ᠲᠤᠯᠤᠳᠤᠭᠠᠷ ᠬᠤᠭᠤᠴᠠᠭᠠᠨ ᠤ ᠨᠡᠭᠦᠲᠡᠯ ᠰᠤᠶᠤᠯ ᠤᠨ ᠵᠤᠭᠠᠴᠠᠯ ᠤᠨ ᠨᠠᠶᠢᠷ ᠵᠢᠴᠢ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠭᠤᠴᠢᠳᠤᠭᠠᠷ ᠬᠤᠭᠤᠴᠠᠭᠠᠨ ᠤ ᠨᠠᠭᠠᠳᠤᠮ ᠤᠨ ᠬᠤᠷᠡᠯ ᠦᠯᠵᠠᠢ ᠶᠡᠭᠡᠲᠠᠢ ᠡᠬᠢᠯᠡᠯ᠎ᠡ
ᠨᠡᠶᠢᠲᠡᠯᠡᠭᠰᠡᠨ ᠴᠠᠭ᠄
2019-07-23
     7 ᠰᠡᠷ᠎ᠡ ᠶᠢᠨ 20 ᠤ ᠡᠳᠤᠷ᠂ ᠲᠤᠯᠤᠳᠤᠭᠠᠷ ᠬᠤᠭᠤᠴᠠᠭᠠᠨ ᠤ ᠨᠡᠭᠦᠲᠡᠯ ᠰᠤᠶᠤᠯ ᠤᠨ ᠵᠤᠭᠠᠴᠠᠯ ᠤᠨ ᠨᠠᠶᠢᠷ ᠵᠢᠴᠢ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠭᠤᠴᠢᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠡᠯ ᠦᠪᠡᠲᠡᠭᠰᠢ ᠶᠡᠭᠡ ᠪᠠᠷ ᠶᠠᠪᠤᠬᠳᠠᠯ᠎ᠡ᠃      

     ᠲᠣᠰ ᠬᠤᠭᠤᠴᠠᠭᠠᠨ ᠤ ᠨᠡᠭᠦᠳᠡᠯ ᠮᠠᠯᠵᠢᠯ ᠤᠨ ᠰᠣᠶᠣᠯ ᠵᠤᠭᠠᠴᠠᠯ ᠤᠨ ᠨᠠᠶᠢᠷ ᠢ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠤᠭᠤᠲᠤ ᠬᠤᠲᠠ ᠶᠢᠨ ᠠᠷᠠᠳ ᠤᠨ

ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ

ᠬᠤᠷᠢᠶ᠎ᠠ᠂ ᠵᠠᠰᠠᠭ ᠤᠨ ᠣᠷᠳᠣᠨ᠂ ᠪᠡᠭᠡᠵᠢᠩ ᠤᠨ ᠲᠢᠶᠠᠨ ᠹᠧᠩ ᠰᠣᠶᠣᠯ ᠵᠢᠭᠤᠯᠴᠢᠯᠠᠯ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠪᠦᠯᠦᠭᠯᠡᠯ ᠤᠨ ᠬᠢᠵᠠᠭᠠᠷᠲᠦ ᠺᠤᠮᠫᠠᠨᠢ ᠠᠴᠠ ᠳᠠᠭᠠᠭᠠᠴᠢᠯᠠᠨ ᠡᠷᠬᠢᠯᠡᠵᠦ᠂ ᠪᠦᠬᠦ ᠶᠠᠪᠤᠴᠠ ᠳᠤ ᠣᠯᠠᠨ

ᠬᠡᠯᠪᠡᠷᠢ ᠶᠠᠩᠵᠦ ᠶᠢᠨ ᠭᠤᠶᠢᠳᠠ ᠰᠠᠶᠢᠬᠠᠨ ᠰᠣᠶᠣᠯ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂

