ᠰᠤᠷᠭᠠᠨ ᠬᠥᠮᠦᠵᠢᠯ ᠤᠨ ᠶᠠᠮᠤᠨ᠄ ᠶᠡᠭᠡ ᠲᠡᠭᠡᠲᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠣᠷᠣᠭᠤᠯᠤᠯᠲᠠ ᠶᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2019-07-02
     ᠤᠶᠢᠷ᠎ᠡ ᠳᠤ᠂ ᠰᠤᠷᠭᠠᠨ ᠬᠥᠮᠦᠵᠢᠯ ᠤᠨ ᠶᠠᠮᠤᠨ ᠤ ︽ᠪᠥᠬᠦ ᠤᠯᠤᠰ ᠤᠨ ᠰᠤᠷᠭᠠᠨ ᠬᠦᠮᠦᠵᠢᠯ ᠤᠨ ᠶᠡᠭᠡ ᠬᠤᠷᠠᠯ ᠤᠨ ᠵᠤᠷᠢᠬ ᠰᠠᠨᠠᠭ᠎ᠠ ᠶᠢ ᠨᠠᠶᠢᠳᠠᠪᠤᠷᠢᠵᠢᠭᠤᠯᠵᠤ ᠡᠷᠡᠯᠬᠡᠭᠯᠡᠨ ᠤᠷᠤᠭᠰᠢᠯᠠᠵᠤ ᠤᠯᠤᠰ ᠪᠠᠶᠢᠭᠤᠯᠤᠬᠳᠠᠬᠰᠠᠨ 70 ᠵᠢᠯ ᠤᠢ ᠶᠢᠨ ᠪᠠᠶᠠᠷ ᠢ ᠤᠭᠲᠤᠶ᠎ᠠ︾ ᠵᠢᠴᠢ ︽1 + 1︾ ᠰᠢᠷᠢᠰ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠠᠷᠠᠭᠤᠨ ᠬᠤᠶᠢᠲᠤ ᠶᠢᠨ ᠲᠠᠷᠢᠶᠠᠯᠠᠩ ᠣᠢ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠳᠤ ᠶᠠᠪᠤᠭᠳᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ︽ᠠᠵᠢᠯᠯᠠᠭᠠᠨ ᠤ ᠲᠥᠯᠥᠪᠯᠡᠭᠡ︾ ᠶᠢᠨ ᠲᠤᠬᠠᠢ ᠨᠠᠷᠢᠨ ᠲᠠᠶᠢᠯᠤᠮᠵᠢ ᠬᠢᠭᠰᠡᠨ ᠪᠥᠭᠡᠳ ᠶᠡᠭᠡ ᠲᠡᠭᠡᠲᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠭᠦ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃                ᠰᠤᠷᠭᠠᠨ ᠬᠥᠮᠦᠵᠢᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠤ ᠳᠠᠷᠤᠭ᠎ᠠ ᠯᠧᠢ ᠴᠤᠤ ᠽᠢ ᠢᠯᠡᠷᠭᠡᠶᠢᠯᠡᠭᠦ ᠳᠡᠭᠡᠨ᠂ ︽ᠠᠵᠢᠯᠯᠠᠭᠠᠨ ᠤ ᠲᠥᠯᠥᠪᠯᠡᠭᠡ︾ ᠪᠣᠯ ᠶᠡᠭᠡ ᠲᠡᠭᠡᠲᠦ ᠰᠤᠷᠭᠠᠭᠤᠯᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠳᠠᠪᠠᠭᠤᠯᠢᠭ ᠪᠠ ᠣᠨᠴᠠᠯᠢᠭ ᠢᠶᠠᠷ ᠰᠠᠭᠤᠷᠢ ᠪᠣᠯᠭᠠᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ᠂ ᠡᠬᠢ ᠪᠠᠶᠠᠯᠢᠭ ᠢ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠶᠡᠭᠡ ᠬᠡᠷᠡᠭᠴᠡᠭᠡ ᠶᠢᠨ ᠲᠤᠭᠤᠷᠢᠨ ᠳᠤ᠂ ᠶᠡᠭᠡ ᠲᠡᠭᠡᠲᠦ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠵᠦ ᠲᠤᠯᠭᠠᠭᠤᠷᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠲᠦᠷᠭᠡᠳᠭᠡᠨ ᠪᠠᠶᠢᠭᠤᠯᠬᠤ ᠶᠢ ᠠᠬᠢᠭᠤᠯᠬᠤ ᠵᠢᠯᠣᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠪᠣᠯᠤᠨ᠎ᠠ᠃ ᠠᠭᠤᠯᠭ᠎ᠠ ᠶᠢ ᠨᠢ ᠨᠢᠭᠡ ᠰᠢᠰᠲ᠋ᠧᠮ᠂ ᠬᠤᠶᠠᠷ ᠲᠤᠯᠭᠠᠭᠤᠷᠢᠯᠠᠯ᠂ ᠭᠤᠷᠪᠠ ᠳᠤ ᠦᠢᠯᠡᠴᠢᠯᠡᠬᠦ᠂ ᠳᠥᠷᠪᠡᠨ ᠪᠠᠲᠤᠯᠠᠭ᠎ᠠ᠂ ᠲᠠᠪᠤᠨ ᠵᠠᠷᠴᠢᠮ᠂ ᠵᠢᠷᠭᠤᠭᠠᠨ ᠪᠠᠶᠢᠯᠳᠤᠬᠤ ᠪᠣᠳᠣᠯᠭ᠎ᠠ᠂ ᠳᠣᠯᠣᠭᠠᠨ ᠠᠵᠢᠯᠯᠠᠭ᠎ᠠ ᠭᠡᠵᠦ ᠬᠤᠷᠢᠶᠠᠩᠭᠤᠶᠢᠯᠠᠵᠤ ᠪᠣᠯᠤᠨ᠎ᠠ᠃      ᠣᠶᠢᠯᠠᠭᠠᠭᠰᠠᠨ ᠢᠶᠠᠷ᠂ 2019 ᠣᠨ ᠤ 1 ᠰᠠᠷ᠎ᠠ ᠳᠤ ᠰᠤᠷᠭᠠᠨ ᠬᠥᠮᠦᠵᠢᠯ ᠤᠨ ᠶᠠᠮᠤᠨ ︽ᠶᠡᠭᠡ ᠲᠡᠭᠡᠲᠦ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭᠠᠨ ᠤ ᠲᠥᠯᠥᠪᠯᠡᠭᠡ ︵2018 — 2022 ᠣᠨ︶︾ ︵ᠳᠣᠷᠣᠭᠰᠢ ︽ᠠᠵᠢᠯᠯᠠᠭᠠᠨ ᠤ ᠲᠥᠯᠥᠪᠯᠡᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠶᠡᠭᠡ ᠲᠡᠭᠡᠲᠦ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠰᠠᠶᠢᠳᠤᠷ ᠦᠢᠯᠡᠴᠢᠯᠡᠭᠦ ᠶᠢ ᠠᠬᠢᠭᠤᠯᠬᠤ ᠲᠤᠬᠠᠢ ᠲᠣᠳᠣᠷᠬᠠᠶ ᠱᠠᠭᠠᠷᠳᠠᠯᠭ᠎ᠠ ᠭᠠᠷᠭᠠᠵᠠᠶ᠃ ︽ᠠᠵᠢᠯᠯᠠᠭᠠᠨ ᠤ ᠲᠥᠯᠥᠪᠯᠡᠭᠡ︾ ᠶᠢ ᠨᠡᠶᠢᠲᠡᠯᠡᠭᠰᠡᠨ ᠤ ᠳᠠᠷᠠᠭ᠎ᠠ᠂ ᠡᠯ᠎ᠡ ᠶᠡᠭᠡ ᠲᠡᠭᠡᠲᠦ ᠰᠤᠷᠭᠠᠭᠤᠯᠢ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠲᠥᠪ ᠤᠨ ᠪᠠ ᠰᠤᠷᠭᠠᠨ ᠬᠥᠮᠦᠵᠢᠯ ᠤᠨ ᠶᠠᠮᠤᠨ ᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠤᠯᠠᠮ ᠨᠢᠭᠡ ᠠᠯᠬᠤᠮ ᠬᠤᠷᠠᠮᠳᠤᠭᠤᠯᠤᠨ᠂ ᠬᠦᠳᠡᠭᠡ ᠠᠵᠤ ᠠᠬᠤᠢ ᠶᠢᠨ ᠪᠥᠬᠦ ᠲᠠᠯ᠎ᠠ ᠪᠠᠷ ᠲᠡᠰ ᠲᠠᠪᠰᠢᠭᠦ᠂ ᠬᠥᠳᠡᠭᠡ ᠲᠣᠰᠬᠤᠨ ᠤ ᠪᠥᠬᠦ ᠲᠠᠯ᠎ᠠ ᠪᠠᠷ ᠤᠷᠤᠬᠰᠢ ᠲᠠᠪᠰᠢᠬᠤ᠂ ᠲᠠᠷᠢᠶᠠᠴᠢᠳ ᠤᠨ ᠪᠥᠬᠦ ᠲᠠᠯ᠎ᠠ ᠪᠠᠷ ᠬᠦᠭᠵᠢᠭᠦ ᠶᠢ ᠭᠦᠨᠵᠡᠭᠡᠶ ᠲᠦᠯᠬᠢᠨ ᠠᠬᠢᠭᠤᠯᠵᠠᠢ᠃      ᠣᠶᠢᠯᠠᠭᠠᠭᠰᠠᠨ ᠢᠶᠠᠷ᠂ ᠬᠤᠶᠢᠰᠢᠳᠠ ᠶᠢᠨ ᠨᠢᠭᠡ ᠬᠤᠭᠤᠴᠠᠭᠠᠨ ᠳᠤ ᠰᠤᠷᠭᠠᠨ ᠬᠥᠮᠦᠵᠢᠯ ᠤᠨ ᠶᠠᠮᠤᠨ ︽ᠠᠵᠢᠯᠯᠠᠭᠠᠨ ᠤ ᠲᠥᠯᠥᠪᠯᠡᠭᠡ︾ ᠶᠢᠨ ᠪᠤᠳᠠᠳᠠᠢ ᠨᠠᠶᠢᠳᠠᠪᠤᠷᠢᠵᠢᠭᠤᠯᠤᠯᠳᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠬᠤ ᠪᠣᠯᠤᠨ᠎ᠠ᠃ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠶᠡᠭᠡ ᠲᠡᠭᠡᠲᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠪᠠᠶᠢᠭᠠᠳ ︽ᠬᠤᠤᠰ ᠲᠡᠷᠢᠭᠦᠨ ᠲᠡᠰ︾ ᠤᠨ ᠪᠦᠲᠦᠭᠡᠨ ᠪᠠᠶᠢᠭᠤᠯᠤᠯᠲᠠ ᠳᠤᠮᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠳᠠᠬᠢ ᠣᠷᠣᠭᠤᠯᠤᠯᠲᠠ ᠶᠢ ᠨᠡᠮᠡᠭᠳᠡᠭᠦᠯᠦᠨ᠎ᠡ︔ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠨᠠᠶᠢᠳᠠᠪᠤᠷᠢᠵᠢᠭᠤᠯᠵᠤ᠂ ᠦᠢᠯᠡᠳᠦᠯᠭᠡ ᠶᠢᠨ ᠬᠥᠮᠦᠵᠢᠯ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠵᠤ᠂ ᠲᠠᠷᠢᠶᠠᠯᠠᠩ ᠤᠨ ︽ᠬᠤᠤᠰ ᠲᠡᠷᠢᠭᠦᠨ ᠳᠡᠰ ᠤᠨ ᠪᠦᠲᠦᠭᠡᠨ ᠪᠠᠶᠢᠭᠤᠯᠤᠯᠲᠠ︾ ᠶᠢ ᠲᠦᠷᠭᠡᠳᠬᠡᠨ᠎ᠠ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠣᠯᠵᠤ᠂ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠤᠯᠠᠨ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠰᠢᠨ᠎ᠡ ᠠᠵᠤ ᠦᠢᠯᠡᠰ ᠴᠤᠬᠴᠠᠯᠠᠬᠤ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ ᠳᠤ ᠬᠦᠴᠦ ᠨᠡᠮᠡᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ︽ᠶᠡᠭᠡ ᠲᠡᠭᠡᠲᠦ ᠰᠤᠷᠭᠠᠭᠤᠯᠢ ᠶᠢᠨ ᠬᠦᠴᠦᠨ︾ ᠢ ᠢᠯᠡᠷᠡᠭᠦᠯᠦᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号