ ᠶᠢ ᠲᠣᠳᠣᠷᠬᠠᠶᠢᠯᠠᠨ᠎ᠠ᠃       ︵ᠲᠠᠪᠤ︶ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠰᠢᠯᠭᠠᠷᠠᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠢᠷᠠᠭᠤ ᠠᠯᠳᠠᠷ ᠤᠨ ᠨᠡᠷᠡᠰ ᠤᠨ ᠵᠢᠭᠰᠠᠭᠠᠯᠲᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠯᠴᠢᠨ ᠲᠠᠷᠢᠶᠠᠴᠢᠨ ᠤ ᠣᠷᠣᠰᠢᠨ ᠰᠠᠭᠤᠬᠤ ᠣᠷᠴᠢᠨ ᠲᠣᠭᠤᠷᠢᠨ ᠢᠶᠠᠨ ᠬᠠᠮᠠᠭᠠᠯᠠᠬᠤ ᠢᠷᠠᠭᠤ ᠠᠯᠳᠠᠷᠲᠤ ᠲᠥᠷᠥᠭᠳᠡᠯ ᠢ ᠨᠡᠮᠡᠭᠳᠡᠭᠦᠯᠦᠨ᠎ᠡ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠰᠦᠯᠵᠢᠶᠡᠨ ᠤ ᠰᠢᠨ᠎ᠡ ᠵᠠᠭᠤᠴᠢᠯᠠᠭᠤᠷ ᠢ ᠭᠦᠢᠴᠡᠳ ᠠᠰᠢᠬᠯᠠᠨ᠂ ᠡᠯ᠎ᠡ ᠭᠠᠵᠠᠷ ᠤᠷᠤᠨ ᠤ ᠨᠡᠶᠢᠲᠡᠯᠢᠭ ᠵᠢᠱᠢᠶ᠎ᠡ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ ᠪᠦᠬᠦ ᠨᠡᠶᠢᠭᠡᠮ ᠢᠶᠠᠷ ᠢᠶᠠᠨ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠤᠯᠭᠠᠨ᠎ᠡ᠃  
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号