ᠬᠦᠷᠦᠯᠴᠠᠨ ᠢᠷᠡᠭᠰᠡᠨ ᠵᠣᠴᠢᠳ ᠲᠤ ᠨᠡᠭᠦᠳᠡᠯ ᠮᠠᠯᠵᠢᠯ ᠤᠨ ᠵᠠᠩ ᠠᠭᠠᠯᠢ ᠶᠢᠨ ᠥᠪᠡᠷᠮᠢᠴᠡ ᠠᠭᠤᠯᠤᠭᠳᠠᠬᠤᠨ ᠢ

ᠣᠶᠢᠯᠠᠭᠠᠭᠤᠯᠵᠤ᠂ ᠵᠤᠭᠠᠴᠠᠯ ᠤᠨ ᠦᠵᠡᠮᠵᠢᠲᠦ ᠣᠷᠣᠨ ᠤ ᠭᠦᠨ ᠨᠢᠭᠤᠴᠠᠭᠠᠶ ᠪᠣᠷᠣᠭᠵᠢᠭᠤᠨ ᠪᠠᠶᠢᠳᠠᠯ ᠢ

ᠣᠶᠢᠯᠠᠭᠠᠭᠤᠯᠵᠤ᠂ ᠪᠠᠭᠠᠳᠤᠷᠯᠢᠭ ᠨᠤᠳᠤᠭ ᠳᠠᠷᠬᠠᠨ ᠮᠤᠤᠮᠢᠩᠭᠠᠨ ᠤ ᠢᠷᠠᠭᠤ ᠬᠠᠭᠤᠳᠠᠰᠤ ᠶᠢ ᠲᠡᠯᠭᠡᠪᠡ᠃

     ᠨᠠᠶᠢᠷ ᠨᠢ ᠠᠷᠡᠳ ᠲᠦᠮᠡᠨ ᠤ ᠰᠡᠳᠬᠢᠯ ᠳᠤ ᠮᠦᠩᠭᠡᠷᠡᠭᠰᠡᠨ ︽ᠲᠡᠯ᠎ᠡ ᠨᠤᠳᠤᠭ ᠤᠨ ᠦᠷᠯᠦᠭᠡ ᠶᠢᠨ

ᠤᠶᠠᠩᠭ᠎ᠠ︾ ᠠᠶ᠎ᠠ ᠲᠠᠭᠤᠨ ᠤ ᠡᠭᠡᠰᠢᠭ ᠲᠤᠮᠲᠡ 300 ᠬᠦᠮᠦᠨ ᠤ ᠬᠠᠮᠲᠦ ᠶᠢᠨ ᠲᠤᠬᠯᠠᠯᠲᠡ ᠪᠠᠷ ᠦᠷᠨᠢᠩᠭᠦᠢ

ᠡᠬᠢᠯᠡᠯ᠎ᠡ᠃ ᠰᠦᠯᠲᠡ ᠶᠢᠨ ᠡᠩᠨᠡᠭᠡ᠂ ᠪᠦᠭᠡ ᠶᠢᠨ ᠡᠩᠨᠡᠭᠡ᠂ ᠰᠤᠷ ᠬᠠᠷᠪᠤᠭᠠᠴᠢ ᠶᠢᠨ ᠡᠩᠨᠡᠭᠡ᠂ ᠦᠨᠳᠦᠰᠦᠲᠡᠨ ᠤ

ᠬᠤᠪᠴᠠᠰᠦ ᠵᠠᠰᠠᠯ ᠤᠨ ᠡᠩᠨᠡᠭᠡ᠂ ︽ᠨᠢᠭᠡ ᠪᠦᠰᠡ ᠨᠢᠭᠡ ᠵᠠᠮ︾ ᠤᠨ ᠠᠷᠡᠯᠵᠢᠶ᠎ᠡ ᠬᠤᠳᠠᠯᠳᠤᠭᠠᠨ ᠤ ᠡᠩᠨᠡᠭᠡ᠂ ᠨᠡᠭᠦᠲᠡᠯ

ᠮᠠᠯᠵᠢᠯ ᠤᠨ ᠬᠠᠰᠠᠭ ᠲᠡᠷᠭᠡᠨ ᠤ ᠡᠩᠨᠡᠭᠡ᠂ ᠬᠡᠬᠡᠷᠡᠯᠡᠨ ᠵᠤᠭᠠᠴᠠᠬᠤ ᠡᠩᠨᠡᠭᠡ ᠵᠡᠷᠭᠡ ᠵᠢᠬᠰᠠᠭᠠᠯ ᠤᠨ ᠡᠩᠨᠡᠭᠡ

