ᠠᠮᠵᠢᠯᠲᠡ ᠲᠠᠢ ᠶᠠᠪᠤᠬᠳᠠᠭ᠎ᠠ ᠮᠦᠩᠭᠦᠨ ᠤᠷᠠᠯᠠᠯ ᠤᠨ ᠪᠤᠯᠪᠠᠰᠤᠷᠡᠯ
ᠨᠡᠶᠢᠲᠡᠯᠡᠭᠰᠡᠨ ᠴᠠᠭ᠄
2019-08-02
     ᠤᠶᠢᠷ᠎ᠡ ᠳᠤ᠂ ᠮᠠᠨ ᠤ ᠬᠤᠰᠢᠭᠤᠨ ᠤ ᠲᠠᠪᠤᠨ ᠵᠦᠢᠯ ᠤᠨ ᠦᠨᠳᠦᠰᠦᠲᠡᠨ ᠤ ᠭᠠᠷ ᠤᠷᠠᠯᠠᠯ ᠤᠨ ᠤᠷ᠎ᠡ ᠮᠡᠷᠭᠡᠵᠢᠯ ᠤᠨ ᠪᠤᠯᠪᠠᠰᠤᠷᠡᠯ ᠤᠨ ᠠᠩᠬᠢ ᠶᠢᠨ ᠮᠦᠩᠭᠦᠨ ᠤᠷᠠᠯᠠᠯ ᠤᠨ ᠪᠤᠯᠪᠠᠰᠤᠷᠡᠯ ᠤᠨ ᠠᠩᠭᠢ ᠨᠢ ᠬᠡᠦᠭᠡᠨ ᠠᠭᠤᠯᠠ ᠨᠡᠶᠢᠭᠡᠮ ᠲᠤᠭᠤᠷᠢᠭ ᠲᠤ ᠶᠠᠪᠤᠬᠳᠠᠵᠦ᠂ ᠦᠪᠦᠷ ᠮᠤᠩᠭᠤᠯ ᠤᠨ ᠪᠤᠳᠠᠰ ᠤᠨ ᠪᠤᠰᠤ ᠰᠤᠶᠤᠯ ᠤᠨ ᠦᠪ ᠵᠠᠯᠭᠠᠮᠵᠢᠯᠠᠬᠴᠢ ᠰᠡᠴᠠᠨᠪᠠᠭᠠᠳᠤᠷ᠂ ᠰᠤᠶᠤᠯᠭᠡᠷᠡᠯ᠂ ᠪᠤᠯᠤᠳ ᠭᠤᠷᠪᠠᠨ ᠪᠠᠭᠰᠢ ᠶᠢ ᠤᠷᠢᠨ ᠵᠠᠯᠠᠵᠦ ᠬᠢᠴᠢᠶᠡᠯᠯᠡᠭᠦᠯᠦᠭᠰᠡᠨ ᠪᠠᠶᠢᠨ᠎ᠡ᠃      ᠪᠤᠯᠪᠠᠰᠤᠷᠡᠯ ᠤᠨ ᠠᠩᠬᠢ ᠨᠢ 20 ᠡᠳᠤᠷ ᠤᠨ ᠬᠤᠭᠤᠴᠠᠭ᠎ᠠ ᠲᠠᠢ ᠶᠠᠪᠤᠬᠳᠠᠵᠦ᠂ ᠦᠨᠳᠦᠰᠦᠲᠡᠨ ᠤ ᠤᠨᠴᠠᠯᠢᠬᠲᠦ ᠲᠤᠯᠤᠭᠠᠢ ᠶᠢᠨ ᠵᠠᠰᠠᠯ᠂ ᠪᠦᠭᠡᠵᠢ ᠡᠭᠡᠮᠦᠭ᠂ ᠮᠦᠩᠭᠦᠨ ᠡᠮᠡᠭᠡᠯ᠂ ᠮᠦᠩᠭᠦᠨ ᠠᠶᠠᠭ᠎ᠠ ᠵᠡᠷᠭᠡ ᠵᠦᠢᠯᠡᠰ ᠢ ᠭᠤᠤᠯᠯᠠᠨ ᠵᠢᠭᠠᠵᠦ᠂ ᠮᠦᠩᠭᠦᠨ ᠤᠷᠡᠯᠡᠯ ᠳᠤ ᠲᠤᠷ᠎ᠡ ᠪᠠᠭ᠋ᠠᠳᠠᠢ ᠮᠠᠯᠴᠢᠨ ᠠᠷᠡᠳ᠂ ᠦᠪᠡᠷ ᠢᠶᠠᠨ ᠦᠢᠯᠡᠰ ᠪᠤᠰᠬᠠᠬᠴᠢ ᠵᠡᠷᠭᠡ ᠬᠦᠮᠦᠰ ᠢᠲᠡᠪᠬᠢᠯᠡᠨ ᠤᠷᠤᠯᠴᠠᠭᠰᠡᠨ ᠪᠠᠶᠢᠨ᠎ᠡ᠃      ᠬᠤᠰᠢᠭᠤᠨ ᠤ ᠵᠠᠰᠠᠭ ᠤᠨ ᠤᠷᠳᠤᠨ ᠤ ᠲᠡᠳ᠋ ᠬᠤᠰᠢᠭᠤᠨ ᠲᠠᠷᠤᠭ᠎ᠠ ᠬᠡᠷᠡᠯ᠂ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠰᠠᠷᠠᠩᠭᠤᠸ᠎ᠠ ᠪᠤᠯᠪᠠᠰᠤᠷᠡᠯ ᠤᠨ ᠠᠩᠭᠢ ᠳᠤ ᠬᠦᠷᠴᠦ ᠲᠤᠭᠤᠷᠢᠨ ᠦᠵᠡᠭᠰᠡᠨ ᠪᠠᠶᠢᠨ᠎ᠡ᠃ ᠪᠤᠯᠪᠠᠰᠤᠷᠡᠯ ᠤᠨ ᠠᠩᠭᠢ ᠶᠢᠨ ᠭᠡᠷ ᠲᠤ ᠲᠡᠯᠭᠡᠨ ᠲᠠᠯᠪᠢᠵᠦ ᠪᠠᠶᠢᠭ᠎ᠠ ᠭᠤᠷᠪᠠᠨ ᠪᠠᠭᠰᠢ ᠶᠢᠨ ᠪᠦᠲᠦᠭᠡᠯ ᠪᠡ ᠤᠷᠤᠯᠴᠠᠭᠰᠠᠳ ᠤᠨ ᠦᠪᠡᠷ ᠢᠶᠠᠨ ᠰᠤᠷᠤᠯᠴᠠᠨ ᠪᠦᠲᠦᠭᠡᠭᠰᠡᠨ ᠭᠤᠶᠢᠲᠡ ᠰᠠᠶᠢᠬᠠᠨ ᠬᠢᠴᠡ ᠲᠠᠢ᠂ ᠦᠨᠳᠦᠰᠦᠲᠡᠨ ᠤ ᠤᠨᠴᠠᠯᠢᠭ ᠲᠠᠢ ᠮᠦᠩᠭᠦᠨ ᠵᠠᠰᠠᠯ ᠵᠢᠮᠰᠡᠭ᠂ ᠪᠦᠭᠡᠵᠢ ᠡᠭᠡᠮᠦᠭ ᠵᠡᠷᠭᠡ ᠵᠠᠰᠠᠯ ᠴᠢᠮᠡᠭ ᠤᠨ ᠵᠦᠢᠯ ᠨᠢ ᠤᠯᠠᠨ ᠤ ᠬᠠᠷᠠᠭ᠎ᠠ ᠶᠢ ᠲᠠᠳᠠᠭᠰᠡᠨ ᠪᠠᠶᠢᠨ᠎ᠡ᠃      ᠡᠨᠡ ᠬᠦ ᠪᠤᠯᠪᠠᠰᠤᠷᠡᠯ ᠤᠨ ᠠᠩᠭᠢ ᠨᠢ ᠮᠦᠩᠭᠦᠨ ᠤᠷᠠᠯᠠᠯ ᠳᠤ ᠲᠤᠷ᠎ᠡ ᠪᠠᠬ᠎ᠠ ᠲᠠᠢ ᠬᠦᠮᠦᠰ ᠵᠢᠴᠢ ᠦᠪᠡᠷᠲᠡᠭᠡᠨ ᠦᠢᠯᠡᠰ ᠪᠤᠰᠬᠠᠬᠴᠢᠳ ᠲᠤ ᠮᠦᠩᠭᠦᠨ ᠤᠷᠡᠯᠡᠯ ᠤᠨ ᠤᠯᠠᠮᠵᠢᠯᠠᠯᠲᠦ ᠮᠡᠷᠭᠡᠵᠢᠯ ᠢ ᠵᠢᠭᠠᠵᠦ᠂ ᠮᠠᠯᠴᠢᠳ  ᠤᠨ ᠲᠠᠬᠢᠨ ᠠᠵᠢᠯ ᠤᠯᠭᠤᠯᠲᠡ ᠶᠢ ᠲᠠᠶᠢᠴᠢᠯᠠᠨ᠂ ᠤᠷᠤᠯᠭ᠎ᠠ ᠪᠠᠨ ᠨᠡᠮᠡᠭᠲᠡᠭᠦᠯᠬᠦ ᠳᠤ ᠠᠰᠢᠬᠲᠠᠢ ᠰᠠᠶᠢᠨ ᠲᠠᠪᠴᠠᠩ ᠬᠠᠩᠭᠠᠵᠦ ᠦᠭᠭᠦᠭᠰᠡᠨ ᠪᠠᠶᠢᠨ᠎ᠡ᠃    

                                        ᠨᠠᠶᠢᠷᠠᠭᠤᠯᠤᠭᠴᠢ᠄ ᠽᠠᠨᠳᠠᠨᠮᠦ᠋ᠴᠢᠷ

                                        ᠬᠦᠢᠴᠡᠳᠭᠡᠭᠴᠢ ᠬᠢᠨᠠᠬᠴᠢ᠄ ᠸᠠᠩ ᠸᠧᠨ ᠶᠢᠩ

                                        ᠶᠡᠷᠦᠩᠬᠡᠢ ᠬᠢᠨᠠᠬᠴᠢ᠄ ᠵᠠᠩ ᠬᠦᠢ ᠵᠧᠨ

                              ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号