ᠪᠡᠶᠢᠯᠡ ᠺᠤᠮᠫᠠᠨᠢ ᠶᠢᠨ ᠡᠷᠬᠢᠯᠡᠭᠰᠡᠨ ᠢᠰᠡᠭᠡᠢ ᠤᠷᠠᠯᠠᠯ ᠤᠨ ᠪᠤᠯᠪᠠᠰᠤᠷᠡᠯ ᠠᠮᠵᠢᠯᠲᠡ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2019-08-20
     8 ᠰᠡᠷ᠎ᠡ ᠶᠢᠨ 15 ᠤ ᠡᠳᠤᠷ᠂ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠪᠡ ᠪᠠᠶᠢᠯᠡ ᠺᠤᠮᠫᠠᠨᠢ ᠶᠢᠨ ᠬᠠᠮᠳᠤᠷᠡᠨ ᠡᠷᠬᠢᠯᠡᠭᠰᠡᠨ ᠬᠠᠭᠠᠰ ᠰᠡᠷ᠎ᠡ ᠶᠢᠨ ᠬᠤᠭᠤᠴᠠᠭ᠎ᠠ ᠲᠠᠢ ᠢᠰᠡᠭᠡᠢ ᠤᠷᠠᠯᠠᠯ ᠤᠨ ᠮᠡᠷᠭᠡᠵᠢᠯ ᠲᠡᠭᠡᠭᠰᠢᠯᠡᠭᠦᠯᠬᠦ ᠪᠤᠯᠪᠠᠰᠤᠷᠡᠯ ᠠᠮᠵᠢᠯᠲᠡ ᠲᠠᠢ ᠦᠨᠳᠦᠷᠯᠡᠪᠡ᠃      ᠡᠨᠡ ᠬᠦ ᠪᠤᠯᠪᠠᠰᠤᠷᠡᠯ ᠳᠤ ᠮᠠᠨ ᠤ ᠬᠤᠰᠢᠭᠤᠨ ᠤ ᠭᠤᠴᠢᠭᠠᠳ ᠮᠠᠯᠴᠢᠳ ᠢᠳᠡᠪᠬᠢᠯᠡᠨ ᠤᠷᠤᠯᠴᠠᠬᠤ ᠶᠢᠨ ᠬᠠᠮᠲᠦ ᠠᠪᠠᠭ᠎ᠠ ᠬᠤᠰᠢᠭᠤ᠂ ᠠᠯᠠᠱᠡ ᠠᠶᠢᠮᠠᠭ ᠤᠨ ᠢᠰᠡᠭᠡᠢ ᠤᠷᠠᠯᠠᠯ ᠳᠤ ᠪᠠᠭ᠋ᠠᠳᠠᠢ ᠬᠦᠮᠦᠰ ᠢᠷᠡᠵᠦ ᠤᠷᠤᠯᠴᠠᠨ ᠬᠠᠮᠳᠤᠪᠡᠷ ᠤᠷ᠎ᠡ ᠮᠡᠷᠭᠡᠵᠢᠯ ᠢᠶᠠᠨ ᠲᠡᠭᠡᠭᠰᠢᠯᠡᠭᠦᠯᠵᠠᠢ᠃    

     ᠪᠤᠯᠪᠠᠰᠤᠷᠡᠯ ᠨᠢ ᠮᠠᠯ ᠤᠨ ᠤᠩᠭᠠᠰᠦ ᠨᠤᠤᠰᠦ ᠪᠠᠷ ᠢᠰᠡᠭᠡᠢ ᠬᠢᠬᠦ ᠰᠠᠭᠤᠷᠢ ᠮᠡᠲᠡᠯᠭᠡ ᠶᠢ ᠰᠤᠷᠤᠯᠴᠠᠬᠤ ᠠᠴᠠ

ᠭᠠᠳᠠᠨ᠎ᠡ᠂ ᠨᠤᠤᠰᠦ ᠨᠤᠯᠤᠤᠷ ᠢᠶᠠᠷ ᠭᠠᠷ ᠤᠷᠠᠯᠠᠯ ᠤᠨ ᠭᠤᠶᠦ ᠲᠠᠩᠰᠤᠭ ᠬᠤᠪᠴᠠᠰᠦ ᠵᠠᠰᠠᠯ᠂ ᠵᠢᠭᠤᠯᠴᠢᠯᠠᠯ ᠵᠤᠭᠠᠴᠠᠯ

 ᠤᠨ ᠪᠡᠯᠡᠭ ᠲᠤᠷᠠᠰᠬᠠᠯ᠂ ᠰᠢᠨ᠎ᠡ ᠭᠡᠷ ᠤᠨ ᠲᠤᠳᠤᠭᠠᠲᠦ ᠵᠠᠰᠠᠯ ᠴᠢᠮᠡᠭᠯᠡᠯ ᠵᠡᠷᠭᠡ ᠮᠤᠩᠭᠤᠯ ᠦᠨᠳᠦᠰᠦᠲᠡᠨ ᠤ ᠰᠠᠭᠤᠷᠢ