ᠲᠡᠷᠢᠭᠦᠯᠡᠭᠴᠢ ᠶᠢᠨ ᠲᠠᠶᠢᠰᠠᠨ ᠤ ᠤᠷᠳᠤᠭᠤᠷ ᠰᠦᠷ ᠵᠢᠪᠬᠤᠭ᠎ᠠ ᠲᠠᠢ ᠦᠩᠭᠡᠷᠡᠨ ᠬᠤᠰᠢᠭᠤ ᠨᠤᠳᠤᠭ ᠤᠨ ᠢᠶᠠᠨ

ᠤᠨᠴᠠᠯᠢᠭ ᠢ ᠪᠦᠷᠢᠨ ᠬᠠᠷᠠᠭᠤᠯᠪᠡ᠃

   

     ᠤᠯᠤᠰ ᠤᠨ ᠲᠤᠭ ᠮᠠᠨᠳᠤᠭᠤᠯᠤᠭᠰᠡᠨ ᠤ ᠲᠠᠷᠠᠭ᠎ᠠ ᠭᠠᠯ ᠲᠠᠬᠢᠯᠭ᠎ᠠ᠂ ᠰᠦᠯᠲᠡ ᠶᠢᠨ ᠲᠠᠬᠢᠯᠭ᠎ᠠ ᠶᠢᠨ ᠶᠤᠰᠤᠯᠡᠯ

ᠶᠠᠪᠤᠬᠳᠠᠪᠡ᠃ ᠭᠠᠯ ᠪᠣᠯ ᠮᠣᠩᠭᠤᠯ ᠦᠨᠳᠦᠰᠦᠲᠡᠨ ᠤ ᠠᠷᠠᠳ ᠲᠦᠮᠡᠨ ᠤ ᠰᠡᠳᠬᠢᠯ ᠳᠤ ᠨᠠᠩ ᠡᠷᠬᠢᠮ ᠲᠡᠭᠡᠲᠦ

ᠪᠠᠶᠢᠷᠢ ᠰᠠᠭᠤᠷᠢ ᠲᠠᠢ ᠶᠤᠮ᠂ ᠲᠡᠷᠡ ᠨᠢ ᠠᠮᠢ ᠨᠠᠰᠤ ᠪᠠ ᠬᠥᠭᠵᠢᠯ ᠮᠠᠨᠳᠤᠯ ᠢ ᠲᠥᠯᠥᠭᠡᠯᠡᠵᠦ ᠪᠠᠶᠢᠳᠠᠭ᠃ ᠰᠦᠯᠳᠡ ᠨᠢ

ᠮᠣᠩᠭᠤᠯᠴᠤᠳ ᠤᠨ ᠣᠮᠤᠭ ᠰᠦᠷ᠂ ᠰᠦᠭ ᠰᠦᠯᠳᠡ᠂ ᠡᠩᠬᠡ ᠲᠠᠶᠢᠪᠤᠩ ᠢ ᠬᠦᠰᠡᠨ ᠡᠷᠡᠮᠡᠯᠵᠡᠬᠦ ᠵᠣᠷᠢᠭ ᠰᠠᠨᠠᠭᠠᠨ ᠤ

ᠢᠲᠡᠭᠡᠯ ᠪᠢᠰᠢᠷᠡᠯ ᠢ ᠪᠡᠯᠭᠡᠲᠡᠵᠦ᠂ ᠡᠭᠦᠨ ᠢᠶᠠᠷ ᠢᠶᠠᠨ ᠲᠥᠷᠥ ᠲᠦᠮᠡᠨ ᠠᠮᠤᠭᠤᠯᠠᠩ᠂ ᠬᠤᠷ᠎ᠠ ᠪᠣᠷᠣᠭᠠᠨ ᠲᠡᠭᠰᠢ᠂

ᠠᠳᠤᠭᠤ ᠮᠠᠯ ᠥᠭᠡᠳᠡᠯᠡᠨ ᠳᠡᠭᠵᠢᠷᠡᠵᠦ᠂ ᠤᠯᠠᠨ ᠲᠦᠮᠡᠨ ᠠᠵᠠ ᠵᠢᠷᠭᠠᠯ ᠲᠠᠢ ᠠᠮᠢᠳᠤᠷᠠᠬᠤ ᠶᠢ ᠬᠦᠰᠡᠨ ᠢᠷᠦᠭᠡᠳᠡᠭ᠃

     

