ᠵᠢᠮᠢᠰᠲᠠᠢ ᠶᠢᠨ ᠰᠦᠮ᠎ᠡ
ᠨᠡᠶᠢᠲᠡᠯᠡᠭᠰᠡᠨ ᠴᠠᠭ᠄
2019-07-01
     ᠵᠢᠮᠢᠰᠲᠠᠢ ᠶᠢᠨ ᠰᠦᠮ᠎ᠡ ᠶᠢ ᠪᠦᠷᠢᠨᠲᠦ ᠵᠠᠰᠠᠬᠴᠢ ᠬᠠᠭᠠᠨ ᠤ ᠠᠷᠪᠠᠨ ᠨᠢᠭᠡᠳᠤᠭᠡᠷ ᠤᠨ ︵1872 ᠤᠨ︶ ᠤ ᠬᠠᠷ᠎ᠡ ᠪᠡᠴᠢᠨ ᠵᠢᠯ ᠳᠤ ᠬᠠᠯᠬ᠎ᠠ ᠪᠠᠷᠠᠭᠤᠨ ᠭᠠᠷᠤᠨ ᠬᠤᠰᠢᠭᠤᠨ ᠤ ᠪᠠᠷᠠᠭᠤᠨ ᠠᠶᠢᠮᠠᠭ ᠠᠴᠠ ᠪᠡᠯᠡ ᠭᠠᠷᠭᠠᠵᠦ ᠰᠢᠷᠡᠪ ᠯᠠᠮᠠ ᠡᠷᠬᠢᠯᠡᠨ ᠪᠠᠶᠢᠭᠤᠯᠤᠭᠰᠡᠨ ᠶᠤᠮ᠃ ᠲᠤᠬᠠᠢ ᠶᠢᠨ ᠦᠶ᠎ᠡ ᠳᠤ ᠨᠢᠭᠡ ᠲᠤᠭᠠᠩ ᠪᠠᠶᠢᠭᠤᠯᠵᠦ᠂ ᠲᠦᠷᠪᠡ ᠲᠠᠪᠤᠬᠠᠨ ᠯᠠᠮᠠ ᠲᠠᠢ ᠪᠠᠶᠢᠵᠠᠢ᠃      ᠲᠤᠮᠳᠠᠲᠦ ᠢᠷᠭᠡᠨ ᠤᠯᠤᠰ ᠤᠨ ᠭᠤᠴᠢᠨ ᠨᠢᠭᠡᠳᠤᠭᠡᠷ ᠤᠨ ︵1942 ᠤᠨ︶ ᠳᠤ ᠰᠦᠮ᠎ᠡ ᠶᠢ ᠬᠠᠷᠢᠭᠤᠴᠠᠵᠦ ᠬᠠᠮᠢᠶᠠᠷᠬᠤ ᠬᠦᠮᠦᠨ ᠦᠭᠡᠢ ᠲᠠᠯᠠᠨ ᠵᠠᠳᠠᠭᠠᠢ ᠪᠤᠯᠤᠭᠰᠡᠨ ᠢᠶᠠᠷ ᠬᠤᠰᠢᠭᠤ ᠶᠠᠮᠤᠨ ᠠᠴᠠ ᠵᠠᠷᠯᠢᠭ ᠪᠠᠭᠤᠯᠭᠠᠵᠦ ᠰᠦᠮ᠎ᠡ ᠶᠢᠨ ᠪᠤᠷᠬᠠᠨ ᠤ ᠬᠦᠷᠦᠭ ᠪᠤᠯᠤᠨ ᠨᠤᠮ ᠰᠤᠳᠤᠷ ᠢ ᠪᠤᠶᠠᠨ ᠢ ᠪᠠᠳᠠᠷᠠᠭᠤᠯᠤᠭᠴᠢ ᠰᠦᠮ᠎ᠡ ᠳᠤ ᠰᠢᠯᠵᠢᠭᠦᠯᠵᠦ ᠲᠤᠰᠢᠶᠠᠭᠠᠳ ᠰᠦᠮ᠎ᠡ ᠭᠡᠶᠢᠳ ᠢ ᠨᠤᠷᠠᠭᠠᠪᠡ᠃ ᠤᠳᠤ ᠶᠢᠨ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠪᠠᠶ᠋ᠬᠠᠤᠪᠤᠭ᠎ᠠ ᠰᠤᠮᠤᠨ ᠤ ᠪᠠᠶ᠋ᠬᠠᠤᠪᠤᠭ᠎ᠠ ᠭᠠᠴᠠᠭᠠᠨ ᠳᠤ ᠪᠤᠢ᠃ ᠲᠤᠰ ᠰᠦᠮ᠎ᠡ ᠵᠢᠮᠢᠰᠲᠠᠢ ᠠᠭᠤᠯᠠᠨ  ᠤ ᠭᠤᠤᠯ ᠤᠷᠬᠢᠯ ᠠᠴᠠ ᠪᠠᠷᠠᠭᠤᠨ ᠬᠤᠶᠢᠰᠢ 1.5 ᠺᠢᠯᠤᠮᠧᠲᠷ ᠵᠠᠶᠢᠳᠠᠢ ᠪᠠᠶᠢᠬᠰᠡᠨ ᠢᠶᠠᠷ ᠵᠢᠮᠢᠰᠲᠠᠢ ᠰᠦᠮ᠎ᠡ ᠭᠡᠵᠦ ᠨᠡᠷᠡᠯᠡᠭᠰᠡᠨ ᠪᠢᠯᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号