ᠠᠵᠦ ᠠᠬᠤᠢ ᠪᠤᠯᠬᠤ ᠮᠠᠯ ᠤᠨ ᠠᠰᠢᠭ ᠰᠢᠮ᠎ᠡ ᠶᠢ ᠡᠳ᠋ᠰᠢᠭᠦᠯᠵᠦ ᠪᠤᠯᠪᠠᠰᠤᠷᠠᠭᠤᠯᠬᠤ ᠮᠡᠷᠭᠡᠵᠢᠯ ᠢ ᠰᠢᠨ᠎ᠡ ᠲᠦᠪᠰᠢᠨ

 ᠳᠤ ᠬᠦᠷᠭᠡᠵᠦ᠂ ᠮᠦᠨ ᠦᠪᠡᠷ ᠢᠶᠠᠨ ᠦᠢᠯᠡᠰ ᠪᠤᠰᠬᠠᠭᠴᠢᠳ ᠲᠤ ᠠᠰᠢᠭ ᠤᠷᠤᠯᠭ᠎ᠠ ᠪᠠᠨ ᠨᠡᠮᠡᠭᠲᠡᠭᠦᠯᠬᠦ ᠳᠤ

ᠲᠠᠪᠴᠠᠩ ᠬᠠᠩᠭᠠᠵᠦ ᠦᠭᠴᠦ᠂ ᠮᠤᠩᠭᠤᠯ ᠦᠨᠳᠦᠰᠦᠲᠡᠨ ᠤ ᠤᠯᠠᠮᠵᠢᠯᠠᠯᠲᠦ ᠢᠰᠡᠭᠡᠢ ᠤᠷᠠᠯᠠᠯ ᠢ ᠤᠳᠤᠬᠢ ᠮᠠᠶ᠋ᠢᠭ

 ᠢᠶᠠᠷ ᠠᠰᠢᠬᠯᠠᠵᠦ ᠪᠤᠯᠬᠤ ᠶᠢ ᠬᠦᠮᠦᠨ ᠤᠯᠠᠨ ᠳᠤ ᠲᠠᠨᠢᠭᠤᠯᠵᠦ ᠴᠢᠳᠠᠭᠰᠡᠨ ᠪᠠᠶᠢᠨ᠎ᠡ᠃

     ᠬᠠᠭᠠᠰ ᠰᠡᠷ᠎ᠡ ᠶᠢᠨ ᠪᠤᠯᠪᠠᠰᠤᠷᠡᠯ ᠢᠶᠠᠷ ᠲᠠᠮᠵᠢᠨ᠂ ᠦᠩᠭᠡ ᠢᠯᠭᠠᠷᠠᠭᠰᠡᠨ ᠤᠯᠠᠨ ᠶᠠᠩᠵᠦ ᠶᠢᠨ ᠲᠡᠭᠦᠰᠭᠦ

ᠪᠦᠲᠦᠭᠡᠯ ᠨᠢ ᠬᠦᠮᠦᠰ ᠤᠨ ᠲᠠᠭᠠᠰᠢᠶᠠᠯ ᠢ ᠤᠯᠵᠦ᠂ ᠪᠤᠯᠪᠠᠰᠤᠷᠡᠯ ᠳᠤ ᠤᠷᠤᠯᠴᠠᠭᠰᠡᠨ ᠬᠦᠮᠦᠰ ᠤᠨ ᠪᠦᠯᠬᠦᠮᠲᠡᠯ

ᠨᠢᠬᠲᠡᠷᠡᠯ ᠤᠨ ᠦᠷ᠎ᠡ ᠳ᠋ᠦᠩ ᠢ ᠬᠠᠷᠠᠭᠤᠯᠤᠭᠰᠡᠨ ᠪᠠᠶᠢᠨ᠎ᠡ᠃  

                                      ᠨᠠᠶᠢᠷᠠᠭᠤᠯᠤᠭᠴᠢ᠄ ᠤᠶᠠᠬᠠᠨ

                                      ᠬᠦᠢᠴᠡᠳᠭᠡᠭᠴᠢ ᠬᠢᠨᠠᠬᠴᠢ᠄ ᠸᠠᠩ ᠸᠧᠨ ᠶᠢᠩ

                                      ᠶᠡᠷᠦᠩᠭᠡᠢ ᠬᠢᠨᠠᠬᠴᠢ᠄ ᠵᠠᠩ ᠭᠦᠢ ᠵᠧᠨ

                             ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号