ᠪᠠᠳᠤᠬᠠᠭᠠᠯᠭ᠎ᠠ ᠪᠠᠯᠭᠠᠰᠤᠨ ᠤ ᠪᠠᠷᠠᠭᠤᠨ ᠠᠮᠠ ᠶᠢᠨ ᠮᠤᠷᠢᠨ ᠤᠷᠤᠯᠳᠤᠭᠠᠨ ᠤ ᠲᠠᠯᠠᠪᠦᠷ ᠲᠤ 50 ᠭᠠᠵᠠᠷ  ᠤᠨ ᠬᠤᠯᠡ ᠶᠢᠨ ᠮᠤᠷᠢᠨ ᠤ ᠤᠷᠤᠯᠳᠤᠭᠠᠨ ᠶᠠᠪᠤᠬᠳᠠᠭᠰᠡᠨ
ᠨᠡᠶᠢᠲᠡᠯᠡᠭᠰᠡᠨ ᠴᠠᠭ᠄
2019-07-25
      ᠲᠤᠯᠤᠳᠤᠭᠠᠷ ᠬᠤᠭᠤᠴᠠᠭᠠᠨ ᠤ ᠨᠡᠭᠦᠲᠡᠯ ᠰᠤᠶᠤᠯ ᠤᠨ ᠵᠤᠭᠠᠴᠠᠯ ᠤᠨ ᠨᠠᠶᠢᠷ ᠵᠢᠴᠢ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ 30 ᠳ᠋ᠤᠭᠠᠷ ᠤᠳᠠᠭᠠᠨ ᠤ ᠨᠠᠭᠠᠳᠤᠮ ᠤᠨ ᠶᠡᠭᠡ ᠬᠤᠷᠡᠯ ᠡᠬᠢᠯᠡᠭᠰᠡᠨ ᠠᠴᠠ ᠨᠠᠭᠠᠰᠢ ᠨᠠᠭᠠᠳᠤᠮ ᠤᠨ ᠬᠤᠷᠡᠯ ᠤᠨ ᠡᠯ᠎ᠡ ᠲᠦᠷᠦᠯ ᠤᠨ ᠤᠷᠤᠯᠳᠤᠭᠠᠨ ᠡᠮᠬᠢ ᠲᠢᠭᠯᠢᠮ ᠲᠠᠢ ᠠᠮᠵᠢᠯᠲᠡ ᠲᠦᠭᠦᠷᠡᠩ ᠶᠠᠪᠤᠬᠳᠠᠵᠦ ᠪᠠᠶᠢᠨ᠎ᠡ᠃2019 ᠤᠨ ᠤ 7 ᠰᠡᠷ᠎ᠡ ᠶᠢᠨ 22 ᠤ ᠡᠳᠤᠷ ᠤᠨ 14᠄ 30 ᠳᠤ᠂ ᠪᠠᠳᠤᠬᠠᠭᠠᠯᠭ᠎ᠠ ᠪᠠᠯᠭᠠᠰᠤᠨ ᠤ ᠪᠠᠷᠠᠭᠤᠨ ᠠᠮᠠ ᠶᠢᠨ ᠮᠤᠷᠢᠨ ᠤᠷᠤᠯᠳᠤᠭᠠᠨ ᠤ ᠲᠠᠯᠠᠪᠦᠷ ᠲᠤ 50 ᠭᠠᠵᠠᠷ ᠤᠨ ᠬᠤᠯᠠ ᠶᠢᠨ ᠮᠤᠷᠢᠨ  ᠤ ᠤᠷᠤᠯᠳᠤᠭᠠᠨ ᠶᠠᠪᠤᠬᠳᠠᠭᠰᠡᠨ ᠪᠠᠶᠢᠨ᠎ᠡ᠃      ᠲᠤᠰ ᠤᠷᠤᠯᠳᠤᠭᠠᠨ ᠳᠤ ᠰᠢᠯᠢ ᠶᠢᠨ ᠭᠤᠤᠯ ᠠᠶᠢᠮᠠᠭ ᠤᠨ ᠪᠠᠷᠠᠭᠤᠨ ᠰᠦᠨᠢᠳ ᠤᠨ ᠠᠯᠳᠠᠨᠰᠦ᠋ᠭᠡ ᠶᠢᠨ ᠮᠤᠷᠢ᠂ ᠭᠤᠴᠢᠨ ᠲᠠᠪᠤᠨ ᠮᠢᠨᠦ᠋ᠲ ᠪᠠᠷ ᠲᠦᠷᠦᠭᠦᠯᠡᠵᠦ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠰᠦᠨᠢᠳ ᠤᠨ ᠡᠯᠪᠡᠭᠪᠠᠶᠠᠷ ᠤᠨ ᠮᠤᠷᠢ ᠲᠠᠳ᠋ᠯᠡᠵᠦ᠂ ᠤᠷᠳᠤᠰ ᠤᠨ ᠲᠦᠪᠰᠢᠨ ᠤ ᠮᠤᠷᠢ ᠭᠤᠷᠪᠠ ᠳᠤ ᠤᠷᠤᠵᠦ᠂ ᠰᠢᠯᠢ ᠶᠢᠨ ᠭᠤᠤᠯ ᠠᠶᠢᠮᠠᠭ ᠤᠨ ᠤᠶᠤᠳᠠᠢ ᠶᠢᠨ ᠮᠤᠷᠢ᠂ ᠪᠠᠶᠠᠨᠨᠠᠭᠤᠷ ᠬᠤᠲᠡ ᠶᠢᠨ ᠪᠢᠯᠢᠭᠲᠦ ᠶᠢᠨ ᠮᠤᠷᠢ᠂ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠤᠶᠠᠩᠭ᠎ᠠ ᠶᠢᠨ ᠮᠤᠷᠢ᠂ ᠪᠠᠶᠠᠨᠨᠠᠭᠤᠷ ᠬᠤᠲᠡ ᠶᠢᠨ ᠬᠦᠲᠡᠷ ᠤᠨ ᠮᠤᠷᠢ᠂ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠬᠠᠰ ᠤᠨ ᠮᠤᠷᠢ ᠡᠮᠦᠨ᠎ᠡ ᠨᠠᠢᠮᠠᠨ ᠨᠡᠷᠡᠰ ᠲᠤ ᠤᠷᠤᠭᠰᠡᠨ ᠪᠠᠶᠢᠨ᠎ᠡ᠃      ᠤᠷᠤᠯᠳᠤᠭᠠᠨ ᠤ ᠲᠠᠯᠠᠪᠠᠢ ᠳᠤ᠂ ᠬᠤᠯᠠ ᠤᠶᠢᠷ᠎ᠡ ᠠᠴᠠ ᠬᠦᠷᠦᠯᠴᠠᠨ ᠢᠷᠡᠭᠰᠡᠨ ᠦᠵᠡᠭᠴᠢᠳ ᠤᠷᠬᠢᠯᠦᠮ᠎ᠡ ᠬᠠᠯᠠᠭᠤᠨ ᠰᠡᠳᠬᠢᠯᠭᠡ ᠪᠠᠷ ᠤᠷᠤᠯᠳᠤᠭᠠᠴᠢᠳ ᠢ ᠤᠷᠮᠠᠰᠢᠭᠤᠯᠤᠨ᠂ ᠤᠷᠤᠯᠳᠤᠭᠠᠨ ᠤ ᠤᠷᠴᠢᠨ ᠢ ᠮᠠᠰᠢ ᠨᠠᠶᠢᠷᠰᠠᠭ ᠰᠠᠶᠢᠬᠠᠨ ᠪᠤᠯᠭᠠᠭᠰᠡᠨ ᠪᠠᠶᠢᠨ᠎ᠡ᠃ ᠡᠶᠢᠮᠦ ᠨᠢᠭᠡᠨ ᠰᠠᠶᠢᠬᠠᠨ ᠤᠷᠤᠯᠳᠤᠭᠠᠨ ᠨᠢ ᠲᠡᠯ᠎ᠡ ᠨᠤᠳᠤᠭ ᠤᠨ ᠮᠤᠷᠢᠨ ᠤ ᠨᠢᠷᠤᠭᠤᠨ ᠲᠡᠭᠡᠷᠡᠬᠢ ᠰᠤᠶᠤᠯ ᠢᠶᠠᠨ ᠨᠡᠩ ᠤᠯᠠᠨ ᠬᠦᠮᠦᠰ ᠲᠤ ᠲᠠᠨᠢᠭᠤᠯᠤᠨ ᠮᠡᠲᠡᠭᠦᠯᠵᠦ᠂ ᠬᠦᠮᠦᠰ ᠤᠨ ᠪᠠᠭ᠋ᠠᠷᠬᠠᠯ ᠰᠤᠨᠢᠷᠬᠠᠯ ᠢ ᠬᠦᠷᠲᠡᠭᠰᠡᠨ ᠪᠠᠶᠢᠨ᠎ᠡ᠃

                                       

                                        ᠨᠠᠶᠢᠷᠠᠭᠤᠯᠤᠭᠴᠢ᠄ ᠽᠠᠨᠳᠠᠨᠮᠦ᠋ᠴᠢᠷ

                                        ᠬᠦᠢᠴᠡᠳᠭᠡᠭᠴᠢ ᠬᠢᠨᠠᠬᠴᠢ᠄ ᠭᠠᠯᠪᠠᠳᠠᠷᠠᠬᠤ

                                        ᠶᠡᠷᠦᠩᠭᠡᠢ ᠬᠢᠨᠠᠬᠴᠢ᠄ ᠵᠠᠩ ᠭᠦᠢ ᠵᠧᠨ

                              ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号