︽ᠮᠤᠩᠭᠤᠯ ᠤᠷᠠᠨ ᠵᠤᠬᠢᠶᠠᠯ ᠤᠨ ᠲᠡᠭᠡᠵᠢ︾ ᠴᠤᠪᠤᠷᠡᠯ ᠨᠤᠮ ᠢ ᠠᠩᠬ᠎ᠠ ᠲᠠᠷᠬᠠᠭᠠᠪᠡ
ᠨᠡᠶᠢᠲᠡᠯᠡᠭᠰᠡᠨ ᠴᠠᠭ᠄
2019-07-11
     6 ᠰᠡᠷ᠎ᠡ ᠶᠢᠨ 22 ᠤᠨ ᠡᠳᠤᠷ᠂ ᠦᠪᠦᠷ ᠮᠤᠩᠭᠤᠯ ᠤᠨ ᠠᠷᠡᠳ ᠤᠨ ᠬᠡᠪᠯᠡᠯ ᠤᠨ ᠬᠤᠷᠢᠶ᠎ᠡ ᠶᠢᠨ ᠤᠯᠤᠰ  ᠤᠨ ᠬᠡᠪᠯᠡᠯ ᠤᠨ ᠰᠠᠭᠤᠷᠢ ᠮᠦᠩᠭᠦ ᠶᠢᠨ ᠲᠦᠷᠦᠯ ᠵᠦᠢᠯ ︽ᠮᠤᠩᠭᠤᠯ ᠤᠷᠠᠨ ᠵᠤᠬᠢᠶᠠᠯ ᠤᠨ ᠲᠡᠭᠡᠵᠢ︾ ᠴᠤᠪᠤᠷᠡᠯ ᠨᠤᠮ  ᠢ ᠠᠩᠬᠠᠯᠠᠨ ᠲᠠᠷᠬᠠᠭᠠᠬᠤ ᠵᠢᠴᠢ ᠰᠤᠳᠤᠯᠤᠨ ᠶᠠᠷᠢᠯᠴᠠᠬᠤ ᠬᠤᠷᠡᠯ ᠬᠦᠭᠡᠬᠤᠲᠡ ᠳᠤ ᠶᠠᠪᠤᠬᠳᠠᠪᠡ᠃      ︽ᠮᠤᠩᠭᠤᠯ ᠤᠷᠠᠨ ᠵᠤᠬᠢᠶᠠᠯ ᠤᠨ ᠲᠡᠭᠡᠵᠢ︾ ᠴᠤᠪᠤᠷᠡᠯ ᠨᠤᠮ 20 ᠪᠤᠳᠢ 2500 ᠲᠦᠮᠡ ᠰᠢᠬᠠᠮ ᠦᠰᠦᠭ  ᠲᠠᠢ᠂ ᠮᠤᠩᠭᠤᠯᠴᠤᠳ ᠤᠨ ᠡᠷᠲᠡᠨ ᠠᠴᠠ ᠡᠲᠦᠭᠡ ᠬᠦᠷᠲᠡᠯᠡᠬᠢ ᠤᠷᠠᠨ ᠵᠤᠬᠢᠶᠠᠯ ᠤᠨ ᠪᠦᠲᠦᠭᠡᠯ ᠢ ᠬᠠᠮᠤᠷᠤᠭᠰᠡᠨ᠂ ᠦᠷᠭᠡᠴᠡ ᠪᠠᠷ ᠲᠤᠮᠳᠠᠲᠦ᠂ ᠮᠤᠩᠭᠤᠯ᠂ ᠤᠷᠤᠰ ᠭᠤᠷᠪᠠᠨ ᠤᠯᠤᠰ ᠲᠤ ᠤᠷᠤᠰᠢᠨ ᠠᠮᠢᠳᠤᠷᠡᠵᠦ ᠪᠠᠶᠢᠭ᠎ᠠ ᠮᠤᠩᠭᠤᠯ ᠦᠨᠳᠦᠰᠦᠲᠡᠨ ᠤ ᠡᠷᠲᠡᠨ ᠤ ᠪᠢᠴᠢᠭ᠂ ᠠᠮᠠᠨ ᠵᠤᠬᠢᠶᠠᠯ ᠪᠤᠯᠤᠨ ᠪᠢᠴᠢᠭ ᠤᠷᠡᠨ ᠵᠤᠬᠢᠶᠠᠯ ᠤᠨ ᠲᠠᠯᠠᠢ ᠶᠡᠭᠡ ᠪᠦᠲᠦᠭᠡᠯ  ᠠᠴᠠ ᠰᠢᠭᠰᠢᠨ ᠰᠤᠩᠭᠤᠵᠦ᠂ ᠡᠮᠬᠢᠯᠠᠨ ᠨᠢᠭᠡᠳᠭᠡᠵᠦ᠂ ᠤᠷᠠᠨ ᠵᠤᠬᠢᠶᠠᠯ ᠤᠨ ᠲᠦᠷᠦᠯ ᠢᠶᠠᠷ ᠠᠩᠭᠢᠯᠠᠨ ᠪᠤᠳᠢᠴᠢᠯᠠᠨ ᠬᠡᠪᠯᠡᠭᠦᠯᠵᠦ ᠪᠠᠶᠢᠭ᠎ᠠ ᠮᠤᠩᠭᠤᠯ ᠤᠷᠠᠨ ᠵᠤᠬᠢᠶᠠᠯ ᠤᠨ ᠲᠡᠦᠭᠡᠨ ᠳᠤ ᠤᠷᠢᠳ ᠭᠠᠷᠤᠭ᠎ᠠ ᠦᠭᠡᠢ ᠲᠤᠮᠤ ᠪᠦᠲᠦᠭᠡᠯ ᠪᠤᠯᠤᠨ᠎ᠡ᠃ ᠲᠤᠰ ᠲᠤᠮᠤ ᠪᠦᠲᠦᠭᠡᠯ ᠢ ᠲᠤᠮᠳᠠᠲᠦ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ  ᠤᠨ ᠤᠤᠯ ᠤᠨ ᠲᠡᠷᠢᠭᠦᠨ ᠰᠤᠳᠤᠯᠤᠭᠠᠴᠢ᠂ ᠳ᠋ᠤᠺᠲ᠋ᠤᠷᠠᠨᠲ ᠤᠨ ᠵᠢᠯᠤᠭᠤᠳᠤᠬᠴᠢ ᠪᠠᠭᠰᠢ ᠰᠠᠨᠴᠡᠨᠮᠦ᠋ᠩᠭᠡ ᠰᠠᠨᠠᠭᠠᠴᠢᠯᠠᠵᠦ᠂ ᠲᠦᠰᠦᠯ ᠪᠤᠯᠪᠠᠰᠤᠷᠠᠭᠤᠯᠵᠦ᠂ ᠭᠤᠤᠯᠴᠢᠯᠠᠨ ᠨᠠᠶᠢᠷᠠᠭᠤᠯᠵᠦ ᠰᠢᠳᠢᠲᠦ ᠦᠯᠢᠭᠡᠷ᠂ ᠲᠤᠮᠤᠭ ᠶᠠᠷᠢᠶ᠎ᠡ᠂ ᠢᠷᠦᠭᠡᠯ ᠮᠠᠬᠳᠠᠭᠠᠯ᠂ ᠦᠭᠦᠯᠡᠯᠭᠡ᠂ ᠲᠤᠭᠤᠵᠢ᠂ ᠷᠤᠮᠠᠨ᠂ ᠬᠤᠭᠤᠷ ᠤᠨ ᠦᠯᠢᠭᠡᠷ ᠵᠡᠷᠭᠡ 26 ᠰᠲ᠋ᠢᠯᠢ ᠶᠢᠨ 3000 ᠰᠢᠬᠠᠮ ᠪᠦᠲᠦᠭᠡᠯ ᠢ ᠰᠢᠯᠢᠵᠦ ᠰᠤᠩᠭᠤᠵᠦ ᠤᠷᠤᠭᠤᠯᠤᠭᠰᠡᠨ ᠪᠠᠶᠢᠨ᠎ᠡ᠃      ᠨᠤᠮ ᠲᠠᠷᠬᠠᠭᠠᠬᠤ ᠶᠤᠰᠤᠯᠠᠯ ᠤᠨ ᠲᠠᠷᠠᠭ᠎ᠠ ᠰᠤᠳᠤᠯᠤᠨ ᠶᠠᠷᠢᠯᠴᠠᠬᠤ ᠬᠤᠷᠡᠯ ᠶᠠᠪᠤᠬᠳᠠᠵᠦ ᠪᠡᠬᠡᠵᠢᠩ ᠵᠢᠴᠢ ᠬᠦᠬᠡᠬᠤᠲᠡ ᠠᠴᠠ ᠬᠦᠷᠦᠯᠴᠠᠨ ᠢᠷᠡᠭᠰᠡᠨ ᠡᠷᠲᠡᠮᠳᠠᠨ ᠮᠡᠷᠭᠡᠳ ᠲᠤᠰ ᠨᠤᠮ ᠤᠨ ᠠᠴᠢ ᠬᠤᠯᠪᠤᠬᠳᠠᠯ ᠦᠨ᠎ᠡ ᠴᠠᠨ᠎ᠡ  ᠶᠢᠨ ᠲᠤᠭᠤᠷᠢᠨ ᠳᠤ ᠪᠤᠳᠤᠯ ᠰᠠᠨᠠᠯ ᠢᠶᠠᠨ ᠰᠤᠯᠢᠯᠴᠠᠪᠡ᠃ ᠤᠯᠠᠨ ᠢᠶᠠᠷ ᠢᠶᠠᠨ᠂ ᠲᠤᠰ ᠪᠦᠲᠦᠭᠡᠯ ᠨᠢ ᠮᠤᠩᠭᠤᠯ ᠤᠷᠡᠠ ᠵᠤᠬᠢᠶᠠᠯ ᠤᠨ ᠵᠢᠭᠠᠨ ᠰᠤᠷᠭᠠᠯᠲᠡ᠂ ᠮᠤᠩᠭᠤᠯ ᠤᠷᠡᠨ ᠵᠤᠬᠢᠶᠠᠯ ᠤᠨ ᠰᠢᠨᠵᠢᠯᠡᠭᠡᠨ ᠰᠠᠯᠠᠭ᠎ᠠ ᠶᠢᠨ ᠪᠦᠲᠦᠭᠡᠨ ᠪᠠᠶᠢᠭᠤᠯᠤᠯᠲᠡ᠂ ᠮᠤᠩᠭᠤᠯ ᠰᠤᠳᠤᠯᠤᠯ ᠤᠨ ᠤᠯᠠᠨ ᠤᠯᠤᠰ ᠤᠨ ᠬᠠᠷᠢᠯᠴᠠᠭ᠎ᠠ ᠶᠢ ᠠᠬᠢᠭᠤᠯᠬᠤ᠂ ᠮᠤᠩᠭᠤᠯ ᠤᠷᠠᠨ ᠵᠤᠬᠢᠶᠠᠯ ᠤᠨ ᠮᠠᠲ᠋ᠧᠷᠢᠶᠡᠯ ᠤᠨ ᠴᠤᠬᠴᠠᠯᠠᠯᠲᠡ ᠶᠢ ᠠᠬᠢᠭᠤᠯᠬᠤ᠂ ᠦᠨᠳᠦᠰᠦᠲᠡᠨ ᠤ ᠬᠦᠮᠦᠡᠯᠢᠭ ᠬᠡᠪ ᠴᠢᠨᠠᠷ ᠢ ᠲᠡᠭᠡᠭᠰᠢᠯᠡᠭᠦᠯᠬᠦ᠂ ᠤᠯᠤᠰ ᠦᠨᠳᠦᠰᠦᠲᠡᠨ ᠤ ᠰᠤᠶᠤᠯ ᠤᠨ ᠢᠲᠡᠭᠡᠯ ᠢ ᠴᠢᠩᠭᠠᠷᠠᠭᠤᠯᠬᠤ᠂ ᠲᠤᠮᠳᠠᠲᠦ ᠶᠢᠨ ᠰᠤᠶᠤᠯ ᠤᠨ ᠬᠦᠴᠦᠨ᠂ ᠰᠤᠶᠤᠯ ᠤᠨ ᠨᠦᠯᠦᠭᠡ ᠶᠢ ᠲᠡᠯᠡᠭᠡᠢ ᠲᠠᠶᠠᠭᠠᠷ ᠲᠤ ᠦᠷᠭᠡᠳᠭᠡᠬᠦ᠂ ᠲᠤᠮᠳᠠᠲᠦ ᠤᠯᠤᠰ ᠤᠨ ᠮᠤᠩᠭᠤᠯ ᠤᠷᠠᠨ ᠵᠤᠬᠢᠶᠠᠯ ᠤᠨ ᠲᠡᠦᠭᠡ ᠶᠢ ᠵᠠᠰᠠᠨ ᠲᠡᠭᠦᠯᠳᠠᠷᠵᠢᠭᠦᠯᠵᠦ ᠪᠢᠴᠢᠬᠦ ᠳᠤ ᠴᠢᠬᠤᠯᠠ ᠮᠠᠲ᠋ᠧᠷᠢᠶᠡᠯ ᠬᠠᠩᠭᠠᠵᠦ ᠦᠭᠭᠦᠭᠰᠡᠨ ᠪᠠᠶᠢᠨ᠎ᠡ ᠭᠡᠵᠦ ᠦᠵᠡᠵᠡᠭᠡᠪᠡ᠃
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号