ᠮᠠᠨ ᠤᠨ ᠤᠷᠤᠨ ᠠᠶᠦᠯ ᠶᠡᠭᠡᠲᠠᠢ ᠵᠢᠭᠤᠯᠴᠢᠯᠠᠯ ᠤᠨ ᠲᠦᠷᠦᠯ ᠵᠦᠢᠯ ᠢ ᠭᠤᠤᠯᠳᠠᠯᠭ᠎ᠠ ᠲᠠᠢ ᠬᠢᠨᠠᠨ ᠬᠠᠮᠢᠶᠠᠷᠤᠨ᠎ᠡ
ᠨᠡᠶᠢᠲᠡᠯᠡᠭᠰᠡᠨ ᠴᠠᠭ᠄
2019-07-05
     ᠵᠢᠭᠤᠯᠴᠢᠯᠠᠯ ᠤᠨ ᠬᠥᠭᠵᠢᠶᠡᠨᠳᠤ ᠤᠯᠠᠷᠢᠯ ᠬᠦᠷᠴᠦ ᠢᠷᠡᠬᠦ ᠶᠢ ᠲᠠᠭᠠᠯᠳᠤᠨ᠂ ᠮᠠᠨ ᠤ ᠣᠷᠣᠨ ᠠᠶᠤᠯ ᠶᠡᠭᠡᠲᠠᠢ ᠵᠢᠭᠤᠯᠴᠢᠯᠠᠯ ᠤᠨ ᠲᠥᠷᠥᠯ ᠵᠦᠢᠯ ᠤᠨ ᠠᠮᠤᠷ ᠲᠦᠪᠰᠢᠨ ᠤ ᠬᠠᠮᠢᠶᠠᠷᠤᠯᠲᠡ ᠶᠢᠨ ᠲᠦᠷᠢᠮ ᠢ ᠤᠯᠠᠮ ᠲᠡᠭᠦᠯᠳᠡᠷᠵᠢᠭᠦᠯᠵᠦ᠂ ᠮᠣᠷᠢ ᠲᠡᠮᠡᠭᠡ ᠤᠨᠤᠭᠤᠯᠬᠤ ᠵᠡᠷᠭᠡ ᠠᠶᠤᠯ ᠶᠡᠭᠡᠲᠠᠢ ᠵᠢᠭᠤᠯᠴᠢᠯᠠᠯ ᠤᠨ ᠲᠦᠷᠦᠯ ᠵᠦᠢᠯ ᠢ ᠴᠢᠩᠭ᠎ᠠ ᠬᠢᠨᠠᠨ ᠬᠠᠮᠢᠶᠠᠷᠴᠤ᠂ ᠲᠥᠪᠯᠡᠷᠡᠩᠭᠦᠢ ᠬᠠᠮᠢᠶᠠᠷᠤᠯᠲᠠ ᠳᠤ ᠣᠷᠣᠭᠰᠠᠨ ᠥᠬᠡᠢ ᠵᠠᠷᠢᠮ ᠡᠵᠡᠩᠨᠡᠯᠲᠡ ᠶᠢ ᠡᠷᠡᠰ ᠵᠤᠬᠰᠤᠭᠠᠬᠤ ᠪᠠᠷ ᠪᠤᠢ᠃      ᠠᠶᠤᠯ ᠶᠡᠭᠡᠳᠡᠢ ᠵᠢᠭᠤᠯᠴᠢᠯᠠᠯ ᠤᠨ ᠲᠥᠷᠥᠯ ᠵᠦᠢᠯ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠳᠤᠬᠠᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠭᠢᠮ ᠤᠨ ᠳᠡᠳ᠋ ᠲᠠᠷᠤᠭ᠎ᠠ ᠸᠧᠢ ᡁᠢ ᠭᠦᠸᠧ᠄ ︽ᠡᠬᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠤᠯᠲᠠ ᠦᠭᠡᠢ ᠭᠠᠵᠠᠷ ᠪᠠᠶᠢᠬᠤ ᠦᠭᠡᠢ ᠪᠤᠯᠭᠠᠨ᠎ᠡ᠃ ᠬᠢᠨᠠᠨ ᠬᠠᠮᠢᠶᠠᠷᠤᠯᠲᠡ ᠶᠢᠨ ᠰᠠᠯᠠᠭ᠎ᠠ ᠮᠦᠴᠢᠷ ᠦᠪᠡᠷᠰᠡᠳ ᠤᠨ ᠬᠠᠷᠢᠶᠠᠨ ᠳᠠᠬᠢ ᠵᠢᠭᠤᠯᠴᠢᠯᠠᠯ ᠤᠨ ᠤᠷᠤᠨ ᠲᠠᠢ ᠬᠠᠮᠲᠤᠷᠠᠯᠴᠠᠨ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠡ ᠶᠢᠨ ᠠᠷᠭ᠎ᠠ ᠵᠢᠴᠢ ᠠᠮᠤᠷ ᠲᠦᠪᠰᠢᠨ ᠤ ᠪᠠᠷᠢᠮᠵᠢᠶ᠎ᠡ ᠲᠣᠭᠲᠠᠭᠠᠵᠤ᠂ ᠡᠵᠡᠩᠨᠡᠯᠲᠡ ᠶᠢᠨ ᠵᠥᠪᠰᠢᠶᠡᠷᠡᠯ ᠤᠨ ᠠᠵᠢᠯ ᠢᠶᠠᠨ ᠳᠦᠷᠢᠮᠵᠢᠭᠦᠯᠵᠦ᠂ ᠵᠥᠪᠰᠢᠶᠡᠷᠡᠯ ᠤᠨ ᠪᠠᠷᠢᠮᠵᠢᠶ᠎ᠡ ᠪᠠᠨ ᠲᠡᠭᠡᠭᠰᠢᠯᠡᠭᠦᠯᠦᠨ᠎ᠡ︔ ᠬᠢᠨᠠᠨ ᠬᠠᠮᠢᠶᠠᠷᠤᠯᠲᠡ ᠶᠢᠨ ᠰᠠᠯᠠᠭ᠎ᠠ ᠮᠥᠴᠢᠷ ᠨᠢ ᠲᠣᠳᠣᠷᠬᠠᠢ ᠦᠭᠡᠢ ᠵᠢᠭᠤᠯᠴᠢᠯᠠᠯ ᠤᠨ ᠤᠷᠤᠨ ᠢ ᠴᠠᠭ ᠲᠤᠬᠠᠢ ᠳᠤᠨᠢ ᠣᠷᠣᠨ ᠨᠤᠲᠤᠭ ᠤᠨ ᠵᠠᠰᠠᠭ ᠤᠨ ᠣᠷᠳᠣᠨ  ᠳᠠᠭᠠᠨ ᠬᠠᠷᠢᠭᠤ ᠮᠡᠳᠡᠭᠦᠯᠵᠦ᠂ ᠲᠤᠰᠬᠠᠢ ᠠᠷᠭᠠᠴᠠᠭᠠᠬᠤ ᠠᠷᠭ᠎ᠠ ᠬᠡᠮᠵᠢᠶ᠎ᠡ ᠰᠤᠳᠤᠯᠤᠨ ᠲᠣᠭᠲᠠᠭᠠᠯᠭᠠᠵᠤ᠂ ᠬᠠᠮᠢᠶᠠᠷᠤᠨ ᠡᠵᠡᠮᠳᠠᠬᠦ ᠲᠣᠭᠲᠠᠴᠠ ᠪᠠᠨ ᠲᠡᠭᠦᠯᠳᠡᠷᠵᠢᠭᠦᠯᠵᠦ᠂ ᠠᠶᠤᠯ ᠲᠦᠭᠰᠢᠭᠦᠷᠢᠲᠦ ᠲᠥᠷᠥᠯ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠪᠠᠨ ᠳᠦᠷᠢᠮᠵᠢᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠤᠨ ᠠᠮᠦᠷ ᠲᠦᠪᠰᠢᠨ ᠢ ᠦᠨᠡᠨ ᠬᠦ ᠪᠠᠳᠤᠯᠠᠨ᠎ᠡ︾ ᠬᠡᠵᠦ ᠶᠠᠷᠢᠵᠦ ᠪᠠᠶᠢᠯ᠎ᠡ᠃      ᠮᠠᠨ ᠤ ᠤᠷᠤᠨ ᠪᠠᠰᠠ ᠵᠢᠭᠤᠯᠴᠢᠯᠠᠯ ᠤᠨ ᠦᠵᠡᠮᠵᠢ ᠶᠢᠨ ᠤᠷᠤᠨ ᠤ ᠫᠠᠶᠢᠰᠠ ᠦᠭᠡᠢ᠂ ᠦᠨᠡᠮᠯᠡᠯ ᠦᠭᠡᠢ ᠪᠤᠶᠤ ᠵᠢᠯ ᠳᠡᠭᠡᠨ ᠠᠮᠦᠷ ᠲᠦᠪᠰᠢᠨ ᠤ ᠪᠠᠶᠢᠴᠠᠭᠠᠯᠲᠠ ᠬᠢᠯᠭᠡᠭᠰᠡᠨ ᠦᠭᠡᠢ ᠦᠭᠡᠷᠡᠴᠢᠯᠡᠨ ᠤᠬᠰᠠᠷᠠᠭᠰᠡᠨ ᠲᠡᠷᠭᠡ᠂ ᠠᠴᠢᠶᠠᠨ ᠤ ᠲᠡᠷᠭᠡ᠂ ᠬᠡᠭᠡᠷᠡᠯᠡᠨ ᠳᠠᠪᠬᠢᠬᠤ ᠮᠣᠲ᠋ᠣᠷ ᠲᠡᠷᠭᠡ ᠬᠡᠷᠡᠭᠯᠡᠬᠦ ᠶᠢ ᠡᠷᠡᠰ ᠵᠣᠭᠰᠣᠭᠠᠵᠤ᠂ ᠪᠣᠯᠪᠠᠰᠤᠷᠠᠯ ᠬᠦᠷᠲᠡᠭᠰᠡᠨ ᠦᠭᠡᠢ ᠪᠠ ᠲᠥᠪᠯᠡᠷᠡᠩᠭᠦᠢ ᠬᠠᠮᠢᠶᠠᠷᠤᠯᠲᠠ ᠳᠤ ᠣᠷᠣᠭᠰᠠᠨ ᠦᠭᠡᠢ ᠵᠠᠷᠢᠮ ᠡᠵᠡᠩᠨᠡᠯᠲᠡ ᠶᠢ ᠡᠷᠡᠰ ᠵᠤᠬᠰᠤᠭᠠᠬᠤ ᠪᠦᠭᠡᠳ ᠡᠯ᠎ᠡ ᠲᠥᠷᠥᠯ ᠤᠨ ᠵᠢᠭᠤᠯᠴᠢᠯᠠᠯ ᠤᠨ ᠠᠵᠤ ᠠᠬᠤᠶᠢᠯᠠᠯ ᠳᠤ ᠠᠮᠤᠷ ᠲᠦᠪᠰᠢᠨ ᠤ ᠳᠦᠷᠢᠮ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢᠶᠠᠨ ᠲᠡᠭᠦᠯᠳᠡᠷᠵᠢᠭᠦᠯᠵᠦ᠂ ᠵᠢᠭᠤᠯᠴᠢᠯᠠᠭᠴᠢ ᠲᠥᠪᠯᠡᠷᠡᠭᠰᠡᠨ ᠭᠠᠵᠠᠷ᠂ ᠢᠳᠡᠭᠡᠨ ᠤᠮᠳᠠᠭᠠᠨ ᠤ ᠭᠠᠵᠠᠷ ᠪᠣᠯᠤᠨ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠭᠠᠵᠠᠷ ᠤᠨ ᠠᠮᠤᠷ ᠲᠦᠪᠰᠢᠨ ᠤ ᠭᠡᠮ ᠰᠣᠭᠤᠭ ᠢᠶᠠᠨ ᠳᠠᠷᠦ᠋ᠢᠬᠠᠨ ᠠᠷᠢᠯᠭᠠᠵᠤ᠂ ᠮᠣᠷᠢ ᠤᠨᠤᠬᠤ ᠵᠡᠷᠭᠡ ᠬᠠᠯᠠᠮᠰᠢᠯ ᠪᠣᠯᠵᠤ ᠪᠠᠶᠢᠭ᠎ᠠ ᠵᠢᠭᠤᠯᠴᠢᠯᠠᠯ ᠤᠨ ᠲᠥᠷᠥᠯ ᠵᠦᠢᠯ ᠳᠤ ᠠᠮᠤᠷ ᠲᠦᠪᠰᠢᠨ ᠤ ᠬᠢᠨᠠᠨ ᠬᠡᠮᠵᠢᠯᠲᠡ ᠪᠡ ᠦᠨᠡᠯᠡᠯᠲᠠ ᠬᠢᠬᠦ ᠶᠢ ᠱᠠᠯᠠᠪᠳᠠᠭᠤᠯᠵᠦ᠂ ᠵᠢᠭᠤᠯᠴᠢᠯᠠᠯ ᠤᠨ ᠠᠮᠤᠷ ᠲᠦᠪᠰᠢᠨ ᠤ ᠪᠠᠳᠤᠯᠠᠭ᠎ᠠ ᠶᠢᠨ ᠴᠢᠳᠠᠪᠦᠷᠢ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠬᠦ ᠶᠢ ᠱᠠᠭᠠᠷᠳᠠᠭᠰᠡᠨ ᠪᠠᠶᠢᠨ᠎ᠡ᠃
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号