ᠲᠠᠷᠬᠠᠨ ᠮᠤᠤᠮᠢᠩᠭᠠᠨ ᠬᠤᠰᠢᠭᠤᠨ ᠤ ᠴᠡᠪᠡᠷ ᠡᠨᠧᠷᠭᠢ ᠶᠢᠨ ᠠᠵᠤ ᠠᠬᠤᠶᠢᠯᠠᠯ 2019 ᠣᠨ ᠤ 1 — 5 ᠰᠠᠷ᠎ᠠ ᠳᠤ ᠨᠠᠶᠢᠲᠡ 32 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2019-06-06
     2019 ᠣᠨ ᠤ 1 — 5 ᠰᠠᠷ᠎ᠠ ᠳᠤ᠂ ᠳᠠᠷᠬᠠᠨ ᠮᠤᠤᠮᠢᠩᠭᠠᠨ ᠬᠤᠰᠢᠭᠤᠨ ᠤ ᠴᠡᠪᠡᠷ ᠡᠨᠧᠷᠭᠢ ᠶᠢᠨ ᠠᠵᠤ ᠠᠬᠤᠶᠢᠯᠠᠯ ᠨᠡᠶᠢᠲᠡ 32 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 22.4 ᠳ᠋ᠦᠩᠰᠢᠭᠤᠷ ᠺᠢᠯᠣᠸᠠᠲ ᠴᠠᠭ ᠤᠨ ᠬᠢ ᠠᠴᠠ 42.9% ᠪᠠᠷ ᠨᠡᠮᠡᠭᠳᠡᠪᠡ᠃ ᠡᠭᠦᠨ ᠳᠤ᠂ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠤᠨ ᠴᠠᠬᠢᠯᠭᠠᠨ ᠭᠠᠷᠭᠠᠯᠲᠠ 30 ᠳ᠋ᠦᠩᠰᠢᠭᠤᠷ ᠺᠢᠯᠣᠸᠠᠲ ᠴᠠᠭ ᠪᠠᠶᠢᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ 20.6 ᠳ᠋ᠦᠩᠰᠢᠭᠤᠷ ᠺᠢᠯᠣᠸᠠᠲ ᠴᠠᠭ ᠤᠨ ᠬᠢ ᠠᠴᠠ 45.6% ᠪᠠᠷ ᠨᠡᠮᠡᠭᠳᠡᠪᠡ︔ ᠨᠡᠷᠡᠨ ᠤ ᠡᠨᠧᠷᠭᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠠᠬᠢᠯᠭᠠᠨ ᠭᠠᠷᠭᠠᠯᠲᠠ 2 ᠳ᠋ᠦᠩᠰᠢᠭᠤᠷ ᠺᠢᠯᠣᠸᠠᠲ ᠴᠠᠭ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 1.8 ᠳ᠋ᠦᠩᠰᠢᠭᠤᠷ ᠺᠢᠯᠣᠸᠠᠲ ᠴᠠᠭ ᠤᠨ ᠬᠢ ᠠᠴᠠ 11.1% ᠪᠠᠷ ᠨᠡᠮᠡᠭᠳᠡᠪᠡ᠃ ᠪᠥᠬᠦ ᠬᠤᠰᠢᠭᠤᠨ ᠤ ᠴᠡᠪᠡᠷ ᠡᠨᠧᠷᠬᠢ ᠶᠢᠨ ᠥᠷᠲᠡᠭ ᠨᠢ ᠨᠡᠶᠢᠲᠡ 17.3 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 12.3 ᠳ᠋ᠦᠩᠰᠢᠭᠤᠷ ᠲᠥᠭᠦᠷᠢᠭ ᠠᠴᠠ 40.7% ᠨᠡᠮᠡᠭᠳᠡᠪᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号