      ᠨᠠᠶᠢᠷ ᠤᠨ ᠤᠷᠠᠨ ᠰᠠᠶᠢᠬᠠᠨ ᠤ ᠲᠤᠬᠯᠠᠯᠲᠡ ᠳᠤ ᠪᠠᠳᠤᠰᠦ᠋ᠭᠡ᠂ ᠪᠠᠳᠤᠡᠨᠡᠷᠢᠯ᠂ ᠠᠭᠤᠳᠠᠮ᠂ ᠨᠠᠷᠡᠰᠦ᠂ ᠬᠦᠭᠡ

ᠬᠡᠬᠡᠷ᠎ᠡ ᠵᠡᠷᠭᠡ ᠮᠤᠩᠭᠤᠯ ᠤᠯᠤᠰ ᠪᠡ ᠮᠠᠨ ᠤ ᠤᠷᠤᠨ ᠤ ᠨᠠᠷᠡᠲᠦ ᠵᠠᠯᠠᠭᠤ ᠰᠤᠳᠤᠨ ᠲᠠᠭᠤᠴᠢᠳ ᠪᠤᠯᠤᠨ ᠬᠠᠮᠳᠤᠯᠢᠭ

 ᠠᠴᠠ ᠠᠶ᠎ᠡ ᠲᠠᠭᠤᠤ ᠬᠦᠭᠵᠢᠮ ᠢᠶᠠᠨ ᠡᠷᠭᠦᠨ ᠪᠠᠷᠢᠵᠦ ᠤᠯᠠᠨ ᠲᠦᠮᠡᠨ ᠢᠶᠠᠨ ᠪᠠᠶᠠᠰᠬᠠᠭᠰᠡᠨ ᠪᠠᠶᠢᠨ᠎ᠡ᠃

     

   

     ᠲᠤᠰ ᠤᠳᠠᠭᠠᠨ ᠤ ᠨᠠᠭᠠᠳᠤᠮ ᠤᠨ ᠬᠤᠷᠡᠯ ᠨᠢ 7 ᠰᠡᠷ᠎ᠡ ᠶᠢᠨ 20 ᠠᠴᠠ 24 ᠪᠤᠯᠳᠠᠯ᠎ᠡ ᠦᠷᠭᠦᠯᠵᠢᠯᠡᠵᠦ᠂

ᠡᠷ᠎ᠡ ᠶᠢᠨ ᠭᠤᠷᠪᠠᠨ ᠨᠠᠭᠠᠳᠤᠮ᠂ ᠬᠡᠬᠡᠷᠡᠯᠡᠨ ᠵᠤᠭᠠᠴᠠᠬᠤ᠂ ᠲᠦᠲᠡᠭ ᠭᠠᠯ ᠤᠨ ᠦᠲᠡᠰᠢᠯᠡᠭᠡ᠂ ᠠᠮᠲᠡᠲᠦ ᠢᠲᠡᠭᠡᠨ ᠤ

ᠨᠠᠶᠢᠷ᠂ ᠶᠠᠪᠠᠭᠠᠨ ᠠᠯᠬᠤᠬᠤ ᠤᠷᠤᠯᠳᠤᠭᠠᠨ᠂ ᠲᠤᠷᠭᠠᠨ ᠵᠠᠮ ᠤᠨ ᠶᠢᠰᠦᠨ ᠤᠯᠤᠰ ᠤᠨ ᠤᠷᠠᠯᠢᠭ ᠤᠨ ᠲᠤᠬᠯᠡᠯᠲᠡ

ᠵᠡᠷᠭᠡ ᠤᠯᠠᠨ ᠵᠦᠢᠯ ᠤᠨ ᠠᠭᠤᠯᠭ᠎ᠠ ᠬᠡᠯᠪᠡᠷᠢ ᠪᠠᠷ ᠦᠷᠭᠡᠨ ᠲᠡᠯᠭᠡᠷᠡᠩᠭᠦᠢ ᠶᠠᠪᠤᠬᠳᠠᠬᠤ ᠪᠤᠯᠤᠨ᠎ᠡ᠃

                              ᠬᠡᠰᠡᠭ ᠡᠭᠡ ᠪᠢᠴᠢᠭ ᠪᠡ ᠭᠡᠷᠡᠯ ᠵᠢᠷᠤᠭ ᠢ ᠪᠤᠭᠤᠲᠦ ᠶᠢᠨ ᠮᠤᠩᠭᠤᠯ      

                               ᠲᠧᠯᠸᠢᠰ ᠤᠨ ᠵᠢᠷᠬᠢᠶ᠎ᠡ ᠶᠢᠨ ᠲᠠᠪᠴᠡᠩ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号